ᠠᠵᠢᠯ ᠦᠢᠯᠡᠰ ᠢᠶᠠᠨ ᠳᠡᠭᠡᠳᠦᠯᠡᠵᠦ ᠶᠠᠪᠤᠭ᠎ᠠ ᠵᠠᠩ ᠬᠤᠢ ᠵᠢᠤᠸᠠᠨ ᠤ ᠲᠤᠬᠠᠢ
ᠨᠡᠶᠢᠲᠡᠯᠡᠭᠰᠡᠨ ᠴᠠᠭ᠄
2022/6/26
  ᠵᠠᠩ ᠬᠤᠢ ᠵᠢᠤᠸᠠᠨ᠂ ᠡᠮᠡᠭᠲᠡᠶ᠂ ᠮᠠᠨᠵᠤ ᠦᠨᠳᠦᠰᠦᠲᠡᠨ᠂ 1984 ᠣᠨ ᠳᠤ ᠲᠦᠷᠦᠵᠡᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠯᠢᠶᠠᠩᠴᠧᠩ ᠰᠢᠶᠠᠨ ᠤ ᠨᠢᠭᠡᠳᠦᠭᠡᠷ ᠬᠡᠦᠬᠡᠳ ᠤᠨ ᠴᠡᠴᠡᠷᠯᠢᠭ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃
            2004 ᠣᠨ ᠳᠤ ᠠᠵᠢᠯ ᠳᠤ ᠤᠷᠤᠭᠰᠠᠨ ᠠᠴᠠ ᠨᠠᠭᠠᠰᠢ᠂ ᠵᠠᠩ ᠬᠤᠢ ᠵᠢᠤᠸᠠᠨ ᠬᠡᠦᠬᠡᠳ ᠤᠨ ᠰᠤᠷᠭᠠᠨ ᠬᠥᠮᠦᠵᠢᠯ ᠤᠨ ᠨᠢᠭᠡᠳᠦᠭᠡᠷ ᠹᠷᠣᠨᠲ ᠲᠤ ᠠᠷᠪᠠᠨ ᠬᠡᠳᠦᠨ ᠵᠢᠯ ᠠᠵᠢᠯᠯᠠᠭᠠᠳ ᠢᠮᠠᠭᠲᠠ ᠬᠠᠶᠢᠷ᠎ᠠ ᠶᠢᠨ ᠨᠡᠷᠡᠨ ᠤ ᠭᠡᠷᠡᠯ ᠢ ᠰᠤᠷᠭᠠᠨ ᠬᠥᠮᠦᠵᠢᠯ ᠤᠨ ᠦᠢᠯᠡᠰ ᠲᠤ ᠠᠰᠬᠠᠵᠤ᠂ ᠲᠦᠭᠡᠮᠡᠯ ᠬᠠᠶᠢᠷ᠎ᠠ ᠶᠢᠨ ᠰᠡᠳᠬᠢᠯ ᠢᠶᠠᠷ ᠰᠤᠷᠤᠭᠴᠢᠳ ᠢᠶᠠᠨ ᠤᠮᠳᠠᠯᠠᠵᠤ ᠪᠠᠶᠢᠪᠠ᠃ ᠲᠡᠷᠡ ᠠᠵᠢᠯ ᠦᠢᠯᠡᠰ ᠢᠶᠠᠨ ᠳᠡᠭᠡᠳᠦᠯᠡᠵᠦ᠂ ᠭᠤᠶᠠᠴᠢ ᠦᠭᠡᠢ ᠵᠢᠳᠬᠦᠵᠦ᠂ ᠪᠤᠰᠤᠳ ᠲᠤ ᠬᠡᠪ ᠳᠠᠭᠤᠷᠢᠶᠠᠯ ᠪᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠳᠡᠭ᠃ ᠡᠩ ᠤᠨ ᠦᠶ᠎ᠡ ᠶᠢᠨ ᠠᠵᠢᠯ ᠠᠮᠢᠳᠤᠷᠠᠯ ᠳᠤ ᠬᠡᠳᠦ᠋ᠢᠪᠡᠷ ᠲᠩᠷᠢ ᠭᠠᠵᠠᠷ ᠢ ᠳᠣᠩᠰᠣᠯᠭᠠᠮ᠎ᠠ ᠠᠤᠭ᠎ᠠ ᠠᠵᠢᠯᠯᠠᠭ᠎ᠠ ᠪᠠᠶᠢᠬᠤ ᠦᠭᠡᠢ ᠪᠣᠯᠪᠠᠴᠤ᠂ ᠡᠭᠡᠯ ᠵᠢᠷ ᠤᠨ ᠪᠥᠭᠡᠳ ᠡᠷᠬᠢᠮ ᠳᠡᠭᠡᠳᠦ ᠪᠠᠭᠰᠢ ᠶᠢᠨ ᠮᠣᠷᠠᠯ ᠤᠨ ᠭᠡᠷᠡᠯ ᠢᠶᠠᠷ ᠬᠡᠦᠬᠡᠳ ᠤᠨ ᠠᠷᠢᠭᠤᠨ ᠴᠡᠪᠡᠷ ᠤᠶᠤᠨ ᠰᠠᠨᠠᠭᠠᠨ ᠳᠤ ᠤᠷᠤᠭᠰᠢᠯᠠᠯᠲᠠ ᠶᠢᠨ ᠵᠠᠮ ᠢ ᠬᠡᠷᠡᠯᠳᠤᠬᠦᠯᠵᠤ ᠥᠭᠲᠡᠭ᠃ 2019 ᠣᠨ ᠳᠤ ᠨᠢᠭᠡᠳᠦᠭᠡᠷ ᠬᠡᠦᠬᠡᠳ ᠤᠨ ᠴᠡᠴᠡᠷᠯᠢᠭ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠭᠰᠠᠨ ᠤ ᠲᠠᠷᠠᠭ᠎ᠠ᠂ ᠬᠠᠬᠢᠷ ᠬᠦᠢᠳᠡᠨ ᠴᠦ ᠲᠡᠷᠡ᠂ ᠠᠭᠠᠭᠢᠮ᠎ᠠ ᠬᠠᠯᠠᠭᠤᠨ ᠴᠤ ᠲᠡᠷᠡ᠂ ᠰᠠᠯᠬᠢ ᠪᠣᠷᠣᠭᠠᠨ ᠴᠤ ᠲᠡᠷᠡ᠂ ᠰᠠᠯᠬᠢ ᠪᠣᠷᠣᠭᠠᠨ ᠳᠤ ᠴᠤ ᠲᠡᠷᠡ᠂ ᠲᠡᠷᠡ ᠢᠮᠠᠭᠲᠠ ᠬᠡᠦᠬᠡᠳ ᠤᠨ ᠴᠡᠴᠡᠷᠯᠢᠭ ᠤᠨ ᠡᠭᠦᠳᠡᠨ ᠳᠤ ᠬᠡᠦᠬᠡᠳ ᠤᠳ ᠤᠨ ᠬᠦᠷᠴᠦ ᠢᠷᠡᠬᠦ ᠶᠢ ᠵᠢᠯ ᠵᠢᠯ ᠢᠶᠠᠷ ᠤᠭᠲᠤᠵᠤ᠂ ᠬᠡᠦᠬᠡᠳ ᠤᠨ ᠴᠡᠴᠡᠷᠯᠢᠭ ᠲᠠᠬᠢ ᠡᠳᠦᠷ ᠲᠤᠳᠤᠮ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠡᠬᠢᠯᠡᠭᠦᠯᠵᠦ᠂ ᠥᠪᠡᠷ ᠤᠨ ᠨᠢᠭᠡ ᠡᠳᠦᠷ ᠤᠨ ᠶᠠᠭᠠᠷᠠᠯᠲᠠᠢ ᠠᠵᠢᠯ ᠢᠶᠠᠨ ᠡᠬᠢᠯᠡᠭᠦᠯᠵᠡᠢ᠃
     ᠬᠡᠦᠬᠡᠳ ᠤᠨ ᠪᠠᠭᠰᠢ ᠶᠢᠨ ᠰᠤᠷᠭᠠᠭᠤᠯᠢ ᠶᠢᠨ ᠠᠵᠢᠯ ᠨᠢ ᠦᠵᠡᠬᠦ ᠳᠤ ᠠᠮᠠᠷᠬᠠᠨ᠂ ᠦᠨᠡᠨ ᠳᠡᠭᠡᠨ ᠲᠦᠢᠯ ᠤᠨ ᠵᠦᠳᠡᠷᠡᠯᠲᠡᠶ ᠶᠤᠮ᠃ ᠵᠠᠩ ᠾᠦᠢ ᠵᠢᠤᠸᠠᠨ ᠤ ᠡᠳᠦᠷ ᠪᠦᠷᠢ ᠶᠢᠨ ᠠᠵᠢᠯ ᠨᠢ ᠠᠰᠠᠷᠠᠨ ᠬᠥᠮᠦᠵᠢᠭᠦᠯᠬᠦ ᠱᠠᠭᠠᠷᠳᠠᠯᠭ᠎ᠠ ᠲᠠᠢ ᠮᠥᠷᠲᠡᠭᠡᠨ ᠪᠠᠰᠠ ᠰᠤᠷᠭᠠᠨ ᠬᠥᠮᠦᠵᠢᠭᠦᠯᠬᠦ ᠬᠠᠷᠢᠭᠤᠴᠠᠯᠭ᠎ᠠ ᠲᠠᠢ ᠪᠠᠶᠢᠳᠠᠭ︔ ᠠᠵᠢᠯᠯᠠᠬᠤ ᠦᠶ᠎ᠡ ᠳᠡᠭᠡᠨ ᠡᠯ᠎ᠡ ᠠᠩᠬᠢ᠂ ᠰᠤᠷᠭᠠᠭᠤᠯᠢ ᠶᠢᠨ ᠬᠦᠷᠢᠶᠡᠨ ᠤ ᠠᠵᠢᠯᠯᠠᠭᠠᠨ ᠤ ᠭᠠᠵᠠᠷ ᠪᠣᠯᠭᠠᠨ ᠳᠤ ᠲᠣᠭᠲᠠᠭᠰᠠᠨ ᠴᠠᠭ ᠦᠭᠡᠢ ᠪᠠᠷ ᠲᠣᠭᠤᠷᠢᠨ ᠪᠠᠶᠢᠴᠠᠭᠠᠬᠤ ᠪᠠᠷ ᠪᠠᠷᠠᠬᠤ ᠦᠭᠡᠢ ᠪᠠᠰᠠ ᠬᠡᠦᠬᠡᠳ ᠤᠨ ᠴᠡᠴᠡᠷᠯᠢᠭ ᠲᠤ ᠣᠷᠣᠬᠤ ᠠᠴᠠ ᠰᠤᠷᠭᠠᠭᠤᠯᠢ ᠲᠠᠷᠬᠠᠬᠤ ᠬᠦᠷᠲᠡᠯᠡᠬᠢ ᠠᠮᠢᠳᠤᠷᠠᠯ ᠰᠤᠷᠤᠯᠴᠠᠯᠭ᠎ᠠ ᠶᠢᠨ ᠪᠠᠶᠢᠳᠠᠯ ᠢ ᠡᠳᠦᠷ ᠪᠦᠷᠢ ᠬᠠᠷᠠᠵᠤ ᠬᠠᠷᠠᠭᠠᠯᠵᠠᠬᠤ ᠬᠡᠷᠡᠭᠲᠡᠶ᠂ ᠡᠭᠦᠨ ᠳᠤ ᠤᠶᠤᠨ ᠰᠠᠨᠠᠭᠠᠨ ᠤ ᠲᠠᠯ᠎ᠠ ᠪᠠᠷ ᠴᠤ ᠲᠦᠢᠯ ᠤᠨ ᠪᠠᠴᠢᠮᠳᠠᠨ ᠰᠠᠨᠳᠤᠷᠴᠤ ᠪᠠᠶᠢᠳᠠᠭ᠃ ᠣᠯᠠᠨ ᠵᠢᠯ ᠤᠨ ᠶᠠᠳᠠᠷᠠᠯ ᠵᠦᠳᠡᠷᠡᠯ ᠠᠴᠠ ᠪᠣᠯᠵᠣ ᠪᠡᠶ᠎ᠡ ᠨᠢ ᠠᠭᠠᠵᠢᠮ ᠢᠶᠠᠷ ᠡᠪ ᠥᠬᠡᠶ ᠪᠣᠯᠵᠣ᠂ 2021 ᠣᠨ ᠤ 8 ᠰᠠᠷ᠎ᠠ ᠳᠤ᠂ ᠲᠡᠷᠡ ᠪᠦᠰᠡᠯᠡᠭᠦᠷᠲᠦ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠤᠨ ᠠᠷᠬᠠᠭ ᠡᠪᠡᠳᠴᠢᠨ ᠳᠤ ᠨᠡᠷᠪᠡᠭᠳᠡᠵᠦ᠂ ᠨᠢᠭᠤᠷ ᠤᠨ ᠮᠡᠳᠡᠷᠡᠯ ᠨᠢ ᠲᠠᠮᠪᠠᠷᠠᠵᠤ᠂ ᠬᠤᠷᠴᠠ ᠰᠢᠷᠦᠭᠦᠨ ᠡᠪᠡᠳᠦᠯᠲᠡ ᠨᠢ ᠲᠡᠭᠦᠨ ᠤ ᠡᠳᠦᠷ ᠲᠤᠲᠤᠮ ᠤᠨ ᠠᠮᠢᠳᠤᠷᠠᠯ ᠪᠠ ᠠᠵᠢᠯ ᠢ ᠰᠢᠭᠤᠳ ᠨᠥᠯᠥᠭᠡᠯᠡᠵᠡᠶ᠂ ᠡᠮᠴᠢ ᠠᠴᠠ ᠲᠡᠭᠦᠨ ᠢ ᠳᠤᠯᠠᠭᠠᠯᠠᠬᠤ ᠪᠠ ᠲᠠᠶᠢᠪᠤᠩ ᠰᠤᠪᠢᠯᠠᠬᠤ ᠴᠢᠬᠤᠯᠠᠲᠠᠶ ᠭᠡᠵᠦ ᠵᠠᠬᠢᠭᠰᠠᠨ ᠪᠣᠯᠪᠠᠴᠤ ᠡᠮᠨᠡᠯᠭᠡ ᠳᠤ ᠰᠠᠭᠤᠵᠤ ᠡᠮᠨᠡᠭᠦᠯᠬᠦ ᠪᠠ ᠬᠡᠷ ᠲᠡᠭᠡᠨ ᠰᠠᠭᠤᠵᠤ ᠡᠪᠡᠳᠴᠢᠨ ᠢᠶᠠᠨ ᠰᠤᠪᠢᠯᠠᠬᠤ ᠶᠢ ᠰᠣᠩᠭᠤᠭᠰᠠᠨ ᠥᠬᠡᠶ᠃ ᠬᠠᠷᠢᠨ ᠨᠢᠭᠡ ᠲᠠᠯ᠎ᠠ ᠪᠠᠷ ᠡᠮᠴᠢᠯᠡᠭᠦᠯᠵᠦ ᠨᠥᠭᠦᠭᠡ ᠲᠠᠯ᠎ᠠ ᠪᠠᠷ ᠥᠩᠭᠡᠷᠡᠭᠰᠡᠨ ᠲᠠᠢ ᠪᠠᠨ ᠠᠳᠠᠯᠢ ᠪᠠᠷ ᠲᠤᠬᠠᠶᠢᠯᠠᠭᠰᠠᠨ ᠠᠵᠢᠯ ᠢᠶᠠᠨ ᠰᠠᠶᠢᠨ ᠬᠢᠨ᠎ᠡ᠃ ᠡᠪᠡᠳᠴᠢᠨ ᠨᠢ ᠬᠦᠨᠳᠦ ᠦᠶ᠎ᠡ ᠳᠤ ᠶᠠᠭ ᠰᠠᠶᠢᠬᠠᠨ ᠡᠪᠦᠯ ᠤᠨ ᠡᠳᠦᠷ ᠪᠠᠶᠢᠵᠤ᠂ ᠥᠷᠯᠥᠭᠡ ᠡᠷᠲᠡ ᠥᠷ ᠴᠠᠶᠢᠬᠤ ᠲᠠᠢ ᠵᠡᠷᠭᠡ ᠲᠡᠷᠡ ᠭᠠᠭᠴᠠᠭᠠᠷ ᠢᠶᠠᠨ ᠲᠡᠷᠭᠡ ᠵᠢᠯᠣᠭᠤᠳᠤᠨ ᠬᠥᠬᠡᠬᠤᠲᠠ ᠳᠤ ᠬᠦᠷᠴᠦ ᠡᠮᠨᠡᠭᠦᠯᠪᠡ᠂ ᠦᠳᠡ ᠶᠢᠨ ᠦᠶ᠎ᠡ ᠳᠤ ᠲᠡᠷᠡ ᠪᠠᠰᠠ ᠬᠡᠦᠬᠡᠳ ᠤᠨ ᠴᠡᠴᠡᠷᠯᠢᠭ ᠲᠡᠭᠡᠨ ᠪᠤᠴᠠᠵᠤ᠂ ᠠᠵᠢᠯ ᠤᠨ ᠪᠠᠶᠢᠷᠢ ᠳᠠᠭᠠᠨ ᠢᠳᠡᠪᠬᠢᠲᠡᠢ ᠣᠷᠣᠯᠴᠠᠵᠤ᠂ ᠤᠷᠤᠢ ᠶᠢᠨ ᠦᠶ᠎ᠡ ᠳᠤ ᠮᠥᠨ ᠯᠡ ᠴᠠᠭ ᠨᠡᠮᠡᠵᠦ ᠠᠵᠢᠯᠯᠠᠭᠠᠳ ᠲᠤᠰ ᠡᠳᠦᠷ ᠤᠨ ᠬᠢᠵᠦ ᠳᠠᠭᠤᠰᠤᠭᠠᠳᠤᠢ ᠠᠵᠢᠯ ᠢᠶᠠᠨ ᠰᠠᠶᠢᠲᠤᠷ ᠬᠢᠵᠦ᠂ ᠲᠠᠷᠠᠭ᠎ᠠ ᠡᠳᠦᠷ ᠤᠨ ᠦᠳᠡ ᠶᠢᠨ ᠡᠮᠦᠨᠡᠬᠢ ᠠᠵᠢᠯ ᠢᠶᠠᠨ ᠰᠠᠶᠢᠲᠤᠷ ᠲᠤᠬᠢᠷᠠᠭᠤᠯᠪᠠ᠃ ᠬᠠᠷᠭᠢᠰ ᠬᠡᠷᠴᠡᠭᠡᠶ ᠡᠪᠡᠳᠴᠢᠨ ᠲᠡᠭᠦᠨ ᠢ ᠴᠣᠬᠢᠨ ᠤᠨᠠᠭᠠᠵᠤ ᠴᠢᠳᠠᠭᠰᠠᠨ ᠦᠭᠡᠶ᠃ ᠪᠡᠶ᠎ᠡ ᠮᠠᠬᠠᠪᠣᠳ ᠤᠨ ᠬᠢᠨᠢ ᠡᠪᠡᠳᠦᠯᠲᠡ ᠨᠢ ᠲᠡᠭᠦᠨ ᠤ ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠦᠢᠴᠡᠳᠬᠡᠬᠦ ᠶᠢ ᠨᠥᠯᠥᠭᠡᠯᠡᠭᠰᠡᠨ ᠦᠭᠡᠢ᠂ ᠬᠠᠷᠢᠨ ᠲᠡᠭᠦᠨ ᠢ ᠨᠡᠩ ᠡᠷᠡᠯᠬᠡᠭ ᠪᠠᠭᠠᠲᠤᠷᠯᠢᠭ ᠪᠥᠭᠡᠳ ᠡᠷᠡᠰ ᠰᠢᠭᠤᠷᠬᠠᠶ ᠪᠣᠯᠭᠠᠵᠤ᠂ ᠬᠢᠴᠢᠶᠡᠯ ᠲᠥᠯᠥᠪᠯᠡᠬᠦ᠂ ᠪᠠᠭᠰᠢ ᠶᠢ ᠬᠠᠪᠰᠤᠷᠤᠨ ᠬᠢᠴᠢᠶᠡᠯ ᠪᠡᠯᠡᠳᠬᠡᠬᠦ᠂ ᠡᠭᠦᠳᠡ ᠲᠦᠯᠬᠢᠨ ᠬᠢᠴᠢᠶᠡᠯ ᠰᠣᠨᠣᠰᠬᠤ᠂ ᠡᠯ᠎ᠡ ᠵᠦᠢᠯ ᠤᠨ ᠬᠥᠳᠡᠯᠭᠡᠭᠡᠨ ᠢ ᠵᠣᠬᠢᠶᠠᠨ ᠪᠠᠶᠢᠭᠤᠯᠬᠤ ᠵᠡᠷᠭᠡ ᠲᠠᠯ᠎ᠠ ᠪᠠᠷ ᠥᠨᠴᠥᠭ ᠪᠤᠯᠤᠩ ᠪᠣᠯᠭᠠᠨ ᠳᠤ ᠲᠡᠭᠦᠨ ᠤ ᠶᠠᠭᠠᠷᠠᠤ ᠰᠠᠨᠳᠤᠷᠤᠤ ᠪᠠᠶᠢᠳᠠᠯ ᠢ ᠬᠠᠷᠠᠭᠤᠯᠵᠤ᠂ ᠬᠡᠦᠬᠡᠳ ᠤᠨ ᠴᠡᠴᠡᠷᠯᠢᠭ ᠤᠨ ᠡᠯ᠎ᠡ ᠵᠦᠢᠯ ᠤᠨ ᠠᠵᠢᠯ ᠮᠥᠨ ᠯᠡ ᠡᠮᠬᠢ ᠳᠢᠭᠯᠢᠮ ᠲᠠᠢ ᠪᠠᠶᠢᠵᠤ᠂ ᠵᠠᠷᠢᠮ ᠠᠵᠢᠯ ᠨᠢ ᠨᠡᠩ ᠴᠤ ᠳᠤᠪᠤᠶᠢᠮ᠎ᠠ ᠦᠷ᠎ᠡ ᠪᠦᠲᠦᠮᠵᠢ ᠲᠠᠢ ᠪᠣᠯᠤᠭᠰᠠᠨ ᠪᠠᠶᠢᠨ᠎ᠠ ᠃ ᠡᠨᠡ ᠨᠢ ᠬᠡᠦᠬᠡᠳ ᠤᠨ ᠴᠡᠴᠡᠷᠯᠢᠭ ᠤᠨ ᠡᠯ᠎ᠡ ᠵᠦᠢᠯ ᠤᠨ ᠠᠵᠢᠯ ᠮᠥᠨ ᠯᠡ ᠡᠮᠬᠢ ᠳᠢᠭᠯᠢᠮ ᠲᠠᠢ ᠪᠠᠶᠢᠵᠤ᠂ ᠵᠠᠷᠢᠮ ᠠᠵᠢᠯ ᠨᠢ ᠨᠡᠩ ᠴᠤ ᠳᠤᠪᠤᠶᠢᠮ᠎ᠠ ᠦᠷ᠎ᠡ ᠪᠦᠲᠦᠮᠵᠢ ᠲᠠᠢ ᠪᠣᠯᠤᠭᠰᠠᠨ ᠪᠠᠶᠢᠨ᠎ᠠ᠃
      ᠠᠷᠪᠠ ᠭᠠᠷᠤᠢ ᠵᠢᠯ ᠤᠨ ᠰᠤᠷᠭᠠᠨ ᠬᠥᠮᠦᠵᠢᠯ ᠤᠨ ᠠᠮᠢᠳᠤᠷᠠᠯ ᠳᠤ᠂ ᠲᠡᠷᠡ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠤᠬ ᠰᠠᠨᠠᠭ᠎ᠠ ᠪᠠᠨ ᠪᠠᠲᠤ ᠰᠠᠬᠢᠵᠤ᠂ ᠴᠢᠩ ᠦᠨᠡᠨᠴᠢ ᠰᠡᠳᠬᠢᠯ ᠢᠶᠠᠷ ᠰᠤᠷᠭᠠᠨ ᠬᠥᠮᠦᠵᠢᠯ ᠤᠨ ᠡᠨᠡᠬᠦ ᠵᠠᠮ ᠢᠶᠠᠷ ᠡᠷᠡᠰ ᠭᠤᠶᠢᠪᠢᠰᠢ ᠦᠬᠡᠢ ᠤᠷᠤᠭᠰᠢᠯᠠᠵᠤ᠂ ᠡᠷᠡᠯᠬᠡᠭᠯᠡᠨ ᠲᠡᠮᠡᠴᠡᠵᠦ ᠪᠠᠶᠢᠯ᠎ᠠ᠃ ᠲᠡᠷᠡ ᠰᠤᠷᠭᠠᠨ ᠬᠥᠮᠦᠵᠢᠯ ᠤᠨ ᠦᠢᠯᠡᠰ ᠢ ᠲᠦᠢᠯ ᠢᠶᠠᠷ ᠬᠠᠶᠢᠷᠠᠯᠠᠵᠤ᠂ ᠰᠤᠷᠭᠠᠨ ᠬᠥᠮᠦᠵᠢᠯ ᠤᠨ ᠦᠢᠯᠡᠰ ᠢ ᠲᠦᠢᠯ ᠢᠶᠠᠷ ᠬᠦᠨᠳᠦᠳᠬᠡᠵᠦ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠪᠠᠭᠰᠢ ᠶᠢᠨ ᠢᠶᠠᠨ ᠡᠨᠡ ᠬᠦ ᠠᠵᠢᠯ ᠮᠡᠷᠭᠡᠵᠢᠯ ᠳᠤ ᠬᠠᠨᠳᠤᠭᠤᠯᠤᠭᠰᠠᠨ ᠬᠠᠶᠢᠷ᠎ᠠ ᠪᠠ ᠬᠦᠨᠳᠦᠳᠬᠡᠯ ᠢ ᠲᠠᠶᠢᠯᠪᠤᠷᠢᠯᠠᠵᠤ᠂ ᠴᠢᠩ ᠰᠡᠳᠬᠢᠯ ᠤᠨ ᠬᠠᠶᠢᠷ᠎ᠠ ᠰᠡᠳᠬᠢᠯᠭᠡ ᠪᠠᠷ ᠢᠶᠠᠨ ᠥᠪᠡᠷ ᠤᠨ ᠬᠠᠷᠠᠮᠰᠠᠯ ᠦᠭᠡᠢ ᠵᠠᠯᠠᠭᠤ ᠨᠠᠰᠤᠨ ᠤ ᠬᠠᠭᠤᠳᠠᠰᠤ ᠪᠠᠨ ᠪᠢᠴᠢᠭᠯᠡᠭᠰᠡᠨ ᠪᠠᠶᠢᠨ᠎ᠠ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2