︽ᠯᠢᠶᠠᠩᠴᠧᠩ ᠰᠢᠶᠠᠨ ᠤ ᠬᠤᠶᠠᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠦᠵᠡᠭᠦᠯᠦᠯᠭᠡ︾ ᠠᠵᠢᠯ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠦᠭᠰᠡᠨ  — ᠵᠢᠶᠠ ᠪᠢᠩ ᠤᠨ ᠲᠡᠷᠢᠭᠦᠨ ᠤ ᠦᠢᠯᠡ ᠠᠵᠢᠯᠯᠠᠭ᠎ᠠ
ᠨᠡᠶᠢᠲᠡᠯᠡᠭᠰᠡᠨ ᠴᠠᠭ᠄
2022/6/16
   ᠵᠢᠶᠠ ᠪᠢᠩ᠂ ᠡᠷᠡᠭᠲᠡᠢ᠂ 1982 ᠣᠨ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ ᠬᠤᠷᠢᠶᠠᠨ ᠤ ᠤᠬᠠᠭᠤᠯᠬᠤ ᠬᠡᠯᠲᠡᠰ ᠤᠨ ᠺᠠᠳ᠋ᠷ᠂ ᠯᠢᠶᠠᠩᠴᠧᠩ ᠰᠢᠶᠠᠨ ᠤ ᠮᠠᠩᠬᠠᠨ ᠪᠠᠯᠭᠠᠰᠤᠨ ᠤ ᠴᠢᠶᠠᠨ ᠳ᠋ᠧ ᠱᠧᠩ ᠲᠣᠰᠬᠤᠨ ᠤ ᠨᠠᠮ ᠤᠨ ᠡᠭᠦᠷ ᠤᠨ ᠱᠦᠵᠢ ᠪᠥᠭᠡᠳ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ᠂ ᠯᠢᠶᠠᠩᠴᠧᠩ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠃
       ᠵᠢᠶᠠ ᠪᠢᠩ ᠪᠣᠯ ᠨᠢᠭᠡᠨ ᠴᠢᠩᠭ᠎ᠠ ᠬᠠᠷᠢᠭᠤᠴᠠᠯᠭᠠᠲᠤ ᠰᠡᠳᠬᠢᠯᠭᠡ ᠲᠠᠢ ᠪᠥᠭᠡᠳ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠲᠠᠢ᠂ ᠬᠠᠶᠢᠷ᠎ᠠ ᠰᠡᠳᠬᠢᠯᠭᠡ ᠲᠠᠢ᠂ ᠲᠡᠰᠪᠦᠷᠢ ᠲᠡᠪᠴᠢᠶᠡᠷᠢ ᠲᠠᠢ ᠦᠨᠳᠦᠰᠦᠨ ᠱᠠᠲᠤᠨ ᠤ ᠺᠠᠳ᠋ᠷ ᠪᠣᠯᠤᠨ᠎ᠠ᠂ ᠲᠡᠷᠡ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠰᠢᠨ᠎ᠡ ᠶᠢ ᠡᠭᠦᠳᠦᠨ ᠬᠥᠭᠵᠢᠭᠦᠯᠵᠦ᠂ ᠪᠣᠳᠠᠲᠠᠢ ᠶᠠᠪᠤᠳᠠᠯ ᠬᠢᠵᠦ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢᠶᠠᠷ ᠠᠨᠠᠢ᠂ ᠤᠯᠠᠨ ᠲᠦᠮᠡᠨ ᠤ ᠵᠢᠭᠤᠷᠠᠯᠳᠤᠭᠠᠨ ᠤᠯᠠᠠ ᠬᠤᠴᠣᠷᠤᠩᠭᠤᠢ ᠲᠣᠰᠬᠤᠨ ᠢ ᠨᠠᠮ ᠤᠨ ᠪᠠᠶᠢᠭᠤᠯᠤᠯᠲᠠ ᠬᠦᠴᠦᠲᠡᠢ᠂ ᠡᠶ᠎ᠡ ᠵᠣᠬᠢᠴᠠᠩᠭᠤᠢ ᠲᠣᠭᠲᠠᠭᠤᠨ᠂ ᠤᠯᠠᠨ ᠲᠦᠮᠡᠨ ᠵᠣᠯ ᠵᠢᠷᠭᠠᠯ ᠲᠠᠢ ᠲᠡᠷᠢᠭᠦᠨ ᠤ ᠲᠣᠰᠬᠤᠨ ᠪᠣᠯᠭᠠᠨ ᠪᠠᠶᠢᠭᠤᠯᠬᠤ ᠪᠠᠷ ᠬᠦᠴᠦᠯᠡᠨ ᠴᠢᠷᠮᠠᠶᠢᠵᠠᠢ᠃    2019 ᠣᠨ ᠤ 4 ᠰᠠᠷ᠎ᠠ ᠳᠤ᠂ ᠵᠢᠶᠠ ᠪᠢᠩ ᠯᠢᠶᠠᠩᠴᠧᠩ ᠰᠢᠶᠠᠨ ᠤ ᠮᠠᠩᠬᠠᠨ ᠪᠠᠯᠭᠠᠰᠤᠨ ᠤ ᠴᠢᠶᠠᠨ ᠳ᠋ᠧ ᠱᠧᠩ ᠲᠣᠰᠬᠤᠨ ᠳᠤ ᠲᠣᠮᠢᠯᠠᠭᠳᠠᠨ ᠬᠦᠷᠴᠦ ᠲᠣᠰᠬᠤᠨ ᠳᠤ ᠰᠠᠭᠤᠵᠤ ᠠᠵᠢᠯᠯᠠᠪᠠ᠃ ᠲᠡᠷᠡ ᠭᠠᠷᠠᠭ ᠪᠦᠷᠢ ᠠᠳᠠᠭ ᠲᠠᠭᠠᠨ ᠲᠠᠪᠤᠨ ᠡᠳᠦᠷ ᠤᠨ ᠬᠤᠭᠤᠴᠠᠭᠠᠨ ᠳᠤ ᠲᠣᠰᠬᠤᠨ ᠳᠤ ᠰᠠᠭᠤᠵᠤ᠂ ᠪᠦᠬᠦ ᠲᠣᠰᠬᠤᠨ ᠤ 54 ᠶᠠᠳᠠᠭᠤ ᠬᠦᠴᠢᠷᠳᠡᠯᠲᠡᠢ ᠡᠷᠦᠬᠡ ᠪᠠᠷ ᠲᠣᠭᠤᠷᠢᠬᠤ ᠶᠢᠨ ᠬᠠᠮᠲᠤ ᠢᠳᠡᠪᠬᠢᠲᠡᠢ ᠪᠠᠷ ᠶᠠᠳᠠᠭᠤ ᠬᠦᠴᠢᠷᠳᠡᠯᠲᠡᠢ ᠡᠷᠦᠬᠡ ᠳᠤ ᠠᠷᠭ᠎ᠠ ᠤᠬᠠᠭᠠᠨ ᠭᠠᠷᠭᠠᠵᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠵᠠᠢ᠃ 2021 ᠣᠨ ᠤ ᠡᠬᠢ ᠪᠠᠷ᠂ ᠭᠠᠴᠠᠭᠠᠨ ᠤ ᠨᠠᠮ ᠤᠨ ᠡᠭᠦᠷ ᠪᠣᠯᠤᠨ ᠭᠠᠴᠠᠭᠠᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠳᠤ ᠪᠦᠬᠦ ᠭᠠᠴᠠᠭᠠᠨ ᠤ ᠠᠷᠠᠳ ᠤᠨ ᠳᠡᠮᠵᠢᠯᠭᠡ ᠳᠣᠣᠷ᠎ᠠ᠂ ᠲᠡᠷᠡ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ ᠪᠠᠷ ᠰᠣᠩᠭᠤᠭᠳᠠᠪᠠ᠃    ᠵᠢᠶᠠ ᠪᠢᠩ ᠱᠦᠵᠢ ᠶᠢᠨ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠠᠳᠬᠤᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠴᠢᠩᠳᠠᠯᠠᠵᠤ᠂ ᠲᠦᠷᠢᠮ ᠲᠣᠭᠲᠠᠭᠠᠯ ᠢ ᠴᠢᠩᠳᠠᠯᠠᠵᠤ᠂ ᠦᠨᠳᠦᠰᠦᠨ ᠱᠠᠲᠤᠨ ᠤ ᠪᠠᠬᠢᠯᠡᠯᠲᠡ ᠶᠢ ᠪᠠᠬᠢᠵᠢᠭᠦᠯᠵᠦ᠂ 2021 ᠣᠨ ᠠᠴᠠ ᠡᠮᠦᠨ᠎ᠡ ᠳ᠋ᠧ ᠱᠧᠩ ᠲᠣᠰᠬᠤᠨ ᠤ ᠨᠠᠮ ᠤᠨ ᠡᠭᠦᠷ ︽ᠲᠠᠪᠤᠨ ᠬᠦᠴᠦᠷᠬᠡᠭ ᠨᠠᠮ ᠤᠨ ᠡᠭᠦᠷ︾ ᠢᠶᠠᠷ ᠦᠨᠡᠯᠡᠭᠳᠡᠪᠡ᠃ ᠲᠡᠷᠡ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ 20 ᠬᠥᠮᠦᠨ ᠢᠶᠠᠷ ᠪᠦᠷᠢᠯᠳᠦᠭᠰᠡᠨ ᠨᠠᠮ ᠤᠨ ᠭᠡᠰᠢᠭᠦᠨ ᠺᠠᠳ᠋ᠷ ᠤᠨ ᠬᠤᠰᠢᠭᠤᠴᠢ ᠠᠩᠬᠢ ᠶᠢ ᠲᠦᠷᠦᠭᠦᠯᠡᠨ ᠪᠠᠶᠢᠭᠤᠯᠵᠤ᠂ ᠤᠯᠠᠨ ᠲᠦᠮᠡᠨ ᠳᠤ ᠰᠦᠢᠳᠬᠡᠯ ᠬᠤᠷᠢᠶᠠᠬᠤ ᠦᠭᠡᠢ ᠪᠠᠷ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢ ᠪᠠᠶᠢᠴᠠᠭᠠᠬᠤ᠂ ᠲᠦᠷᠭᠡᠨ ᠬᠦᠷᠭᠡᠯᠲᠡ ᠶᠢ ᠬᠤᠷᠢᠶᠠᠨ ᠳᠠᠮᠵᠢᠭᠤᠯᠬᠤ᠂ ᠣᠷᠣᠯᠠᠨ ᠬᠤᠳᠠᠯᠳᠤᠨ ᠠᠪᠬᠤ ᠂ ᠬᠦᠷᠢᠶ᠎ᠡ ᠬᠠᠰᠢᠶ᠎ᠠ ᠶᠢ ᠴᠡᠪᠡᠷᠯᠡᠬᠦ᠂ 2021 ᠣᠨ ᠤ ᠪᠦᠬᠦ ᠵᠢᠯ ᠳᠤ ᠤᠯᠠᠨ ᠲᠦᠮᠡᠨ ᠳᠤ 300 ᠬᠥᠮᠦᠨ ᠤᠳᠠᠭ᠎ᠠ ᠦᠢᠯᠡᠴᠢᠯᠡᠪᠡ᠃    ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠤᠯᠠᠨ ᠲᠦᠮᠡᠨ ᠤ ᠬᠡᠷᠡᠭ ᠤᠴᠢᠷ ᠢ ᠶᠠᠷᠢᠯᠴᠠᠬᠤ ᠲᠠᠰᠤᠭ ᠢ ᠪᠠᠶᠢᠭᠤᠯᠵᠤ᠂ ᠤᠯᠠᠨ ᠲᠦᠮᠡᠨ ᠤ ᠰᠡᠳᠬᠢᠯ ᠵᠢᠷᠦᠬᠡ ᠪᠠᠨ ᠬᠤᠯᠪᠣᠬᠤ ᠪᠦᠯᠦᠭ ᠢ ᠪᠠᠶᠢᠭᠤᠯᠵᠤ᠂ ᠤᠯᠠᠨ ᠲᠦᠮᠡᠨ ᠤ ᠰᠡᠳᠬᠢᠯ ᠵᠢᠷᠦᠬᠡ ᠪᠠᠨ ᠬᠤᠯᠪᠣᠬᠤ ᠲᠠᠩᠰᠠ ᠶᠢ ᠪᠠᠶᠢᠭᠤᠯᠵᠤ᠂ ᠤᠯᠠᠨ ᠲᠦᠮᠡᠨ ᠤ ᠦᠭᠡ ᠶᠢ ᠬᠡᠯᠡᠬᠦ ᠭᠠᠵᠠᠷ ᠲᠠᠢ᠂ ᠬᠦᠴᠢᠷ ᠲᠠᠢ ᠭᠠᠵᠠᠷ ᠲᠤ ᠵᠠᠭᠠᠯᠳᠤᠬᠤ᠂ ᠶᠣᠰᠣ ᠤᠴᠢᠷ ᠢ ᠶᠠᠷᠢᠬᠤ ᠭᠠᠵᠠᠷ ᠲᠠᠢ᠂ ᠬᠡᠷᠡᠭ ᠶᠠᠪᠤᠳᠠᠯ ᠢ ᠬᠢᠬᠦ ᠬᠥᠮᠦᠨ ᠲᠠᠢ ᠪᠠᠶᠢᠬᠤ ᠶᠢ ᠦᠨᠡᠨ ᠬᠦ ᠪᠠᠲᠤᠯᠠᠪᠠ᠃ 2021 ᠣᠨ ᠳᠤ ᠬᠡᠷᠡᠭ ᠶᠠᠷᠢᠭᠰᠠᠨ ᠤᠯᠠᠨ ᠲᠦᠮᠡᠨ ᠢ ᠨᠡᠶᠢᠳᠡ 42 ᠬᠥᠮᠦᠨ ᠤᠳᠠᠭ᠎ᠠ ᠬᠦᠯᠢᠶᠡᠨ ᠠᠪᠴᠤ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ᠂ ᠵᠢᠭᠤᠷᠠᠯᠳᠤᠭᠠᠨ ᠢ 19 ᠵᠦᠢᠯ ᠢᠶᠠᠷ  ᠰᠢᠢᠳᠪᠤᠷᠢᠯᠡᠪᠡ︔ ᠲᠣᠰᠬᠤᠨ ᠤ ᠳᠣᠲᠣᠷ᠎ᠠ ᠪᠢ ᠲᠠᠨ ᠢ ᠬᠠᠪᠰᠤᠷᠤᠨ ᠠᠮᠧᠷᠢᠺᠠ ᠶᠢᠨ ᠪᠦᠯᠬᠦᠮ ᠤᠨ ᠰᠢᠯᠢᠳᠡᠭ ᠢ ᠨᠢ ᠰᠣᠩᠭᠤᠵᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠦᠷᠳᠡᠭᠡ ᠶᠢ ᠪᠠᠶᠢᠭᠤᠯᠵᠤ᠂ ᠡᠯᠧᠺᠲᠷᠣᠨ ᠬᠤᠳᠠᠯᠳᠤᠭ᠎ᠠ ᠶᠢ ᠰᠠᠭᠠᠳ ᠦᠭᠡᠢ ᠨᠡᠪᠲᠡᠷᠡᠭᠦᠯᠵᠦ᠂ ᠬᠥᠳᠡᠭᠡ ᠲᠣᠰᠬᠤᠨ ᠳᠤ ︽ᠬᠠᠮᠤᠭ ᠰᠡᠭᠦᠯᠴᠢ ᠶᠢᠨ ᠨᠢᠭᠡ  ᠺᠢᠯᠤᠮᠧᠲᠷ︾ ᠢ ᠲᠤᠰᠠᠯᠠᠪᠠ︔ ᠬᠥᠮᠦᠰ ᠤᠨ ᠣᠷᠣᠰᠢᠨ ᠰᠠᠭᠤᠬᠤ ᠤᠰᠤ ᠤᠮᠳᠠ᠂ ᠵᠠᠮ ᠵᠠᠰᠠᠬᠤ ᠵᠡᠷᠭᠡ 8 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠬᠢᠭᠤᠯᠵᠤ᠂ ᠲᠣᠰᠬᠤᠨ ᠤ ᠳᠣᠲᠣᠷᠠᠬᠢ ᠤᠯᠠᠨ ᠲᠦᠮᠡᠨ ᠤ ᠲᠥᠪᠯᠡᠩᠭᠦᠢ ᠬᠦᠴᠦᠨ ᠤᠷᠢᠳᠤ ᠡᠮᠦᠨ᠎ᠡ ᠪᠠᠶᠢᠭ᠎ᠠ ᠦᠭᠡᠢ ᠨᠢᠭᠲᠠᠷᠠᠪᠠ᠃ 2021 ᠣᠨ ᠤ 3 ᠰᠠᠷ᠎ᠠ ᠳᠤ᠂ ᠰᠢ ᠲᠠᠨ ᠤ ᠪᠠᠶᠢᠭᠠᠯᠢ ᠲᠣᠰᠬᠤᠨ ᠤ ᠤᠰᠤᠨ ᠰᠤᠪᠤᠷᠭ᠎ᠠ ᠭᠡᠨᠡᠳᠲᠡ ᠤᠰᠤ ᠬᠠᠳᠠᠭᠠᠯᠠᠬᠤ ᠶᠢᠨ ᠠᠷᠭ᠎ᠠ ᠦᠭᠡᠢ ᠪᠤᠯᠵᠤ᠂ ᠲᠤᠰ ᠲᠣᠰᠬᠤᠨ ᠤ 13 ᠡᠷᠦᠬᠡ ᠶᠢᠨ 27 ᠬᠥᠮᠦᠨ ᠵᠢᠴᠢ ᠭᠡᠷ ᠤᠨ ᠲᠡᠵᠢᠭᠡᠪᠦᠷᠢ ᠮᠠᠯ ᠤᠨᠤᠭ᠎ᠠ ᠪᠠᠨ ᠬᠡᠪ ᠤᠨ ᠪᠠᠶᠢᠳᠠᠯ ᠢᠶᠠᠷ ᠤᠰᠤ ᠤᠤᠭᠤᠬᠤ ᠶᠢᠨ ᠠᠷᠭ᠎ᠠ ᠦᠭᠡᠢ ᠪᠣᠯᠭᠠᠪᠠ᠃ ᠵᠢᠶᠠ ᠪᠢᠩ ᠲᠦᠷᠦᠭᠦᠯᠡᠨ ᠲᠣᠰᠬᠤᠨ ᠤ ᠠᠷᠠᠳ ᠲᠤ ᠤᠰᠤ ᠳᠠᠮᠨᠠᠵᠤ᠂ ᠤᠰᠤ ᠬᠦᠷᠭᠡᠵᠦ᠂ 40 ᠭᠠᠷᠤᠢ ᠡᠳᠦᠷ ᠤᠨ ᠬᠤᠭᠤᠴᠠᠭᠠᠨ ᠳᠤ᠂ ᠲᠡᠷᠡ ᠨᠠᠮ ᠤᠨ ᠭᠡᠰᠢᠭᠦᠨ ᠺᠠᠳ᠋ᠷᠴᠤᠳ ᠤᠨ ᠬᠤᠰᠢᠭᠤᠴᠢ ᠠᠩᠬᠢ ᠶᠢ ᠳᠠᠭᠠᠭᠤᠯᠤᠨ 13 ᠡᠷᠦᠬᠡ ᠲᠣᠰᠬᠤᠨ ᠤ ᠠᠷᠠᠳ ᠲᠤ ᠨᠡᠶᠢᠳᠡ 1000 ᠭᠠᠷᠤᠢ ᠤᠳᠠᠭ᠎ᠠ 2000 ᠭᠠᠷᠤᠢ ᠰᠠᠭᠤᠯᠠᠭ᠎ᠠ ᠤᠰᠤ ᠳᠠᠮᠨᠠᠵᠤ᠂ ᠨᠠᠰᠢ ᠴᠠᠰᠢ 100 ᠭᠠᠷᠤᠢ ᠺᠢᠯᠤᠮᠧᠲᠷ ᠠᠶᠠᠯᠠᠪᠠ᠃                                             ᠨᠠᠶᠢᠷᠠᠭᠤᠯᠤᠭᠴᠢ᠄ ᠭᠦᠸᠧ ᠡᠾᠦ᠋ᠩ ᠰᠢᠶᠠ                                                                  ᠸᠠᠩ ᠹᠧᠢ                                             ᠤᠷᠴᠢᠭᠤᠯᠤᠭᠴᠢ᠄ ᠼᠦᠢ ᠴᠢᠩ
 
ᠢᠷᠡᠯᠲᠡ᠄ ᠠᠭᠤᠯᠠ ᠤᠰᠤᠨ ᠯᠢᠶᠠᠩᠴᠧᠩ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2