ᠮᠠᠶᠢᠬᠠᠨᠳᠤ ᠪᠠᠯᠭᠠᠰᠤᠨ ᠤ  ᠮᠦ ᠬᠤᠸᠠ ᠲᠣᠰᠬᠤᠨ᠄ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠬᠢᠭᠡᠳ ᠠᠵᠤ  ᠤᠶᠢᠯᠡᠰ ᠤᠨ ᠬᠥᠭᠵᠢᠯᠲᠡ ᠵᠡᠷᠭᠡ ᠪᠠᠷ ᠤᠷᠤᠭᠰᠢᠯᠠᠨ᠎ᠠ
ᠨᠡᠶᠢᠲᠡᠯᠡᠭᠰᠡᠨ ᠴᠠᠭ᠄
2022/6/12
   ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠤᠷᠢᠯᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠣᠯᠪᠠᠰᠤᠨ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠣᠷᠣᠰᠢᠨ ᠰᠠᠭᠤᠬᠤ ᠳᠤ ᠲᠣᠬᠢᠷᠠᠮᠵᠢᠲᠠᠶ ᠪᠥᠭᠡᠳ ᠠᠵᠢᠯ ᠤᠶᠢᠯᠡᠰ ᠡᠷᠭᠢᠯᠡᠬᠦ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠥᠲᠥᠭᠡᠨ ᠪᠠᠶᠢᠭᠤᠯᠤᠨ᠎ᠠ᠃ ᠡᠨᠡ ᠵᠢᠯ ᠂  ᠮᠠᠶᠢᠬᠠᠨᠳᠤ ᠪᠠᠯᠭᠠᠰᠤ ᠨᠢ ᠠᠵᠤ ᠦᠢᠯᠡᠰ ᠤᠨ ᠬᠥᠭᠵᠢᠯᠲᠡ ᠪᠠᠷ ᠭᠠᠷᠳᠠᠴᠠ ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠲᠦᠷᠭᠡᠳᠬᠡᠨ ᠠᠬᠢᠭᠤᠯᠬᠤ ᠪᠣᠯᠤᠨ᠎ᠠ᠃
         ᠮᠠᠶᠢᠬᠠᠨᠳᠤ ᠪᠠᠯᠭᠠᠰᠤᠨ ᠤ ᠮᠦ ᠬᠤᠸᠠ ᠲᠣᠰᠬᠤᠨ ᠳᠤ ᠬᠦᠷᠬᠦ ᠳᠤ᠂ ᠥᠷᠭᠡᠨ ᠠᠭᠤᠳᠠᠮ ᠰᠢᠯᠤᠭᠤᠨ ᠵᠠᠮ ᠤᠨ ᠬᠤᠶᠠᠷ ᠬᠠᠵᠠᠭᠤ ᠪᠠᠷ ᠤᠢ ᠮᠣᠳᠣ ᠰᠦᠨᠳᠡᠷᠯᠡᠵᠦ᠂ ᠴᠡᠪᠡᠷ ᠴᠡᠮᠴᠡᠭᠡᠷ ᠬᠠᠷᠠᠭᠳᠠᠨ᠎ᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠪᠣᠯ ᠠᠷᠠᠳ ᠤᠨ ᠰᠡᠳᠬᠢᠯ ᠢ ᠣᠯᠵᠤ ᠠᠷᠠᠳ ᠤᠨ ᠰᠠᠨᠠᠭᠠᠨ ᠳᠤ ᠨᠡᠶᠢᠴᠡᠭᠰᠡᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠴᠠᠩ ᠬᠤᠸᠠ ᠼᠦᠨ ᠲᠣᠰᠬᠤᠨ ᠤ ᠬᠢᠨ ᠡᠨᠡᠬᠦ ᠠᠵᠢᠯ ᠢ ᠠᠯᠤᠰ ᠬᠡᠳᠦ ᠶᠢᠨ ᠬᠥᠭᠵᠢᠯᠲᠡ ᠳᠤ ᠬᠤᠯᠪᠣᠭᠳᠠᠬᠤ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠶᠡᠭᠡ ᠶᠠᠪᠤᠳᠠᠯ ᠴᠢᠬᠤᠯᠠ ᠶᠠᠪᠤᠳᠠᠯ ᠪᠣᠯᠭᠠᠨ ᠠᠳᠬᠤᠵᠤ᠂ ᠨᠠᠮ ᠤᠨ ᠭᠡᠰᠢᠭᠦᠨ ᠺᠠᠳ᠋ᠷ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢᠨ ᠬᠠᠮᠲᠤ ᠴᠡᠪᠡᠷᠯᠡᠭᠴᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠡᠪᠡᠷᠯᠡᠭᠴᠢ ᠶᠢᠨ ᠡᠩᠨᠡᠭᠡ ᠶᠢ ᠱᠠᠯᠠᠪᠳᠠᠭᠤᠯᠤᠨ ᠲᠣᠭᠲᠠᠭᠰᠠᠨ ᠴᠠᠭ ᠲᠤ ᠴᠡᠪᠡᠷᠯᠡᠬᠦ ᠠᠵᠢᠯ ᠥᠷᠨᠢᠭᠦᠯᠵᠦ᠂ ᠭᠤᠣᠯ ᠵᠠᠮ ᠤᠨ ᠬᠤᠶᠠᠷ ᠲᠠᠯ᠎ᠠ ᠶᠢ ᠪᠦᠬᠦ ᠲᠠᠯ᠎ᠠ ᠪᠠᠷ ᠴᠡᠪᠡᠷᠯᠡᠵᠦ᠂ ᠠᠮᠢᠳᠤᠷᠠᠯ ᠤᠨ ᠬᠤᠭ ᠨᠣᠪᠰᠢ ᠪᠣᠯᠤᠨ ᠡᠯ᠎ᠡ ᠲᠦᠷᠦᠯ ᠤᠨ ᠬᠠᠶᠠᠭᠳᠠᠮᠠᠯ ᠪᠣᠳᠠᠰ ᠢ ᠭᠤᠣᠯᠳᠠᠯᠭ᠎ᠠ ᠲᠠᠢ ᠴᠡᠪᠡᠷᠯᠡᠵᠦ᠂ ᠠᠷᠢᠭᠤᠨ ᠴᠡᠪᠡᠷ ᠤᠨ ᠦᠯᠦ ᠣᠨᠣᠭᠳᠠᠬᠤ ᠭᠠᠵᠠᠷ ᠢ ᠡᠷᠡᠰ ᠬᠤᠷᠢᠭᠯᠠᠨ᠎ᠠ᠃ ᠮᠦ ᠬᠤᠸᠠ ᠲᠣᠰᠬᠤᠨ ᠤ ᠠᠷᠠᠳ ᠤᠨ ᠵᠥᠪᠯᠡᠯ ᠤᠨ ᠳᠡᠳ᠋ ᠡᠷᠬᠢᠯᠡᠭᠴᠢ ᠶᠠᠩ ᠶᠤᠸᠠᠨ ᠱᠧᠩ ᠰᠤᠷᠪᠤᠯᠵᠢᠯᠠᠭᠴᠢ ᠳᠤ᠄ ︽ᠮᠠᠨ ᠤ ᠮᠦ ᠬᠤᠸᠠ ᠲᠣᠰᠬᠤᠨ ᠤ ᠠᠷᠠᠳ ᠤᠨ ᠵᠥᠪᠯᠡᠯ ᠣᠲᠣ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠠᠳᠬᠤᠵᠤ᠂ ᠲᠣᠰᠬᠤᠨ ᠤ ᠠᠷᠠᠳ ᠲᠤ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠪᠠ ᠠᠮᠢᠳᠤᠷᠠᠯ ᠤᠨ ᠨᠥᠬᠦᠴᠡᠯ ᠢ ᠪᠦᠷᠢᠯᠳᠦᠭᠦᠯᠵᠦ ᠥᠭᠴᠦ ᠪᠠᠶᠢᠨ᠎ᠠ︾ ᠭᠡᠵᠡᠶ᠃  
       ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠳᠤ ᠰᠠᠶᠢᠨ ᠰᠠᠶᠢᠬᠠᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠱᠠᠭᠠᠷᠳᠠᠭᠳᠠᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠤᠨ ᠬᠥᠭᠵᠢᠯᠲᠡ ᠶᠢᠨ ᠳᠡᠮᠵᠢᠯᠭᠡ ᠱᠠᠭᠠᠷᠳᠠᠭᠳᠠᠨ᠎ᠠ᠃ ᠡᠶᠢᠮᠦ ᠠᠴᠠ ᠮᠦ ᠬᠤᠸᠠ ᠲᠣᠰᠬᠤᠨ ᠨᠢ ᠲᠦᠬᠦᠭᠡᠷᠦᠮᠵᠢᠳᠤ ᠲᠠᠷᠢᠶᠠᠯᠠᠩ ᠢ ᠬᠥᠭᠵᠢᠭᠦᠯᠬᠦ ᠪᠠᠷ ᠰᠠᠭᠤᠷᠢ ᠪᠣᠯᠭᠠᠵᠤ᠂ ᠤᠳᠤ ᠬᠦᠯᠡᠮᠵᠢ ᠶᠢᠨ ᠬᠦᠯᠡᠮᠵᠢ ᠪᠠ ᠲᠠᠷᠢᠮᠠᠯ ᠤᠨ ᠲᠠᠯᠠᠪᠠᠢ 120 ᠭᠠᠷᠤᠢ ᠮᠦ ᠳᠤ ᠬᠦᠷᠴᠦ᠂ ᠲᠤᠰ ᠲᠤᠰ ᠡᠯᠭᠦᠮᠡᠯ ᠬᠡᠮᠬᠡ᠂ ᠠᠮᠲᠠᠲᠤ ᠬᠡᠮᠬᠡ᠂ ᠭᠦᠵᠡᠯᠵᠡᠭᠡᠨ᠎ᠡ ᠵᠡᠷᠭᠡ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠲᠠᠷᠢᠵᠠᠢ᠃ ᠲᠠᠷᠢᠮᠠᠯ ᠤᠨ ᠲᠤᠮᠤ ᠡᠷᠦᠬᠡ ᠯᠦ ᠹᠦ᠋ ᠶᠢᠦ ᠶᠢᠨ ᠲᠠᠷᠢᠮᠠᠯ ᠤᠨ ᠬᠦᠯᠡᠮᠵᠢ ᠳᠤ᠂ ᠲᠡᠷᠡ ᠶᠠᠭ ᠭᠤᠳᠣᠯᠢ ᠶᠢᠨ ᠭᠤᠤᠷᠰᠤ ᠶᠢᠨ ᠦᠵᠦᠭᠦᠷ ᠢ ᠨᠢ ᠴᠢᠮᠬᠢᠭᠡᠳ ᠶᠠᠭᠠᠷᠠᠯᠲᠠᠢ ᠪᠠᠶᠢᠳᠠᠯ ᠳᠤ᠂ ᠭᠤᠳᠣᠯᠢ ᠠᠴᠠ ᠳᠡᠭᠦᠵᠢᠯᠡᠭᠳᠡᠭᠰᠡᠨ ᠠᠮᠲᠠᠲᠤ ᠬᠡᠮᠬᠡ ᠶᠢᠨ ᠤᠷᠭᠤᠴᠠ ᠨᠢ ᠬᠥᠮᠦᠨ ᠢ ᠪᠠᠶᠠᠰᠬᠠᠵᠤ᠂ ᠭᠠᠷᠤᠯᠲᠠ ᠨᠢ ᠨᠡᠯᠢᠶᠡᠳ ᠰᠠᠶᠢᠨ ᠪᠠᠶᠢᠪᠠ᠂ ᠣᠶᠢᠯᠠᠭᠠᠭᠰᠠᠨ ᠢᠶᠠᠷ ᠨᠢᠭᠡ ᠭᠠᠷᠠᠭ ᠤᠨ ᠲᠠᠷᠠᠭ᠎ᠠ ᠠᠳᠡᠬᠢ ᠭᠤᠳᠣᠯᠢ ᠶᠢᠨ ᠭᠤᠸᠠ᠂ ᠠᠮᠲᠠᠲᠤ ᠬᠡᠮᠬᠡ ᠶᠢ ᠵᠠᠬ᠎ᠠ ᠳᠡᠯᠭᠡᠭᠦᠷ ᠲᠤ ᠭᠠᠷᠭᠠᠵᠤ ᠪᠣᠯᠤᠨ᠎ᠠ᠃
     
     ᠤᠢᠢᠷ᠎ᠠ ᠶᠢᠨ ᠵᠢᠯ ᠠᠴᠠ᠂ ᠮᠦ ᠬᠤᠸᠠ ᠲᠣᠰᠬᠤᠨ ᠤ ᠬᠢᠨ ᠲᠤᠰ ᠲᠣᠰᠬᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰᠬᠤᠨ ᠤ ᠠᠷᠠᠳ ᠢ ᠬᠦᠳᠦᠯᠦᠨ ᠵᠢᠯᠣᠭᠤᠳᠴᠤ ᠬᠦᠯᠡᠮᠵᠢ ᠶᠢᠨ ᠭᠤᠸᠠ ᠵᠢᠮᠢᠰ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠡᠷᠭᠡ ᠠᠵᠤ ᠠᠬᠤᠢ ᠶᠢᠨ ᠦᠷ᠎ᠡ ᠠᠰᠢᠭ ᠢᠶᠠᠷ ᠥᠨᠳᠥᠷ ᠲᠠᠷᠢᠶᠠᠯᠠᠩ ᠮᠠᠯ ᠠᠵᠤ ᠠᠬᠤᠢ ᠶᠢᠨ ᠲᠦᠷᠦᠯ ᠵᠦᠢᠯ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠡᠢ᠃ ᠴᠠᠩ ᠬᠤᠸᠠ ᠲᠣᠰᠬᠤᠨ ᠤ ᠨᠠᠮ ᠤᠨ ᠡᠭᠦᠷ ᠤᠨ ᠱᠦᠵᠢ ᠸᠠᠩ ᠰᠢᠶᠤᠤ ᠬᠤᠸᠠ ᠬᠡᠯᠡᠬᠦ ᠳᠡᠭᠡᠨ᠄ ︽ᠡᠨᠡ ᠵᠢᠯ ᠮᠠᠨ ᠤ ᠴᠠᠷᠭᠠᠰᠤ ᠶᠢᠨ ᠶᠡᠭᠡ ᠠᠩᠭᠢ ᠶᠢᠨ ᠬᠢᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ︿ᠠᠯᠠᠰᠢᠨ ᠦᠬᠡᠷ ᠢ ᠳᠠᠬᠢᠨ ᠢᠶᠠᠷ ᠨᠡᠮᠡᠭᠳᠡᠭᠦᠯᠬᠦ﹀ ᠲᠥᠯᠥᠪᠯᠡᠭᠡ ᠶᠢ ᠬᠡᠷᠡᠭᠵᠢᠭᠦᠯᠬᠦ  ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠶ ᠬᠠᠷᠠᠭᠠᠯᠵᠠᠵᠤ᠂ ᠵᠣᠬᠢᠴᠠᠩᠭᠤᠶ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂ ᠲᠥᠷᠥ ᠶᠢᠨ ᠪᠣᠳᠣᠯᠭ᠎ᠠ ᠪᠠᠷ ᠳᠠᠶᠢᠴᠢᠯᠠᠬᠤ᠂ ᠮᠥᠩᠭᠦᠨ ᠭᠦᠶ᠋ᠯᠭᠡᠭᠡᠨ ᠢᠶᠠᠷ ᠳᠡᠮᠵᠢᠬᠦ ᠠᠷᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠲᠣ ᠪᠢᠳᠡ ᠨᠢᠭᠡᠨᠲᠡ 39 ᠪᠠᠷᠠᠭᠤᠨ ᠮᠤᠨᠲ᠋ᠠᠷ ᠠᠯᠠᠰᠢᠨ ᠦᠬᠡᠷ ᠢ ᠬᠤᠳᠠᠯᠳᠤᠨ ᠠᠪᠴᠢᠷᠠᠵᠤ᠂ ᠳᠠᠷᠠᠭ᠎ᠠ ᠪᠠᠷ ᠲᠠᠷᠢᠶᠠᠴᠢᠨ ᠡᠷᠦᠬᠡ ᠶᠢᠨ ᠬᠡᠷᠡᠭᠴᠡᠭᠡ ᠶᠢ ᠦᠨᠳᠦᠰᠦᠯᠡᠨ᠂ ᠰᠠᠶᠢᠨ ᠳᠤᠷ᠎ᠠ ᠠᠴᠠ ᠪᠠᠨ ᠬᠤᠳᠠᠯᠳᠤᠨ ᠠᠪᠬᠤ ᠶᠢ ᠰᠣᠩᠭᠤᠵᠤ᠂ ᠡᠭᠦᠨ ᠢᠶᠠᠷ ᠰᠠᠭᠤᠷᠢ ᠪᠣᠯᠭᠠᠨ ᠲᠠᠷᠢᠶᠠᠴᠢᠨ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠤᠯᠠᠮ ᠨᠢᠭᠡ ᠠᠯᠬᠤᠮ ᠳᠠᠶᠢᠴᠢᠯᠠᠨ᠎ᠠ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2