ᠵᠧᠩ ᠳ᠋ᠦᠩ ᠫᠢᠩ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠭᠠᠵᠠᠷ ᠰᠣᠩᠭᠤᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/4
4 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠭᠠᠵᠠᠷ ᠰᠣᠩᠭᠤᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠹᠧᠩ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  
      ᠵᠧᠩ ᠳ᠋ᠦᠩ ᠫᠢᠩ ᠤᠷᠢᠳ ᠬᠤᠵᠢᠳ ᠲᠢᠶᠠᠨ ᠴᠧᠩ ᠰᠢᠶᠠᠩ᠂  ᠮᠠᠩᠬᠠᠨ ᠪᠠᠯᠭᠠᠰᠤᠨ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ᠂ ᠲᠠᠨᠢᠯᠴᠠᠭᠤᠯᠭ᠎ᠠ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠰᠣᠩᠭᠤᠭᠰᠠᠨ ᠭᠠᠵᠠᠷ ᠤᠨ ᠵᠠᠮ ᠬᠠᠷᠢᠯᠴᠠᠭᠠᠨ ᠤ ᠨᠥᠬᠦᠴᠡᠯ᠂ ᠤᠰᠤᠨ ᠤ ᠰᠤᠷᠪᠤᠯᠵᠢ ᠶᠢᠨ ᠪᠠᠶᠢᠳᠠᠯ᠂ ᠭᠠᠵᠠᠷ ᠰᠢᠷᠣᠶ ᠶᠢᠨ ᠰᠢᠨᠵᠢ ᠴᠢᠨᠠᠷ᠂ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠭᠰᠠᠨ ᠪᠥᠭᠡᠳ ᠠᠯᠠᠰᠢᠨ ᠦᠬᠡᠷ ᠤᠨ ᠲᠥᠷᠥᠯ  ᠵᠤᠶᠢᠯ ᠤᠨ ᠰᠣᠩᠭᠤᠭᠰᠠᠨ ᠭᠠᠵᠠᠷ ᠵᠢᠴᠢ ᠪᠥᠲᠥᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠪᠠ ᠠᠰᠠᠭᠤᠳᠠᠯ ᠳᠤ ᠵᠢᠯᠣᠭᠤᠳᠣᠯᠭ᠎ᠠ ᠪᠠ ᠰᠠᠨᠠᠭᠤᠯᠭ᠎ᠠ ᠥᠭᠭᠦᠭᠰᠡᠨ ᠪᠠᠶᠢᠨ᠎ᠠ᠃
        ᠵᠧᠩ ᠳ᠋ᠦᠩ ᠫᠢᠩ᠂ ᠮᠠᠨ ᠤ ᠰᠢᠶᠠᠨ ᠳᠤ ᠪᠠᠶᠢᠭᠠᠯᠢ ᠶᠢᠨ ᠠᠮᠢ ᠠᠬᠤᠢ ᠶᠢᠨ ᠡᠬᠢ ᠪᠠᠶᠠᠯᠢᠭ ᠲᠠᠢ᠂ ᠦᠬᠡᠷ ᠲᠡᠵᠢᠭᠡᠬᠦ ᠦᠢᠯᠡᠰ ᠢ ᠬᠥᠭᠵᠢᠭᠦᠯᠬᠦ ᠰᠠᠶᠢᠨ ᠲᠠᠯᠠᠪᠤᠷ ᠪᠣᠯᠤᠨ᠎ᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ︽ ᠰᠦ ᠶᠢᠨ ᠦᠢᠯᠡᠰ ᠢ ᠬᠥᠭᠵᠢᠭᠦᠯᠬᠦ︾ ᠪᠠᠶᠢᠯᠳᠤᠬᠤ ᠪᠤᠳᠤᠯᠭ᠎ᠠ ᠪᠣᠯᠤᠨ ︽ᠠᠯᠠᠰᠢᠨ ᠦᠬᠡᠷ ᠢ ᠳᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠨᠢᠭᠡᠳᠦᠯᠲᠡᠢ ᠲᠥᠯᠥᠪᠵᠢᠭᠦᠯᠦᠨ ᠪᠠᠶᠢᠷᠢᠰᠢᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠤᠯᠤᠰ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠴᠢᠩᠭ᠎ᠠ ᠵᠢᠷᠤᠮᠯᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠬᠥᠭᠵᠢᠯᠲᠡ ᠶᠢ ᠶᠡᠭᠡ ᠶᠠᠪᠤᠳᠠᠯ ᠪᠣᠯᠭᠠᠨ ᠠᠳᠬᠤᠵᠤ᠂ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠨᠢ ᠳᠠᠭᠠᠭᠤᠯᠤᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠨᠡᠩ ᠤᠯᠠᠨ ᠤᠯᠠᠨ ᠲᠦᠮᠡᠨ ᠢ ᠳᠠᠶᠢᠴᠢᠯᠠᠨ ᠠᠵᠤ ᠦᠢᠯᠡᠰ ᠤᠨ ᠬᠥᠭᠵᠢᠯᠲᠡ ᠳᠤ ᠣᠷᠣᠯᠴᠠᠭᠤᠯᠵᠤ᠂ ᠠᠷᠠᠳ ᠤᠯᠠᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠤᠯᠠᠮ ᠴᠢᠨᠠᠭᠰᠢᠳᠠ ᠲᠣᠭᠲᠠᠪᠤᠷᠢᠵᠢᠭᠤᠯᠵᠤ᠂ ᠯᠢᠶᠠᠩᠴᠧᠩ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠳᠤ ᠨᠡᠩ ᠤᠯᠠᠨ ᠬᠦᠴᠦᠨ ᠴᠢᠳᠠᠯ ᠢᠶᠠᠨ  ᠡᠷᠭᠦᠬᠦ ᠬᠡᠷᠡᠭᠳᠡᠢ ᠭᠡᠪᠡ  ᠃    ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ᠂ ᠬᠡᠰᠡᠭ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃                                                  ᠨᠠᠶᠢᠷᠠᠭᠤᠯᠤᠭᠴᠢ᠄    ᠯᠢ ᠬᠤᠩ ᠢᠦᠢ                                                    ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2