ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ 2022 ᠣᠨ ᠤ 23 ᠳ᠋ᠤᠭᠠᠷ ᠤᠳᠠᠭ᠎ᠠ ᠵᠢᠨ‌ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/30
    5 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢᠦ ᠶᠢᠨ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ 2022 ᠣᠨ ᠤ 23 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠵᠢᠴᠢ ᠠᠮᠢ ᠠᠬᠤᠶ ᠶᠢᠨ ᠬᠠᠮᠠᠭᠠᠯᠠᠯᠲᠠ ᠶᠢᠨ ᠵᠥᠪᠯᠡᠯ᠂  ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠵᠧᠩ ᠳ᠋ᠦᠩ ᠫᠢᠩ ᠵᠢᠴᠢ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠲᠣᠰ ᠲᠣᠰ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠣᠣ ᠵᠢᠶᠠᠨ ᠵᠢᠶᠦ᠋ᠨ᠂ ᠤᠯᠤᠰ ᠲᠥᠷᠥ ᠶᠢᠨ ᠵᠦᠪᠯᠡᠯᠭᠡᠨ ᠤ ᠲᠡᠷᠢᠭᠦᠯᠡᠭᠴᠢ ᠵᠣᠣ ᠿᠦᠢ ᠬᠤᠷᠠᠯ ᠳᠤ ᠰᠤᠯᠠ ᠤᠷᠤᠯᠴᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠤ ᠮᠠᠨ ᠤ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃  
     ᠯᠢᠦ ᠶᠢᠨ ᠲᠤᠤ ᠴᠢᠬᠤᠯᠠᠴᠢᠯᠠᠭᠰᠠᠨ ᠨᠢ    ᠪᠦᠬᠦ ᠰᠢᠶᠠᠨ ᠢᠶᠠᠷ ᠢᠶᠠᠨ ᠨᠠᠷᠢᠨ ᠬᠢᠨᠠᠮᠠᠭᠠᠶ ᠰᠤᠷᠤᠯᠴᠠᠬᠤ ᠬᠡᠷᠡᠭᠲᠡᠶ᠃ ᠭᠦᠨᠵᠡᠭᠡᠶ ᠣᠶᠢᠯᠠᠭᠠᠵᠤ᠂ ᠸᠠᠩ ᠯᠢ ᠰᠢᠶᠠ ᠲᠡᠷᠢᠭᠦᠯᠡᠭᠴᠢ᠂ ᠰᠦᠶ ᠸᠧᠶ ᠵᠢᠶᠦ᠋ᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ ᠂ ᠲᠠᠭ᠎ᠠ ᠶᠢᠨ ᠨᠠᠭᠤᠷ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠳᠡᠶᠢᠯᠦᠩᠭᠦᠢ ᠪᠠᠶᠢᠷᠢᠨ ᠳᠤ ᠲᠠᠯᠪᠢᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠬᠤ ᠲᠤᠰᠬᠠᠢ ᠠᠩᠬᠢ ᠪᠠᠶᠢᠭᠤᠯᠵᠤ᠂ ᠲᠤᠬᠠᠢ ᠶᠢᠨ ᠲᠠᠯᠠᠪᠤᠷ ᠲᠤ ᠲᠤᠬᠢᠷᠠᠭᠤᠯᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠦᠬᠦ ᠬᠦᠴᠦᠨ ᠢᠶᠠᠷ ᠢᠶᠠᠨ ᠠᠬᠢᠭᠤᠯᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠷᠭ᠎ᠠ ᠪᠦᠬᠦᠨ ᠢ ᠰᠦᠪᠡᠭᠴᠢᠯᠡᠵᠦ᠂ ᠠᠯᠢᠪᠠ ᠦᠷᠡᠭᠳᠡᠯ ᠢ ᠬᠠᠶᠢᠬᠤᠷᠤᠯ ᠦᠭᠡᠢ ᠪᠠᠷ 24 ᠴᠠᠭ ᠤᠨ ᠠᠮᠤᠷ ᠲᠦᠪᠰᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠪᠠᠷᠢᠯᠭ᠎ᠠ ᠶᠢᠨ ᠠᠵᠢᠯ ᠢ ᠪᠠᠲᠤᠯᠠᠵᠤ᠂ ᠪᠠᠷᠢᠯᠭ᠎ᠠ ᠶᠢᠨ ᠠᠵᠢᠯ ᠢ ᠲᠣᠭᠲᠠᠭᠰᠠᠨ ᠬᠤᠭᠤᠴᠠᠭᠠᠨ ᠳᠠᠭᠠᠨ ᠳᠠᠭᠤᠰᠬᠠᠬᠤ ᠶᠢ ᠪᠠᠲᠤᠯᠠᠬᠤ ᠬᠡᠷᠡᠭᠲᠡᠢ᠃ ᠬᠢᠷᠢ ᠬᠡᠮ ᠲᠠᠢ᠂ ᠴᠢᠳᠠᠪᠤᠷᠢ ᠲᠠᠢ᠂ ᠬᠠᠷᠢᠭᠤᠴᠠᠯᠭ᠎ᠠ ᠲᠠᠢ ᠲᠤᠰᠬᠠᠶ ᠮᠡᠷᠭᠡᠵᠢᠯᠲᠡᠨ ᠤ ᠪᠦᠯᠬᠦᠮ ᠢ ᠤᠷᠢᠵᠤ᠂ ᠬᠤᠯᠤᠰᠤ᠂ ᠵᠡᠭᠡᠰᠦ ᠶᠢᠨ ᠠᠮᠢᠳᠤ ᠪᠣᠳᠠᠰ ᠤᠨ ᠴᠡᠪᠡᠷᠰᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠨᠤᠲᠠᠯᠠᠬᠤ ᠶᠢᠨ ᠬᠠᠮᠲᠤ ᠪᠤᠰᠤᠳ ᠴᠡᠪᠡᠷᠰᠢᠭᠦᠯᠬᠦ ᠦᠷ᠎ᠡ ᠪᠦᠲᠦᠮᠵᠢ ᠪᠠᠷ ᠰᠠᠶᠢᠨ᠂ ᠵᠣᠬᠢᠴᠠᠬᠤ ᠴᠢᠳᠠᠪᠤᠷᠢ ᠪᠠᠷ ᠴᠢᠩᠭ᠎ᠠ ᠤᠰᠤᠨ ᠤ ᠤᠷᠭᠤᠮᠠᠯ ᠪᠤᠶᠤ ᠮᠢᠺᠷᠣᠪ ᠢ ᠬᠠᠶᠢᠨ ᠰᠦᠪᠡᠭᠴᠢᠯᠡᠵᠦ᠂ ᠴᠡᠪᠡᠷᠰᠢᠭᠦᠯᠬᠦ  ᠤᠶᠢᠯᠡᠳᠤᠯ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃    ᠯᠢᠦ ᠶᠢᠨ ᠲᠤᠤ ᠴᠢᠬᠤᠯᠠᠴᠢᠯᠠᠭᠰᠠᠨ ᠨᠢ    ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠶ᠋ᠴᠡᠳᠬᠡᠵᠦ᠂ ᠠᠵᠤ ᠠᠬᠤᠶᠢᠯᠠᠯ ᠤᠨ  ᠤᠶᠢᠯᠡᠳᠪᠤᠷᠢᠯᠡᠯ ᠡᠵᠡᠩᠨᠡᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ  ᠭᠦᠢᠴᠡᠳ ᠤᠶᠢᠯᠠᠭᠠᠨ᠂ ᠤᠶᠢᠯᠡᠳᠪᠤᠷᠢᠯᠡᠯ  ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠳᠠᠲᠠᠶ ᠬᠦᠴᠢᠷᠳᠡᠯ ᠢ ᠬᠠᠪᠰᠤᠷᠤᠨ  ᠰᠢᠢᠳᠪᠤᠷᠢᠯᠡᠵᠦ ᠥᠭᠬᠦ ᠬᠡᠷᠡᠭᠲᠡᠶ᠃ 6 ᠲᠦᠮᠡᠨ ᠮᠦ ᠣᠷᠭᠠᠨᠢᠭ ᠬᠠᠭᠤᠷᠠᠢ ᠶᠢᠨ ᠲᠠᠷᠢᠶᠠᠯᠠᠩ ᠤᠨ ᠲᠠᠷᠢᠮᠠᠯ ᠢ ᠰᠠᠶᠢᠲᠤᠷ ᠬᠢᠬᠦ ᠳᠤ ᠬᠠᠮᠵᠢᠯᠴᠠᠵᠤ᠂ ︽ᠯᠢᠶᠠᠩᠴᠧᠩ ᠤᠨ ᠬᠠᠭᠤᠷᠠᠢ ᠠᠮᠤ︾ ᠶᠢᠨ ᠣᠷᠣᠨ ᠪᠦᠰᠡ ᠶᠢᠨ ᠤᠯᠠᠨ ᠨᠡᠶᠢᠲᠡ ᠶᠢᠨ ᠲᠦᠷᠦᠯ ᠲᠡᠮᠳᠡᠭ ᠢ ᠤᠬᠠᠭᠤᠯᠤᠨ ᠳᠡᠯᠭᠡᠷᠡᠭᠦᠯᠵᠦ᠂ ᠮᠠᠨ ᠤ ᠰᠢᠶᠠᠨ ᠤ ᠡᠯᠳᠡᠪ ᠠᠮᠤ ᠡᠯᠳᠡᠪ ᠪᠤᠷᠴᠠᠭ᠂ ᠤᠯᠠᠭᠠᠨ ᠤᠯᠠᠯᠵᠢ ᠶᠢᠨ ᠡᠮᠲᠦ ᠠᠷᠢᠬᠢ ᠵᠡᠷᠭᠡ ᠤᠨᠴᠠᠯᠢᠭᠳᠤ ᠪᠦᠲᠦᠭᠡᠭᠳᠡᠬᠦᠨ ᠢ ᠶᠡᠬᠡᠪᠡᠷ ᠤᠬᠠᠭᠤᠯᠤᠨ ᠲᠠᠨᠢᠯᠴᠠᠭᠤᠯᠬᠤ ᠬᠡᠷᠡᠭᠲᠡᠢ᠃ ᠪᠠᠷᠢᠯᠭ᠎ᠠ ᠪᠠᠷᠢᠬᠤ ᠨᠢᠭᠡᠴᠡ ᠶᠢ ᠰᠢᠮᠳᠠᠭᠤᠯᠵᠤ ᠪᠠᠶᠢᠭᠠᠳ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠶᠢᠨ ᠵᠡᠷᠭᠡᠴᠡᠪᠡᠷ ᠠᠶᠤᠯ ᠥᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠵᠤ᠂ ᠲᠣᠭᠲᠠᠭᠰᠠᠨ ᠴᠠᠭ ᠲᠠᠭᠠᠨ ᠤᠰᠤ ᠨᠡᠪᠲᠡᠷᠡᠭᠦᠯᠬᠦ ᠶᠢ ᠰᠠᠭᠠᠲᠠᠭᠠᠬᠤ ᠥᠭᠡᠢ᠂ ᠠᠶᠤᠯ ᠥᠭᠡᠢ ᠶᠢᠨ ᠡ᠊ᠨᠳᠡᠯ ᠭᠠᠷᠬᠤ ᠥᠭᠡᠢ᠂ ᠪᠤᠰᠤᠳ ᠵᠥᠷᠢᠴᠡᠯ ᠡᠭᠦᠰᠭᠡᠬᠦ ᠥᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠤ ᠠᠬᠤᠶᠢᠯᠠᠯ  ᠢ ᠰᠢᠮᠳᠠᠭᠤᠯᠵᠤ ᠪᠠᠶᠢᠭᠠᠳ ᠨᠡᠭᠦᠷᠡᠰᠦᠨ  ᠤ ᠥᠭᠡᠷᠡᠴᠢᠯᠡᠨ ᠵᠠᠰᠠᠵᠤ ᠰᠡᠭᠦᠯ ᠬᠤᠷᠢᠶᠠᠬᠤ ᠠᠵᠢᠯ  ᠢ ᠲᠦᠷᠭᠡᠳᠬᠡᠬᠦ ᠬᠡᠷᠡᠭᠲᠡᠶ᠃ ᠰᠢᠶᠠᠨ ᠤ ᠬᠡᠪᠴᠢᠶᠡᠨ ᠤ ᠠᠵᠤ ᠠᠬᠤᠶᠢᠯᠠᠯ ᠤᠨ ᠤᠰᠤ ᠬᠡᠷᠡᠭᠯᠡᠵᠦ ᠪᠠᠶᠢᠭ᠎ᠠ ᠪᠠᠶᠢᠳᠠᠯ ᠢ ᠴᠢᠩᠭ᠎ᠠ ᠠᠩᠬᠠᠷᠴᠤ᠂ ᠲᠣᠭᠲᠠᠭᠠᠯ ᠠᠴᠠ ᠵᠥᠷᠢᠴᠡᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠵᠦ ᠤᠶᠢᠯᠡᠳᠪᠤᠷᠢᠯᠡᠯ ᠳᠤ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠣᠳᠣᠬᠠᠨ ᠤ  ᠲᠠᠭ᠎ᠠ ᠶᠢᠨ ᠨᠠᠭᠤᠷ ᠢ ᠲᠣᠭᠤᠷᠢᠭᠰᠠᠨ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠰᠢᠨ᠎ᠡ ᠪᠠᠷ ᠪᠠᠶᠢᠭᠤᠯᠤᠭᠰᠠᠨ ᠡᠷᠦᠬᠡ ᠶᠢᠨ ᠵᠣᠷᠯᠣᠩ ᠢ ᠬᠡᠷᠡᠭᠯᠡᠵᠦ ᠪᠣᠯᠬᠤ᠂ ᠬᠡᠷᠡᠭᠯᠡᠬᠦ ᠳᠤ ᠰᠠᠶᠢᠨ᠂ ᠣᠯᠠᠨ ᠲᠦᠮᠡᠨ ᠳᠤ ᠬᠠᠨᠤᠮᠵᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠣᠷᠣᠨ ᠨᠤᠲᠤᠭ ᠤᠨ ᠠᠵᠤ ᠠᠬᠤᠶᠢᠯᠠᠯ᠂ ᠲᠠᠭᠠᠭᠤᠯᠤᠭᠴᠢ ᠠᠵᠤ ᠠᠬᠤᠶᠢᠯᠠᠯ ᠤᠨ ᠬᠥᠭᠵᠢᠯᠲᠡ ᠶᠢ ᠶᠡᠭᠡ ᠪᠠᠷ ᠲᠡᠮᠵᠢᠵᠤ᠂ ᠨᠢᠭᠡ ᠪᠦᠯᠦᠭ ᠴᠢᠳᠠᠪᠤᠷᠢ ᠲᠠᠢ ᠲᠤᠮᠤ ᠡᠷᠦᠭᠡ᠂ ᠪᠠᠶᠠᠵᠢᠯ ᠤᠨ ᠲᠠᠭᠠᠭᠤᠯᠤᠭᠴᠢ ᠶᠢ ᠬᠥᠮᠦᠵᠢᠭᠦᠯᠵᠦ᠂ ᠤᠯᠠᠨ ᠲᠦᠮᠡᠨ ᠢ ᠵᠣᠷᠢᠭᠵᠢᠭᠤᠯᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠡᠯᠳᠡᠪ ᠠᠮᠤ ᠡᠯᠳᠡᠪ ᠪᠤᠷᠴᠠᠭ ᠵᠡᠷᠭᠡ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ᠂ ︽ᠠᠵᠤ ᠠᠬᠤᠶᠢᠯᠠᠯ + ᠲᠤᠮᠤ ᠡᠷᠦᠭᠡ᠂ ᠲᠠᠷᠢᠶᠠᠴᠢᠨ ᠡᠷᠦᠭᠡ︾ ᠶᠢᠨ ᠨᠢᠭᠲᠠ ᠠᠰᠢᠭ ᠲᠤᠰᠠ ᠶᠢᠨ ᠬᠤᠯᠪᠣᠯᠳᠤᠭᠰᠠᠨ ᠲᠣᠭᠲᠠᠴᠠ ᠶᠢ ᠪᠤᠢ ᠪᠣᠯᠭᠠᠵᠤ᠂ ᠲᠠᠷᠢᠶᠠᠴᠢᠨ ᠡᠷᠦᠭᠡ ᠶᠢ ᠠᠵᠤ ᠦᠢᠯᠡᠰ ᠤᠨ ᠬᠡᠯᠬᠢᠶ᠎ᠡ ᠳᠤ ᠨᠢᠭᠲᠠ ᠰᠢᠩᠭᠡᠭᠡᠵᠦ᠂ ᠬᠠᠮᠲᠤ ᠪᠠᠷ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠬᠦ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠬᠡᠰᠡᠭ ᠰᠢᠶᠠᠨ ᠤ ᠰᠢᠭᠤᠳ ᠬᠠᠷᠢᠶ᠎ᠠ ᠨᠢᠭᠡᠴᠡ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                      ᠨᠠᠶᠢᠷᠠᠭᠤᠯᠤᠭᠴᠢ᠄     ᠯᠢ ᠬᠤᠩ ᠢᠦᠢ                                        ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2