ᠪᠦᠬᠦ ᠰᠢᠶᠠᠨ ᠤ ᠥᠷᠭᠡᠨ ᠤᠯᠠᠨ ᠰᠠᠭᠤᠭᠠᠯᠢ ᠠᠷᠠᠳ ᠲᠤ ᠢᠯᠡᠭᠡᠭᠰᠡᠨ ᠵᠠᠬᠢᠳᠠᠯ | ᠬᠦᠨᠳᠦᠲᠦ ᠰᠠᠭᠤᠭᠠᠯᠢ ᠠᠷᠠᠳ ᠤᠳ ᠠ᠄ | ᠮᠠᠨ ᠤ ᠰᠢᠶᠠᠨ ᠨᠢᠭᠡᠨᠲᠡ 2022 ᠣᠨ ᠤ ᠦᠶᠡᠷ ᠤᠨ ᠬᠤᠭᠤᠴᠠᠭᠠᠨ ᠳᠤ ᠣᠷᠣᠵᠤ᠂ ᠲᠦᠢᠯ ᠤᠨ ᠶᠡᠭᠡ ᠴᠠᠭ | ᠠᠭᠤᠷ ᠪᠠ ᠣᠬᠤᠷᠬᠠᠨ ᠴᠠᠭ ᠤᠨ ᠰᠢᠷᠦᠭᠦᠨ ᠪᠣᠷᠣᠭᠠᠨ ᠣᠷᠣᠵᠤ᠂ ᠠᠭᠤᠯᠠᠨ ᠦᠶᠡᠷ᠂ ᠤᠰᠤᠲᠤᠯ ᠵᠡᠷᠭᠡ | ᠪᠠᠶᠢᠭᠠᠯᠢ ᠶᠢᠨ ᠭᠠᠮᠰᠢᠭ ᠢ ᠠᠮᠠᠷᠬᠠᠨ ᠡᠭᠦᠰᠭᠡᠵᠦ ᠮᠡᠳᠡᠨ᠎ᠠ᠃ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠶᠡᠷᠦᠩᠬᠡᠶ ᠱᠦᠵᠢ ᠰᠢ ᠶᠢᠨ ᠫᠢᠩ ︽ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ | ᠲᠠᠯᠪᠢᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠠᠵᠢᠯ ᠢ ᠦᠨᠡᠨ ᠬᠦ ᠴᠢᠩᠭᠠᠳᠬᠠᠨ᠂ ᠤᠰᠤᠨ ᠳᠤ ᠵᠢᠪᠴᠦ | ᠥᠭᠦᠵᠦ ᠰᠢᠷᠬᠠᠲᠤᠬᠤ ᠵᠡᠷᠭᠡ ᠡᠯ᠎ᠡ ᠲᠥᠷᠥᠯ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ | ᠯᠢᠶᠠᠩᠴᠧᠩ ᠰᠢᠶᠠᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ | ᠬᠡᠷ ᠠᠴᠠ ᠲᠠᠨ ᠳᠤ ᠰᠠᠨᠠᠭᠤᠯᠬᠤ ᠨᠢ᠄ | ᠨᠢᠭᠡ᠂ ᠰᠢᠶᠠᠨ ᠤ ᠬᠡᠪᠴᠢᠶᠡᠨ ᠳᠠᠬᠢ ᠡᠯ᠎ᠡ ᠤᠰᠤᠨ ᠴᠥᠭᠦᠷᠥᠮ᠂ ᠭᠤᠣᠯ ᠤᠨ ᠵᠠᠮ᠂ ᠨᠠᠭᠤᠷ ᠴᠥᠭᠦᠷᠥᠮ | ᠵᠡᠷᠭᠡ ᠬᠡᠭᠡᠷ᠎ᠡ ᠲᠠᠯ᠎ᠠ ᠶᠢᠨ ᠤᠰᠤᠨ ᠣᠷᠣᠨ ᠳᠤ ᠴᠥᠮ ᠤᠰᠤᠨ ᠳᠤ ᠤᠮᠪᠠᠭ᠋ᠤ᠂ ᠵᠢᠭᠠᠰᠤ ᠭᠥᠬᠢᠳᠡᠬᠦ ᠵᠡᠷᠭᠡ | ᠠᠵᠢᠯᠯᠠᠭ᠎ᠠ ᠳᠤ ᠱᠠᠭᠠᠷᠳᠠᠭᠳᠠᠬᠤ ᠠᠮᠤᠷ ᠲᠦᠪᠰᠢᠨ ᠤ ᠨᠥᠬᠦᠴᠡᠯ ᠢ ᠪᠦᠷᠢᠯᠳᠦᠭᠦᠯᠦᠭᠰᠡᠨ ᠦᠭᠡᠢ᠂ ᠮᠠᠰᠢ ᠶᠡᠭᠡ | ᠠᠶᠤᠯ ᠲᠦᠭᠰᠢᠭᠦᠷᠢᠲᠦ ᠴᠢᠨᠠᠷ ᠲᠠᠢ ᠪᠠᠶᠢᠳᠠᠭ᠂ ᠶᠠᠮᠠᠷᠪᠠ ᠬᠥᠮᠦᠨ ᠪᠠ ᠶᠠᠮᠠᠷᠪᠠ ᠵᠣᠬᠢᠶᠠᠨ ᠪᠠᠶᠢᠭᠤᠯᠤᠯᠲᠠ ᠶᠢᠨ | ᠳᠡᠭᠡᠷ᠎ᠡ ᠳᠤᠷᠠᠳᠤᠭᠰᠠᠨ ᠣᠷᠣᠨ ᠳᠤ ᠣᠴᠢᠵᠤ ᠤᠰᠤᠨ ᠳᠤ ᠤᠮᠪᠠᠭ᠋ᠤ᠂ ᠵᠤᠭᠠᠴᠠᠨ ᠨᠠᠭᠠᠳᠬᠤ᠂ ᠵᠢᠭᠠᠰᠤ ᠭᠥᠬᠢᠳᠡᠬᠦ | ᠵᠡᠷᠭᠡ ᠠᠶᠤᠯ ᠲᠦᠭᠰᠢᠭᠦᠷᠢᠲᠦ ᠠᠵᠢᠯᠯᠠᠭ᠎ᠠ ᠬᠢᠬᠦ ᠶᠢ ᠴᠠᠭᠠᠵᠠᠯᠠᠨ᠎ᠠ᠃ | ᠬᠤᠶᠠᠷ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠤᠰᠤᠨ ᠳᠤ ᠬᠤᠯᠪᠣᠭᠳᠠᠬᠤ ᠠᠶᠤᠯᠲᠠᠶ | ᠣᠷᠣᠨ ᠳᠤ ᠲᠡᠷᠭᠡ ᠵᠣᠭᠰᠣᠭᠠᠬᠤ ᠪᠠ ᠬᠠᠤᠯᠢ ᠶᠢ ᠵᠥᠷᠢᠴᠡᠨ ᠲᠦᠷ ᠴᠠᠭ ᠤᠨ ᠪᠡᠯᠡᠳᠬᠡᠮᠵᠢ᠂ ᠲᠥᠬᠦᠭᠡᠷᠦᠮᠵᠢ | ᠪᠠᠶᠢᠭᠤᠯᠬᠤ ᠶᠢ ᠴᠠᠭᠠᠵᠠᠯᠠᠨ᠎ᠠ᠃ | ᠭᠤᠷᠪᠠ᠂ ᠰᠤᠷᠭᠠᠭᠤᠯᠢ ᠪᠣᠯᠤᠨ ᠭᠡᠷ ᠤᠨ ᠠᠬᠠᠮᠠᠳ ᠤᠰᠤᠨ ᠳᠤ ᠵᠢᠪᠬᠦ ᠠᠴᠠ ᠰᠡᠷᠭᠡᠶᠢᠯᠡᠬᠦ ᠠᠮᠤᠷ ᠲᠦᠪᠰᠢᠨ ᠤ | ᠬᠥᠮᠦᠵᠢᠯ ᠪᠣᠯᠤᠨ ᠬᠢᠨᠠᠨ ᠬᠠᠮᠠᠭᠠᠯᠠᠬᠤ ᠠᠵᠢᠯ ᠢ ᠴᠢᠩᠭ᠎ᠠ ᠰᠠᠶᠢᠲᠤᠷ ᠬᠢᠵᠦ᠂ ᠬᠡᠦᠬᠡᠳ ᠤᠨ ᠥᠪᠡᠷ ᠢ ᠪᠠᠨ | ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠳᠤ ᠬᠡᠦᠬᠡᠳ ᠤᠨ ᠤᠰᠤᠨ ᠳᠤ ᠤᠮᠪᠠᠭ᠋ᠤ ︵ᠤᠰᠤᠨ ᠳᠤ ᠨᠠᠭᠠᠳᠬᠤ︶ | ᠶᠢᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠬᠤ ᠶᠢ ᠣᠨᠴᠠᠭᠠᠶᠢᠯᠠᠨ ᠠᠩᠬᠠᠷᠴᠤ᠂ ᠳᠤᠷ᠎ᠠ ᠪᠠᠷ ᠢᠶᠠᠨ | ᠭᠠᠳᠠᠭᠰᠢ ᠭᠠᠷᠴᠤ ᠤᠮᠪᠠᠭ᠋ᠤ ᠶᠢᠨ ᠠᠶᠤᠯᠲᠤ ᠴᠢᠨᠠᠷ ᠵᠢᠴᠢ ᠬᠦᠨᠳᠦ ᠨᠣᠴᠢᠲᠠᠶ ᠦᠷ᠎ᠡ ᠳ᠋ᠦᠩ ᠢ ᠲᠣᠳᠣᠷᠬᠠᠶ ᠶᠠᠷᠢᠵᠤ᠂ | ︽ᠤᠰᠤᠨ ᠳᠤ ᠤᠮᠪᠠᠭ᠋ᠤ ︵ᠤᠰᠤᠨ ᠳᠤ ᠤᠮᠪᠠᠭ᠋ᠤ︶ ᠶᠢ ᠬᠤᠷᠢᠭᠯᠠᠬᠤ︾ ᠲᠡᠮᠳᠡᠭ ᠲᠠᠢ ᠤᠰᠤᠨ ᠤ ᠣᠷᠴᠢᠨ ᠳᠤ | ᠨᠠᠭᠠᠳᠬᠤ ᠶᠢ ᠴᠢᠩᠭ᠎ᠠ ᠴᠠᠭᠠᠵᠠᠯᠠᠵᠤ᠂ ᠬᠡᠭᠡᠷ᠎ᠡ ᠭᠠᠳᠠᠨᠠᠬᠢ ᠲᠠᠨᠢᠯ ᠪᠤᠰᠤ ᠤᠰᠤᠨ ᠤ ᠣᠷᠴᠢᠨ ᠳᠤ ᠳᠤᠷ᠎ᠠ ᠪᠠᠷ ᠢᠶᠠᠨ | ᠣᠴᠢᠵᠤ ᠨᠠᠭᠠᠳᠴᠤ ᠪᠣᠯᠬᠤ ᠦᠭᠡᠢ᠃ | ᠳᠥᠷᠪᠡ᠂ ᠪᠠᠶᠢᠭᠠᠯᠢ ᠶᠢᠨ ᠭᠤᠤᠯ ᠤᠨ ᠵᠠᠮ᠂ ᠨᠠᠭᠤᠷ ᠴᠥᠭᠦᠷᠥᠮ ᠵᠡᠷᠭᠡ ᠤᠰᠤᠨ ᠣᠷᠣᠨ ᠳᠤ ᠵᠠᠷᠢᠮ ᠬᠥᠮᠦᠨ | ᠤᠰᠤᠨ ᠳᠤ ᠤᠨᠠᠭᠰᠠᠨ ᠢ ᠣᠯᠵᠤ ᠮᠡᠳᠡᠪᠡᠯ ᠭᠡᠨᠡᠨ ᠢᠶᠠᠷ ᠠᠪᠤᠷᠠᠵᠤ ᠪᠣᠯᠬᠤ ᠥᠬᠡᠶ᠂ ᠳᠠᠷᠦ᠋ᠢᠬᠠᠨ ᠴᠠᠭᠳᠠᠭ᠎ᠠ ᠳᠤ | ᠮᠡᠳᠡᠭᠦᠯᠵᠦ᠂ ᠣᠶᠢᠷ᠎ᠠ ᠬᠠᠪᠢ ᠶᠢᠨ ᠬᠥᠮᠦᠰ ᠢᠶᠠᠨ ᠥᠨᠳᠥᠷ ᠲᠠᠭᠤᠨ ᠢᠶᠠᠷ ᠳᠠᠭᠤᠳᠠᠵᠤ ᠬᠠᠪᠰᠤᠷᠤᠯᠭ᠎ᠠ | ᠭᠤᠶᠤᠬᠤ ᠪᠠᠷ ᠭᠤᠶᠤᠴᠢᠯᠠᠵᠤ᠂ ᠲᠣᠰ ᠪᠡᠶ᠎ᠡ ᠶᠢᠨ ᠠᠮᠤᠷ ᠲᠦᠪᠰᠢᠨ ᠢᠶᠠᠨ ᠪᠠᠲᠤᠯᠠᠭᠰᠠᠨ ᠤᠷᠢᠲᠠᠯ ᠳᠣᠤᠷ᠎ᠠ | ᠴᠢᠬᠤᠯᠠ ᠪᠥᠬᠦᠶ ᠠᠪᠤᠷᠠᠨ ᠲᠤᠰᠠᠯᠠᠯᠲᠠ ᠬᠠᠩᠭᠠᠬᠤ ᠬᠡᠷᠡᠭᠲᠡᠶ᠃ | ᠲᠠᠪᠤ᠂ ᠭᠠᠵᠠᠷ ᠤᠨ ᠭᠠᠮᠰᠢᠭ ᠠᠮᠠᠷᠬᠠᠨ ᠡᠭᠦᠰᠳᠡᠭ ᠭᠠᠵᠠᠷ ᠣᠷᠣᠨ ᠳᠤ ᠤᠷᠢᠳᠴᠢᠯᠠᠨ ᠰᠡᠷᠡᠮᠵᠢᠯᠡᠭᠦᠯᠬᠦ | ᠳᠤᠬᠢᠶ᠎ᠠ ᠶᠢ ᠰᠠᠶᠢᠨ ᠮᠡᠳᠡᠵᠤ᠂ ᠵᠠᠮ ᠱᠤᠭᠤᠮ᠂ ᠠᠶᠤᠯ ᠠᠴᠠ ᠵᠠᠶᠢᠯᠠᠬᠤ ᠭᠠᠵᠠᠷ ᠢ ᠰᠢᠯᠵᠢᠭᠦᠯᠬᠦ ᠬᠡᠷᠡᠭᠲᠡᠶ᠃ ᠬᠡᠷᠪᠡ | ᠠᠶᠤᠯ ᠲᠤᠯᠭᠠᠷᠠᠪᠠᠯ᠂ ᠬᠠᠮᠢᠶ᠎ᠠ ᠪᠥᠬᠦᠶ ᠰᠠᠯᠠᠭ᠎ᠠ ᠮᠥᠴᠢᠷ ︵ᠨᠢᠭᠡᠴᠡ︶ ᠤᠨ ᠰᠢᠯᠵᠢᠭᠦᠯᠬᠦ ᠲᠣᠬᠢᠷᠠᠭᠤᠯᠤᠯᠲᠠ ᠶᠢ | ᠳᠠᠭᠠᠵᠤ᠂ ᠴᠠᠭ ᠲᠤᠬᠠᠶ ᠳᠤᠨᠢ᠂ ᠡᠮᠬᠢ ᠵᠢᠷᠤᠮ ᠲᠠᠢ ᠪᠠᠷ ᠵᠠᠶᠢᠯᠠᠬᠤ ᠬᠡᠷᠡᠭᠲᠡᠶ᠃ ᠠᠶᠤᠯ ᠲᠦᠭᠰᠢᠭᠦᠷᠢ ᠶᠢ | ᠠᠷᠢᠯᠭᠠᠭᠰᠠᠨ ᠦᠭᠡᠢ ᠪᠣᠯ ᠤᠤᠯ ᠤᠨ ᠠᠶᠤᠯ ᠲᠦᠭᠰᠢᠭᠦᠷᠢᠲᠡᠶ ᠣᠷᠣᠨ ᠰᠠᠭᠤᠴᠠ ᠳᠠᠭᠠᠨ ᠪᠤᠴᠠᠵᠤ ᠶᠠᠭᠠᠬᠢᠭᠰᠠᠨ | ᠴᠤ ᠪᠣᠯᠬᠤ ᠦᠭᠡᠢ᠃ | ᠵᠢᠷᠭᠤᠭ᠎ᠠ᠂ ᠪᠣᠷᠣᠭᠠᠨ ᠲᠠᠢ ᠡᠳᠦᠷ ᠠᠭᠤᠯᠠᠷᠬᠠᠭ ᠣᠷᠣᠨ ᠤ ᠭᠤᠤ ᠵᠢᠯᠠᠭ᠎ᠠ ᠪᠠᠷ ᠵᠤᠭᠠᠴᠠᠵᠤ ᠪᠣᠯᠬᠤ ᠦᠭᠡᠢ᠃ | ᠬᠡᠷᠪᠡ ᠲᠠ ᠠᠭᠤᠯᠠᠷᠬᠠᠭ ᠣᠷᠣᠨ ᠢᠶᠠᠷ ᠵᠢᠭᠤᠯᠴᠢᠯᠠᠬᠤ ᠳᠤ ᠰᠢᠷᠦᠭᠦᠨ ᠪᠣᠷᠣᠭᠠᠨ ᠲᠣᠬᠢᠶᠠᠯᠳᠤᠪᠠᠯ᠂ ᠠᠭᠤᠯᠠᠨ | ᠦᠶᠡᠷ ᠰᠢᠪᠠᠷ ᠴᠢᠯᠠᠭᠤᠨ ᠤ ᠤᠷᠤᠰᠬᠠᠯ ᠤᠨ ᠭᠠᠮᠰᠢᠭ ᠢ ᠠᠩᠬᠠᠷᠤᠨ ᠰᠡᠷᠭᠡᠶᠢᠯᠡᠵᠦ᠂ ᠠᠯᠢ ᠲᠦᠷᠭᠡᠨ ᠢᠶᠠᠷ | ᠠᠭᠤᠯᠠᠨ ᠠᠴᠠ ᠭᠠᠷᠬᠤ ᠪᠤᠶᠤ ᠠᠮᠤᠷ ᠲᠦᠪᠰᠢᠨ ᠭᠠᠵᠠᠷ ᠣᠴᠢᠵᠤ ᠳᠠᠯᠳᠠᠯᠠᠬᠤ ᠬᠡᠷᠡᠭᠲᠡᠶ᠃ ᠬᠡᠷᠪᠡ ᠲᠠ ᠨᠢᠭᠡᠨᠲᠡ | ᠠᠭᠤᠯᠠ ᠶᠢᠨ ᠦᠶᠡᠷ ᠭᠠᠷᠤᠭᠰᠠᠨ ᠢ ᠣᠯᠵᠤ ᠮᠡᠳᠡᠪᠡᠯ᠂ ᠠᠭᠤᠯᠠᠨ ᠬᠥᠲᠥᠯ᠂ ᠥᠨᠳᠥᠷ ᠭᠠᠵᠠᠷ ᠵᠦᠭ ᠲᠦᠷᠭᠡᠨ | ᠰᠢᠯᠵᠢᠬᠦ ᠬᠡᠷᠡᠭᠲᠡᠶ᠂ ᠭᠤᠤᠯ ᠮᠥᠷᠡᠨ ᠪᠤᠶᠤ ᠠᠭᠤᠯᠠᠨ ᠵᠢᠯᠠᠭ᠎ᠠ ᠶᠢᠨ ᠭᠠᠷᠬᠤ ᠵᠠᠮ ᠢᠶᠠᠷ ᠳᠣᠤᠷᠠᠳᠤ ᠤᠷᠤᠰᠬᠠᠯ ᠵᠦᠭ | ᠭᠦᠶᠦᠬᠦ ᠶᠢ ᠴᠢᠩᠭ᠎ᠠ ᠴᠡᠭᠡᠷᠯᠡᠬᠦ ᠬᠡᠷᠡᠭᠲᠡᠶ᠂ ᠨᠠᠩ ᠴᠤ ᠠᠮᠠᠷᠬᠠᠨ ᠤᠰᠤ ᠭᠡᠲᠦᠯᠦᠨ ᠰᠢᠯᠵᠢᠵᠦ ᠪᠣᠯᠬᠤ ᠥᠬᠡᠶ᠃ | ᠲᠤᠯᠤᠭ᠎ᠠ᠂ ᠤᠯᠠᠨ ᠢᠶᠠᠷ ᠢᠶᠠᠨ ᠲᠦᠢᠯ ᠤᠨ ᠶᠡᠭᠡ ᠭᠠᠩ ᠬᠠᠭᠰᠠᠷᠠᠭᠠᠨ ᠤ ᠭᠠᠮᠰᠢᠭ ᠭᠠᠷᠴᠤ ᠮᠡᠳᠡᠬᠦ ᠶᠢ ᠨᠢᠭᠲᠠ | ᠠᠩᠬᠠᠷᠴᠤ᠂ ᠭᠠᠩ ᠬᠠᠭᠰᠠᠷᠠᠭᠠᠨ ᠲᠠᠢ ᠲᠡᠮᠡᠴᠡᠬᠦ ᠮᠡᠳᠡᠯᠭᠡ ᠶᠢ ᠨᠠᠷᠢᠨ ᠬᠢᠨᠠᠮᠠᠭᠠᠢ ᠰᠤᠷᠤᠯᠴᠠᠵᠤ᠂ ᠭᠠᠩ | ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠭᠠᠩ | ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ | ᠬᠡᠷᠡᠭᠲᠡᠢ᠃ ᠬᠡᠷᠪᠡ ᠡᠭᠦᠰᠪᠡᠯ᠂ ᠦᠢᠯᠡᠳᠪᠦᠷᠢᠯᠡᠯ ᠠᠮᠢᠳᠤᠷᠠᠯ ᠤᠨ ᠲᠠᠯ᠎ᠠ ᠪᠠᠷ ᠥᠪᠡᠷ ᠢ ᠪᠠᠨ ᠠᠪᠤᠷᠠᠬᠤ ᠠᠵᠢᠯ ᠢ | ᠢᠳᠡᠪᠬᠢᠲᠡᠢ ᠥᠷᠨᠢᠭᠦᠯᠬᠦ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠲᠤᠬᠠᠢ ᠶᠢᠨ ᠭᠠᠵᠠᠷ ᠤᠨ ᠭᠠᠩ ᠬᠠᠭᠰᠠᠷᠠᠭᠠᠨ ᠲᠠᠢ | ᠲᠡᠮᠡᠴᠡᠬᠦ ᠰᠠᠯᠠᠭ᠎ᠠ ᠮᠥᠴᠢᠷ ᠲᠠᠢ ᠵᠣᠯᠭᠠᠭᠤᠯᠵᠤ᠂ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠤᠰᠤ | ᠤᠮᠳᠠ ᠶᠢᠨ ᠠᠮᠤᠷ ᠲᠦᠪᠰᠢᠨ ᠢ ᠬᠠᠮᠲᠤᠪᠠᠷ ᠪᠠᠲᠤᠯᠠᠬᠤ ᠬᠡᠷᠡᠭᠲᠡᠢ᠃ | ᠬᠠᠶᠢᠷᠠᠲᠤ ᠰᠠᠭᠤᠭᠠᠯᠢ ᠠᠷᠠᠳ ᠨᠠᠶᠢᠵᠠ ᠨᠠᠷ ᠠ᠂ ᠪᠢᠳᠡ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ᠂ ᠬᠠᠷᠢᠯᠴᠠᠨ | ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠪᠦᠬᠦ ᠰᠢᠶᠠᠨ ᠢᠶᠠᠷ ᠢᠶᠠᠨ ᠦᠶᠡᠷ ᠢ ᠠᠮᠤᠷ ᠲᠦᠪᠰᠢᠨ ᠢᠶᠠᠷ | ᠥᠩᠭᠡᠷᠡᠭᠦᠯᠬᠦ ᠶᠢᠨ ᠲᠥᠯᠥᠭᠡ᠂ ᠭᠡᠷ ᠪᠦᠯᠢ ᠨᠢᠭᠡᠪᠦᠷᠢ ᠶᠢᠨ ᠵᠣᠯ ᠵᠢᠷᠭᠠᠯ ᠠᠮᠤᠷ ᠠᠮᠤᠭᠤᠯᠠᠩ ᠤᠨ ᠲᠥᠯᠥᠭᠡ ᠬᠤᠪᠢ | ᠨᠡᠮᠡᠷᠢ ᠪᠠᠨ ᠦᠵᠡᠭᠦᠯᠦᠶ᠎ᠡ᠃ | ᠯᠢᠶᠠᠩᠴᠧᠩ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ 24 ᠴᠠᠭ ᠤᠨ | ᠵᠢᠵᠢᠭᠦᠷᠯᠡᠬᠦ ᠤᠲᠠᠰᠤ᠄ 0474 — 4208662 | ᠯᠢᠶᠠᠩᠴᠧᠩ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ 24 ᠴᠠᠭ ᠤᠨ ᠵᠢᠵᠢᠭᠦᠷᠯᠡᠬᠦ ᠤᠲᠠᠰᠤ᠄ | 0474 — 4202602 | ᠯᠢᠶᠠᠩᠴᠧᠩ ᠰᠢᠶᠠᠨ ᠤ ᠭᠠᠯ ᠤᠨᠲᠠᠷᠠᠭᠠᠬᠤ ᠶᠡᠭᠡ ᠠᠩᠭᠢ ᠶᠢᠨ 24 ᠴᠠᠭ ᠤᠨ ᠵᠢᠵᠢᠭᠦᠷᠯᠡᠬᠦ ᠤᠲᠠᠰᠤ᠄ | 0474 — 4210119 | | ᠯᠢᠶᠠᠩᠴᠧᠩ ᠰᠢᠶᠠᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ | ᠤᠨ ᠵᠢᠯᠣᠭᠤᠳᠬᠤ ᠭᠠᠵᠠᠷ ᠤᠨ ᠠᠯᠪᠠᠨ ᠭᠡᠷ | 2022 ᠣᠨ ᠤ 6 ᠰᠠᠷ᠎ᠠ ᠶᠢᠨ 15 ᠤ ᠡᠳᠦᠷ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ᠄ ᠼᠦᠢ ᠴᠢᠩ |