ᠬᠤᠩ ᠮᠤᠤ ᠪᠠᠯᠭᠠᠰᠤ 2022 ᠣᠨ ᠤ ᠬᠠᠤᠯᠢ ᠬᠡᠷᠡᠭᠵᠢᠭᠦᠯᠬᠦ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/2
 ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 30 ᠤ ᠡᠳᠦᠷ᠂ ᠬᠤᠩ ᠮᠤᠤ ᠪᠠᠯᠭᠠᠰᠤ 2022 ᠣᠨ ᠤ ᠬᠠᠤᠯᠢ ᠬᠡᠷᠡᠭᠵᠢᠭᠦᠯᠬᠦ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠳᠤ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠵᠢᠭᠠᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ᠂ ᠤᠯᠠᠭᠠᠨᠴᠠᠪ ᠬᠤᠲᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠡᠷᠡᠭ ᠡᠷᠬᠢᠯᠡᠭᠴᠢ ᠵᠢᠶ ᠷᠦᠢ ᠮᠢᠨ ᠨᠥᠬᠦᠷ ᠢ ᠤᠷᠢᠵᠤ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠯᠭᠡᠵᠡᠶ᠃
        ᠵᠢᠶ ᠷᠦᠢ ᠮᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠵᠤᠶᠢᠯ ᠤᠨ ᠲᠦᠷᠢᠮ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠵᠣᠬᠢᠶᠠᠬᠤ ᠵᠡᠷᠭᠡ ᠭᠤᠤᠯᠳᠠᠯᠭ᠎ᠠ ᠲᠠᠢ ᠠᠭᠤᠯᠭ᠎ᠠ ᠪᠠ ᠪᠣᠳᠠᠲᠠᠶ ᠬᠡᠷᠡᠭ ᠤᠨ ᠵᠢᠱᠢᠶ᠎ᠡ ᠠᠴᠠ ᠨᠠᠷᠢᠨ ᠲᠣᠳᠣᠷᠬᠠᠶ ᠠᠮᠢᠳᠤᠯᠢᠭ ᠲᠠᠶᠢᠯᠤᠮᠵᠢ ᠬᠢᠪᠠ᠃ ᠡᠭᠦᠨ ᠤ ᠬᠠᠮᠲᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠳᠤ ᠪᠦᠬᠦ ᠲᠠᠯ᠎ᠠ ᠪᠠᠷ᠂ ᠨᠡᠪᠲᠡᠷᠬᠡᠶ ᠵᠠᠳᠠᠯᠤᠯᠲᠠ ᠬᠢᠭᠰᠡᠨ ᠪᠠᠶᠢᠨ᠎ᠠ᠃
         ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠪᠥᠬᠦ ᠬᠥᠮᠦᠰ ᠪᠠᠰᠠ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠢ ᠲᠥᠪᠯᠡᠷᠡᠭᠦᠯᠦᠨ ᠰᠤᠷᠤᠯᠴᠠᠪᠠ᠂ ᠵᠢᠶ ᠷᠦᠢ ᠮᠢᠨ ᠬᠠᠪᠰᠤᠷᠤᠨ ᠵᠢᠯᠣᠭᠤᠳᠬᠤ ᠳᠠᠭᠠᠨ᠂ ᠦᠨᠳᠦᠰᠦᠨ ᠱᠠᠲᠤᠨ ᠳᠤ ᠪᠠᠭᠤᠬᠤ᠂ ᠠᠷᠠᠳ ᠤᠨ ᠪᠠᠶᠢᠳᠠᠯ ᠢ ᠪᠠᠶᠢᠴᠠᠭᠠᠬᠤ᠂ ᠠᠷᠠᠳ ᠤᠨ ᠵᠣᠪᠠᠨᠢᠯ ᠢ ᠲᠠᠶᠢᠯᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ  ᠤᠶᠢᠯᠡᠳᠤᠯᠭᠡ ᠶᠢᠨ ᠠᠵᠢᠯᠯᠠᠭ᠎ᠠ ᠳᠤᠮᠳᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠦ ᠰᠠᠨᠠᠭᠤᠯᠵᠠᠶ᠃
   ᠪᠣᠯᠪᠠᠰᠤᠷᠠᠭᠤᠯᠤᠯ ᠢᠶᠠᠷ ᠳᠡᠮᠵᠢᠨ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠩᠨᠡᠭᠡ ᠶᠢᠨ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠠᠤᠯᠢ ᠬᠡᠷᠡᠭᠵᠢᠭᠦᠯᠬᠦ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠴᠢᠩᠭ᠎ᠠ᠂ ᠵᠢᠷᠤᠮᠵᠢᠯ ᠲᠠᠢ᠂ ᠲᠥᠪ ᠭᠤᠤᠯᠴᠢ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠠᠬᠢᠴᠠ ᠶᠢ ᠠᠬᠢᠭᠤᠯᠪᠠ᠃                              ᠨᠠᠶᠢᠷᠠᠭᠤᠯᠤᠭᠴᠢ᠄    ᠶᠠᠩ  ᠿᠦᠢ ᠵᠧᠨ                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2