【 ᠯᠢᠶᠠᠩᠴᠧᠩ ᠰᠢᠶᠠᠨ ᠤ ᠬᠤᠶᠠᠳᠤᠭᠠᠷ ᠬᠤᠭᠤᠴᠠᠭᠠᠨ ᠤ ᠶᠣᠰᠣ ᠮᠣᠷᠠᠯ ᠤᠨ ᠵᠢᠱᠢᠶᠡᠴᠢ ᠶᠢᠨ ᠲᠡᠷᠢᠭᠦᠨ ᠤ ᠤᠶᠢᠯᠡ‌ᠠᠵᠢᠯᠯᠠᠭ᠎ᠠ ᠶᠢᠨ ᠦᠵᠡᠭᠦᠯᠦᠯᠭᠡ 】 ᠦᠨᠡᠨᠴᠢ ᠢᠲᠡᠭᠡᠮᠵᠢᠲᠡᠶ᠄ ᠸᠠᠩ ᠹᠧᠩ ᠤᠨ ᠲᠡᠷᠢᠭᠦᠨ ᠤ  ᠤᠶᠢᠯᠡ ᠠᠵᠢᠯᠯᠠᠭ᠎ᠠ
ᠨᠡᠶᠢᠲᠡᠯᠡᠭᠰᠡᠨ ᠴᠠᠭ᠄
2022/6/20
【 ᠯᠢᠶᠠᠩᠴᠧᠩ ᠰᠢᠶᠠᠨ ᠤ ᠬᠤᠶᠠᠳᠤᠭᠠᠷ ᠬᠤᠭᠤᠴᠠᠭᠠᠨ ᠤ ᠶᠣᠰᠣ ᠮᠣᠷᠠᠯ ᠤᠨ ᠵᠢᠱᠢᠶᠡᠴᠢ ᠶᠢᠨ ᠲᠡᠷᠢᠭᠦᠨ ᠤ ᠤᠶᠢᠯᠡ‌ᠠᠵᠢᠯᠯᠠᠭ᠎ᠠ ᠶᠢᠨ ᠦᠵᠡᠭᠦᠯᠦᠯᠭᠡ 】 ᠦᠨᠡᠨᠴᠢ ᠢᠲᠡᠭᠡᠮᠵᠢᠲᠡᠶ᠄ ᠸᠠᠩ ᠹᠧᠩ ᠤᠨ ᠲᠡᠷᠢᠭᠦᠨ ᠤ  ᠤᠶᠢᠯᠡ ᠠᠵᠢᠯᠯᠠᠭ᠎ᠠ
       ᠲᠡᠷᠡ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠡᠶᠢᠭᠡᠮ ᠤᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠶᠣᠰᠣ ᠰᠤᠷᠲᠠᠬᠤᠨ ᠤ ᠵᠢᠱᠢᠶᠡᠴᠢ ᠶᠢᠨ  ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠺᠣᠮᠫᠠᠨᠢ ᠶᠢᠨ ᠠᠵᠢᠯᠲᠠᠳ ᠲᠤ ᠰᠠᠶᠢᠨ ᠰᠠᠶᠢᠬᠠᠨ ᠦᠯᠢᠭᠡᠷ ᠳᠠᠭᠤᠷᠢᠶᠠᠯ ᠦᠵᠡᠭᠦᠯᠪᠡ᠃ ᠲᠡᠷᠡ ᠪᠣᠯ ᠳᠠᠷᠤᠢ ᠯᠢᠶᠠᠩᠴᠧᠩ ᠰᠢᠶᠠᠨ ᠤ ᠬᠤᠶᠠᠳᠤᠭᠠᠷ ᠬᠤᠭᠤᠴᠠᠭᠠᠨ ᠤ ᠦᠨᠡᠨᠴᠢ ᠢᠲᠡᠭᠡᠮᠵᠢᠲᠡᠢ ᠶᠣᠰᠣ ᠰᠤᠷᠲᠠᠬᠤᠨ ᠤ ᠵᠢᠱᠢᠶᠡᠴᠢ — ᠥᠪᠥᠷ ᠮᠣᠩᠭᠤᠯ ᠤᠨ  ᠸᠠᠩ ᠰᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠹᠧᠩ ᠪᠣᠯᠤᠨ᠎ᠠ᠃      ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠪᠣᠯᠤᠭᠰᠠᠨ ᠤ ᠬᠤᠪᠢ ᠳᠤ᠂ ᠲᠡᠷᠡ ᠪᠡᠶ᠎ᠡ ᠪᠠᠷ ᠢᠶᠠᠨ ᠥᠯᠢᠭᠡᠷ ᠳᠠᠭᠤᠷᠢᠶᠠᠯ ᠦᠵᠡᠭᠦᠯᠵᠦ᠂ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠺᠣᠮᠫᠠᠨᠢ ᠶᠢᠨ ᠲᠣᠭᠲᠠᠭᠠᠯ ᠨᠢᠭᠡᠪᠦᠷᠢ ᠶᠢ ᠴᠢᠩᠭ᠎ᠠ ᠬᠡᠷᠡᠭᠵᠢᠭᠦᠯᠦᠨ᠂ ᠠᠵᠢᠯᠲᠠᠳ ᠢᠶᠠᠨ ᠲᠦᠷᠢᠮ ᠲᠣᠭᠲᠠᠭᠠᠯ ᠪᠠ ᠠᠵᠢᠯ ᠤᠨ ᠪᠠᠶᠢᠷᠢ ᠶᠢᠨ ᠠᠵᠢᠯᠯᠠᠬᠤ ᠲᠦᠷᠢᠮ ᠢ ᠵᠢᠷᠤᠮᠯᠠᠨ ᠰᠠᠬᠢᠵᠤ᠂ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠱᠠᠭᠠᠷᠳᠠᠵᠤ᠂ ᠮᠠᠰᠢ ᠰᠠᠶᠢᠨ ᠨᠡᠷ᠎ᠡ ᠠᠯᠳᠠᠷ ᠢ ᠣᠯᠤᠭᠰᠠᠨ ᠪᠠᠶᠢᠨ᠎ᠠ᠃ ᠦᠢᠯᠡᠳᠪᠦᠷᠢᠯᠡᠯ ᠤᠨ ᠶᠠᠪᠤᠴᠠ ᠳᠤ᠂ ᠲᠡᠷᠡ ᠶᠠᠪᠤᠴᠠ ᠶᠢᠨ ᠬᠠᠮᠢᠶᠠᠷᠤᠯᠲᠠ ᠶᠢ ᠴᠢᠩᠳᠠᠯᠠᠵᠤ᠂ ᠱᠠᠳᠤ ᠱᠠᠳᠤ ᠪᠠᠷ ᠪᠣᠭᠤᠮᠲᠠ ᠰᠠᠬᠢᠵᠤ᠂ ᠬᠢᠷᠢ ᠲᠡᠩᠴᠡᠬᠦ ᠦᠭᠡᠢ ᠦᠢᠯᠡᠳᠬᠦᠨ ᠢ ᠶᠠᠭᠠᠬᠢᠭᠰᠠᠨ ᠴᠤ ᠬᠥᠮᠥᠷᠭᠡ ᠳᠤ ᠣᠷᠣᠭᠤᠯᠵᠤ ᠪᠣᠯᠬᠤ ᠦᠭᠡᠢ᠃ ᠲᠡᠭᠦᠨ ᠤ ᠲᠠᠭᠠᠭᠤᠯᠭ᠎ᠠ ᠳᠣᠣᠷ᠎ᠠ᠂ ᠺᠣᠮᠫᠠᠨᠢ ᠶᠢᠨ ᠦᠢᠯᠡᠳᠬᠦᠨ ᠤ ᠶᠠᠰᠤ ᠴᠢᠨᠠᠷ ᠪᠣᠯᠤᠨ ᠦᠢᠯᠡᠴᠢᠯᠡᠭᠡᠨ ᠤ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠨᠡᠶᠢᠭᠡᠮ ᠳᠤ ᠨᠡᠩ ᠰᠢᠯᠢᠳᠡᠭ ᠦᠢᠯᠡᠳᠬᠦᠨ ᠪᠣᠯᠤᠨ ᠦᠢᠯᠡᠴᠢᠯᠡᠭᠡ ᠬᠠᠩᠭᠠᠵᠤ ᠪᠠᠶᠢᠨ᠎ᠠ᠃ ︽ᠮᠠᠨ ᠤ ᠸᠠᠩ ᠳᠠᠭᠠᠭᠠᠮᠠᠯ ᠠᠵᠢᠯ ᠳᠠᠭᠠᠨ ᠨᠠᠷᠢᠨ ᠬᠢᠨᠠᠮᠠᠭᠠᠢ ᠬᠠᠷᠢᠭᠤᠴᠠᠵᠤ᠂ ᠲᠤᠬᠠᠶᠢᠯᠠᠭᠰᠠᠨ ᠠᠵᠢᠯ ᠳᠠᠭᠠᠨ ᠦᠨᠡᠨᠴᠢ ᠬᠢᠴᠢᠶᠡᠩᠭᠦᠢ ᠪᠠᠷ ᠵᠢᠳᠬᠦᠵᠦ᠂ ᠵᠣᠷᠢᠭᠲᠠᠢ ᠪᠠᠷ ᠤᠷᠤᠭᠰᠢᠯᠠᠨ ᠲᠠᠪᠰᠢᠵᠥ᠂ ᠳᠠᠭᠤᠷᠢᠶᠠᠯ ᠤᠨ ᠦᠢᠯᠡᠳᠦᠯ ᠦᠵᠡᠭᠦᠯᠵᠦ᠂ ᠠᠮᠢᠳᠤᠷᠠᠯ ᠤᠨ ᠳᠤᠮᠳᠠ ᠬᠠᠯᠠᠭᠤᠮᠰᠤᠭ ᠥᠭᠭᠢᠶᠡᠮᠦᠷᠴᠢ ᠪᠠᠶᠢᠵᠤ᠂ ᠦᠨᠡᠨᠴᠢ ᠢᠲᠡᠭᠡᠮᠵᠢᠲᠡᠢ ᠪᠠᠶᠢᠵᠤ᠂ ᠪᠤᠰᠤᠳ ᠢ ᠳᠤᠷᠠᠲᠠᠶ᠎ᠠ ᠬᠠᠪᠰᠤᠷᠴᠤ᠂ ᠪᠢᠳᠡᠨ ᠳᠤ ᠰᠠᠶᠢᠨ ᠰᠠᠶᠢᠬᠠᠨ ᠲᠦᠷᠢ ᠲᠥᠷᠬᠦ ᠶᠢᠨ ᠳᠠᠭᠤᠷᠢᠶᠠᠯ ᠢ ᠪᠤᠢ ᠪᠣᠯᠭᠠᠵᠠᠢ︾ ᠭᠡᠵᠦ ᠮᠠᠷᠲᠠᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠠᠵᠢᠯᠳᠠᠨ ᠶᠠᠨ ᠢᠦᠢ ᠬᠡᠯᠡᠪᠡ᠃     ᠸᠠᠩ  ᠹᠧᠩ ᠢᠮᠠᠭᠲᠠ ︽ᠦᠨᠡᠨᠴᠢ ᠢᠲᠡᠭᠡᠮᠵᠢᠲᠡᠶ ᠪᠠᠶᠢᠬᠤ ᠶᠢ ᠰᠤᠷᠴᠤ᠂ ᠦᠨᠡᠨᠴᠢ ᠢᠲᠡᠭᠡᠮᠵᠢᠲᠡᠶ ᠪᠠᠶᠢᠬᠤ ᠶᠢ ᠪᠡᠶᠡᠯᠡᠭᠦᠯᠬᠦ︾ ᠪᠠᠷ  ᠤᠶᠢᠯᠡ ᠠᠵᠢᠯᠯᠠᠭᠠᠨ ᠤ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂  ᠤᠶᠢᠯᠡᠳᠭᠦᠨ ᠤ ᠶᠠᠰᠤ ᠴᠢᠨᠠᠷ ᠪᠣᠯ ᠠᠵᠤ ᠠᠬᠤᠶᠢᠯᠠᠯ ᠤᠨ ᠥᠷᠢᠰᠥᠯᠳᠦᠭᠡᠨ ᠤ ᠭᠤᠤᠯᠳᠠᠯᠭ᠎ᠠ ᠮᠥᠨ᠂ ᠦᠨᠡᠨᠴᠢ ᠢᠲᠡᠭᠡᠮᠵᠢᠲᠡᠶ ᠪᠠᠶᠢᠬᠤ ᠪᠣᠯ ᠠᠵᠤ ᠠᠬᠤᠶᠢᠯᠠᠯ ᠤᠨ ᠠᠯᠤᠰ ᠬᠡᠲᠦ ᠶᠢᠨ ᠬᠥᠭᠵᠢᠯᠲᠡ ᠶᠢᠨ ᠰᠠᠭᠤᠷᠢ ᠮᠥᠨ ᠭᠡᠳᠡᠭ ᠢ ᠪᠠᠷᠢᠮᠲᠠᠯᠠᠨ᠂ ᠠᠵᠢᠯᠲᠠᠨ ᠢᠶᠠᠨ ᠳᠠᠭᠠᠭᠤᠯᠤᠨ ᠶᠠᠰᠤ ᠴᠢᠨᠠᠷ ᠤᠨ ᠦᠨᠡᠨᠴᠢ ᠢᠲᠡᠭᠡᠮᠵᠢᠲᠡᠶ ᠪᠠᠶᠢᠬᠤ ᠶᠢ ᠪᠠᠷᠢᠮᠲᠠᠯᠠᠭᠰᠠᠭᠠᠷ ᠢᠷᠡᠵᠡᠶ᠃ ᠡᠵᠡᠩᠨᠡᠯᠲᠡ ᠶᠢᠨ ᠶᠠᠪᠤᠴᠠ ᠳᠤ᠂ ᠵᠣᠴᠢᠨ ᠡᠷᠦᠬᠡ ᠳᠤ ᠠᠮᠠᠯᠳᠠᠭᠰᠠᠨ ᠠᠮᠠᠯᠠᠯᠲᠠ ᠪᠠᠨ ᠶᠠᠭᠠᠬᠢᠭᠰᠠᠨ ᠴᠤ ᠦᠭᠡ ᠪᠠᠨ ᠮᠡᠯᠵᠢᠬᠦ ᠦᠭᠡᠶ᠂ ᠬᠦᠴᠢᠷᠳᠡᠯ ᠪᠠ ᠠᠰᠠᠭᠤᠳᠠᠯ ᠤᠨ ᠲᠠᠯ᠎ᠠ ᠪᠠᠷ᠂ ᠥᠪᠡᠷ ᠢᠶᠠᠨ ᠢᠯᠡᠭᠦᠬᠡᠨ ᠬᠦᠴᠦ ᠭᠠᠷᠭᠠᠵᠤ᠂ ᠥᠪᠡᠷ ᠢᠶᠠᠨ ᠬᠤᠬᠢᠷᠠᠯ ᠠᠮᠰᠠᠬᠤ ᠠᠴᠠ ᠪᠢᠰᠢ᠂ ᠵᠣᠴᠢᠨ ᠡᠷᠦᠬᠡ ᠳᠤ ᠶᠠᠭᠠᠬᠢᠭᠰᠠᠨ ᠴᠤ ᠬᠤᠬᠢᠷᠠᠯ ᠤᠴᠠᠷᠠᠭᠤᠯᠬᠤ ᠥᠬᠡᠶ ᠪᠠᠶᠢᠵᠤ᠂ ᠠᠵᠢᠯ ᠲᠥᠷᠥᠯ ᠤᠨ ᠳᠣᠲᠣᠷᠠᠬᠢ ᠠᠵᠢᠯ ᠨᠢᠭᠡᠲᠡᠨ ᠪᠠ ᠵᠣᠴᠢᠨ ᠡᠷᠦᠬᠡ ᠶᠢᠨ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠂ ᠲᠡᠭᠦᠨ ᠤ ᠡᠶᠢᠮᠦᠷᠬᠦ ᠦᠨᠡᠨᠴᠢ ᠢᠲᠡᠭᠡᠮᠵᠢᠲᠡᠶ ᠣᠪᠣᠷ ᠰᠤᠷᠲᠠᠯ ᠨᠢ ᠪᠠᠰᠠ ᠠᠵᠤ ᠠᠬᠤᠶᠢᠯᠠᠯ ᠤᠨ ᠰᠢᠯᠢᠳᠡᠭ ᠨᠠᠷᠠᠲᠤ ᠲᠡᠮᠳᠡᠭ ᠤᠨ ᠳᠦᠷᠢ ᠲᠥᠷᠬᠦ ᠶᠢ ᠪᠣᠶ ᠪᠣᠯᠭᠠᠵᠤ᠂ ᠯᠢᠶᠠᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠯᠢᠶᠠᠩᠴᠧᠩ ᠰᠢᠶᠠᠨ ᠤ ᠬᠡᠷᠡᠭᠯᠡᠭᠴᠢᠳ ᠤᠨ ᠨᠡᠶᠢᠭᠡᠮᠯᠢᠭ ᠲᠤ ︽ᠯᠢᠶᠠᠩᠴᠧᠩ ᠰᠢᠶᠠᠨ ᠤ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠨᠢᠭᠡᠴᠡ︾ ᠪᠠᠷ ᠦᠨᠡᠯᠡᠭᠳᠡᠵᠡᠶ᠃    ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ᠂ ᠲᠡᠷᠡ ᠠᠵᠤ ᠠᠬᠤᠶᠢᠯᠠᠯ ᠤᠨ ᠠᠵᠢᠯᠲᠠᠳ ᠢᠶᠠᠨ ᠳᠠᠭᠠᠭᠤᠯᠤᠨ ᠡᠷᠬᠢᠨ ᠲᠣᠭᠤᠷᠢᠨ ᠤ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠨᠥᠯᠥᠭᠡᠯᠡᠯ ᠳᠣᠣᠷ᠎ᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠯᠢᠶᠠᠩᠴᠧᠩ ᠰᠢᠶᠠᠨ ᠤ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠵᠦ᠂ ᠠᠵᠤ ᠠᠬᠤᠶᠢᠯᠠᠯ ᠢ ᠳᠠᠭᠠᠭᠤᠯᠤᠨ ︽ᠨᠢᠭᠡᠳᠦᠭᠡᠷ ᠹᠷᠣᠨᠲ ᠤᠨ ᠠᠵᠢᠯᠲᠠᠳ ᠲᠤ ᠬᠦᠨᠳᠦᠳᠬᠡᠯ ᠳᠡᠪᠰᠢᠭᠦᠯᠬᠦ︾ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠡᠢ᠃    ᠦᠨᠡᠨᠴᠢ ᠢᠲᠡᠭᠡᠮᠵᠢᠲᠡᠶ ᠪᠠᠶᠢᠬᠤ ᠪᠣᠯ ᠬᠥᠮᠦᠨ ᠤ ᠰᠠᠭᠤᠷᠢ ᠮᠥᠨ᠂ ᠠᠮᠵᠢᠯᠲᠠ ᠳᠤ ᠬᠦᠷᠬᠦ ᠶᠢᠨ ᠡᠬᠢᠯᠡᠯᠲᠡ ᠮᠥᠨ᠃ ᠦᠨᠡᠨᠴᠢ ᠢᠲᠡᠭᠡᠮᠵᠢᠲᠡᠢ ᠶᠣᠰᠣ ᠰᠤᠷᠲᠠᠬᠤᠨ ᠤ ᠵᠢᠱᠢᠶᠡᠴᠢ ᠪᠣᠯᠤᠭᠰᠠᠨ ᠤ ᠬᠤᠪᠢ ᠳᠤ᠂ ᠸᠠᠩ ᠹᠧᠩ ᠮᠠᠨ ᠤ ᠰᠢᠶᠠᠨ ᠤ ᠬᠥᠭᠵᠢᠯᠲᠡ ᠶᠢᠨ ᠭᠤᠣᠯ ᠬᠦᠭ ᠠᠶᠠᠰ ᠢ ᠦᠷᠭᠦᠯᠵᠢᠯᠡᠨ ᠬᠡᠬᠦᠳᠡᠭ ᠳᠦᠭᠦᠷᠡᠩ ᠡᠷᠡᠰ ᠪᠠᠲᠤ ᠪᠠᠷ ᠴᠤᠤᠷᠢᠶᠠᠲᠤᠭᠤᠯᠵᠤ᠂ ᠲᠥᠪ ᠰᠤᠷᠲᠠᠯ ᠤᠨ ᠳᠠᠭᠤᠤ ᠶᠢ ᠥᠨᠳᠥᠷ ᠮᠠᠨᠳᠤᠭᠤᠯᠤᠨ᠎ᠠ᠃ ︽ᠦᠢᠯᠡᠳᠬᠦᠨ ᠤ ᠶᠠᠰᠤ ᠴᠢᠨᠠᠷ ᠪᠣᠯ ᠠᠵᠤ ᠠᠬᠤᠶᠢᠯᠠᠯ ᠤᠨ ᠥᠷᠢᠰᠥᠯᠳᠦᠭᠡᠨ ᠤ ᠭᠤᠣᠯᠳᠠᠯᠭ᠎ᠠ᠂ ᠦᠨᠡᠨᠴᠢ ᠢᠲᠡᠭᠡᠮᠵᠢ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠰᠠᠭᠤᠷᠢ ᠪᠣᠯᠤᠨ᠎ᠠ᠂ ᠳᠠᠷᠠᠭᠠᠴᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠠᠵᠢᠯ ᠳᠤᠮᠳᠠ᠂ ᠪᠢ ᠦᠷᠭᠦᠯᠵᠢᠯᠡᠨ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠬᠦ ᠠᠵᠢᠯᠲᠠᠳ ᠢᠶᠠᠨ ᠳᠠᠭᠠᠭᠤᠯᠤᠨ ᠶᠠᠰᠤ ᠴᠢᠨᠠᠷ ᠤᠨ ᠦᠨᠡᠨᠴᠢ ᠢᠲᠡᠭᠡᠮᠵᠢ ᠲᠠᠢ ᠪᠠᠶᠢᠬᠤ ᠶᠢ ᠪᠡᠶᠡᠯᠡᠭᠦᠯᠵᠦ᠂ ᠬᠡᠷᠡᠭᠯᠡᠭᠴᠢᠳ ᠲᠤ ᠰᠠᠨᠠᠭ᠎ᠠ ᠠᠮᠤᠷ᠂ ᠲᠠᠭᠠᠯᠠᠮᠵᠢᠲᠠᠢ᠂ ᠰᠠᠨᠠᠭ᠎ᠠ ᠠᠮᠤᠷ ᠳᠦᠷᠢ ᠪᠠᠨ ᠮᠠᠷᠲᠠᠬᠤ ᠢᠳᠡᠭᠡᠨ ᠬᠠᠩᠭᠠᠨ᠎ᠠ︾ ᠭᠡᠵᠦ ᠸᠠᠩ ᠹᠧᠩ ᠢᠯᠡᠳᠬᠡᠪᠡ᠃                                                      ᠨᠠᠶᠢᠷᠠᠭᠤᠯᠤᠭᠴᠢ  ᠄ ᠭᠦᠸᠧ ᠬᠤᠩ ᠰᠢᠶᠠ                                                                         ᠸᠠᠩ ᠹᠧᠢ                                                      ᠤᠷᠴᠢᠭᠤᠯᠤᠭᠴᠢ᠄ ᠼᠦᠢ ᠴᠢᠩ
 
ᠢᠷᠡᠯᠲᠡ᠄ ᠠᠭᠤᠯᠠ ᠤᠰᠤᠨ ᠯᠢᠶᠠᠩᠴᠧᠩ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2