ᠵᠧᠩ ᠳ᠋ᠦᠩ ᠫᠢᠩ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠦᠷᠦᠯ ᠵᠦᠢᠯ ᠤᠨ ᠭᠠᠵᠠᠷ ᠰᠣᠩᠭᠤᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/6/22
   6 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠼᠤᠤ ᠨᠢᠶᠠᠨ  ᠮᠠᠨᠵᠤ ᠦᠨᠳᠦᠰᠦᠲᠡᠨ ᠤ ᠰᠢᠶᠠᠩ ᠤᠨ ᠠᠷᠪᠠ ᠶᠢᠰᠦᠳᠦᠭᠡᠷ ᠲᠣᠰᠬᠤᠨ ᠳᠤ ᠭᠦᠨᠵᠡᠭᠡᠶᠢᠷᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠥᠷᠥᠯ ᠵᠦᠢᠯ ᠤᠨ ᠭᠠᠵᠠᠷ ᠰᠣᠩᠭᠤᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ‍ᠤᠤᠢ ᠵᠢᠶᠠᠨ ᠹᠧᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃  
      ᠵᠧᠩ ᠳ᠋ᠦᠩ ᠫᠢᠩ ᠲᠡᠵᠢᠭᠡᠨ ᠦᠷᠡᠵᠢᠭᠦᠯᠬᠦ ᠲᠠᠯᠠᠪᠠᠢ ᠶᠢᠨ ᠰᠣᠩᠭᠤᠬᠤ ᠪᠠᠷ ᠪᠠᠶᠢᠭ᠎ᠠ ᠭᠠᠵᠠᠷ ᠤᠨ ᠡᠷᠬᠢᠨ ᠲᠣᠭᠤᠷᠢᠨ ᠤ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠡᠯᠡ ᠮᠥᠩᠭᠦ ᠶᠢᠨ ᠢᠷᠡᠯᠳᠡ᠂ ᠲᠡᠵᠢᠭᠡᠨ ᠦᠷᠡᠵᠢᠭᠦᠯᠬᠦ  ᠬᠡᠪᠴᠢᠶ᠎ᠡ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠨᠠᠷᠢᠨ ᠠᠰᠠᠭᠤᠨ ᠯᠠᠪᠯᠠᠵᠤ᠂ ᠭᠠᠵᠠᠷ ᠰᠢᠷᠣᠢ ᠶᠢᠨ ᠰᠢᠨᠵᠢ ᠴᠢᠨᠠᠷ᠂ ᠡᠷᠬᠢᠨ ᠲᠣᠭᠤᠷᠢᠨ ᠤ ᠣᠷᠴᠢᠨ ᠲᠣᠭᠤᠷᠢᠨ᠂ ᠵᠠᠮ ᠬᠠᠷᠢᠯᠴᠠᠭᠠᠨ ᠤ ᠣᠷᠴᠢᠨ ᠲᠣᠭᠤᠷᠢᠨ ᠤ ᠬᠠᠮᠠᠭᠠᠯᠠᠯᠲᠠ᠂ ᠢᠵᠢ ᠪᠦᠷᠢᠳᠦᠭᠰᠡᠨ ᠲᠥᠬᠦᠭᠡᠷᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠵᠧᠩ ᠳ᠋ᠦᠩ ᠫᠢᠩ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠢ ᠵᠣᠬᠢᠰᠲᠠᠢ ᠪᠠᠶᠢᠷᠢᠰᠢᠭᠤᠯᠵᠤ᠂ ᠭᠠᠵᠠᠷ ᠰᠣᠩᠭᠤᠬᠤ ᠵᠢᠷᠤᠭ ᠲᠥᠯᠥᠪᠯᠡᠭᠡ ᠶᠢᠨ ᠲᠥᠰᠦᠯ ᠢ ᠪᠣᠳᠠᠲᠠᠢ ᠨᠠᠷᠢᠯᠢᠭ ᠬᠢᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠪᠣᠯᠤᠨ ᠬᠠᠮᠢᠶ᠎ᠠ ᠪᠦᠬᠦᠢ ᠨᠢᠭᠡᠴᠡ᠂ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠤᠨ ᠬᠢᠨ ᠵᠣᠬᠢᠴᠠᠭᠤᠯᠭ᠎ᠠ ᠤᠯᠤᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠠᠵᠢᠯ ᠢ ᠲᠦᠷᠭᠡᠨ ᠰᠠᠶᠢᠲᠤᠷ ᠬᠢᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ ᠪᠠᠷᠢᠯᠭ᠎ᠠ ᠡᠬᠢᠯᠡᠭᠦᠯᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ  ᠭᠡᠪᠡ᠃    ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠪᠣᠯᠤᠨ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                  ᠨᠠᠶᠢᠷᠠᠭᠤᠯᠤᠭᠴᠢ᠄  ᠯᠢ ᠬᠤᠩ ᠢᠦᠢ                                                    ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2