ᠯᠢᠶᠠᠩᠴᠧᠩ ᠰᠢᠶᠠᠨ ᠤ ᠪᠠᠷᠠᠭᠤᠨ ᠬᠤᠶᠢᠲᠤ ᠬᠡᠰᠡᠭ ᠤᠨ ᠮᠠᠩᠬᠠᠨ ᠠᠭᠤᠯᠠ ᠨᠢ ᠬᠥᠬᠡᠬᠤᠲᠠ ᠠᠴᠠ 60 ᠭᠠᠷᠤᠶ | ᠺᠢᠯᠣᠮᠧᠲᠷ ᠵᠠᠶᠢᠲᠠᠶ ᠪᠠᠶᠢᠵᠤ᠂ ᠬᠢᠯᠢ ᠶᠢᠨ ᠳᠣᠲᠣᠷ᠎ᠠ ᠨᠡᠷᠡᠲᠡᠶ ᠡᠯ ᠯᠦᠩ ᠱᠢ ᠲᠠᠢ ᠤᠯᠤᠰ ᠤᠨ ᠣᠶ ᠰᠢᠭᠤᠶ ᠶᠢᠨ | ᠴᠡᠴᠡᠷᠯᠢᠭ ᠪᠠᠶᠢᠵᠤ᠂ ᠲᠠᠯᠠᠪᠠᠶ ᠨᠢ 14 ᠲᠦᠮᠡ ᠭᠠᠷᠤᠶ ᠮᠥ ᠪᠠᠶᠢᠳᠠᠭ᠃ ᠮᠠᠩᠬᠠᠨ ᠠᠭᠤᠯᠠᠨ ᠤᠢ ᠰᠢᠭᠤᠢ ᠶᠢᠨ ᠲᠠᠯᠠᠪᠠᠢ ᠨᠢ | ᠮᠠᠩᠬᠠᠨ ᠠᠭᠤᠯᠠᠨ ᠰᠢᠰᠲ᠋ᠧᠮ ᠤᠨ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ᠂ ᠪᠤᠶᠢᠵᠢᠭᠤᠯᠬᠤ᠂ ᠪᠦᠳᠦᠬᠡᠨ | ᠪᠠᠶᠢᠭᠤᠯᠬᠤ ᠪᠠ ᠬᠠᠮᠢᠶᠠᠷᠬᠤ ᠭᠤᠣᠯ ᠴᠣᠭᠴᠠ ᠪᠣᠯᠤᠭᠰᠠᠨ ᠤ ᠬᠤᠪᠢ ᠳᠤ᠂ ᠪᠠᠶᠢᠭᠤᠯᠤᠭᠳᠠᠭᠰᠠᠨ 60 ᠭᠠᠷᠤᠢ ᠵᠢᠯ ᠤᠨ | ᠲᠤᠷᠰᠢ᠂ ᠬᠡᠳᠦᠨ ᠦᠶ᠎ᠡ ᠶᠢᠨ ᠤᠢ ᠰᠢᠭᠤᠢ ᠶᠢᠨ ᠠᠵᠢᠯᠴᠢᠳ ᠠᠭᠤᠯᠠ ᠶᠢᠨ ᠭᠦᠨ ᠳᠤ ᠦᠨᠳᠦᠰᠦᠯᠡᠵᠦ᠂ ᠪᠣᠬᠢᠷᠲᠤᠯ | ᠦᠬᠡᠢ ᠬᠦᠰᠡᠯ ᠵᠡᠭᠦᠳᠦ ᠪᠠᠨ ᠪᠠᠲᠤ ᠰᠠᠬᠢᠵᠤ᠂ ᠮᠣᠳᠣ ᠲᠡᠷᠢᠵᠦ ᠣᠶᠢᠵᠢᠭᠤᠯᠤᠨ᠂ ᠤᠢ ᠰᠢᠭᠤᠢ ᠶᠢ ᠬᠠᠮᠠᠭᠠᠯᠠᠨ ᠭᠠᠯ ᠢ | ᠰᠡᠷᠭᠡᠶᠢᠯᠡᠵᠦ᠂ ᠵᠠᠯᠠᠭᠤ ᠨᠠᠰᠤ ᠪᠠ ᠬᠦᠴᠦ ᠬᠥᠯᠥᠰᠥ ᠪᠠᠷ ᠢᠶᠠᠨ ᠠᠭᠯᠠᠭ ᠠᠭᠤᠯᠠ ᠨᠤᠭᠤᠳ ᠢ ᠨᠣᠭᠤᠭᠠᠷᠠᠭᠤᠯᠵᠤ᠂ ᠠᠮᠢ | ᠠᠬᠤᠢ ᠶᠢᠨ ᠰᠦᠷᠯᠢᠭ ᠰᠠᠶᠢᠬᠠᠨ ᠵᠢᠷᠤᠭ ᠢ ᠵᠢᠷᠤᠭᠰᠠᠨ ᠪᠠᠶᠢᠨ᠎ᠠ᠃ | | | | | ᠵᠤᠨ ᠤ ᠡᠬᠢ ᠪᠠᠷ᠂ ᠰᠤᠷᠪᠤᠯᠵᠢᠯᠠᠭᠴᠢ ᠮᠠᠩᠬᠠᠨ ᠠᠭᠤᠯᠠ ᠶᠢᠨ ᠤᠢ ᠰᠢᠭᠤᠢ ᠶᠢᠨ ᠲᠠᠯᠠᠪᠠᠢ ᠳᠤ ᠬᠦᠷᠬᠦ ᠳᠤ᠂ ᠪᠦᠬᠦ | ᠰᠢᠭᠤᠶᠢᠲᠤ ᠣᠷᠣᠨ ᠳᠤ ᠬᠥᠬᠡᠷᠡᠨ ᠨᠣᠭᠤᠭᠠᠷᠠᠵᠤ᠂ ᠨᠣᠮᠢᠨ ᠨᠣᠭᠤᠭᠠᠨ ᠦᠩᠭᠡ ᠪᠠᠷ ᠪᠢᠯᠬᠠᠵᠤ᠂ ᠶᠠᠭ ᠯᠠ ᠨᠡᠯᠦᠭᠡᠷ | ᠨᠣᠭᠤᠭᠠᠨ ᠲᠠᠯᠠᠢ ᠲᠠᠩᠭᠢᠰ ᠰᠢᠭ᠋ ᠬᠠᠷᠠᠭᠳᠠᠨ᠎ᠠ᠃ | | | | | | ᠵᠢᠯ ᠪᠦᠷᠢ ᠶᠢᠨ ᠠᠭᠤᠷ ᠠᠮᠢᠰᠬᠤᠯ ᠳᠤᠯᠠᠭᠠᠷᠠᠵᠤ ᠪᠠᠶᠢᠬᠤ ᠦᠶ᠎ᠡ ᠳᠤ᠂ ᠮᠠᠩᠬᠠᠨ ᠠᠭᠤᠯᠠ ᠶᠢᠨ ᠤᠢ ᠰᠢᠭᠤᠢ ᠶᠢᠨ | ᠲᠠᠯᠠᠪᠠᠢ ᠶᠢᠨ ᠠᠵᠢᠯ ᠠᠴᠠ ᠪᠠᠨ ᠠᠮᠠᠷᠠᠭᠰᠠᠨ ᠠᠵᠢᠯᠳᠠᠨ ᠮᠧᠩ ᠪᠢᠩ ᠸᠧᠨ ᠬᠦᠦ ᠶᠢᠨ ᠢᠶᠠᠨ ᠬᠠᠮᠲᠤ ᠮᠠᠩᠬᠠᠨ | ᠠᠭᠤᠯᠠ ᠶᠢᠨ ᠤᠢ ᠰᠢᠭᠤᠢ ᠶᠢᠨ ᠲᠠᠯᠠᠪᠠᠢ ᠳᠤ ᠬᠦᠷᠴᠦ᠂ ᠡᠯ᠎ᠡ ᠰᠢᠭᠤᠶᠢᠲᠤ ᠣᠷᠣᠨ ᠢᠶᠠᠷ ᠲᠣᠭᠤᠷᠢᠨ ᠦᠵᠡᠳᠡᠭ᠂ ᠡᠨᠡᠬᠦ | ᠳᠠᠳᠬᠠᠯ ᠨᠢ ᠲᠡᠭᠦᠨ ᠤ ᠠᠵᠢᠯ ᠠᠴᠠ ᠪᠠᠨ ᠠᠮᠠᠷᠠᠭᠰᠠᠨ ᠲᠡᠷᠡ ᠵᠢᠯ ᠠᠴᠠ ᠡᠬᠢᠯᠡᠨ 30 ᠭᠠᠷᠤᠢ ᠵᠢᠯ ᠦᠷᠭᠦᠯᠵᠢᠯᠡᠵᠡᠢ᠃ | | | | | | 1958 ᠣᠨ ᠢ ᠡᠷᠭᠢᠴᠡᠭᠦᠯᠬᠦ ᠳᠤ᠂ ᠲᠡᠷᠡ ᠦᠶ᠎ᠡ ᠶᠢᠨ 22 ᠨᠠᠰᠤᠲᠠᠢ ᠮᠧᠩ ᠪᠢᠩ ᠸᠧᠨ ᠮᠠᠩᠬᠠᠨ ᠠᠭᠤᠯᠠ ᠶᠢᠨ | ᠤᠢ ᠰᠢᠭᠤᠢ ᠶᠢᠨ ᠲᠠᠯᠠᠪᠠᠢ ᠳᠤ ᠣᠷᠣᠵᠤ᠂ ᠤᠷᠢᠳ ᠬᠤᠵᠢᠳ ᠲᠡᠵᠢᠭᠡᠨ ᠠᠷᠠᠴᠢᠯᠠᠭᠴᠢ ᠪᠤᠯᠵᠤ᠂ ᠦᠢᠯᠡᠳᠪᠦᠷᠢ ᠶᠢᠨ | ᠵᠣᠭᠤᠰ ᠪᠠᠷᠢᠭᠴᠢ ᠪᠤᠯᠵᠤ ᠥᠩᠭᠡᠷᠡᠵᠡᠢ᠂ ᠲᠡᠷᠡ ᠦᠶ᠎ᠡ ᠶᠢᠨ 22 ᠨᠠᠰᠤᠲᠠᠢ ᠮᠧᠩ ᠪᠢᠩ ᠸᠧᠨ ᠮᠠᠩᠬᠠᠨ ᠠᠭᠤᠯᠠ ᠶᠢᠨ | ᠤᠢ ᠰᠢᠭᠤᠢ ᠶᠢᠨ ᠲᠠᠯᠠᠪᠠᠢ ᠳᠤ ᠣᠷᠣᠵᠤ ᠥᠩᠭᠡᠷᠡᠵᠡᠢ᠃ ᠡᠨᠡ ᠦᠶ᠎ᠡ ᠳᠤ ᠮᠠᠩᠬᠠᠨ ᠠᠭᠤᠯᠠ ᠶᠢᠨ ᠤᠢ ᠰᠢᠭᠤᠢ ᠶᠢᠨ | ᠲᠠᠯᠠᠪᠠᠢ ᠳᠤ ᠬᠦᠷᠴᠦ᠂ ᠤᠷᠢᠳ ᠬᠤᠵᠢᠳ ᠲᠡᠵᠢᠭᠡᠨ ᠠᠷᠠᠴᠢᠯᠠᠭᠴᠢ ᠪᠤᠯᠵᠤ᠂ ᠦᠢᠯᠡᠳᠪᠦᠷᠢ ᠶᠢᠨ ᠵᠣᠭᠤᠰ ᠪᠠᠷᠢᠭᠴᠢ | ᠪᠤᠯᠵᠤ ᠥᠩᠭᠡᠷᠡᠵᠡᠢ᠃ ᠬᠡᠳᠦᠨ ᠵᠢᠯ ᠤᠨ ᠲᠠᠷᠠᠭ᠎ᠠ᠂ ᠮᠧᠩ ᠪᠢᠩ ᠸᠧᠨ ᠠᠵᠢᠯᠴᠢᠳ ᠢ ᠳᠠᠭᠠᠭᠤᠯᠤᠨ ᠠᠭᠤᠯᠠᠨ ᠳᠤ ᠭᠠᠷᠴᠤ | ᠮᠣᠳᠣ ᠵᠠᠶᠢᠯᠠᠵᠤ ᠡᠬᠢᠯᠡᠪᠡ᠃ ᠮᠧᠩ ᠪᠢᠩ ᠸᠧᠨ᠂ ︽ᠲᠡᠷᠡ ᠦᠶ᠎ᠡ ᠳᠤ ᠠᠭᠤᠯᠠᠨ ᠳᠤ ᠭᠠᠷᠴᠤ ᠮᠣᠳᠣ ᠲᠠᠷᠢᠬᠤ ᠦᠶ᠎ᠡ ᠳᠤ | ᠂ ᠤᠯᠠᠨ ᠢᠶᠠᠷ ᠢᠶᠠᠨ ᠭᠤᠷᠪᠠᠭᠤᠯᠠ ᠨᠢᠭᠡ ᠳᠤᠭᠤᠶᠢᠯᠠᠩ ᠬᠤᠪᠢᠶᠠᠵᠤ᠂ ᠰᠠᠭᠤᠯᠠᠭ᠎ᠠ ᠪᠠᠨ ᠡᠷᠭᠦᠵᠦ᠂ ᠨᠢᠭᠡ ᠬᠥᠮᠦᠨ ᠨᠢ | ᠠᠷᠴᠢᠭᠤᠷ ᠪᠠᠷᠢᠵᠤ᠂ ᠨᠢᠭᠡ ᠬᠥᠮᠦᠨ ᠨᠢ ᠬᠦᠷᠵᠡ ᠪᠠᠷᠢᠵᠤ᠂ ᠨᠢᠭᠡ ᠳᠤᠭᠤᠶᠢᠯᠠᠩ ᠨᠢ ᠡᠳᠦᠷ ᠲᠤ 600 ᠰᠠᠭᠤᠷᠢ ᠮᠣᠳᠣ | ᠲᠠᠷᠢᠵᠦ ᠪᠣᠯᠤᠨ᠎ᠠ︾ ᠭᠡᠵᠦ ᠬᠡᠯᠡᠪᠡ᠃ | | | | | ᠮᠧᠩ ᠪᠢᠩ ᠸᠧᠨ ᠲᠠᠢ ᠠᠳᠠᠯᠢ ᠪᠠᠷ᠂ ᠲᠡᠲᠡᠭᠡᠷ ᠵᠢᠯ ᠤᠳ ᠲᠤ᠂ ᠤᠢ ᠰᠢᠭᠤᠢ ᠶᠢᠨ ᠲᠠᠯᠠᠪᠠᠢ ᠶᠢᠨ ᠠᠵᠢᠯᠴᠢᠳ | ᠲᠦᠢᠯ ᠤᠨ ᠵᠦᠳᠡᠷᠡᠯᠲᠡᠢ ᠪᠠᠶᠢᠵᠤ᠂ ᠬᠠᠪᠤᠷ ᠪᠣᠯᠬᠤ ᠪᠦᠷᠢ ᠤᠯᠠᠨ ᠢᠶᠠᠷ ᠢᠶᠠᠨ ᠥᠷᠯᠥᠭᠡ ᠡᠷᠲᠡ ᠠᠭᠤᠯᠠᠨ ᠳᠤ ᠭᠠᠷᠴᠤ | ᠮᠣᠳᠣ ᠵᠠᠶᠢᠯᠠᠵᠤ᠂ ᠤᠷᠤᠢ ᠠᠭᠤᠯᠠᠨ ᠠᠴᠠ ᠪᠠᠭᠤᠬᠤ ᠳᠤ ᠬᠥᠮᠦᠨ ᠪᠦᠷᠢ ᠪᠠᠰᠠ ᠨᠢᠭᠡ ᠬᠡᠰᠡᠭ ᠴᠢᠯᠠᠭᠤ ᠡᠭᠦᠷᠳᠡᠭ᠂ | ᠤᠴᠢᠷ ᠨᠢ ᠳᠣᠣᠷᠠᠬᠢ ᠬᠥᠮᠦᠰ ᠬᠡᠷ ᠪᠠᠶᠢᠰᠢᠩ ᠪᠠᠷᠢᠭᠠᠳ ᠬᠡᠷᠡᠭᠯᠡᠬᠦ ᠪᠠᠷ ᠬᠦᠯᠢᠶᠡᠵᠦ ᠪᠠᠶᠢᠳᠠᠭ᠃ ᠵᠤᠯᠵᠠᠭ᠎ᠠ ᠮᠣᠳᠣᠨ ᠤ | ᠤᠨᠳᠤᠷᠤᠯᠲᠠ ᠶᠢᠨ ᠨᠤᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠠᠵᠢᠯᠴᠢᠳ ᠮᠣᠳᠣ ᠵᠠᠶᠢᠯᠠᠬᠤ ᠶᠠᠪᠤᠴᠠ ᠳᠠᠭᠠᠨ ︽ | ᠭᠤᠷᠪᠠ ᠶᠢ ᠪᠤᠯᠠᠵᠤ ᠬᠤᠶᠠᠷ ᠢ ᠭᠢᠰᠬᠢᠵᠦ ᠨᠢᠭᠡ ᠶᠢ ᠳᠡᠭᠡᠭᠰᠢᠯᠡᠭᠦᠯᠬᠦ︾ ᠮᠣᠳᠣ ᠵᠠᠶᠢᠯᠠᠬᠤ ᠠᠷᠭ᠎ᠠ ᠶᠢ ᠳ᠋ᠦᠩᠨᠡᠨ ᠭᠠᠷᠭᠠᠵᠠᠶ᠃ | ︽ᠨᠦᠬᠡ ᠮᠠᠯᠲᠠᠬᠤ ᠳᠠᠭᠠᠨ ᠬᠠᠭᠠᠰ ᠢ ᠨᠢ ᠮᠠᠯᠲᠠᠵᠤ᠂ ᠦᠯᠡᠳᠡᠭᠰᠡᠨ ᠬᠠᠭᠠᠰ ᠢ ᠨᠢ ᠰᠢᠷᠣᠶ ᠪᠤᠯᠠᠬᠤ ᠦᠶ᠎ᠡ ᠳᠤ | ᠠᠷᠴᠢᠭᠤᠷ ᠢᠶᠠᠷ ᠢᠶᠠᠨ ᠵᠤᠯᠵᠠᠭ᠎ᠠ ᠮᠣᠳᠣ ᠶᠢ ᠨᠢ ᠪᠠᠷᠢᠵᠤ ᠠᠪᠤᠭᠠᠳ ᠳᠠᠬᠢᠨ ᠰᠢᠷᠣᠶ ᠪᠤᠯᠠᠨ᠎ᠠ᠂ ᠰᠡᠭᠦᠯᠡᠷ ᠨᠢ ᠬᠥᠮᠦᠰ | ᠭᠠᠷᠴᠤ ᠢᠷᠡᠭᠡᠳ ᠭᠢᠰᠬᠢᠯᠡᠨ᠎ᠡ᠃︾ ᠢᠩᠭᠢᠭᠰᠡᠨ ᠢᠶᠠᠷ ᠮᠣᠳᠣᠨ ᠤ ᠤᠨᠳᠤᠷᠤᠯᠲᠠ ᠶᠢᠨ ᠨᠤᠷᠮ᠎ᠠ ᠶᠢ ᠶᠡᠭᠡ ᠪᠠᠷ | ᠳᠡᠭᠡᠭᠰᠢᠯᠡᠭᠦᠯᠦᠭᠰᠡᠨ ᠪᠠᠶᠢᠨ᠎ᠠ᠃ ᠭᠡᠵᠦ ᠮᠧᠩ ᠪᠢᠩ ᠸᠧᠨ ᠲᠠᠨᠢᠯᠴᠠᠭᠤᠯᠪᠠ᠃ | | | | | | 1987 ᠣᠨ ᠳᠤ᠂ ᠮᠧᠩ ᠪᠢᠩ ᠸᠧᠨ ᠠᠵᠢᠯ ᠠᠴᠠ ᠪᠠᠨ ᠠᠮᠠᠷᠠᠵᠤ᠂ ᠬᠦᠦ ᠮᠧᠩ ᠬᠠᠢ ᠯᠢᠶᠠᠩ ᠡᠴᠢᠭᠡ ᠶᠢᠨ ᠢᠶᠠᠨ | ᠮᠣᠳᠣ ᠶᠢ ᠲᠣᠰᠴᠤ ᠠᠪᠤᠭᠠᠳ᠂ ᠤᠢ ᠰᠢᠭᠤᠢ ᠶᠢᠨ ᠲᠠᠯᠠᠪᠠᠢ ᠳᠤ ᠤᠢ ᠰᠢᠭᠤᠢ ᠶᠢ ᠬᠠᠮᠠᠭᠠᠯᠠᠬᠤ ᠠᠵᠢᠯ ᠢ ᠦᠷᠭᠦᠯᠵᠢᠯᠡᠨ | ᠬᠢᠵᠦ᠂ ᠠᠳᠡᠬᠢ ᠡᠪᠡᠰᠦ ᠮᠣᠳᠣ ᠶᠢ ᠲᠣᠪ ᠳᠤᠭᠤᠢ ᠪᠠᠷ ᠰᠠᠬᠢᠨ ᠬᠠᠮᠠᠭᠠᠯᠠᠪᠠ᠃ ︽ᠮᠢᠨᠦ ᠠᠪᠤ ᠬᠡᠯᠡᠬᠦ ᠳᠡᠭᠡᠨ᠂ ᠳᠡᠳᠡᠨ ᠤ | ᠲᠡᠷᠡ ᠦᠶ᠎ᠡ ᠶᠢᠨ ᠬᠥᠮᠦᠰ 20 ᠭᠠᠷᠤᠢ ᠵᠢᠯ ᠮᠣᠳᠣ ᠰᠠᠭᠤᠯᠭᠠᠵᠠᠢ᠂ ᠲᠠᠨ ᠤ ᠡᠨᠡ ᠦᠶ᠎ᠡ ᠶᠢᠨ ᠬᠥᠮᠦᠰ ᠵᠠᠪᠠᠯ ᠰᠠᠶᠢᠲᠤᠷ | ᠬᠠᠮᠢᠶᠠᠷᠴᠤ ᠬᠠᠮᠠᠭᠠᠯᠠᠬᠤ ᠬᠡᠷᠡᠭᠲᠡᠢ᠂ ᠡᠨᠡ 30 ᠭᠠᠷᠤᠢ ᠵᠢᠯ ᠤᠨ ᠲᠤᠷᠰᠢ᠂ ᠪᠢ ᠠᠳᠡᠬᠢ ᠶᠢᠨ ᠮᠣᠳᠣ ᠪᠣᠯᠭᠠᠨ ᠢ ᠰᠠᠬᠢᠨ | ᠬᠠᠮᠠᠭᠠᠯᠠᠵᠤ᠂ ᠡᠨᠡ ᠬᠡᠰᠡᠭ ᠤᠢ ᠶᠢ ᠨᠡᠩ ᠭᠤᠶᠤ ᠰᠠᠶᠢᠬᠠᠨ᠂ ᠨᠡᠩ ᠨᠣᠭᠤᠭᠠᠨ ᠪᠣᠯᠭᠠᠵᠤ᠂ ᠦᠷ᠎ᠡ ᠬᠤᠶᠢᠴᠢᠰ ᠲᠠᠭᠠᠨ | ᠪᠤᠶᠠᠨ ᠦᠢᠯᠡᠳᠦᠨ᠎ᠡ︾ ᠭᠡᠪᠡ᠃᠃ ︽ᠮᠢᠨᠦ ᠠᠪᠤ ᠬᠡᠯᠡᠭᠰᠡᠨ ᠨᠢ᠂ ᠳᠡᠳᠡᠨ ᠤ ᠲᠡᠷᠡ ᠦᠶ᠎ᠡ ᠶᠢᠨ ᠬᠥᠮᠦᠰ 20 | ᠭᠠᠷᠤᠢ ᠵᠢᠯ ᠮᠣᠳᠣ ᠰᠠᠭᠤᠯᠭᠠᠵᠠᠢ᠂ ᠲᠠᠨ ᠤ ᠡᠨᠡ ᠦᠶ᠎ᠡ ᠶᠢᠨ ᠬᠥᠮᠦᠰ ᠵᠠᠪᠠᠯ ᠰᠠᠶᠢᠲᠤᠷ ᠬᠠᠮᠢᠶᠠᠷᠴᠤ ᠬᠠᠮᠠᠭᠠᠯᠠᠬᠤ ᠬᠡᠷᠡᠭᠲᠡᠢ | ᠂ ᠡᠨᠡ 30 ᠭᠠᠷᠤᠢ ᠵᠢᠯ ᠤᠨ ᠲᠤᠷᠰᠢ᠂ ᠪᠢ ᠠᠳᠡᠬᠢ ᠶᠢᠨ ᠮᠣᠳᠣ ᠪᠣᠯᠭᠠᠨ ᠢ ᠪᠠᠲᠤ ᠰᠠᠬᠢᠵᠤ᠂ ᠰᠠᠬᠢᠨ ᠬᠠᠮᠠᠭᠠᠯᠠᠵᠤ᠂ ᠡᠨᠡ | ᠬᠦ ᠤᠢ ᠰᠢᠭᠤᠢ ᠶᠢ ᠨᠡᠩ ᠦᠵᠡᠰᠬᠦᠯᠡᠩᠲᠦ ᠰᠠᠶᠢᠬᠠᠨ᠂ ᠨᠡᠩ ᠨᠣᠭᠤᠭᠠᠨ ᠪᠣᠯᠭᠠᠵᠤ᠂ ᠦᠷ᠎ᠡ ᠬᠤᠶᠢᠴᠢᠰ ᠲᠠᠭᠠᠨ ᠪᠤᠶᠠᠨ | ᠦᠢᠯᠡᠳᠦᠨ᠎ᠡ︾᠃ ᠭᠡᠵᠦ ᠮᠧᠩ ᠬᠠᠢ ᠯᠢᠶᠠᠩ ᠬᠡᠯᠡᠪᠡ᠃ | | | | ᠮᠠᠩᠬᠠᠨ ᠠᠭᠤᠯᠠᠨ ᠣᠶ ᠰᠢᠭᠤᠶ ᠶᠢᠨ ᠲᠠᠯᠠᠪᠠᠶ ᠶᠢᠨ ᠤᠤᠯ ᠤᠨ ᠮᠠᠩᠬᠠᠨ ᠠᠭᠤᠯᠠᠨ ᠤ ᠣᠶ ᠰᠢᠭᠤᠶ ᠶᠢᠨ | ᠡᠵᠡᠩᠨᠡᠯᠲᠡ ᠶᠢᠨ ᠭᠠᠵᠠᠷ 1957 ᠣᠨ ᠳᠤ ᠪᠠᠶᠢᠭᠤᠯᠤᠭᠳᠠᠵᠠᠶ᠃ ᠦᠶ᠎ᠡ ᠦᠶ᠎ᠡ ᠶᠢᠨ ᠣᠶ ᠰᠢᠭᠤᠶ ᠶᠢᠨ ᠠᠵᠢᠯᠴᠢᠳ ᠤᠨ | ᠴᠢᠷᠮᠠᠶᠢᠯᠭ᠎ᠠ ᠪᠠᠷ ᠳᠡᠮᠵᠢᠨ᠂ ᠣᠳᠣ ᠪᠣᠯᠲᠠᠯ᠎ᠠ᠂ ᠣᠶ ᠰᠢᠭᠤᠶ ᠶᠢᠨ ᠲᠠᠯᠠᠪᠠᠶ ᠶᠢᠨ ᠶᠡᠷᠦᠩᠬᠡᠶ ᠡᠵᠡᠩᠨᠡᠯᠲᠡ ᠶᠢᠨ ᠲᠠᠯᠠᠪᠠᠶ 92 | ᠲᠦᠮᠡᠨ ᠮᠥ᠂ ᠣᠳᠣᠬᠠᠨ ᠳᠤ 9.27 ᠲᠦᠮᠡᠨ ᠮᠥ ᠲᠤᠷᠤᠭ ᠮᠣᠳᠣ ᠲᠠᠢ᠂ ᠪᠣᠳᠠ ᠮᠣᠳᠣᠨ ᠤ ᠣᠶ 45.8 ᠲᠦᠮᠡᠨ ᠮᠥ᠂ | ᠪᠤᠰᠤᠳ ᠣᠶᠢᠲᠤ ᠭᠠᠵᠠᠷ 1.6 ᠲᠦᠮᠡᠨ ᠮᠥ᠂ ᠤᠷᠭᠤᠭ᠎ᠠ ᠮᠣᠳᠣᠨ ᠤ ᠬᠠᠳᠠᠭᠠᠯᠠᠭᠳᠠᠴᠠ ᠶᠢᠨ ᠬᠡᠮᠵᠢᠶ᠎ᠡ 40.8 ᠲᠦᠮᠡᠨ | ᠪᠣᠰᠤᠭ᠎ᠠ ᠳᠥᠷᠪᠡᠯᠵᠢᠨ ᠮᠧᠲᠷ᠂ ᠣᠶ ᠰᠢᠭᠤᠶ ᠶᠢᠨ ᠪᠦᠷᠬᠦᠴᠡ 61.9% ᠳᠤ ᠬᠦᠷᠴᠦ᠂ 2000 ᠣᠨ ᠠᠴᠠ ᠡᠬᠢᠯᠡᠨ | ᠪᠠᠶᠢᠭᠠᠯᠢ ᠶᠢᠨ ᠣᠶ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠰᠢ᠂ ᠮᠠᠨ | ᠬᠠᠨ ᠠᠭᠤᠯᠠᠨ ᠤᠢ ᠰᠢᠭᠤᠢ ᠶᠢᠨ ᠲᠠᠯᠠᠪᠠᠢ ᠳᠤ ᠮᠣᠳᠣ ᠲᠠᠷᠢᠵᠤ ᠣᠶᠢᠵᠢᠭᠤᠯᠬᠤ ᠪᠠ ᠠᠭᠤᠯᠠ ᠶᠢ ᠪᠢᠲᠡᠭᠦᠮᠵᠢᠯᠡᠨ ᠤᠢ | ᠮᠣᠳᠣ ᠪᠤᠶᠢᠵᠢᠭᠤᠯᠬᠤ ᠢᠨᠵᠧᠨᠧᠷᠢᠩ ᠢ ᠶᠡᠬᠡᠪᠡᠷ ᠥᠷᠨᠢᠭᠦᠯᠵᠦ᠂ ᠨᠡᠶᠢᠳᠡ 10.2 ᠲᠦᠮᠡᠨ ᠮᠦ ᠶᠢ ᠪᠢᠲᠡᠭᠦᠮᠵᠢᠯᠡᠨ | ᠪᠤᠶᠢᠵᠢᠭᠤᠯᠵᠤ᠂ ᠤᠢ ᠰᠢᠭᠤᠢ ᠶᠢᠨ ᠲᠠᠯᠠᠪᠠᠢ ᠲᠠᠰᠤᠷᠠᠯᠳᠡ ᠦᠭᠡᠢ ᠥᠷᠭᠡᠳᠴᠦ᠂ ᠤᠢ ᠰᠢᠭᠤᠢ ᠶᠢᠨ ᠪᠦᠷᠬᠦᠴᠡ ᠶᠢᠨ | ᠨᠤᠷᠮ᠎ᠠ 19.6% ᠢᠶᠠᠷ ᠳᠡᠭᠡᠭᠰᠢᠯᠡᠵᠦ᠂ ᠥᠩᠭᠡᠷᠡᠭᠰᠡᠨ ᠤ ᠠᠭᠯᠠᠭ ᠠᠭᠤᠯᠠ ᠨᠤᠭᠤᠳ ᠲᠤ ᠴᠥᠮ ᠨᠣᠭᠤᠭᠠᠨ ᠦᠩᠭᠡ ᠲᠠᠢ | ᠵᠠᠩᠴᠢ ᠨᠥᠮᠥᠷᠴᠦ᠂ ᠰᠠᠯᠬᠢ ᠰᠢᠭᠤᠷᠭ᠎ᠠ ᠶᠢ ᠬᠤᠷᠢᠭᠯᠠᠬᠤ ᠪᠠ ᠠᠭᠤᠷ ᠠᠮᠢᠰᠬᠤᠯ ᠢ ᠵᠣᠬᠢᠴᠠᠭᠤᠯᠬᠤ ᠳᠤ ᠢᠳᠡᠪᠬᠢᠲᠡᠢ | ᠦᠢᠯᠡᠳᠦᠯ ᠦᠵᠡᠭᠦᠯᠵᠦ᠂ ᠡᠬᠡ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠠᠮᠤᠷ ᠲᠦᠪᠰᠢᠨ ᠤ ᠬᠠᠯᠬᠠᠪᠴᠢ ᠶᠢ | ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠵᠡᠢ᠃ | ︽ᠮᠠᠨ ᠤ ᠰᠢᠨ᠎ᠡ ᠨᠢᠭᠡ ᠦᠶ᠎ᠡ ᠶᠢᠨ ᠤᠢ ᠰᠢᠭᠤᠢ ᠶᠢᠨ ᠦᠢᠯᠡᠰ ᠤᠨ ᠬᠥᠮᠦᠰ ᠡᠷᠬᠡᠪᠰᠢ ᠬᠥᠬᠡᠮᠳᠦᠭ ᠨᠣᠭᠤᠭᠠᠨ | ᠠᠭᠤᠯᠠ ᠶᠢ ᠴᠢᠩᠭ᠎ᠠ ᠠᠳᠬᠤᠨ ᠴᠥᠬᠦᠷᠡᠰᠢ ᠦᠬᠡᠢ ᠠᠵᠢᠯᠯᠠᠵᠤ᠂ ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠵᠤ᠂ ᠴᠠᠭ | ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ᠰᠢᠨ᠎ᠡ ᠠᠶᠠᠨ ᠵᠠᠮ ᠢᠶᠠᠨ ᠴᠢᠷᠮᠠᠶᠢᠨ ᠲᠡᠮᠡᠴᠡᠵᠦ᠂ ᠰᠢᠨ᠎ᠡ ᠴᠠᠭ | ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠬᠠᠭᠤᠳᠠᠰᠤ ᠶᠢ ᠪᠢᠴᠢᠭᠯᠡᠵᠦ᠂ ᠮᠠᠩᠬᠠᠨ ᠠᠭᠤᠯᠠᠨ ᠤ ᠤᠢ ᠰᠢᠭᠤᠢ᠂ ᠠᠮᠢ | ᠠᠬᠤᠢ ᠶᠢᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠤᠨ | ᠡᠷᠴᠢᠮ ᠢᠶᠠᠨ ᠴᠢᠩᠭᠠᠷᠠᠭᠤᠯᠵᠤ᠂ ᠰᠢᠨ᠎ᠡ ᠬᠡᠯᠪᠡᠷᠢ ᠶᠢᠨ ᠣᠶᠤᠨᠴᠢ ᠬᠡᠯᠪᠡᠷᠢ ᠶᠢᠨ ᠤᠢ ᠰᠢᠭᠤᠢ ᠶᠢᠨ ᠲᠠᠯᠠᠪᠠᠢ ᠶᠢ ᠴᠣᠭᠴᠠᠯᠠᠨ | ᠪᠠᠶᠢᠭᠤᠯᠬᠤ ᠬᠡᠷᠡᠭᠲᠡᠢ︾᠃ ᠭᠡᠵᠦ ᠮᠠᠩᠬᠠᠨ ᠠᠭᠤᠯᠠ ᠶᠢᠨ ᠬᠠᠮᠢᠶᠠᠷᠤᠨ ᠬᠠᠮᠠᠭᠠᠯᠠᠬᠤ ᠲᠥᠪ ᠤᠨ ᠡᠷᠬᠢᠯᠡᠭᠴᠢ ᠸᠠᠩ ᠶᠦᠩ | ᠵᠢᠶᠦ᠋ᠨ ᠬᠡᠯᠡᠪᠡ᠃ | ᠨᠠᠶᠢᠷᠠᠭᠤᠯᠤᠭᠴᠢ᠄ ᠯᠢ ᠬᠤᠩ ᠢᠦᠢ | ᠤᠷᠴᠢᠭᠤᠯᠤᠭᠴᠢ᠄ ᠼᠦᠢ ᠴᠢᠩ |