ᠬᠤ᠋ ᠰᠢᠨ ᠭᠤᠸᠠᠩ᠄ ᠠᠭᠤᠯᠠᠨ ᠲᠣᠰᠬᠤᠨ ᠳᠤ ᠦᠨᠳᠦᠰᠦᠯᠡᠵᠦ ᠬᠦᠰᠡᠯ ᠵᠡᠭᠦᠳᠦ ᠪᠠᠨ ᠲᠡᠷᠭᠡᠯᠰᠢᠭᠦᠯᠦᠨ ᠤᠷᠤᠭᠰᠢᠯᠠᠨ᠎ᠠ
ᠨᠡᠶᠢᠲᠡᠯᠡᠭᠰᠡᠨ ᠴᠠᠭ᠄
2022/5/4
   ᠬᠤ᠋ ᠰᠢᠨ ᠭᠤᠸᠠᠩ᠂ ᠯᠢᠶᠠᠩᠴᠧᠩ ᠰᠢᠶᠠᠨ ᠤ ᠲᠢᠶᠠᠨ ᠴᠧᠩ ᠰᠢᠶᠠᠩ ᠤᠨ ᠳ᠋ᠢᠩ ᠴᠢ ᠨᠣᠮᠧᠷᠲᠤ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠳ᠋ᠢᠩ ᠴᠢ ᠨᠣᠮᠧᠷᠲᠤ ᠲᠣᠰᠬᠤᠨ ᠳᠤ ᠠᠵᠢᠯᠯᠠᠭᠰᠠᠨ ᠵᠢᠷᠭᠤᠭᠠᠨ ᠵᠢᠯ ᠤᠨ ᠬᠤᠭᠤᠴᠠᠭᠠᠨ ᠳᠤ᠂ ᠲᠡᠷᠡ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠤᠨ ᠪᠠᠶᠢᠳᠠᠯ ᠢ ᠰᠠᠶᠢᠲᠤᠷ ᠣᠶᠢᠯᠠᠭᠠᠵᠤ᠂ ᠬᠦᠴᠦ ᠬᠥᠯᠥᠰᠥ ᠪᠠᠨ ᠰᠢᠪᠬᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ᠂ ᠪᠦᠬᠦ ᠬᠦᠴᠦᠨ ᠢᠶᠠᠷ ᠢᠶᠠᠨ ᠲᠣᠰᠬᠤᠨ ᠤ ᠠᠷᠠᠳ ᠲᠤ ᠰᠠᠶᠢᠨ ᠶᠠᠪᠤᠳᠠᠯ ᠪᠣᠳᠠᠲᠠᠢ ᠶᠠᠪᠤᠳᠠᠯ ᠬᠢᠵᠦ᠂ ᠲᠣᠰᠬᠤᠨ ᠤ ᠠᠷᠠᠳ ᠢ ᠳᠠᠭᠠᠭᠤᠯᠤᠨ ᠠᠵᠤ ᠦᠢᠯᠡᠰ ᠢ ᠬᠥᠭᠵᠢᠭᠦᠯᠵᠦ᠂ ᠣᠷᠣᠯᠭ᠎ᠠ ᠶᠢ ᠨᠡᠮᠡᠭᠳᠡᠭᠦᠯᠵᠦ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠲᠣᠰᠬᠤᠨ ᠤ ᠨᠠᠮ ᠤᠨ ᠡᠭᠦᠷ ᠤᠨ ᠱᠦᠵᠢ ᠶᠢᠨ ᠬᠠᠷᠢᠭᠤᠴᠠᠯᠭ᠎ᠠ ᠪᠠ ᠡᠭᠦᠷᠭᠡᠯᠡᠯ ᠢ ᠦᠢᠯᠡᠳᠦᠯᠭᠡᠵᠢᠭᠦᠯᠵᠡᠢ᠃    ᠬᠠᠪᠤᠷ ᠤᠨ ᠰᠡᠭᠦᠯᠴᠢ ᠶᠢᠨ ᠲᠦᠷᠪᠡᠨ ᠰᠠᠷ᠎ᠠ ᠳᠤ᠂ ᠨᠣᠭᠤᠭᠠᠨ ᠦᠩᠬᠡ ᠪᠢᠯᠬᠠᠨ᠎ᠠ᠃ ᠲᠦᠷᠪᠡᠨ ᠲᠠᠯ᠎ᠠ ᠪᠠᠷ ᠢᠶᠠᠨ ᠠᠭᠤᠯᠠ ᠪᠠᠷ ᠬᠦᠷᠢᠶᠡᠯᠡᠭᠳᠡᠭᠰᠡᠨ ᠳ᠋ᠢᠩ ᠴᠢ ᠬᠤᠤ ᠲᠣᠰᠬᠤᠨ ᠠᠯᠤᠰ ᠠᠴᠠ ᠬᠠᠷᠠᠬᠤ ᠳᠤ᠂ ᠮᠥᠷ ᠮᠥᠷ ᠴᠠᠭᠠᠨ ᠬᠡᠷᠡᠮ ᠲᠠᠢ ᠤᠯᠠᠭᠠᠨ ᠸᠠᠭᠠᠷ ᠲᠠᠢ ᠪᠠᠶᠢᠰᠢᠩ ᠤᠳ ᠳᠠᠷᠠᠭᠠᠯᠠᠨ ᠵᠢᠭᠰᠠᠵᠤ᠂ ᠲᠦᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠭᠰᠡᠨ ᠲᠣᠰᠬᠤᠨ ᠤ ᠬᠤᠭᠤᠷᠣᠨᠳᠣᠬᠢ ᠵᠥᠷᠢᠭ ᠵᠠᠮ ᠬᠥᠨᠳᠡᠯᠡᠨ ᠭᠤᠯᠳᠤ ᠦᠭᠡᠢ ᠰᠦᠯᠵᠢᠯᠳᠦᠨ᠎ᠡ᠃ ᠲᠣᠰᠬᠤᠨ ᠤ ᠡᠮᠦᠨᠡᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ᠂ ᠲᠣᠰᠬᠤᠨ ᠤ ᠠᠷᠠᠳ ᠡᠷᠳᠡᠨᠢ ᠰᠢᠰᠢ ᠲᠠᠷᠢᠬᠤ ᠪᠠᠷ ᠶᠠᠭᠠᠷᠠᠯᠳᠤᠵᠤ᠂ ᠦᠵᠡᠰᠬᠦᠯᠡᠩᠲᠦ ᠰᠠᠶᠢᠬᠠᠨ ᠠᠭᠤᠯᠠᠨ ᠲᠣᠰᠬᠤᠨ ᠤ ᠴᠣ᠋ ᠰᠢᠨ᠎ᠡ ᠵᠢᠷᠤᠭ ᠠᠭᠠᠵᠢᠮ ᠢᠶᠠᠷ ᠳᠡᠯᠭᠡᠭᠳᠡᠵᠦ ᠪᠠᠶᠢᠯ᠎ᠠ᠃    
       ᠲᠣᠰᠬᠤᠨ ᠤ ᠬᠤᠶᠢᠲᠤ ᠲᠠᠯ᠎ᠠ ᠶᠢᠨ ᠲᠣᠰᠬᠤᠨ ᠤ ᠠᠷᠠᠳ ᠤᠨ ᠴᠢᠬᠢ ᠪᠤᠶᠢᠵᠢᠭᠤᠯᠬᠤ ᠬᠦᠯᠡᠮᠵᠢ ᠳᠤ ᠬᠦᠷᠬᠦ ᠳᠤ ᠂ ᠨᠢᠯᠬ᠎ᠠ ᠨᠣᠭᠤᠭᠠᠨ ᠰᠢᠬᠢᠷ ᠤᠨ ᠯᠤᠤᠪᠠᠩ ᠤᠨ ᠴᠢᠬᠢ ᠶᠢᠨ ᠤᠷᠭᠤᠴᠠ ᠨᠢ ᠬᠥᠮᠦᠨ ᠢ ᠪᠠᠶᠠᠷᠯᠠᠭᠤᠯᠤᠮ᠎ᠠ ᠪᠠᠶᠢᠬᠤ ᠳᠤ᠂ ᠲᠣᠰᠬᠤᠨ ᠤ ᠨᠠᠮ ᠤᠨ ᠡᠭᠦᠷ ᠤᠨ ᠱᠦᠵᠢ ᠬᠤ᠋ ᠰᠢᠨ ᠭᠤᠸᠠᠩ ᠭᠠᠷ ᠢᠶᠠᠷ ᠢᠶᠠᠨ ᠨᠠᠷᠢᠨ ᠨᠢᠭᠲᠠ ᠴᠢᠬᠢ ᠠᠴᠠ ᠪᠤᠵᠠᠷ ᠡᠪᠡᠰᠦ ᠲᠡᠭᠦᠵᠦ ᠠᠪᠬᠤ ᠶᠢᠨ ᠳᠠᠭᠠᠤ ᠲᠣᠰᠬᠤᠨ ᠤ ᠠᠷᠠᠳ ᠹᠦ᠋ ᠠᠢ ᠰᠢᠶᠠᠩ ᠠᠴᠠ ᠰᠢᠬᠢᠷ ᠤᠨ ᠯᠤᠤᠪᠠᠩ ᠤᠨ ᠴᠢᠬᠢ ᠶᠢᠨ ᠤᠷᠭᠤᠴᠠ ᠶᠢᠨ ᠪᠠᠶᠢᠳᠠᠯ ᠢ ᠣᠶᠢᠯᠠᠭᠠᠪᠠ᠃    ᠬᠡᠳᠦᠨ ᠵᠢᠯ ᠤᠨ ᠡᠮᠦᠨ᠎ᠡ᠂ ᠹᠦ᠋ ᠠᠶ ᠰᠢᠶᠠᠩ ᠴᠢᠬᠢ ᠪᠤᠶᠢᠵᠢᠭᠤᠯᠬᠤ ᠬᠡᠪᠴᠢᠶ᠎ᠡ ᠪᠠᠨ ᠥᠷᠭᠡᠳᠬᠡᠬᠦ ᠭᠡᠰᠡᠨ ᠳᠤ ᠪᠡᠯᠡ ᠮᠥᠩᠭᠦ ᠳᠤᠲᠠᠭᠳᠠᠬᠤ ᠶᠢᠨ ᠬᠠᠷᠠᠭ᠎ᠠ ᠪᠠᠷ ᠠᠷᠭ᠎ᠠ ᠮᠤᠬᠤᠷᠳᠠᠵᠠᠶ᠂ ᠡᠨᠡ ᠬᠡᠳᠦᠨ ᠵᠢᠯ ᠳᠤ᠂ ᠬᠤ ᠰᠢᠨ ᠭᠤᠸᠠᠩ ᠪᠣᠯᠤᠨ ᠭᠠᠴᠠᠭᠠᠨ ᠤ ᠠᠷᠠᠳ ᠤᠨ ᠵᠥᠪᠯᠡᠯ ᠤᠨ ᠬᠠᠪᠰᠤᠷᠤᠯᠭ᠎ᠠ ᠪᠠᠷ ᠲᠡᠷᠡ ᠪᠠᠩᠬᠢ ᠠᠴᠠ 50 ᠲᠦᠮᠡᠨ ᠲᠥᠭᠦᠷᠢᠭ ᠵᠢᠭᠡᠯᠡᠵᠦ᠂ ᠴᠢᠬᠢ ᠪᠤᠶᠢᠵᠢᠭᠤᠯᠬᠤ ᠬᠦᠯᠡᠮᠵᠢ ᠪᠠᠨ ᠴᠦ 16 ᠪᠣᠯᠭᠠᠵᠤ᠂ ᠰᠢᠬᠢᠷ ᠤᠨ ᠯᠤᠤᠪᠠᠩ ᠤᠨ ᠵᠠᠬᠢᠶᠠᠯᠠᠭ᠎ᠠ ᠶᠢᠨ ᠲᠠᠯᠠᠪᠠᠢ 700 ᠮᠦ ᠳᠤ ᠬᠦᠷᠴᠡᠶ᠂ ᠭᠠᠴᠠᠭᠠᠨ ᠤ ᠨᠠᠮ ᠤᠨ ᠡᠭᠦᠷ ᠤᠨ ᠱᠦᠵᠢ ᠬᠤ ᠰᠢᠨ ᠭᠤᠸᠠᠩ ᠤᠨ ᠡᠨᠡ ᠬᠡᠳᠦᠨ ᠵᠢᠯ ᠳᠤ ᠲᠡᠭᠦᠨ ᠤ ᠭᠡᠷ ᠲᠤ ᠦᠵᠡᠭᠦᠯᠦᠭᠰᠡᠨ ᠬᠠᠪᠰᠤᠷᠤᠯᠭ᠎ᠠ ᠶᠢᠨ ᠲᠤᠬᠠᠶ ᠶᠠᠷᠢᠬᠤ ᠳᠤ ᠹᠦ᠋ ᠠᠶ ᠰᠢᠶᠠᠩ ᠨᠢᠭᠡ ᠯᠡ ᠳᠣᠣᠷ᠎ᠠ ᠦᠭᠡ ᠪᠠᠨ ᠳᠡᠯᠭᠡᠵᠡᠶ᠃
       ︽ᠰᠢᠶᠤᠤ ᠬᠤ᠋ ᠡᠨᠡ ᠬᠡᠳᠦᠨ ᠵᠢᠯ ᠤᠨ ᠲᠤᠷᠰᠢ ᠮᠠᠨ ᠤ ᠲᠣᠰᠬᠤᠨ ᠳᠤ ᠪᠠᠭ᠎ᠠ ᠦᠭᠡᠢ ᠬᠠᠪᠰᠤᠷᠤᠯᠭ᠎ᠠ ᠦᠵᠡᠭᠦᠯᠵᠡᠢ᠂ ᠵᠢᠯ ᠪᠦᠷᠢ ᠪᠢᠳᠡᠨ ᠢ ᠬᠠᠪᠰᠤᠷᠴᠤ ᠵᠢᠭᠡᠯᠡᠯᠭᠡ ᠥᠭᠲᠡᠭ᠂ ᠲᠦᠷᠦᠭᠦᠦ ᠬᠡᠳᠦᠨ ᠵᠢᠯ ᠳᠤ ᠰᠢᠶᠤᠤ ᠬᠤ᠋ ᠶᠢᠨ ᠬᠠᠪᠰᠤᠷᠤᠯᠭ᠎ᠠ ᠪᠠᠶᠢᠬᠤ ᠦᠭᠡᠢ ᠴᠦ ᠵᠢᠭᠡᠯᠡᠯᠭᠡ ᠠᠷᠪᠢᠨ ᠦᠭᠡᠢ ᠪᠠᠶᠢᠵᠠᠢ᠂ ᠤᠳᠤ ᠮᠠᠨ ᠤ ᠭᠡᠷ ᠤᠨ ᠴᠢᠬᠢ ᠪᠤᠶᠢᠵᠢᠭᠤᠯᠬᠤ ᠬᠦᠯᠡᠮᠵᠢ ᠴᠦ ᠥᠷᠭᠡᠳᠴᠡᠢ᠂ ᠪᠠᠰᠠ ᠤᠢᠢᠷ᠎ᠠ ᠬᠠᠪᠢ ᠶᠢᠨ ᠲᠣᠰᠬᠤᠨ ᠤ ᠠᠷᠠᠳ ᠢ ᠲᠠᠶᠢᠴᠢᠯᠠᠨ ᠬᠥᠯᠥᠰᠥᠨ ᠠᠵᠢᠯ ᠬᠢᠯᠭᠡᠵᠦ ᠣᠷᠣᠯᠭ᠎ᠠ ᠶᠢ ᠨᠢ ᠨᠡᠮᠡᠭᠳᠡᠭᠦᠯᠵᠦ ᠪᠠᠶᠢᠨ᠎ᠠ᠂ ᠰᠢᠶᠤᠤ ᠬᠤ᠋ ᠲᠣᠰᠬᠤᠨ ᠤ ᠠᠷᠠᠳ ᠲᠤ ᠪᠠᠭ᠎ᠠ ᠦᠭᠡᠢ ᠪᠣᠳᠠᠲᠠᠢ ᠠᠵᠢᠯ ᠬᠢᠵᠦ ᠥᠭᠴᠡᠢ᠂ ᠰᠠᠶᠢᠨ ᠦᠷ᠎ᠡ ᠬᠡᠦᠬᠡᠳ ᠪᠣᠯᠬᠤ ᠶᠤᠮ︾᠃ ᠹᠦ᠋ ᠠᠶ ᠰᠢᠶᠠᠩ ᠠᠵᠢᠯ ᠬᠢᠬᠦ ᠶᠢᠨ ᠳᠠᠭᠠᠤ ᠰᠤᠷᠪᠤᠯᠵᠢᠯᠠᠭᠴᠢ ᠳᠤ ᠬᠡᠯᠡᠪᠡ᠃  
       ᠲᠣᠰᠬᠤᠨ ᠤ ᠠᠷᠠᠳ ᠢ ᠣᠷᠣᠯᠭ᠎ᠠ ᠪᠠᠨ ᠦᠷᠭᠦᠯᠵᠢᠯᠡᠨ ᠨᠡᠮᠡᠭᠳᠡᠭᠦᠯᠬᠦ ᠵᠠᠮ ᠢᠶᠠᠷ ᠵᠠᠮᠨᠠᠭᠤᠯᠬᠤ ᠳᠤ ᠠᠵᠤ ᠦᠢᠯᠡᠰ ᠢ ᠬᠥᠭᠵᠢᠭᠦᠯᠬᠦ ᠪᠣᠯ ᠵᠠᠩᠭᠢᠯᠠᠭ᠎ᠠ ᠪᠣᠯᠤᠨ᠎ᠠ᠃ ᠲᠣᠰᠬᠤᠨ ᠤ ᠠᠷᠠᠳ ᠯᠢ ᠶᠦᠩ ᠶᠢᠨ ᠥᠩᠭᠡᠷᠡᠭᠰᠡᠨ ᠳᠤ ᠲᠣᠰᠬᠤᠨ ᠤ ᠳᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠡᠷᠦᠬᠡ ᠪᠠᠶᠢᠵᠠᠶ᠂ ᠡᠬᠢᠨ ᠤ ᠵᠢᠯ ᠤᠳ ᠲᠤ ᠶᠡᠷᠦ ᠨᠢ ᠪᠠᠴᠢᠭᠤ ᠪᠠᠶᠢᠭᠰᠠᠨ ᠲᠡᠳᠡᠨ ᠤ ᠭᠡᠷ ᠢ ᠬᠡᠷᠬᠢᠨ ᠶᠠᠳᠠᠭᠤ ᠬᠦᠴᠢᠷᠳᠡᠯ ᠠᠴᠠ ᠲᠦᠷᠭᠡᠨ ᠠᠩᠭᠢᠵᠢᠷᠠᠭᠤᠯᠬᠤ ᠭᠡᠳᠡᠭ ᠪᠣᠯ ᠬᠤ᠋ ᠰᠢᠨ ᠭᠤᠸᠠᠩ ᠤᠨ ᠡᠮᠦᠨ᠎ᠡ ᠲᠠᠯᠪᠢᠭᠳᠠᠵᠤ ᠪᠠᠶᠢᠭ᠎ᠠ ᠡᠷᠬᠡᠪᠰᠢ ᠰᠢᠶ᠋ᠳᠪᠦᠷᠢᠯᠡᠬᠦ ᠬᠡᠷᠡᠭᠲᠡᠶ ᠨᠢᠭᠡᠨ ᠬᠦᠴᠢᠷ ᠠᠰᠠᠭᠤᠳᠠᠯ ᠪᠣᠯᠤᠨ᠎ᠠ᠂ ᠪᠣᠳᠠᠲᠠᠶ ᠪᠠᠶᠢᠳᠠᠯ ᠢ ᠣᠶᠢᠯᠠᠭᠠᠵᠤ᠂ ᠯᠢ ᠶᠦᠩ ᠶᠢᠨ ᠤ ᠰᠠᠨᠠᠯ ᠢ ᠬᠤᠷᠢᠶᠠᠭᠰᠠᠨ ᠤ ᠳᠠᠷᠠᠭ᠎ᠠ᠂ ᠬᠤ᠋ ᠰᠢᠨ ᠭᠤᠸᠠᠩ ᠲᠡᠭᠦᠨ ᠤ ᠭᠡᠷ ᠲᠤ ᠵᠠᠭᠤᠰᠢᠨ ᠤ ᠨᠡᠷᠡᠰ ᠤᠨ ᠬᠡᠯᠪᠡᠷᠢ ᠪᠠᠷ ᠶᠠᠳᠠᠭᠤ ᠶᠢ ᠲᠡᠳᠬᠦᠬᠦ ᠶᠢ ᠲᠣᠭᠲᠠᠭᠠᠨ ᠥᠭᠴᠦ᠂ ᠲᠡᠭᠦᠨ ᠢ ᠬᠠᠪᠰᠤᠷᠤᠨ ᠪᠠᠩᠬᠢ ᠠᠴᠠ 5 ᠲᠦᠮᠡᠨ ᠲᠥᠭᠦᠷᠢᠭ ᠤᠨ ᠵᠠᠰᠠᠭ ᠤᠨ ᠣᠷᠳᠣᠨ ᠤ ᠳᠠᠮ ᠬᠦᠦ ᠲᠠᠢ ᠵᠢᠭᠡᠯᠡᠯᠭᠡ ᠵᠢᠭᠡᠯᠡᠭᠦᠯᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠲᠡᠭᠦᠨ ᠤ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠡᠦᠬᠡᠳ ᠲᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠭᠤᠶᠤᠴᠢᠯᠠᠵᠤ᠂ ᠬᠤᠶᠢᠰᠢᠳᠠ ᠶᠢᠨ ᠵᠣᠪᠠᠨᠢᠯ ᠢ ᠨᠢ ᠠᠷᠢᠯᠭᠠᠭᠰᠠᠨ ᠯᠢ ᠶᠦᠩ ᠶᠢᠨ ᠨᠢᠭᠡ ᠰᠡᠳᠬᠢᠯ ᠨᠢᠭᠡ ᠵᠣᠷᠢᠭ ᠢᠶᠠᠷ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠤᠳᠤ ᠨᠢᠭᠡᠨᠲᠡ 7 ᠠᠯᠠᠰᠢᠨ ᠦᠬᠡᠷ ᠪᠣᠯᠤᠨ ᠬᠥᠭᠵᠢᠵᠦ᠂ ᠠᠮᠢᠳᠤᠷᠠᠯ ᠨᠢ ᠴᠦ ᠤᠯᠠᠮ ᠠᠴᠠ ᠤᠯᠠᠮ ᠬᠥᠭᠵᠢᠶᠡᠨᠲᠡᠢ ᠪᠣᠯᠵᠠᠢ᠃    ︽ᠡᠨᠡ ᠬᠡᠳᠦᠨ ᠵᠢᠯ ᠬᠤ᠋ ᠱᠦᠵᠢ ᠨᠠᠳᠠ ᠳᠤ ᠶᠡᠭᠡ ᠬᠠᠪᠰᠤᠷᠤᠯᠭ᠎ᠠ ᠦᠵᠡᠭᠦᠯᠵᠡᠢ᠂ ᠮᠢᠨᠦ ᠬᠦᠦ ᠤᠳᠤ ᠶᠡᠭᠡ ᠰᠤᠷᠭᠠᠭᠤᠯᠢ ᠪᠠᠨ ᠲᠡᠭᠦᠰᠬᠡᠵᠦ᠂ ᠤᠳᠤ ᠠᠵᠢᠯᠯᠠᠵᠤ ᠪᠠᠶᠢᠨ᠎ᠠ᠂ ᠠᠯᠠᠰᠢᠨ ᠦᠬᠡᠷ ᠲᠡᠵᠢᠭᠡᠨ ᠦᠷᠡᠵᠢᠭᠦᠯᠵᠦ ᠪᠠᠶᠢᠭ᠎ᠠ ᠨᠢ ᠴᠦ ᠵᠦᠭᠡᠷ ᠪᠠᠶᠢᠨ᠎ᠠ᠂ ᠵᠢᠯ ᠪᠦᠷᠢ 2 ᠦᠬᠡᠷ ᠪᠣᠷᠣᠯᠠᠭᠤᠯᠵᠤ᠂ ᠲᠦᠮᠡ ᠲᠤᠯᠤᠭ᠎ᠠ ᠠᠴᠠ ᠲᠦᠮᠡ ᠨᠠᠢᠮᠠᠨ ᠲᠦᠮᠡ ᠣᠷᠴᠢᠮ ᠣᠷᠣᠯᠭ᠎ᠠ ᠣᠯᠵᠤ ᠪᠠᠶᠢᠨ᠎ᠠ᠂ ᠪᠢ ᠢᠷᠡᠭᠡᠳᠦᠢ ᠶᠢᠨ ᠠᠮᠢᠳᠤᠷᠠᠯ ᠳᠠᠭᠠᠨ ᠮᠠᠰᠢ ᠢᠲᠡᠭᠡᠯ ᠲᠠᠢ ᠪᠠᠶᠢᠨ᠎ᠠ︾᠃ ᠭᠡᠵᠦ ᠲᠣᠰᠬᠤᠨ ᠤ ᠠᠷᠠᠳ ᠯᠢ ᠶᠦᠩ ᠶᠢᠨ ᠪᠠᠶᠠᠷᠲᠠᠢ ᠪᠠᠷ ᠬᠡᠯᠡᠪᠡ᠃    
        ᠳ᠋ᠢᠩ ᠴᠢ ᠨᠣᠮᠧᠷᠲᠤ ᠵᠠᠰᠠᠭ ᠵᠠᠬᠢᠷᠭᠠᠨ ᠤ ᠲᠣᠰᠬᠤᠨ ᠨᠢ ᠯᠢᠶᠠᠩᠴᠧᠩ ᠰᠢᠶᠠᠨ ᠤ ᠲᠢᠶᠠᠨ ᠴᠧᠩ ᠰᠢᠶᠠᠩ ᠤᠨ ᠪᠠᠷᠠᠭᠤᠨ ᠡᠮᠦᠨ᠎ᠡ ᠪᠡᠶ᠎ᠡ ᠶᠢᠨ 3 ᠺᠢᠯᠤᠮᠧᠳ᠋ᠷ ᠭᠠᠵᠠᠷ ᠲᠤ ᠪᠠᠶᠢᠷᠢᠯᠠᠵᠤ᠂ ᠵᠠᠰᠠᠭ ᠵᠠᠬᠢᠷᠭᠠᠨ ᠤ ᠲᠣᠰᠬᠤᠨ ᠤ ᠶᠡᠷᠦᠩᠬᠡᠢ ᠲᠠᠯᠠᠪᠠᠢ ᠨᠢ 12 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠳᠣᠣᠷ᠎ᠠ ᠨᠢ 4 ᠠᠶᠢᠯ ᠲᠣᠰᠬᠤᠨ ᠢ ᠬᠠᠷᠢᠶᠠᠯᠠᠵᠤ᠂ ᠪᠠᠶᠢᠩᠭᠤ ᠰᠠᠭᠤᠭ᠎ᠠ ᠬᠥᠮᠦᠨ ᠠᠮᠠ 75 ᠡᠷᠦᠬᠡ 205 ᠬᠥᠮᠦᠨ ᠪᠠᠶᠢᠵᠤ᠂ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ 30 ᠡᠷᠦᠬᠡ 75 ᠬᠥᠮᠦᠨ ᠪᠤᠢ᠃ 2016 ᠣᠨ ᠳᠤ᠂ ᠷᠧᠨ ᠯᠢᠶᠠᠩ ᠴᠧᠩ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠯᠲᠠ ᠪᠠᠷ᠂ ᠬᠤ᠋ ᠰᠢᠨ ᠭᠤᠸᠠᠩ ᠶᠠᠳᠠᠭᠤ ᠶᠢ ᠲᠡᠳᠬᠦᠬᠦ ᠠᠩᠬᠢ ᠶᠢᠨ ᠭᠡᠰᠢᠭᠦᠨ ᠤ ᠬᠤᠪᠢ ᠪᠠᠷ ᠳ᠋ᠢᠩ ᠴᠢ ᠬᠤᠤ ᠲᠣᠰᠬᠤᠨ ᠳᠤ ᠢᠷᠡᠵᠤ᠂ ᠶᠠᠳᠠᠭᠤ ᠶᠢ ᠲᠡᠳᠬᠦᠬᠦ ᠺᠠᠳ᠋ᠷ ᠪᠣᠯᠤᠭᠰᠠᠨ ᠲᠡᠷᠡ ᠡᠳᠦᠷ ᠠᠴᠠ ᠪᠠᠨ ᠡᠬᠢᠯᠡᠨ ᠢᠳᠡᠵᠦ ᠤᠤᠭᠤᠬᠤ ᠬᠤᠨᠣᠵᠤ ᠬᠡᠪᠲᠡᠵᠦ᠂ ᠡᠳᠦᠷ ᠪᠣᠯᠭᠠᠨ ᠶᠠᠳᠠᠭᠤ ᠶᠢ ᠲᠡᠳᠬᠦᠬᠦ ᠡᠮᠦᠨ᠎ᠡ ᠹᠷᠣᠨᠲ ᠲᠤ ᠶᠠᠪᠤᠵᠤ᠂ ᠶᠠᠳᠠᠭᠤ ᠬᠦᠴᠢᠷᠳᠡᠯᠲᠡᠢ ᠡᠷᠦᠭᠡ ᠪᠣᠯᠭᠠᠨ ᠳᠤ ᠭᠦᠨᠵᠡᠭᠡᠶᠢᠷᠡᠵᠦ᠂ ᠲᠡᠳᠡᠨ ᠳᠤ ᠬᠠᠪᠰᠤᠷᠤᠨ ᠲᠡᠳᠬᠦᠬᠦ ᠠᠷᠭ᠎ᠠ  ᠬᠡᠮᠵᠢᠶ᠎ᠡ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠯᠡᠭᠡ ᠲᠣᠭᠲᠠᠭᠠᠨ ᠥᠭᠴᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠢᠷᠡᠭᠡᠳᠦᠢ ᠶᠢᠨ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠶᠢ ᠵᠣᠷᠢᠭᠵᠢᠭᠤᠯᠪᠠ᠃ 2017 ᠣᠨ ᠠᠴᠠ 2021 ᠣᠨ ᠪᠣᠯᠲᠠᠯ᠎ᠠ᠂ ᠲᠡᠷᠡ ᠳ᠋ᠢᠩ ᠴᠢ ᠨᠣᠮᠧᠷᠲᠤ ᠲᠣᠰᠬᠤᠨ ᠤ 29 ᠡᠷᠦᠬᠡ ᠶᠢᠨ 76 ᠬᠥᠮᠦᠨ ᠳᠤ 264500 ᠲᠥᠭᠦᠷᠢᠭ ᠤᠨ ᠠᠵᠤ ᠦᠢᠯᠡᠰ ᠤᠨ ᠲᠡᠳᠬᠦᠮᠵᠢ ᠶᠢᠨ ᠪᠡᠯᠡ ᠮᠥᠩᠭᠦ ᠣᠯᠭᠤᠵᠤ᠂ ᠲᠣᠰᠬᠤᠨ ᠤ 19 ᠡᠷᠦᠬᠡ ᠶᠢᠨ 27 ᠬᠥᠮᠦᠨ ᠳᠤ ᠰᠤᠷᠭᠠᠨ ᠬᠥᠮᠦᠵᠢᠯ ᠤᠨ ᠲᠡᠳᠬᠦᠮᠵᠢ ᠶᠢᠨ ᠲᠦᠷᠦ ᠶᠢᠨ ᠪᠤᠳᠤᠯᠭ᠎ᠠ ᠶᠢ ᠡᠳ᠋ᠯᠡᠭᠦᠯᠵᠦ᠂ ᠰᠤᠷᠤᠯᠭ᠎ᠠ ᠠᠴᠠ ᠪᠤᠯᠵᠤ ᠶᠠᠳᠠᠭᠤᠷᠠᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠬᠤ᠋ ᠰᠢᠨ ᠭᠤᠸᠠᠩ ᠶᠠᠳᠠᠭᠤ ᠬᠦᠴᠢᠷᠳᠡᠯᠲᠡᠢ ᠤᠯᠠᠨ ᠲᠦᠮᠡᠨ ᠢ ᠳᠠᠭᠠᠭᠤᠯᠤᠨ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯ ᠤᠨ ᠮᠠᠯᠠᠭᠠᠢ ᠶᠢ ᠨᠢ ᠠᠪᠴᠤ ᠬᠠᠶᠠᠵᠠᠢ᠃      2019 ᠣᠨ ᠳᠤ᠂ ᠬᠤ᠋ ᠰᠢᠨ ᠭᠤᠸᠠᠩ ᠪᠠᠰᠠ ᠲᠢᠶᠠᠨ ᠴᠧᠩ ᠰᠢᠶᠠᠩ ᠤᠨ ᠳ᠋ᠢᠩ ᠴᠢ ᠬᠤᠤ ᠲᠣᠰᠬᠤᠨ ᠤ ᠨᠠᠮ ᠤᠨ ᠡᠭᠦᠷ ᠤᠨ ᠱᠦᠵᠢ ᠪᠠᠷ ᠰᠣᠩᠭᠤᠭᠳᠠᠪᠠ᠂ ᠲᠡᠭᠦᠨ ᠤ ᠲᠤᠰᠢᠶᠠᠯ ᠳᠤ ᠭᠠᠷᠤᠭᠰᠠᠨ ᠤ ᠳᠠᠷᠠᠭᠠᠬᠢ ᠨᠢᠭᠡᠳᠦᠭᠡᠷ ᠶᠠᠪᠤᠳᠠᠯ ᠪᠣᠯ ᠳᠠᠷᠤᠢ ᠪᠠᠶᠢᠭ᠎ᠠ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠳ᠋ᠢᠩ ᠴᠢ ᠬᠤᠤ ᠲᠣᠰᠬᠤᠨ ᠳᠤ ᠲᠦᠭᠡᠭᠡᠯ ᠤᠰᠤ ᠵᠠᠰᠠᠵᠤ ᠥᠭᠬᠦ ᠶᠢ ᠵᠣᠬᠢᠴᠠᠭᠤᠯᠵᠤ᠂ ᠲᠣᠰᠬᠤᠨ ᠤ ᠠᠷᠠᠳ ᠲᠦᠭᠡᠭᠡᠯ ᠤᠰᠤ ᠦᠭᠡᠢ ᠪᠠᠶᠢᠭᠰᠠᠨ ᠲᠡᠦᠬᠡ ᠠᠴᠠ ᠪᠠᠨ ᠠᠩᠭᠢᠵᠢᠷᠠᠭᠰᠠᠨ ᠶᠠᠪᠤᠳᠠᠯ ᠪᠣᠯᠤᠨ᠎ᠠ᠃ ᠬᠤ᠋ ᠰᠢᠨ ᠭᠤᠸᠠᠩ ᠲᠣᠰᠬᠤᠨ ᠤ ᠥᠨᠥᠴᠢᠨ ᠬᠡᠦᠬᠡᠳ ᠸᠠᠩ ᠰᠢ ᠵᠧ ᠶᠢ ᠬᠠᠪᠰᠤᠷᠤᠨ ᠰᠤᠷᠭᠠᠭᠤᠯᠢ ᠳᠤ ᠤᠷᠤᠭᠰᠢᠲᠠᠢ ᠪᠠᠷ ᠣᠷᠣᠭᠤᠯᠵᠤ᠂ ᠰᠠᠷ᠎ᠠ ᠪᠦᠷᠢ 220 ᠲᠥᠭᠦᠷᠢᠭ ᠤᠨ ᠠᠮᠢᠳᠤᠷᠠᠯ ᠤᠨ ᠵᠠᠷᠤᠳᠠᠯ ᠢ ᠲᠡᠳᠬᠦᠵᠦ᠂ ᠲᠣᠰᠬᠤᠨ ᠤ ᠨᠥᠬᠦᠴᠡᠯ ᠳᠤ ᠨᠡᠶᠢᠴᠡᠭᠰᠡᠨ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠨ ᠢ ᠰᠢᠶᠠᠨ ᠤ ᠬᠤᠳᠠ ᠳᠤ ᠠᠪᠠᠴᠢᠵᠤ ᠵᠡᠮᠳᠡᠭᠴᠦᠳ ᠤᠨ ᠦᠨᠡᠮᠯᠡᠯ ᠬᠢᠯᠭᠡᠵᠦ᠂ ᠲᠣᠰᠬᠤᠨ ᠤ ᠨᠠᠮ ᠤᠨ ᠡᠭᠦᠷ ᠤᠨ ᠨᠠᠮ ᠤᠨ ᠭᠡᠰᠢᠭᠦᠨ ᠢ ᠳᠠᠭᠠᠭᠤᠯᠵᠤ ︽  ᠲᠠᠭ᠎ᠠ ᠶᠢᠨ ᠨᠠᠭᠤᠷ ᠤᠨ ᠬᠠᠮᠠᠭᠠᠯᠠᠯᠲᠠ ᠳᠤ ᠣᠷᠣᠯᠴᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ ᠪᠠᠶᠢᠭᠤᠯᠬᠤ︾ ᠠᠵᠢᠯᠯᠠᠭ᠎ᠠ ᠥᠷᠨᠢᠭᠦᠯᠵᠦ᠂ ᠭᠤᠣᠯ ᠤᠨ ᠵᠠᠮ ᠳᠤ ᠭᠦᠨᠵᠡᠭᠡᠶᠢᠷᠡᠨ ᠬᠤᠭ ᠨᠣᠪᠰᠢ ᠶᠢ ᠴᠡᠪᠡᠷᠯᠡᠵᠡᠢ᠃ ᠬᠤ᠋ ᠰᠢᠨ ᠭᠤᠸᠠᠩ ᠪᠠᠰᠠ ᠪᠠᠶᠢᠭ᠎ᠠ ᠨᠢᠭᠡᠴᠡ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢ᠊ ᠡᠶ᠎ᠡ ᠬᠢᠨᠠᠨ ᠪᠠᠶᠢᠴᠠᠭᠠᠬᠤ ᠵᠥᠪᠯᠡᠯ ᠲᠠᠢ ᠬᠠᠮᠵᠢᠯᠴᠠᠨ ᠵᠢᠯ ᠪᠦᠷᠢ ᠳ᠋ᠢᠩ ᠴᠢ ᠲᠣᠰᠬᠤᠨ ᠤ ᠠᠷᠠᠳ ᠲᠤ ᠰᠣᠶᠣᠯ᠂ ᠠᠯᠪᠠᠨ ᠵᠢᠷᠤᠮ ᠤᠨ ᠡᠮᠴᠢᠯᠡᠭᠡ᠂ ᠲᠠᠬᠢᠶᠠᠨ ᠴᠢᠬᠢ᠂ ᠡᠷᠬᠢᠨ ᠦᠵᠡᠵᠦ ᠲᠣᠬᠤᠨᠢᠭᠤᠯᠬᠤ ᠵᠡᠷᠭᠡ ᠶᠢ ᠬᠦᠷᠭᠡᠳᠡᠭ᠃ ᠡᠨᠡ ᠵᠢᠯ ᠤᠨ ᠬᠠᠪᠤᠷ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠥᠨᠳᠥᠷ ᠪᠠᠶᠢᠵᠤ᠂ ᠲᠡᠷᠡ ᠪᠠᠰᠠ ᠲᠣᠰᠬᠤᠨ ᠤ ᠠᠷᠠᠳ ᠲᠤ ᠬᠢᠮᠢ ᠶᠢᠨ ᠪᠤᠷᠳᠤᠭᠤᠷ ᠢ ᠲᠥᠪᠯᠡᠷᠡᠭᠦᠯᠦᠨ ᠬᠤᠳᠠᠯᠳᠤᠨ ᠠᠪᠴᠤ ᠥᠭᠭᠦᠭᠰᠡᠨ ᠠᠴᠠ ᠲᠣᠰᠬᠤᠨ ᠤ ᠠᠷᠠᠳ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠳᠠᠷᠤᠭᠠᠰᠤ ᠶᠢ ᠬᠥᠩᠭᠡᠯᠡᠪᠡ᠃    
         ᠥᠨᠥᠳᠦᠷ ᠤᠨ ᠳ᠋ᠢᠩ ᠴᠢ ᠬᠤᠤ ᠲᠣᠰᠬᠤᠨ ᠳᠤ᠂ ᠲᠣᠰᠬᠤᠨ ᠤ ᠣᠷᠴᠢᠨ ᠲᠣᠭᠤᠷᠢᠨ ᠨᠡᠩ ᠭᠤᠶᠤ ᠰᠠᠶᠢᠬᠠᠨ ᠪᠤᠯᠵᠤ᠂ ᠠᠵᠤ ᠦᠢᠯᠡᠰ ᠤᠨ ᠬᠥᠭᠵᠢᠯᠲᠡ ᠶᠢᠨ ᠨᠥᠭᠡᠴᠡ ᠬᠦᠴᠦᠨ ᠨᠡᠩ ᠲᠡᠭᠦᠯᠳᠡᠷ ᠪᠤᠯᠵᠤ᠂ ᠲᠣᠰᠬᠤᠨ ᠤ ᠠᠷᠠᠳ ᠤᠨ ᠰᠣᠶᠣᠯ ᠤᠨ ᠠᠮᠢᠳᠤᠷᠠᠯ ᠨᠡᠩ ᠪᠠᠶᠠᠯᠢᠭᠵᠢᠵᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠢᠲᠡᠭᠡᠯ ᠵᠣᠷᠢᠭ ᠨᠡᠩ ᠴᠢᠩᠭᠠᠷᠠᠵᠠᠢ᠃ ᠬᠤ᠋ ᠰᠢᠨ ᠭᠤᠸᠠᠩ ᠤᠷᠢᠳ ᠬᠤᠵᠢᠳ ᠪᠦᠬᠦ ᠰᠢᠶᠠᠨ ᠤ ᠬᠡᠪ ᠳᠠᠭᠤᠷᠢᠶᠠᠯ ᠪᠣᠯᠬᠤ ᠴᠢᠬᠡᠴᠢ ᠰᠤᠷᠲᠠᠯ ᠤᠨ ᠺᠠᠳ᠋ᠷ ᠢᠶᠠᠷ ᠦᠨᠡᠯᠡᠭᠳᠡᠵᠦ᠂ 2019 ᠣᠨ ᠠᠴᠠ 2020 ᠣᠨ ᠪᠣᠯᠲᠠᠯ᠎ᠠ ᠬᠤᠶᠠᠷ ᠵᠢᠯ ᠳᠠᠷᠠᠭᠠᠯᠠᠨ ᠰᠢᠶᠠᠨ ᠤ ᠱᠠᠲᠤᠨ ᠤ ᠲᠣᠰᠬᠤᠨ ᠳᠤ ᠰᠠᠭᠤᠭ᠎ᠠ ᠰᠢᠯᠢᠳᠡᠭ ᠨᠢᠭᠡᠳᠦᠭᠡᠷ ᠱᠦᠵᠢ ᠪᠠᠷ ᠦᠨᠡᠯᠡᠭᠳᠡᠵᠦ᠂ 2021 ᠣᠨ ᠳᠤ ᠳ᠋ᠢᠩ ᠴᠢ ᠨᠣᠮᠧᠷᠲᠤ ᠲᠣᠰᠬᠤᠨ ᠤ ᠨᠠᠮ ᠤᠨ ᠡᠭᠦᠷ ᠪᠦᠬᠦ ᠬᠤᠳᠠ ᠶᠢᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠦᠨᠡᠯᠡᠭᠳᠡᠪᠡ᠃ ᠢᠷᠠᠭᠤ ᠠᠯᠳᠠᠷ ᠤᠨ ᠠᠷᠤ ᠳᠤ ᠡᠳᠦᠷ ᠠᠴᠠ ᠡᠳᠦᠷ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠲᠣᠰᠬᠤᠨ ᠤ ᠢᠷᠡᠭᠡᠳᠦᠢ ᠶᠢᠨ ᠬᠥᠭᠵᠢᠯᠲᠡ ᠶᠢ ᠶᠠᠷᠢᠬᠤ ᠳᠤ᠂ ᠬᠤ᠋ ᠰᠢᠨ ᠭᠤᠸᠠᠩ ᠢᠲᠡᠭᠡᠯ ᠳᠦᠭᠦᠷᠡᠩ ᠪᠠᠶᠢᠯ᠎ᠠ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠳᠠᠷᠠᠭᠠᠴᠢ ᠶᠢᠨ ᠠᠯᠬᠤᠮ ᠳᠤ᠂ ᠮᠢᠨᠦ ᠠᠵᠢᠯ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠲᠣᠰᠬᠤᠨ ᠤ ᠬᠤᠶᠠᠷ ᠵᠥᠪᠯᠡᠯ ᠤᠨ ᠺᠠᠳ᠋ᠷ᠂ ᠲᠠᠷᠢᠶᠠᠴᠢᠨ ᠨᠠᠮ ᠤᠨ ᠭᠡᠰᠢᠭᠦᠨ᠂ ᠬᠥᠳᠡᠭᠡ ᠲᠣᠰᠬᠤᠨ ᠤ ᠴᠢᠳᠠᠪᠤᠷᠢᠲᠠᠨ᠂ ᠲᠠᠷᠢᠶᠠᠴᠢᠨ ᠲᠦᠮᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳ᠋ᠢᠩ ᠴᠢ ᠨᠣᠮᠧᠷᠲᠤ ᠲᠣᠰᠬᠤᠨ ᠤ ᠬᠠᠮᠲᠤ ᠶᠢᠨ ᠠᠵᠤ ᠠᠬᠤᠢ ᠪᠣᠯᠤᠨ ᠬᠥᠳᠡᠭᠡ ᠲᠣᠰᠬᠤᠨ ᠤ ᠵᠠᠰᠠᠯᠲᠠ ᠶᠢᠨ ᠠᠵᠢᠯ ᠤᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠭᠤᠣᠯᠯᠠᠭᠴᠢ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠲᠡᠵᠢᠭᠡᠨ ᠦᠷᠡᠵᠢᠭᠦᠯᠬᠦ ᠦᠢᠯᠡᠰ ᠢ ᠪᠤᠵᠠᠭᠠᠶᠢᠷᠠᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠡᠷᠳᠡᠨᠢ ᠰᠢᠰᠢ᠂ ᠰᠢᠰᠢ᠂ ᠰᠢᠬᠢᠷ ᠯᠤᠤᠪᠠᠩ ᠵᠡᠷᠭᠡ ᠭᠤᠷᠪᠠᠨ ᠶᠡᠭᠡ ᠭᠤᠣᠯᠯᠠᠬᠤ ᠠᠵᠤ ᠦᠢᠯᠡᠰ ᠢ ᠥᠷᠭᠡᠳᠬᠡᠵᠦ᠂ ᠳ᠋ᠢᠩ ᠴᠢ ᠨᠣᠮᠧᠷᠲᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠠᠩ ᠭᠠᠭᠴᠠ ᠬᠦᠷᠦᠯᠴᠡᠬᠦ ᠦᠭᠡᠢ ᠲᠠᠯ᠎ᠠ ᠶᠢ ᠠᠯᠬᠤᠮ ᠠᠯᠬᠤᠮ ᠢᠶᠠᠷ ᠰᠢᠢᠳᠪᠦᠷᠢᠯᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ  ᠬᠡᠪᠴᠢᠶ᠎ᠡ ᠶᠢ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ︾ ᠭᠡᠵᠦ ᠬᠡᠯᠡᠪᠡ   ︵ᠰᠤᠷᠪᠤᠯᠵᠢᠯᠠᠭᠴᠢ᠄ ᠯᠢ  ᠱᠦ ᠸᠧᠶ︶                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2