ᠯᠢᠶᠠᠩᠴᠧᠩ ᠰᠢᠶᠠᠨ᠄ ᠤᠬᠠᠭᠤᠯᠭ᠎ᠠ ᠪᠣᠯᠪᠠᠰᠤᠷᠠᠭᠤᠯᠤᠯ ᠢᠶᠠᠷ ᠭᠠᠷᠳᠠᠴᠠ ᠪᠣᠯᠭᠠᠵᠤ ᠦᠵᠡᠯ ᠰᠠᠨᠠᠭᠠᠨ ᠤ ᠬᠥᠲᠥᠯᠦᠨ ᠳᠠᠭᠠᠭᠤᠯᠬᠤ ᠰᠠᠭᠤᠷᠢ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2022/6/12
   ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠬᠢᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ︽ᠲᠤᠭ ᠳᠠᠯᠪᠠᠭ᠎ᠠ ᠡᠷᠭᠦᠵᠦ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠰᠢᠨ᠎ᠡ ᠬᠥᠮᠦᠨ ᠢ ᠬᠥᠮᠦᠵᠢᠭᠦᠯᠵᠦ᠂ ᠰᠣᠶᠣᠯ ᠢ ᠮᠠᠨᠳᠤᠭᠤᠯᠵᠤ᠂ ᠲᠦᠷᠢ ᠲᠥᠷᠬᠦ ᠶᠢ ᠳᠡᠯᠭᠡᠨ ᠦᠵᠡᠭᠦᠯᠬᠦ︾ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠴᠥᠬᠦᠷᠡᠰᠢ ᠦᠭᠡᠢ ᠰᠠᠶᠢᠲᠤᠷ ᠬᠢᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠤᠷᠲᠠᠯ ᠤᠬᠠᠭᠤᠯᠭ᠎ᠠ ᠶᠢᠨ ᠠᠵᠢᠯ ᠤᠨ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠦᠨᠳᠦᠰᠦᠨ ᠵᠢᠷᠤᠮᠯᠠᠯ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠠᠢ᠃
   ᠣᠶᠢᠷ᠎ᠠ ᠳᠤ᠂ 2022 ᠣᠨ ᠤ ᠪᠦᠬᠦ ᠰᠢᠶᠠᠨ ᠤ ᠰᠠᠯᠠᠭ᠎ᠠ ᠶᠢᠨ ᠳᠡᠰ ᠤᠨ ᠺᠠᠳ᠋ᠷ ᠤᠨ ᠪᠣᠯᠪᠠᠰᠤᠷᠠᠯ ᠤᠨ ᠠᠩᠭᠢ ᠳᠤ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠺᠠᠳ᠋ᠷ ᠴᠧᠨ ᠵᠢᠶᠦ᠋ᠨ ᠹᠠᠩ ︽ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠶ᠎ᠡ︾ ᠪᠠᠷ ᠭᠤᠣᠯ ᠰᠡᠳᠦᠪ ᠪᠣᠯᠭᠠᠵᠤ᠂ ᠬᠡᠷᠡᠭ ᠤᠨ ᠵᠢᠱᠢᠶ᠎ᠡ ᠪᠣᠯᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠲᠠᠶᠢᠯᠤᠮᠵᠢ ᠬᠢᠵᠦ᠂ ᠤᠨᠤᠯ ᠤᠨ ᠦᠨᠳᠦᠷᠴᠡ ᠲᠠᠢ ᠪᠥᠭᠡᠳ ᠦᠢᠯᠡᠳᠦᠯᠭᠡ ᠶᠢᠨ ᠭᠦᠨᠴᠡ ᠲᠠᠢ ᠪᠠᠶᠢᠵᠤ᠂ ᠶᠡᠷᠦᠩᠬᠡᠢ ᠱᠦᠵᠢ ᠰᠢ ᠶᠢᠨ ᠫᠢᠩ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ᠂ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠪᠠᠷ ᠭᠤᠣᠯᠳᠠᠭᠤᠯᠵᠤ᠂ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠪᠣᠳᠠᠲᠤ ᠠᠴᠢ ᠬᠤᠯᠪᠣᠭᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠭᠰᠠᠨ ᠪᠠᠶᠢᠨ᠎ᠠ᠃
      ᠦᠨᠳᠦᠰᠦᠨ ᠱᠠᠲᠤᠨ ᠤ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠯᠢᠶᠠᠩᠴᠧᠩ ᠰᠢᠶᠠᠨ ᠤ ᠬᠢᠨ ᠲᠦᠷᠢᠮ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠵᠡᠯ ᠰᠠᠨᠠᠭᠠᠨ ᠤ ᠲᠠᠯ᠎ᠠ ᠪᠠᠷ ᠬᠥᠲᠥᠯᠦᠨ ᠳᠠᠭᠠᠭᠤᠯᠬᠤ ᠰᠠᠭᠤᠷᠢ ᠪᠠᠨ ᠡᠷᠡᠰ ᠪᠠᠲᠤ ᠴᠣᠭᠴᠠᠯᠠᠪᠠ᠃ ᠲᠠᠭ᠎ᠠ ᠶᠢᠨ ᠨᠠᠭᠤᠷ ᠪᠠᠯᠭᠠᠰᠤ ᠶᠢᠨ ᠴᠢᠤᠸᠠᠨᠪᠦ᠋ᠷᠽᠢ ᠳᠤ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠵᠣᠬᠢᠶᠠᠨ ᠪᠠᠶᠢᠭᠤᠯᠤᠭᠰᠠᠨ ᠤᠬᠠᠭᠤᠯᠬᠤ ᠪᠠᠭ᠎ᠠ ᠠᠩᠭᠢ ᠶᠢᠨ ᠬᠢᠨ ᠪᠠᠯᠭᠠᠰᠤ ᠲᠣᠰᠬᠤᠨ ᠬᠤᠶᠠᠷ ᠱᠠᠲᠤᠨ ᠤ ᠤᠬᠠᠭᠤᠯᠬᠤ ᠭᠡᠰᠢᠭᠦᠨ ᠢ ᠵᠣᠬᠢᠶᠠᠨ ᠪᠠᠶᠢᠭᠤᠯᠬᠤ ᠵᠢᠴᠢ ᠲᠣᠰᠬᠤᠨ ᠤ ᠠᠷᠠᠳ ᠢ ᠪᠠᠶᠢᠩᠭᠤᠵᠢᠬᠰᠠᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ ᠪᠤᠢ᠃ ᠲᠡᠳᠡ ᠬᠢᠯᠪᠠᠷ ᠣᠶᠢᠯᠠᠭᠠᠮᠵᠢᠲᠠᠶ ᠦᠭᠡ ᠬᠡᠯᠡ᠂ ᠠᠬᠤᠶ ᠲᠠᠯᠠᠪᠠᠶ ᠶᠢᠨ ᠰᠣᠨᠢᠷᠬᠠᠯᠲᠠᠶ ᠬᠥᠳᠡᠯᠦᠯᠴᠡᠯ᠂ ᠠᠮᠢᠳᠤᠯᠢᠭ ᠠᠮᠢᠳᠤᠯᠢᠭ ᠦᠯᠢᠭᠡᠷ ᠢᠶᠠᠷ ᠲᠣᠳᠣᠷᠬᠠᠶᠢᠯᠠᠨ ᠥᠭᠦᠯᠡᠵᠦ᠂ ᠲᠣᠰᠬᠤᠨ ᠤ ᠠᠷᠠᠳ ᠤᠨ ᠰᠠᠭᠤᠬᠤ᠂ ᠰᠣᠨᠣᠰᠬᠤ ᠳᠤᠷᠠᠲᠠᠢ᠂ ᠴᠡᠭᠡᠵᠢᠯᠡᠵᠦ ᠳᠡᠶᠢᠯᠬᠦ ᠦᠭᠡ ᠶᠠᠷᠢᠶ᠎ᠠ ᠪᠠᠷ ᠨᠠᠮ ᠤᠨ ᠤᠨᠤᠯ᠂ ᠲᠦᠷᠦ ᠶᠢᠨ ᠪᠤᠳᠤᠯᠭ᠎ᠠ ᠶᠢ ᠶᠠᠷᠢᠭᠤᠯᠵᠤ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠪᠣᠯᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠬᠥᠳᠡᠭᠡ ᠲᠣᠰᠬᠤᠨ ᠳᠤ ᠬᠦᠷᠭᠡᠬᠦ ᠶᠢ ᠠᠬᠢᠭᠤᠯᠵᠤ᠂ ᠡᠨᠡ ᠤᠳᠠᠭ᠎ᠠ ᠶᠢᠨ ︽ᠭᠠᠵᠠᠷ ᠣᠷᠣᠨ ᠤ ᠠᠭᠤᠷ ᠠᠮᠢᠰᠬᠤᠯ︾ ᠢ ᠳᠤᠰᠤᠭᠰᠠᠨ ᠤᠬᠠᠭᠤᠯᠤᠨ ᠲᠠᠶᠢᠯᠪᠤᠷᠢᠯᠠᠵᠤ᠂ ᠨᠠᠮ ᠤᠨ ᠲᠠᠭᠤᠨ ᠢ ᠤᠬᠠᠭᠤᠯᠵᠤ᠂ ᠨᠡᠶᠢᠭᠡᠮ ᠤᠨ ᠰᠢᠨ᠎ᠡ ᠰᠤᠷᠲᠠᠯ ᠢ ᠪᠠᠳᠠᠷᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠮᠡᠳᠡᠭᠳᠡᠮ᠎ᠡ ᠪᠤᠯᠵᠤ᠂ ᠤᠯᠠᠨ ᠤ ᠮᠠᠭᠲᠠᠭᠠᠯ ᠰᠠᠶᠢᠰᠢᠶᠠᠯ ᠢ ᠤᠯᠪᠠ᠃
       ᠡᠭᠦᠨ ᠤ ᠵᠡᠷᠭᠡᠪᠡᠷ᠂ ᠯᠢᠶᠠᠩᠴᠧᠩ ᠰᠢᠶᠠᠨ ᠤ ᠬᠢᠨ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠪᠠᠷ ᠦᠨᠳᠦᠰᠦ ᠪᠣᠯᠭᠠᠵᠤ᠂ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠪᠠᠷ ᠵᠠᠩᠭᠢᠯᠠᠭ᠎ᠠ ᠪᠣᠯᠭᠠᠵᠤ᠂ ᠰᠤᠷᠲᠠᠯ ᠤᠬᠠᠭᠤᠯᠭ᠎ᠠ ᠶᠢᠨ ᠺᠠᠳ᠋ᠷ ᠢ ᠪᠣᠯᠪᠠᠰᠤᠷᠠᠭᠤᠯᠤᠨ ᠬᠥᠮᠦᠵᠢᠭᠦᠯᠬᠦ ᠶᠢ ᠴᠢᠩᠭᠠᠳᠬᠠᠵᠤ᠂ ᠴᠢᠳᠠᠪᠤᠷᠢᠲᠠᠨ ᠤ ᠦᠰᠦᠨ ᠪᠤᠶᠢᠵᠢᠬᠤ ᠵᠠᠮ ᠢ ᠥᠷᠭᠡᠳᠬᠡᠵᠦ᠂ ᠬᠦᠯ᠂ ᠬᠠᠷᠠᠭ᠎ᠠ᠂ ᠲᠠᠷᠢᠬᠢ᠂ ᠪᠢᠷ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠪᠠᠷ ᠴᠠᠭᠠᠷᠠᠭᠰᠠᠨ᠂ ᠡᠷᠳᠡᠮ ᠴᠢᠳᠠᠪᠤᠷᠢ ᠰᠠᠶᠢᠲᠠᠢ᠂ ᠦᠨᠡᠨ ᠢ ᠪᠠᠷᠢᠮᠲᠠᠯᠠᠨ ᠰᠢᠨ᠎ᠡ ᠶᠢ ᠡᠭᠦᠳᠦᠭᠰᠡᠨ᠂ ᠢᠯᠠᠭᠤᠭᠰᠠᠨ ᠲᠠᠶᠢᠨ ᠬᠢᠵᠦ ᠴᠢᠳᠠᠬᠤ ᠰᠤᠷᠲᠠᠯ ᠤᠬᠠᠭᠤᠯᠭ᠎ᠠ ᠶᠢᠨ ᠠᠵᠢᠯ ᠤᠨ ᠡᠩᠨᠡᠭᠡ ᠶᠢ ᠪᠠᠶᠢᠭᠤᠯᠵᠠᠢ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2