ᠪᠦᠬᠦ ᠰᠢᠶᠠᠨ ᠤ ᠵᠠᠯᠠᠭᠤ ᠺᠠᠳ᠋ᠷᠴᠤᠳ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2022/6/15
   ᠲᠥᠪ ᠬᠤᠷᠢᠶᠠᠨ ᠤ ︽ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠤᠯᠤᠨ ᠰᠢᠯᠢᠳᠡᠭ ᠵᠠᠯᠠᠭᠤ ᠺᠠᠳ᠋ᠷᠴᠤᠳ ᠢ ᠶᠡᠬᠡᠪᠡᠷ ᠢᠯᠡᠷᠡᠭᠦᠯᠦᠨ ᠬᠥᠮᠦᠵᠢᠭᠦᠯᠵᠦ ᠰᠢᠯᠢᠨ ᠳᠡᠪᠰᠢᠭᠦᠯᠬᠦ ᠲᠤᠬᠠᠶ ᠰᠠᠨᠠᠯ︾ ᠪᠠ ︽2019 — 2023 ᠣᠨ ᠤ ᠪᠥᠬᠦ ᠤᠯᠤᠰ ᠤᠨ ᠨᠠᠮ ᠵᠠᠰᠠᠭ ᠤᠨ ᠪᠠᠭ ᠤᠨ ᠲᠥᠯᠥᠪᠵᠢᠭᠦᠯᠭᠡ ᠶᠢᠨ ᠬᠥᠲᠥᠯᠪᠦᠷᠢ︾ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂  6 ᠰᠠᠷ᠎ᠠ ᠶᠢᠨ 15 ᠤ ᠡᠳᠦᠷ᠂ ᠮᠠᠨ ᠤ ᠰᠢᠶᠠᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠬᠤᠷᠠᠯ ᠤᠨ ᠬᠡᠷ ᠲᠤ ᠪᠥᠬᠦ ᠰᠢᠶᠠᠨ ᠤ ᠵᠠᠯᠠᠭᠤ ᠺᠠᠳ᠋ᠷᠴᠤᠳ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠵᠢᠴᠢ ᠰᠢᠶᠠᠨ ᠤ ᠤᠳᠤᠷᠢᠳᠤᠯᠭ᠎ᠠ ᠯᠢ ᡁᠢ ᠭᠠᠩ᠂ ᠰᠢᠩ ᠮᠢᠩ᠂ ᠳ᠋ᠦᠩ ᠰᠢᠶᠤᠤ ᠨᠢᠩ᠂ ᠵᠧᠩ ᠶᠠᠨ ᠹᠠᠩ ᠣᠷᠣᠯᠴᠠᠪᠠ᠃
         ᠪᠣᠯᠪᠠᠰᠤᠷᠠᠭᠤᠯᠤᠯ ᠢ ᠲᠤᠰᠬᠠᠶ ᠰᠡᠳᠦᠪ ᠢᠶᠠᠷ ᠲᠠᠶᠢᠯᠪᠤᠷᠢᠯᠠᠨ ᠵᠢᠭᠠᠬᠤ ᠪᠠ ᠣᠨᠣᠯ ᠤᠨ ᠰᠢᠯᠭᠠᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠪᠠᠷ ᠶᠠᠪᠤᠭᠳᠠᠭᠤᠯᠵᠤ᠂ ᠳ᠋ᠦᠩ ᠰᠢᠶᠤᠤ ᠨᠢᠩ᠂ ᠵᠧᠩ ᠶᠠᠨ ᠹᠠᠩ ᠲᠣᠰᠪᠣᠷᠢ ︽ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ ᠰᠢᠯᠢᠳᠡᠭ ᠵᠠᠯᠠᠭᠤ ᠺᠠᠳ᠋ᠷ ᠢ ᠶᠡᠬᠡᠪᠡᠷ ᠢᠯᠡᠷᠡᠭᠦᠯᠦᠨ ᠬᠥᠮᠦᠵᠢᠭᠦᠯᠵᠦ ᠰᠢᠯᠢᠨ ᠳᠡᠪᠰᠢᠭᠦᠯᠬᠦ︾ ᠪᠣᠯᠤᠨ ︽ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ‌ᠠᠷᠭᠠᠴᠠᠭᠠᠨ ᠰᠢᠢᠳᠪᠦᠷᠢᠯᠡᠬᠦ︾ ᠲᠤᠬᠠᠢ ᠬᠢᠴᠢᠶᠡᠯ ᠵᠢᠭᠠᠵᠤ᠂ ᠬᠢᠴᠢᠶᠡᠯ ᠣᠷᠣᠬᠤ ᠤᠳᠤᠷᠢᠳᠤᠯᠭ᠎ᠠ ᠶᠢᠨ ᠦᠵᠡᠯᠲᠡ ᠰᠢᠨ᠎ᠡ ᠰᠣᠷᠭᠤᠭ᠂ ᠤᠨᠤᠯ ᠯᠠᠪᠳᠠᠭᠤᠨ ᠪᠠᠲᠤᠲᠠᠢ ᠪᠠᠶᠢᠵᠤ᠂ ᠰᠤᠷᠤᠭᠴᠢᠳ ᠰᠤᠷᠤᠯᠴᠠᠬᠤ ᠶᠢᠨ ᠳᠠᠭᠠᠤ ᠲᠡᠮᠳᠡᠭᠯᠡᠵᠦ᠂ ᠴᠡᠭᠡᠵᠢᠯᠡᠬᠦ ᠶᠢᠨ ᠳᠠᠭᠠᠤ ᠰᠡᠳᠬᠢᠵᠦ᠂ ᠮᠠᠰᠢ ᠶᠡᠭᠡ ᠰᠡᠩᠬᠡᠷᠡᠭᠦᠯᠦᠯ ᠣᠯᠵᠤ᠂ ᠮᠠᠰᠢ ᠤᠯᠠᠨ ᠣᠯᠤᠯᠲᠠ ᠣᠯᠵᠠᠢ᠃
        ᠤᠨᠤᠯ ᠤᠨ ᠰᠢᠯᠭᠠᠯᠲᠠ ᠳᠤ᠂ ᠯᠢᠦ ᠶᠢᠨ ᠲᠤᠤ ᠨᠠᠷ ᠡᠯ᠎ᠡ ᠰᠢᠯᠭᠠᠯᠲᠠ ᠶᠢᠨ ᠲᠠᠯᠠᠪᠠᠢ ᠳᠤ ᠭᠦᠨᠵᠡᠭᠡᠶᠢᠷᠡᠨ ᠲᠤᠬᠠᠢ ᠶᠢᠨ ᠲᠠᠯᠠᠪᠠᠢ ᠶᠢᠨ ᠲᠣᠭᠤᠷᠢᠨ ᠪᠠᠶᠢᠴᠠᠭᠠᠯᠲᠠ ᠬᠢᠵᠡᠢ᠃
        ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ 100 ᠭᠠᠷᠤᠶ ᠰᠢᠯᠢᠳᠡᠭ ᠵᠠᠯᠠᠭᠤ ᠺᠠᠳ᠋ᠷ ᠪᠣᠯᠪᠠᠰᠤᠷᠠᠯ ᠪᠠ ᠰᠢᠯᠭᠠᠯᠲᠠ ᠳᠤ ᠣᠷᠣᠯᠴᠠᠪᠠ᠃                                                 ᠨᠠᠶᠢᠷᠠᠭᠤᠯᠤᠭᠴᠢ᠄   ᠶᠠᠩ  ᠿᠦᠢ ᠵᠧᠨ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2