5 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠱᠦᠵᠢ ᠨᠡᠷ ᠤᠨ | ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ | ᠰᠢᠶᠠᠨ ᠤ ᠳᠠᠷᠤᠭ᠎ᠠ ᠵᠧᠩ ᠳ᠋ᠦᠩ ᠫᠢᠩ᠂ ᠰᠢᠶᠠᠨ ᠤ ᠤᠳᠤᠷᠢᠳᠤᠯᠭ᠎ᠠ ᠾᠧᠦ ᠵᠢᠶᠦ᠋ᠨ ᠢᠦᠶ᠂ ᠸᠠᠩ ᠵᠢᠶᠦ᠋ᠨ ᠶᠦᠩ | ᠂ ᠵᠢᠶᠠ ᠰᠢᠶᠤᠤ ᠫᠢᠩ᠂ ᠹᠧᠩ ᠵᠢᠶᠦ᠋ᠨ ᠬᠤᠷᠠᠯ ᠳᠤ ᠣᠷᠣᠯᠴᠠᠵᠠᠶ᠃ | ᠬᠤᠷᠠᠯ ᠠᠴᠠ ᠵᠢᠷᠤᠭ ᠲᠥᠯᠥᠪᠯᠡᠭᠡ ᠶᠢᠨ ᠨᠢᠭᠡᠴᠡ ᠶᠢᠨ ᠪᠦᠬᠦ ᠰᠢᠶᠠᠨ ᠤ ︽ᠭᠤᠷᠪᠠᠨ ᠣᠷᠣᠨ ᠭᠤᠷᠪᠠᠨ | ᠹᠷᠣᠨᠲ︾ ᠢ ᠲᠣᠭᠲᠠᠭᠠᠬᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ | ᠣᠷᠣᠯᠴᠠᠭᠰᠠᠳ ︽ᠭᠤᠷᠪᠠᠨ ᠣᠷᠣᠨ ᠭᠤᠷᠪᠠᠨ ᠹᠷᠣᠨᠲ︾ ᠢ ᠲᠣᠭᠲᠠᠭᠠᠬᠤ ᠠᠵᠢᠯ ᠤᠨ ᠲᠤᠬᠠᠢ ᠶᠠᠷᠢᠯᠴᠠᠭ᠎ᠠ | ᠥᠷᠨᠢᠭᠦᠯᠵᠦ᠂ ᠰᠠᠨᠠᠯ ᠰᠠᠨᠠᠭᠤᠯᠭ᠎ᠠ ᠳᠤᠷᠠᠳᠴᠠᠢ᠃ | | | | | ᠯᠢᠦ ᠶᠢᠨ ᠲᠤᠤ ᠴᠢᠬᠤᠯᠠᠴᠢᠯᠠᠭᠰᠠᠨ ᠨᠢ | ︽ᠭᠤᠷᠪᠠᠨ ᠣᠷᠣᠨ ᠭᠤᠷᠪᠠᠨ ᠱᠤᠭᠤᠮ︾ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠬᠤ ᠪᠣᠯ | ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠯᠭᠠᠮ᠎ᠠ ᠬᠡᠷᠡᠭᠴᠡᠭᠡ ᠮᠥᠨ᠂ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠵᠠᠩᠭᠢᠯᠠᠭ᠎ᠠ | ᠮᠥᠨ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠶᠠᠨ ᠤ ᠬᠡᠪᠴᠢᠶᠡᠨ ᠤ ᠪᠣᠳᠠᠲᠠᠶ ᠳᠤ | ᠰᠠᠭᠤᠷᠢᠯᠠᠨ᠂ ᠰᠢᠨᠵᠢᠯᠡᠬᠦ ᠤᠬᠠᠭᠠᠨᠴᠢ ᠪᠠᠷ ᠵᠢᠷᠤᠭᠯᠠᠨ ᠲᠥᠯᠥᠪᠯᠡᠵᠦ᠂ ᠵᠦᠶ ᠵᠣᠬᠢᠰᠲᠠᠶ ᠲᠥᠯᠥᠪᠵᠢᠭᠦᠯᠵᠦ᠂ | ᠪᠣᠳᠠᠲᠤ ᠬᠡᠷᠡᠭᠴᠡᠭᠡ ᠬᠢᠭᠡᠳ ᠠᠯᠤᠰ ᠬᠡᠲᠦ ᠶᠢᠨ ᠲᠥᠯᠥᠪᠵᠢᠭᠦᠯᠭᠡ ᠶᠢ ᠪᠦᠲᠦᠮᠵᠢᠲᠡᠶ ᠵᠣᠯᠭᠠᠭᠤᠯᠵᠤ᠂ | ᠲᠥᠯᠥᠪᠵᠢᠭᠦᠯᠭᠡ ᠶᠢᠨ ᠣᠲᠣ ᠶᠢᠨ ᠪᠠᠶᠢᠭ᠎ᠠ ᠰᠠᠭᠤᠷᠢ ᠳᠡᠭᠡᠷ᠎ᠡ ᠨᠠᠩ ᠰᠠᠶᠢᠨ ᠵᠢᠱᠢᠭᠰᠡᠨ ᠦᠷ᠎ᠡ ᠪᠦᠲᠦᠮᠵᠢ ᠳᠤ | ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠪᠢᠴᠢᠭ | ᠮᠠᠲ᠋ᠧᠷᠢᠶᠠᠯ ᠢ ᠨᠠᠷᠢᠨ ᠬᠢᠨᠠᠮᠠᠭᠠᠢ ᠰᠤᠷᠤᠯᠴᠠᠨ ᠰᠤᠳᠤᠯᠵᠤ᠂ ᠪᠦᠬᠦ ᠰᠢᠶᠠᠨ ᠤ ᠡᠯ᠎ᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠣᠭᠤᠷᠢᠨ ᠳᠤ᠂ ᠭᠠᠵᠠᠷ ᠬᠡᠷᠡᠭᠯᠡᠬᠦ ᠪᠦᠲᠦᠴᠡ ᠶᠢ ᠶᠡᠬᠡᠪᠡᠷ ᠰᠢᠯᠢᠳᠡᠭᠵᠢᠭᠦᠯᠵᠦ᠂ ᠴᠢᠳᠠᠪᠬᠢ ᠶᠢᠨ | ᠣᠷᠣᠨ ᠵᠠᠢ ᠶᠢ ᠨᠢᠭᠡᠳᠦᠯᠲᠡᠢ ᠲᠥᠯᠥᠪᠵᠢᠭᠦᠯᠦᠨ ᠪᠠᠶᠢᠷᠢᠰᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠨᠡᠩ ᠤᠯᠠᠨ ᠬᠥᠭᠵᠢᠯᠲᠡ ᠶᠢᠨ ᠣᠷᠣᠨ ᠵᠠᠢ ᠶᠢ ᠰᠠᠶᠢᠲᠤᠷ ᠦᠯᠡᠳᠡᠭᠡᠵᠦ᠂ ᠨᠡᠩ ᠤᠯᠠᠨ | ᠬᠥᠭᠵᠢᠯᠲᠡ ᠶᠢᠨ ᠣᠷᠣᠨ ᠵᠠᠢ ᠶᠢ ᠭᠦᠢᠴᠡᠳ ᠦᠯᠡᠳᠡᠭᠡᠬᠦ ᠬᠡᠷᠡᠭᠲᠡᠢ᠃ ᠰᠠᠭᠤᠷᠢ ᠲᠤᠭ᠎ᠠ ᠶᠢ ᠤᠯᠠᠮ ᠨᠢᠭᠡ ᠠᠯᠬᠤᠮ | ᠲᠣᠳᠣᠷᠬᠠᠶ ᠣᠶᠢᠯᠠᠭᠠᠵᠤ᠂ ᠰᠢᠶᠠᠩ ᠪᠠᠯᠭᠠᠰᠤ ᠲᠠᠢ ᠵᠣᠯᠭᠠᠭᠤᠯᠤᠨ᠂ ᠰᠠᠭᠤᠷᠢ ᠮᠡᠳᠡᠭᠡ ᠵᠠᠩᠭᠢ ᠶᠢ ᠬᠠᠷᠭᠤᠭᠤᠯᠬᠤ | ᠠᠵᠢᠯ ᠢ ᠰᠠᠶᠢᠲᠤᠷ ᠬᠢᠬᠦ ᠬᠡᠷᠡᠭᠲᠡᠶ᠃ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠬᠠᠮᠵᠢᠯᠴᠠᠨ | ᠬᠠᠮᠵᠢᠯᠴᠠᠬᠤ ᠪᠠᠨ ᠴᠢᠩᠭᠠᠳᠬᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠨᠡᠶᠢᠯᠡᠮᠡᠯ | ᠬᠦᠴᠦᠨ ᠢ ᠨᠢᠭᠲᠠᠷᠠᠭᠤᠯᠵᠤ᠂ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠤᠯᠠᠨ ᠲᠦᠮᠡᠨ ᠤ ᠬᠦᠰᠡᠯ | ᠰᠠᠨᠠᠭ᠎ᠠ ᠳᠤ ᠨᠡᠶᠢᠴᠡᠭᠦᠯᠵᠦ᠂ ᠬᠥᠭᠵᠢᠯᠲᠡ ᠶᠢᠨ ᠬᠡᠷᠡᠭᠴᠡᠭᠡ ᠶᠢ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ᠂ ᠡᠯ᠎ᠡ ᠰᠢᠶᠠᠩ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠬᠤᠷᠠᠯ ᠳᠤ ᠣᠷᠣᠯᠴᠠᠪᠠ᠃ | | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |