— ᠥᠪᠡᠷᠲᠡᠭᠡᠨ ᠵᠠᠰᠠᠬᠤ ᠣᠷᠣᠨ ᠤ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠤᠨ ᠮᠧᠳᠠᠯ ᠬᠦᠷᠲᠡᠭᠴᠢ ᠵᠣᠣ ᠸᠧᠨ ᠱᠧᠩ ᠤᠨ ᠲᠤᠬᠠᠶ ᠲᠡᠮᠳᠡᠭᠯᠡᠯ
ᠨᠡᠶᠢᠲᠡᠯᠡᠭᠰᠡᠨ ᠴᠠᠭ᠄
2022/5/6
   ᠲᠡᠷᠡ᠂ ᠡᠭᠡᠯ ᠵᠢᠷ ᠤᠨ᠂ ᠬᠤᠪᠢ ᠨᠡᠮᠡᠷᠢ ᠦᠵᠡᠭᠦᠯᠬᠦ ᠶᠢ ᠪᠠᠷᠢᠮᠲᠠᠯᠠᠵᠤ᠂ ᠡᠭᠡᠯ ᠵᠢᠷ ᠤᠨ ᠠᠵᠢᠯ ᠤᠨ ᠪᠠᠶᠢᠷᠢ ᠳᠤ ᠰᠠᠭᠤᠷᠢᠯᠠᠵᠤ᠂ ᠰᠢᠨ᠎ᠡ ᠴᠠᠭ ᠦᠶ᠎ᠡ ᠶᠢᠨ ᠡᠮᠴᠢ ᠨᠡᠷ ᠤᠨ ᠪᠠᠶᠢᠪᠠᠰᠤ ᠵᠣᠬᠢᠬᠤ ᠣᠨᠴᠠᠯᠢᠭ ᠢ ᠢᠯᠡᠷᠡᠭᠦᠯᠵᠦ᠂ ᠡᠮ ᠡᠮᠨᠡᠯᠭᠡ ᠡᠷᠡᠭᠦᠯ ᠮᠡᠨᠳᠦ ᠶᠢᠨ ᠤᠶᠢᠯᠡᠰ ᠤᠨ ᠲᠥᠯᠥᠭᠡ ᠠᠯᠬᠤᠮ ᠠᠯᠬᠤᠮ ᠢᠶᠠᠷ ᠴᠥᠬᠦᠷᠡᠰᠢ ᠥᠬᠡᠶ ᠴᠢᠷᠮᠠᠶᠢᠨ ᠬᠥᠭᠡᠭᠡᠴᠡᠯᠳᠦᠵᠦ᠂ ᠦᠨᠡᠨ ᠰᠡᠳᠬᠢᠯ ᠠᠴᠠ ᠪᠠᠨ ᠣᠯᠠᠨ ᠲᠦᠮᠡᠨ ᠳᠤ ᠪᠣᠳᠠᠲᠠᠶ ᠶᠠᠪᠤᠳᠠᠯ᠂ ᠰᠠᠶᠢᠨ ᠶᠠᠪᠤᠳᠠᠯ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠡᠮᠴᠢ ᠨᠡᠷ ᠤᠨ ᠥᠷᠥᠰᠢᠶᠡᠩᠭᠦᠶ ᠰᠡᠳᠬᠢᠯ ᠢ  ᠤᠶᠢᠯᠡᠳᠤᠯᠭᠡᠵᠢᠭᠦᠯᠵᠦ᠂ ᠡᠮᠴᠢ ᠨᠡᠷ ᠤᠨ ᠬᠡᠪ ᠰᠤᠷᠲᠠᠯ ᠢ ᠲᠠᠶᠢᠯᠪᠤᠷᠢᠯᠠᠭᠰᠠᠨ ᠪᠠᠶᠢᠨ᠎ᠠ᠃ ᠲᠡᠷᠡ ᠪᠣᠯ ᠯᠢᠶᠠᠩᠴᠧᠩ ᠰᠢᠶᠠᠨ ᠤ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠵᠤᠤ ᠸᠧᠨ ᠱᠧᠩ ᠪᠣᠯᠤᠨ᠎ᠠ᠂ 38 ᠵᠢᠯ ᠡᠮᠨᠡᠯᠭᠡ ᠶᠢᠨ ᠠᠵᠢᠯ ᠬᠢᠵᠦ᠂ ᠡᠮᠴᠢᠯᠡᠭᠡᠨ ᠤ ᠨᠢᠭᠡᠳᠦᠭᠡᠷ ᠹᠷᠣᠨᠲ ᠢ ᠢᠮᠠᠭᠲᠠ ᠪᠠᠲᠤ ᠰᠠᠬᠢᠵᠤ᠂ ᠬᠠᠯᠠ ᠵᠣᠪᠠᠯᠠᠩ ᠤᠨ ᠳᠤᠮᠳᠠ ᠬᠦᠰᠡᠯ ᠡᠷᠡᠮᠡᠯᠵᠡᠯ ᠢᠶᠠᠨ ᠳᠠᠮᠵᠢᠭᠤᠯᠵᠤ᠂ ᠡᠪᠡᠳᠴᠢᠨ ᠡᠮᠭᠡᠭ ᠤᠨ ᠳᠤᠮᠳᠠ ᠬᠠᠯᠠᠭᠤᠨ ᠳᠤᠯᠠᠭᠠᠨ ᠢᠶᠠᠨ ᠰᠠᠴᠤᠷᠠᠭᠤᠯᠵᠤ᠂ ᠨᠠᠷᠢᠨ ᠨᠢᠮᠪᠠᠢ ᠡᠮᠨᠡᠯᠭᠡ ᠶᠢᠨ ᠮᠡᠷᠭᠡᠵᠢᠯ ᠢᠶᠠᠷ ᠡᠪᠡᠳᠴᠢᠲᠡᠨ ᠢ ᠰᠠᠬᠢᠨ ᠬᠠᠮᠠᠭᠠᠯᠠᠭᠰᠠᠭᠠᠷ ᠢᠷᠡᠵᠠᠢ᠃ ᠡᠨᠡ ᠵᠢᠯ ᠤᠨ ᠲᠠᠪᠤᠨ ᠰᠠᠷ᠎ᠠ ᠶᠢᠨ ᠨᠢᠭᠡᠨ ᠠᠴᠠ ᠡᠮᠦᠨᠡᠬᠡᠨ᠂ ᠲᠡᠷᠡ ᠥᠪᠡᠷᠲᠡᠭᠡᠨ ᠵᠠᠰᠠᠬᠤ ᠣᠷᠣᠨ ᠤ ︽ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ︾ ᠤᠨ ᠢᠷᠠᠭᠤ ᠠᠯᠳᠠᠷ ᠤᠨ ᠴᠣᠯᠠ ᠶᠢ ᠬᠦᠷᠳᠡᠪᠡ᠃    ᠬᠠᠷ᠎ᠠ ᠥᠷᠯᠥᠭᠡ᠂ ᠵᠤᠤ ᠸᠧᠨ ᠱᠧᠩ ᠤᠤᠯ ᠤᠨ ᠬᠢ ᠲᠠᠢ ᠪᠠᠨ ᠠᠳᠠᠯᠢ ᠪᠠᠷ ᠴᠠᠭᠠᠨ ᠬᠠᠨᠲᠠᠭᠠᠵᠠ ᠡᠮᠦᠰᠴᠦ᠂ ᠭᠠᠷ ᠢᠶᠠᠨ ᠤᠬᠢᠶᠠᠨ᠂ ᠠᠷᠢᠭᠤᠳᠬᠠᠵᠤ᠂ ᠥᠪᠡᠷ ᠤᠨ ᠴᠢᠰᠤᠨ ᠳᠠᠷᠤᠯᠲᠠ ᠶᠢᠨ ᠬᠡᠮᠵᠢᠭᠦᠷ᠂ ᠴᠢᠩᠨᠠᠭᠤᠷ᠂ ᠺᠣᠮᠫᠢᠦ᠋ᠲ᠋ᠧᠷ ᠢᠶᠠᠨ ᠨᠠᠷᠢᠨ ᠨᠢᠮᠪᠠᠶ ᠪᠠᠶᠢᠴᠠᠭᠠᠵᠤ᠂ ᠨᠢᠭᠡ ᠡᠳᠦᠷ ᠤᠨ ᠠᠵᠢᠯ ᠢᠶᠠᠨ ᠡᠬᠢᠯᠡᠭᠦᠯᠪᠡ᠃ ᠵᠣᠣ ᠸᠧᠨ ᠱᠧᠩ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠪᠣᠯᠬᠤ ᠠᠴᠠ ᠭᠠᠳᠠᠨ᠎ᠠ ᠪᠠᠰᠠ ᠳᠣᠲᠣᠭᠠᠳᠤ ᠰᠢᠭᠦᠷᠡᠯ ᠤᠨ ᠰᠠᠯᠠᠭ᠎ᠠ᠂ ᠮᠡᠳᠡᠷᠡᠯ ᠤᠨ ᠳᠣᠲᠣᠷ ᠰᠠᠯᠠᠭ᠎ᠠ᠂ ᠡᠷᠡᠭᠦᠯᠵᠢᠯ ᠤᠨ ᠡᠪᠡᠳᠴᠢᠨ ᠤ ᠲᠣᠭᠤᠷᠢᠭ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ ᠪᠠᠶᠢᠳᠠᠭ᠂ ᠳᠠᠪᠬᠤᠷ ᠪᠡᠶ᠎ᠡ ᠬᠡᠮ ᠲᠠᠢ ᠵᠣᠣ ᠸᠧᠨ ᠱᠧᠩ ᠪᠣᠯᠤᠭᠰᠠᠨ ᠤ ᠬᠤᠪᠢ ᠳᠤ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠢ ᠡᠮᠬᠢ ᠴᠡᠭᠴᠡ ᠲᠠᠢ ᠲᠣᠬᠢᠷᠠᠭᠤᠯᠳᠠᠭ᠂ 38 ᠵᠢᠯ ᠤᠨ ᠲᠤᠷᠰᠢ ᠡᠷᠲᠡ ᠢᠷᠡᠵᠦ ᠣᠷᠣᠶ ᠶᠠᠪᠤᠬᠤ ᠶᠢ ᠪᠠᠷᠢᠮᠲᠠᠯᠠᠵᠤ᠂ ᠡᠳᠦᠷ ᠪᠦᠷᠢ ᠳᠤᠮᠳᠠᠴᠢ ᠪᠠᠷ 50 ᠭᠠᠷᠤᠶ ᠡᠪᠡᠳᠴᠢᠲᠡᠨ ᠢ ᠬᠦᠯᠢᠶᠡᠨ ᠠᠪᠴᠤ ᠡᠮᠨᠡᠭᠦᠯᠵᠦ᠂ ᠡᠪᠡᠳᠴᠢᠲᠡᠨ ᠢ ᠨᠠᠷᠢᠨ ᠬᠢᠨᠠᠮᠠᠭᠠᠶ ᠣᠨᠣᠰᠢᠯᠠᠵᠤ᠂ ᠬᠠᠯᠠᠰᠢᠷᠠᠯ ᠦᠭᠡᠶ ᠲᠠᠶᠢᠯᠪᠤᠷᠢᠯᠠᠨ᠂ ᠨᠠᠷᠢᠨ ᠲᠣᠳᠣᠷᠬᠠᠶ ᠮᠡᠳᠡᠭᠳᠡᠳᠡᠭ᠃  
       ᠠᠵᠢᠯ ᠳᠤ ᠤᠷᠤᠭᠰᠠᠨ ᠤ ᠳᠠᠷᠠᠭ᠎ᠠ᠂ ᠵᠣᠣ ᠸᠧᠨ ᠱᠧᠩ ᠡᠮᠴᠢᠯᠡᠭᠡᠨ ᠤ ᠨᠢᠭᠡᠳᠦᠭᠡᠷ ᠹᠷᠣᠨᠲ ᠲᠤ ᠠᠵᠢᠯᠯᠠᠭᠰᠠᠭᠠᠷ ᠢᠷᠡᠵᠡᠶ᠃ ᠡᠮᠴᠢ ᠪᠣᠯᠤᠭᠰᠠᠨ ᠤ ᠬᠤᠪᠢ ᠳᠤ᠂ ᠲᠡᠷᠡ ︽ᠡᠪᠡᠳᠴᠢᠲᠡᠨ ᠢᠶᠠᠷ ᠭᠤᠣᠯ ᠪᠣᠯᠭᠠᠬᠤ︾ ᠶᠢ ᠢᠮᠠᠭᠲᠠ ᠪᠠᠷᠢᠮᠲᠠᠯᠠᠵᠤ᠂ ᠮᠡᠷᠭᠡᠵᠢᠯ ᠢ ᠰᠢᠷᠭᠠᠭᠤ ᠰᠤᠳᠤᠯᠵᠤ᠂ ᠨᠢᠭᠲᠠ ᠠᠴᠠ ᠨᠢᠭᠲᠠ ᠰᠤᠳᠤᠯᠵᠤ᠂ ᠬᠢᠵᠠᠭᠠᠯᠠᠰᠢ ᠦᠭᠡᠢ ᠬᠠᠯᠠᠭᠤᠨ ᠰᠡᠳᠬᠢᠯᠭᠡ ᠪᠠᠨ ᠡᠪᠡᠳᠴᠢᠨ ᠢ ᠨᠢ ᠵᠠᠰᠠᠵᠤ ᠡᠳᠡᠭᠡᠷᠡᠭᠦᠯᠦᠨ ᠠᠪᠬᠤ ᠳᠤ ᠲᠥᠪᠯᠡᠷᠡᠭᠦᠯᠵᠦ᠂ ᠤᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ ᠣᠶᠢᠷ᠎ᠠ ᠳᠤ᠂ 84 ᠨᠠᠰᠤᠲᠠᠶ ᠨᠢᠭᠡᠨ ᠨᠠᠰᠤᠲᠠᠨ ᠰᠡᠳᠬᠢᠯ ᠨᠢ ᠮᠠᠭᠤᠳᠠᠭᠠᠳ ᠡᠮᠨᠡᠯᠭᠡ ᠳᠤ ᠰᠠᠭᠤᠭᠰᠠᠨ ᠪᠥᠭᠡᠳ ᠠᠷᠠᠰᠤᠨ ᠤ ᠡᠪᠡᠳᠴᠢᠨ ᠳᠤ ᠣᠯᠠᠨ ᠵᠢᠯ ᠭᠠᠴᠢᠭᠳᠠᠵᠠᠶ᠂ ᠵᠣᠣ ᠸᠧᠨ ᠱᠧᠩ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠬᠦᠯᠢᠴᠡᠩᠭᠦᠶ ᠪᠠᠷ ᠨᠠᠷᠢᠨ ᠨᠢᠮᠪᠠᠶ ᠪᠠᠶᠢᠴᠠᠭᠠᠯᠲᠠ ᠬᠢᠵᠦ᠂ ᠡᠮᠨᠡᠯᠭᠡ ᠳᠤ ᠰᠠᠭᠤᠯᠭᠠᠨ᠂ ᠥᠪᠡᠷ ᠤᠨ ᠪᠡᠶ᠎ᠡ ᠪᠠᠷ ᠢᠶᠠᠨ ᠨᠠᠰᠤᠲᠠᠨ ᠢ ᠬᠠᠪᠰᠤᠷᠤᠨ ᠣᠶᠢᠮᠣᠰᠤ ᠶᠢ ᠨᠢ ᠲᠠᠶᠢᠯᠤᠨ ᠥᠭᠴᠦ᠂ ᠣᠶᠢᠮᠣᠰᠤ ᠶᠢ ᠨᠢ ᠡᠮᠦᠰᠬᠡᠵᠦ᠂ ᠨᠠᠰᠤᠲᠠᠨ ᠤ ᠪᠠᠶᠢᠳᠠᠯ ᠢ ᠴᠠᠭ ᠢᠮᠠᠭᠲᠠ ᠠᠩᠬᠠᠷᠴᠤ ᠪᠠᠶᠢᠪᠠ᠂ ᠡᠶᠢᠮᠦᠷᠬᠦ ᠶᠡᠭᠡ ᠪᠠᠭ᠎ᠠ ᠬᠡᠷᠡᠭ ᠤᠨ ᠵᠢᠱᠢᠶ᠎ᠡ ᠶᠢ ᠲᠣᠭᠠᠯᠠᠭᠠᠳ ᠪᠠᠷᠠᠰᠢ ᠥᠬᠡᠶ ᠣᠯᠠᠨ ᠤᠳᠠᠭ᠎ᠠ ᠭᠠᠷᠭᠠᠵᠤ ᠪᠠᠶᠢᠨ᠎ᠠ᠃ ︽ᠵᠤᠤ ᠸᠧᠨ ᠱᠧᠩ ᠰᠤᠷᠭᠠᠭᠤᠯᠢ ᠶᠢᠨ ᠳᠠᠷᠤᠭ᠎ᠠ ᠶᠢᠨ ᠡᠮᠴᠢᠯᠡᠭᠡᠨ ᠤ ᠮᠡᠷᠭᠡᠵᠢᠯ ᠰᠠᠶᠢᠨ᠂ ᠡᠪᠡᠳᠴᠢᠲᠡᠨ ᠳᠤ ᠶᠡᠭᠡ ᠰᠠᠶᠢᠨ ᠣᠪᠣᠷ ᠲᠠᠢ᠂ ᠪᠢ ᠡᠪᠡᠳᠴᠢᠯᠡᠪᠡᠯ ᠲᠡᠭᠦᠨ ᠢ ᠡᠷᠢᠵᠦ ᠦᠵᠡᠭᠦᠯᠳᠡᠭ᠂ ᠨᠡᠭᠡᠷᠡᠨ ᠰᠠᠶᠢᠨ ᠡᠮᠴᠢ ᠪᠠᠶᠢᠨ᠎ᠠ︾ ᠭᠡᠵᠦ ᠬᠡᠯᠡᠪᠡ᠃ ᠭᠡᠵᠦ ᠡᠪᠡᠳᠴᠢᠲᠡᠨ ᠵᠤᠤ ᡁᠢ ᠭᠤᠸᠠᠩ ᠬᠡᠯᠡᠪᠡ᠃  
        ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠠᠮᠢ ᠪᠡᠶ᠎ᠡ ᠪᠠᠨ ᠤᠮᠠᠷᠲᠠᠨ ᠠᠵᠢᠯᠯᠠᠨ᠎ᠠ᠃ 2017 ᠣᠨ ᠳᠤ ᠵᠣᠣ ᠸᠧᠨ ᠱᠧᠩ ᠰᠠᠨᠠᠭᠠᠨ ᠳᠤ ᠥᠬᠡᠶ ᠠᠳᠡᠯ ᠠᠴᠠ ᠪᠣᠯᠵᠣ ᠥᠯᠮᠡᠶ ᠶᠢᠨ ᠶᠠᠰᠤ ᠪᠡᠷᠲᠡᠵᠡᠶ᠂ ᠲᠡᠷᠡ ᠵᠥᠪᠬᠡᠨ ᠨᠢᠭᠡ ᠭᠠᠷᠠᠭ ᠠᠮᠠᠷᠠᠵᠤ᠂ ᠡᠳᠦᠷ ᠪᠦᠷᠢ ᠬᠦᠷᠳᠦᠲᠦ ᠰᠠᠨᠳᠠᠯᠢ ᠳᠤ ᠰᠠᠭᠤᠭᠠᠳ ᠥᠷᠥᠭᠡ ᠪᠠᠶᠢᠴᠠᠭᠠᠵᠤ᠂ ᠡᠮᠴᠢᠯᠡᠭᠡᠨ ᠳᠤ ᠣᠷᠣᠯᠴᠠᠬᠤ ᠪᠠᠨ ᠪᠠᠷᠢᠮᠲᠠᠯᠠᠭᠠᠳ᠂ ᠥᠪᠡᠷ ᠤᠨ ᠡᠪᠡᠳᠦᠯ ᠠᠴᠠ ᠪᠠᠨ ᠪᠣᠯᠵᠣ ᠪᠤᠰᠤᠳ ᠢ ᠡᠮᠨᠡᠨ ᠵᠠᠰᠠᠬᠤ ᠠᠯᠬᠤᠮ ᠢᠶᠠᠨ ᠵᠣᠭᠰᠣᠭᠰᠠᠨ ᠥᠬᠡᠶ᠂ ᠲᠡᠷᠡ ᠠᠵᠢᠯ ᠳᠤ ᠭᠠᠷᠬᠤ ᠪᠠᠨ ᠰᠠᠭᠠᠲᠠᠬᠤ ᠠᠴᠠ ᠠᠶᠤᠭᠠᠳ ᠰᠢᠭᠤᠳ ᠡᠮᠨᠡᠯᠭᠡ ᠳᠤ ᠰᠠᠭᠤᠵᠤ᠂ ᠡᠪᠡᠳᠴᠢᠲᠡᠨ ᠤ ᠥᠷᠥᠭᠡᠨ ᠳᠤ ᠰᠠᠭᠤᠵᠠᠶ᠃ ᠶᠠᠭ ᠡᠶᠢᠮᠦᠷᠬᠦᠦ ᠴᠥᠬᠦᠷᠡᠰᠢ ᠦᠭᠡᠢ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ ᠨᠢ ᠠᠮᠢ ᠨᠠᠰᠤᠨ ᠤ ᠠᠶᠤᠯ ᠲᠦᠭᠰᠢᠭᠦᠷᠢ ᠳᠤ ᠲᠤᠯᠭᠠᠷᠠᠭᠰᠠᠨ ᠡᠪᠡᠳᠴᠢᠲᠡᠨ ᠢ ᠠᠪᠤᠷᠠᠵᠠᠢ᠃ ᠲᠡᠷᠡ᠄ ︽ᠡᠮᠴᠢ ᠪᠣᠯᠤᠭᠰᠠᠨ ᠤ ᠬᠤᠪᠢ ᠳᠤ᠂ ᠥᠪᠡᠷ ᠤᠨ ᠠᠵᠢᠯ ᠤᠨ ᠪᠠᠶᠢᠷᠢ ᠪᠠᠨ ᠰᠠᠶᠢᠲᠤᠷ ᠰᠠᠬᠢᠵᠤ᠂ ᠯᠢᠶᠠᠩᠴᠧᠩ  ᠰᠢᠶᠠᠨ ᠤ ᠠᠷᠠᠳ ᠲᠦᠮᠡᠨ ᠤ ᠡᠷᠡᠭᠦᠯ ᠮᠡᠨᠳᠤ ᠶᠢ ᠰᠠᠶᠢᠲᠤᠷ ᠬᠠᠮᠠᠭᠠᠯᠠᠬᠤ ᠬᠡᠷᠡᠭᠲᠡᠢ︾ ᠭᠡᠵᠦ ᠬᠡᠯᠡᠪᠡ᠃  
          ᠡᠮᠴᠢ ᠶᠢᠨ ᠠᠵᠢᠯ ᠤᠨ ᠪᠠᠶᠢᠷᠢᠨ ᠳᠤ ᠭᠠᠷᠤᠭᠰᠠᠨ ᠲᠡᠷᠡ ᠮᠥᠴᠡ ᠠᠴᠠ᠂ ᠵᠤᠤ ᠸᠧᠨ ᠱᠧᠩ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠬᠠᠷᠢᠭᠤᠴᠠᠯᠭ᠎ᠠ ᠪᠠ ᠬᠠᠷᠢᠭᠤᠴᠠᠯᠭ᠎ᠠ ᠪᠠᠷ ᠢᠶᠠᠨ ᠡᠮᠴᠢ ᠶᠢᠨ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠪᠠ᠃ ᠰᠠᠯᠠᠭᠠᠨ ᠤ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠭᠰᠠᠨ 16 ᠵᠢᠯ ᠤᠨ ᠳᠣᠲᠣᠷ᠎ᠠ᠂ ᠰᠠᠯᠠᠭ᠎ᠠ ᠲᠠᠰᠤᠭ ᠵᠢᠯ ᠳᠠᠷᠠᠭᠠᠯᠠᠨ ᠬᠥᠭᠵᠢᠨ ᠪᠤᠵᠠᠭᠠᠶᠢᠷᠠᠵᠤ᠂ ᠣᠶᠢᠷ᠎ᠠ ᠶᠢᠨ 3 ᠵᠢᠯ ᠳᠤ ᠰᠠᠯᠠᠭ᠎ᠠ ᠲᠠᠰᠤᠭ ᠢ ᠳᠠᠭᠠᠭᠤᠯᠤᠨ ᠡᠭᠡᠮ ᠤᠨ ᠶᠠᠰᠤᠨ ᠤ ᠳᠣᠣᠷᠠᠬᠢ ᠨᠠᠮᠵᠢᠭᠤᠨ ᠰᠤᠳᠠᠯ ᠳᠤ ᠬᠠᠳᠬᠤᠨ ᠭᠤᠤᠷᠰᠤ ᠲᠠᠯᠪᠢᠬᠤ ᠮᠡᠷᠭᠡᠵᠢᠯ᠂ ᠡᠯᠢᠭᠡᠨ ᠤ ᠢᠳᠡᠭᠡᠲᠦ ᠬᠠᠪᠤᠳᠠᠷ ᠢ ᠰᠢᠪᠡᠬᠦ ᠮᠡᠷᠭᠡᠵᠢᠯ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠰᠢᠭᠢᠳᠦᠭᠡᠰᠦ ᠶᠢ ᠠᠭᠤᠰᠬᠠᠬᠤ ᠮᠡᠷᠭᠡᠵᠢᠯ ᠵᠡᠷᠭᠡ ᠰᠢᠨ᠎ᠡ ᠮᠡᠷᠭᠡᠵᠢᠯ ᠢ ᠥᠷᠨᠢᠭᠦᠯᠪᠡ᠃ 2020 ᠣᠨ ᠤ 5 ᠳ᠋ᠤᠭᠠᠷ ᠰᠠᠷ᠎ᠠ ᠳᠤ ︽ᠤᠯᠠᠭᠠᠨᠴᠠᠪ ᠬᠤᠲᠠ ᠶᠢᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠮᠧᠳᠠᠯ︾ ᠤᠨ ᠢᠷᠠᠭᠤ ᠠᠯᠳᠠᠷ ᠤᠨ ᠴᠣᠯᠠ ᠶᠢ ᠭᠥᠷᠳᠡᠵᠦ᠂ 2020 ᠣᠨ ᠤ 7 ᠳ᠋ᠤᠭᠠᠷ ᠰᠠᠷ᠎ᠠ ᠳᠤ ︽ᠤᠯᠠᠭᠠᠨᠴᠠᠪ ᠬᠤᠲᠠ ᠶᠢᠨ ᠰᠠᠶᠢᠨ ᠬᠥᠮᠦᠨ ᠤ ᠨᠡᠷᠡᠰ︾ ᠤᠨ ᠢᠷᠠᠭᠤ ᠠᠯᠳᠠᠷ ᠤᠨ ᠴᠣᠯᠠ ᠶᠢ ᠭᠥᠷᠳᠡᠵᠦ᠂ 2020 ᠣᠨ ᠤ 6 ᠳ᠋ᠤᠭᠠᠷ ᠰᠠᠷ᠎ᠠ ᠳᠤ ︽ᠯᠢᠶᠠᠩᠴᠧᠩ ᠰᠢᠶᠠᠨ ᠤ ᠠᠵᠢᠯ  ᠤᠶᠢᠯᠡᠰ ᠢᠶᠠᠨ ᠳᠡᠭᠡᠳᠦᠯᠡᠵᠦ ᠶᠣᠰᠣ ᠰᠤᠷᠲᠠᠬᠤᠨ ᠤ ᠵᠢᠱᠢᠶᠡᠴᠢ ᠳᠤ ᠬᠤᠪᠢ ᠨᠡᠮᠡᠷᠢ ᠦᠵᠡᠭᠦᠯᠦᠭᠰᠡᠨ︾ ᠱᠠᠩᠨᠠᠯ ᠢ ᠭᠥᠷᠳᠡᠵᠦ᠂ 2021 ᠣᠨ ᠤ 5 ᠳ᠋ᠤᠭᠠᠷ ᠰᠠᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠭᠰᠡᠨ ᠲᠡᠷᠢᠭᠦᠨ ᠤ ᠬᠤᠪᠢ ᠬᠥᠮᠦᠨ︾ ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠪᠡ᠃ ᠱᠠᠩᠨᠠᠯ ᠤᠨ ᠮᠧᠳᠠᠯ᠂ ᠢᠷᠠᠭᠤ ᠠᠯᠳᠠᠷ ᠤᠳ ᠤᠨ ᠠᠷᠤ ᠳᠤ ᠲᠤᠭ᠎ᠠ ᠲᠣᠮᠰᠢ ᠦᠭᠡᠶ ᠣᠯᠠᠨ ᠵᠣᠪᠠᠭᠤᠷᠢ ᠵᠦᠳᠡᠭᠦᠷᠢ ᠪᠠ ᠬᠤᠪᠢ ᠨᠡᠮᠡᠷᠢ ᠪᠠᠶᠢᠳᠠᠭ᠂ ᠭᠡᠪᠡᠴᠦ ᠲᠡᠭᠦᠨ ᠤ ᠦᠵᠡᠬᠦ ᠪᠠᠷ᠂ ︽ᠢᠷᠠᠭᠤ ᠠᠯᠳᠠᠷ ᠢ ᠨᠠᠨᠳᠢᠩᠨᠠᠭᠤᠰᠢᠲᠠᠶ ᠪᠣᠯᠪᠠᠴᠤ ᠲᠡᠷᠡ ᠨᠢ ᠥᠩᠭᠡᠷᠡᠭᠰᠡᠨ ᠤ ᠬᠢ ᠶᠢ ᠯᠡ ᠲᠥᠯᠥᠭᠡᠯᠡᠨ᠎ᠡ︾᠃
 
    ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠎ᠡ᠃ ᠵᠣᠣ ᠸᠧᠨ ᠱᠧᠩ ᠬᠡᠯᠡᠬᠦ ᠳᠡᠭᠡᠨ᠂ ︽ᠬᠤᠶᠢᠰᠢᠳᠠ ᠶᠢᠨ ᠠᠵᠢᠯ ᠤᠨ ᠳᠤᠮᠳᠠ ᠪᠠᠨ᠂ ᠪᠢ ᠥᠪᠡᠷᠲᠡᠭᠡᠨ ᠵᠠᠰᠠᠬᠤ ᠣᠷᠣᠨ ᠤ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠤᠨ ᠲᠡᠮᠳᠡᠭ ᠢᠶᠠᠷ ᠰᠢᠨ᠎ᠡ ᠡᠬᠢᠯᠡᠯᠲᠡ᠂ ᠰᠢᠨ᠎ᠡ ᠬᠥᠳᠡᠯᠭᠡᠬᠦ ᠬᠦᠴᠦᠨ ᠪᠣᠯᠭᠠᠵᠤ᠂ ᠲᠤᠰᠬᠠᠶ ᠮᠡᠷᠭᠡᠵᠢᠯ ᠤᠨ ᠮᠡᠳᠡᠯᠭᠡ ᠪᠠᠨ ᠤᠯᠠᠮ ᠢᠯᠡᠭᠦᠦ ᠰᠢᠮᠳᠠᠨ ᠰᠤᠳᠤᠯᠵᠤ᠂ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠷᠢᠯᠢᠭ ᠡᠮᠴᠢᠯᠡᠭᠡᠨ ᠤ ᠮᠡᠷᠭᠡᠵᠢᠯ᠂ ᠰᠢᠯᠢᠳᠡᠭ ᠰᠠᠶᠢᠨ ᠣᠪᠣᠷ ᠢᠶᠠᠷ ᠡᠪᠡᠳᠴᠢᠲᠡᠨ ᠳᠤ ᠬᠠᠮᠤᠭ ᠤᠨ ᠦᠨᠡᠨᠴᠢ ᠡᠮᠴᠢᠯᠡᠭᠡᠨ ᠤ ᠬᠠᠪᠰᠤᠷᠤᠯᠭ᠎ᠠ ᠬᠠᠩᠭᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠣᠷᠭᠢᠯᠤᠮ᠎ᠠ ᠬᠠᠯᠠᠭᠤᠨ ᠵᠣᠷᠢᠭ ᠰᠠᠨᠠᠭ᠎ᠠ ᠪᠠᠷ ᠡᠮᠨᠡᠯᠭᠡ ᠶᠢᠨ ᠬᠤᠷᠢᠶ᠎ᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠯᠢᠶᠠᠩᠴᠧᠩ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠤ ᠬᠤᠪᠢ ᠨᠡᠮᠡᠷᠢ ᠪᠠᠨ ᠦᠵᠡᠭᠦᠯᠵᠦ᠂ ᠪᠥᠬᠦ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ  ᠤᠶᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠳᠥᠯᠭᠢᠨ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠡᠶ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2