ᠮᠠᠨ ᠤ ᠰᠢᠶᠠᠨ ︽6 · 26︾ ᠤ ᠤᠯᠠᠨ ᠤᠯᠤᠰ ᠤᠨ ᠬᠤᠣᠷ ᠴᠠᠭᠠᠵᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2022/6/26
    6 ᠰᠠᠷ᠎ᠠ ᠶᠢᠨ 26 ᠤ ᠡᠳᠦᠷ ᠮᠠᠨ ᠤ ᠰᠢᠶᠠᠨ ᠳᠠᠶᠢᠬ᠎ᠠ ᠲᠠᠯᠠᠪᠠᠶ ᠳᠤ ︽6.26︾ ᠤ ᠣᠯᠠᠨ ᠤᠯᠤᠰ ᠤᠨ ᠬᠤᠣᠷ ᠴᠠᠭᠠᠵᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠠᠪᠤᠭᠤᠯᠵᠤ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠬᠤᠣᠷ ᠴᠠᠭᠠᠵᠠᠯᠠᠬᠤ ᠺᠣᠮᠢᠰ ᠤᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠤ ᠳᠠᠷᠤᠭ᠎ᠠ ᠶᠠᠩ ᠾᠦᠩ ᠠᠵᠢᠯᠯᠠᠭ᠎ᠠ ᠳᠤ ᠣᠷᠣᠯᠴᠠᠪᠠ᠃  
       ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠤᠬᠠᠭᠤᠯᠭ᠎ᠠ ᠶᠢᠨ ᠰᠠᠮᠪᠠᠷ᠎ᠠ᠂ ᠬᠤᠤᠷ ᠴᠠᠭᠠᠵᠠᠯᠠᠬᠤ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ᠂ ᠨᠠᠭᠠᠬᠤ᠂ ᠬᠤᠤᠷ ᠴᠠᠭᠠᠵᠠᠯᠠᠬᠤ ᠤᠬᠠᠭᠤᠯᠭ᠎ᠠ ᠶᠢᠨ ᠷᠠᠳᠢᠣ᠋ ᠨᠡᠪᠲᠡᠷᠡᠭᠦᠯᠭᠡ ᠶᠢ ᠡᠷᠭᠢᠯᠳᠦᠭᠦᠯᠦᠨ ᠨᠡᠪᠲᠡᠷᠡᠭᠦᠯᠬᠦ ᠵᠡᠷᠭᠡ ᠤᠬᠠᠭᠤᠯᠭ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠤᠷᠲᠤ ᠡᠳ᠋ ᠤᠨ ᠬᠤᠤᠷ ᠬᠥᠨᠥᠭᠡᠯ ᠢ ᠤᠬᠠᠭᠤᠯᠵᠤ᠂ ᠣᠯᠠᠨ ᠲᠦᠮᠡᠨ ᠢ ᠤᠷᠢᠶᠠᠯᠠᠨ ᠬᠤᠤᠷᠲᠤ ᠡᠳ᠋ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠬᠡᠷᠡᠭᠲᠡᠶ᠃ ᠠᠵᠢᠯᠯᠠᠭ᠎ᠠ ᠶᠢᠨ ᠳᠤᠮᠳᠠ ᠥᠷᠭᠡᠨ ᠣᠯᠠᠨ ᠬᠤᠤᠷᠲᠤ ᠡᠳ᠋ ᠢ ᠴᠠᠭᠠᠵᠠᠯᠠᠬᠤ ᠠᠷᠠᠳ ᠤᠨ ᠴᠠᠭᠳᠠᠭ᠎ᠠ ᠣᠯᠠᠨ ᠲᠦᠮᠡᠨ ᠳᠤ ᠬᠤᠤᠷᠲᠤ ᠡᠳ᠋ ᠢ ᠴᠠᠭᠠᠵᠠᠯᠠᠬᠤ ᠮᠠᠲ᠋ᠧᠷᠢᠶᠠᠯ ᠲᠠᠷᠬᠠᠭᠠᠭᠰᠠᠨ ᠪᠥᠭᠡᠳ ᠲᠤᠬᠠᠶ ᠶᠢᠨ ᠲᠠᠯᠠᠪᠤᠷ ᠲᠤ ᠬᠤᠤᠷᠲᠤ ᠡᠳ᠋ ᠤᠨ ᠲᠤᠬᠠᠶ ᠮᠡᠳᠡᠯᠭᠡ ᠶᠢ ᠲᠠᠶᠢᠯᠪᠤᠷᠢᠯᠠᠨ ᠥᠭᠴᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠤᠤᠷᠲᠤ ᠡᠳ᠋ ᠢ ᠴᠠᠭᠠᠵᠠᠯᠠᠬᠤ ᠲᠡᠮᠡᠴᠡᠯ ᠳᠤ ᠢᠳᠡᠪᠬᠢᠲᠡᠶ ᠣᠷᠣᠯᠴᠠᠭᠤᠯᠵᠤ᠂ ᠠᠮᠢ ᠨᠠᠰᠤ ᠪᠠᠨ ᠨᠠᠨᠳᠢᠩᠨᠠᠨ᠂ ᠬᠤᠤᠷᠲᠤ ᠡᠳ᠋ ᠠᠴᠠ ᠬᠤᠯᠠ ᠵᠠᠶᠢᠳᠠᠭᠤᠯᠵᠤ᠂ ᠲᠤᠬᠠᠶ ᠶᠢᠨ ᠲᠠᠯᠠᠪᠤᠷ ᠲᠤ ᠨᠡᠶᠢᠲᠡ 1000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠪᠥᠬᠦ ᠲᠠᠯ᠎ᠠ ᠶᠢᠨ᠂ ᠣᠯᠠᠨ ᠲᠠᠯ᠎ᠠ ᠶᠢᠨ᠂ ᠣᠯᠠᠨ ᠲᠠᠯ᠎ᠠ ᠶᠢᠨ᠂ ᠥᠨᠳᠥᠷ ᠳᠠᠪᠲᠠᠮᠵᠢ ᠲᠠᠢ᠂ ᠥᠷᠭᠡᠨ ᠪᠦᠷᠬᠦᠴᠡ ᠲᠠᠢ ᠰᠦᠷ ᠬᠦᠴᠦᠨ ᠢ ᠪᠣᠶ ᠪᠣᠯᠭᠠᠵᠤ᠂ ᠪᠥᠬᠦ ᠠᠷᠠᠳ ᠤᠨ ᠬᠤᠤᠷᠲᠤ ᠡᠳ᠋ ᠢ ᠴᠠᠭᠠᠵᠠᠯᠠᠬᠤ ᠠᠭᠤᠷ ᠠᠮᠢᠰᠬᠤᠯ ᠢ ᠪᠣᠶ ᠪᠣᠯᠭᠠᠪᠠ᠃ ᠬᠤᠩ ᠮᠤᠤ ᠪᠠᠯᠭᠠᠰᠤᠨ ᠤ ᠰᠠᠭᠤᠭᠠᠯᠢ ᠠᠷᠠᠳ ᠨᠢᠶᠤ ᠸᠧᠶ ᠬᠡᠯᠡᠬᠦ ᠳᠡᠭᠡᠨ᠄ ︽ᠥᠨᠥᠳᠦᠷ ᠤᠨ 6.26 ᠤ ᠣᠯᠠᠨ ᠤᠯᠤᠰ ᠤᠨ ᠬᠤᠤᠷ ᠴᠠᠭᠠᠵᠠᠯᠠᠬᠤ ᠡᠳᠦᠷ ᠤᠨ ᠤᠬᠠᠭᠤᠯᠭ᠎ᠠ ᠪᠠᠷ ᠳᠡᠮᠵᠢᠨ᠂ ᠪᠢᠳᠡ ᠬᠤᠤᠷᠲᠤ ᠡᠳ᠋ ᠤᠨ ᠬᠤᠤᠷ ᠬᠥᠨᠥᠭᠡᠯ᠂ ᠬᠡᠷ ᠪᠦᠯᠢ ᠳᠤ ᠤᠴᠠᠷᠠᠭᠤᠯᠬᠤ ᠬᠤᠤᠷ ᠬᠥᠨᠥᠭᠡᠯ ᠢ ᠲᠠᠨᠢᠵᠤ ᠣᠯᠵᠠᠶ᠂ ᠬᠤᠶᠢᠰᠢᠳᠠ ᠪᠢᠳᠡ ᠪᠦᠭᠦᠳᠡᠭᠡᠷ ᠬᠤᠤᠷᠲᠤ ᠡᠳ᠋ ᠢ ᠡᠷᠡᠰ ᠠᠷᠢᠯᠭᠠᠬᠤ ᠶᠢ ᠬᠦᠰᠡᠵᠦ ᠪᠠᠶᠢᠨ᠎ᠠ︾ ᠭᠡᠵᠡᠶ᠃    
    ᠡᠭᠦᠨ ᠤ ᠬᠠᠮᠲᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠪᠦᠬᠦ ᠰᠢᠶᠠᠨ ᠤ ᠠᠷᠠᠳ ᠲᠦᠮᠡᠨ ᠳᠤ ᠰᠠᠨᠠᠭᠠᠴᠢᠯᠠᠭ᠎ᠠ ᠭᠠᠷᠭᠠᠵᠤ᠂ ᠬᠤᠣᠷ ᠢ ᠴᠢᠳᠠᠮᠠᠭᠠᠶ ᠪᠠᠷ ᠲᠠᠨᠢᠵᠤ᠂ ᠬᠤᠣᠷ ᠠᠴᠠ ᠵᠠᠶᠢᠯᠠᠵᠤ᠂ ᠬᠠᠮᠲᠤ ᠪᠠᠷ ᠬᠤᠣᠷ ᠢ ᠴᠠᠭᠠᠵᠠᠯᠠᠬᠤ ᠬᠡᠷᠡᠭᠲᠡᠶ᠃ ᠨᠢᠭᠡ ᠳᠤ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠪᠡᠶ᠎ᠡ ᠪᠠᠨ ᠠᠷᠢᠭᠤᠳᠬᠠᠨ ᠥᠪᠡᠷ ᠢ ᠪᠠᠨ ᠬᠠᠶᠢᠷᠠᠯᠠᠵᠤ᠂ ᠠᠮᠢ ᠨᠠᠰᠤ ᠪᠠᠨ ᠨᠠᠨᠳᠢᠩᠨᠠᠵᠤ᠂ ᠬᠤᠣᠷᠲᠤ ᠡᠳ᠋ ᠤᠨ ᠥᠳᠥᠭᠡᠯᠭᠡ ᠶᠢ ᠡᠷᠡᠰ ᠲᠡᠪᠴᠢᠵᠦ᠂ ᠬᠤᠣᠷ ᠲᠠᠲᠠᠬᠤ ᠦᠭᠡᠢ᠂ ᠬᠤᠣᠷ ᠫᠠᠨᠽᠠᠯᠠᠬᠤ᠂ ᠬᠤᠣᠷ ᠲᠠᠷᠢᠬᠤ᠂ ᠬᠤᠣᠷ ᠦᠢᠯᠡᠳᠬᠦ ᠦᠭᠡᠢ ᠪᠠᠶᠢᠬᠤ ᠬᠡᠷᠡᠭᠲᠡᠶ᠃ ᠬᠤᠶᠠᠷ ᠲᠤ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠰᠢᠨᠵᠢᠯᠡᠬᠦ ᠤᠬᠠᠭᠠᠨ ᠢ ᠡᠷᠬᠢᠮᠯᠡᠨ᠂ ᠵᠥᠪ ᠣᠨᠣᠪᠴᠢᠲᠠᠶ ᠠᠮᠢᠳᠤᠷᠠᠬᠤᠶ ᠶᠢᠨ ᠦᠵᠡᠯᠲᠡ᠂ ᠶᠢᠷᠲᠢᠨᠴᠦ ᠶᠢᠨ ᠦᠵᠡᠯᠲᠡ ᠪᠠ ᠥᠷᠲᠡᠭ ᠤᠨ ᠦᠵᠡᠯᠲᠡ ᠶᠢ ᠪᠣᠶ ᠪᠣᠯᠭᠠᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠨ᠂ ᠬᠤᠤᠷᠲᠤ ᠡᠳ᠋ ᠤᠨ ᠬᠠᠯᠳᠠᠯᠭ᠎ᠠ ᠶᠢ ᠡᠰᠡᠷᠭᠦᠴᠡᠬᠦ ᠪᠠᠲᠤ ᠪᠠᠬᠢ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠣᠶ ᠪᠣᠯᠭᠠᠬᠤ ᠬᠡᠷᠡᠭᠲᠡᠶ᠃ ᠭᠤᠷᠪᠠ ᠳᠤ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠰᠠᠨᠠᠭᠠᠴᠢᠯᠠᠭ᠎ᠠ ᠠᠴᠠ ᠪᠠᠨ ᠲᠥᠷᠥᠯ ᠰᠠᠳᠤᠨ ᠨᠠᠶᠢᠵᠠ ᠨᠥᠬᠦᠳ ᠲᠡᠭᠡᠨ ᠬᠤᠤᠷᠲᠤ ᠡᠳ᠋ ᠢ ᠴᠠᠭᠠᠵᠠᠯᠠᠬᠤ ᠮᠡᠳᠡᠯᠭᠡ ᠶᠢ ᠤᠬᠠᠭᠤᠯᠵᠤ᠂ ᠬᠤᠤᠷᠲᠤ ᠡᠳ᠋ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠤᠶᠤ ᠰᠦᠪᠡᠭᠴᠢ ᠶᠢ ᠢᠯᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠶ ᠳᠤᠨᠢ ᠢᠯᠡᠴᠢᠯᠡᠨ ᠮᠡᠳᠡᠭᠦᠯᠵᠦ᠂ ᠬᠤᠤᠷᠲᠤ ᠡᠳ᠋ ᠢ ᠴᠠᠭᠠᠵᠠᠯᠠᠬᠤ ᠲᠡᠮᠡᠴᠡᠯ ᠳᠤ ᠢᠳᠡᠪᠬᠢᠲᠡᠶ ᠣᠷᠣᠯᠴᠠᠬᠤ ᠬᠡᠷᠡᠭᠲᠡᠶ᠃  ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ ᠸᠠᠩ ᠵᠢᠶᠠᠨ ᠫᠢᠩ ᠬᠡᠯᠡᠬᠦ ᠳᠡᠭᠡᠨ᠄ ︽ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠣᠷᠲᠤ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠦᠬᠦ ᠰᠢᠶᠠᠨ ᠤ ᠠᠵᠤ ᠠᠬᠤᠶ ᠶᠢᠨ ᠬᠥᠭᠵᠢᠯᠲᠡ ᠪᠣᠯᠤᠨ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠳᠤ ᠨᠡᠶᠢᠭᠡᠮ ᠤᠨ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠣᠯᠭᠠᠵᠤ ᠥᠭᠭᠦᠨ᠎ᠡ︾ ᠭᠡᠵᠡᠶ᠃
   ᠡᠯ᠎ᠡ ᠰᠢᠶᠠᠩ ᠪᠠᠯᠭᠠᠰᠤ᠂ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠵᠢᠴᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠤᠷ ᠴᠠᠭᠠᠵᠠᠯᠠᠬᠤ ᠶᠡᠭᠡ ᠠᠩᠭᠢ ᠶᠢᠨ ᠪᠥᠬᠦ ᠠᠵᠢᠯᠲᠠᠨ ᠠᠵᠢᠯᠯᠠᠭ᠎ᠠ ᠳᠤ ᠣᠷᠣᠯᠴᠠᠵᠠᠶ᠃                                     ᠨᠠᠶᠢᠷᠠᠭᠤᠯᠤᠭᠴᠢ᠄  ᠯᠢ ᠬᠤᠩ ᠢᠦᠢ                                       ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2