ᠠᠵᠢᠯ ᠦᠢᠯᠡᠰ ᠢᠶᠠᠨ ᠳᠡᠭᠡᠳᠦᠯᠡᠵᠦ ᠶᠠᠪᠤᠭ᠎ᠠ ᠵᠠᠩ ᠵᠢᠶᠠᠨ ᠬᠤᠸᠠ  ᠤ ᠲᠤᠬᠠᠢ
ᠨᠡᠶᠢᠲᠡᠯᠡᠭᠰᠡᠨ ᠴᠠᠭ᠄
2022/6/26
    ᠵᠠᠩ ᠵᠢᠶᠠᠨ ᠬᠤᠸᠠ᠂ ᠡᠮᠡᠭᠲᠡᠶ᠂ ᠬᠢᠲᠠᠳ ᠦᠨᠳᠦᠰᠦᠲᠡᠨ᠂ 1975 ᠣᠨ ᠳᠤ ᠲᠦᠷᠦᠵᠡᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠤᠯᠢ ᠲᠦᠷᠢᠮ ᠤᠨ ᠶᠡᠭᠡ ᠠᠩᠬᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃
       28 ᠵᠢᠯ ᠤᠨ ᠴᠠᠭᠳᠠᠭ᠎ᠠ ᠶᠢᠨ ᠠᠶᠠᠨ ᠤ ᠵᠠᠮ ᠳᠡᠭᠡᠷ᠎ᠡ᠂ ᠵᠠᠩ ᠵᠢᠶᠠᠨ ᠬᠤᠸᠠ ᠢᠮᠠᠭᠲᠠ ᠦᠨᠡᠨᠴᠢ ᠰᠢᠳᠤᠷᠭᠤ᠂ ᠵᠣᠷᠢᠭᠲᠠᠢ ᠪᠠᠷ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠬᠦ ᠤᠤᠷ ᠴᠢᠨᠠᠷ ᠢᠶᠠᠨ ᠪᠠᠷᠢᠮᠲᠠᠯᠠᠵᠤ᠂ ᠠᠯᠬᠤᠮ ᠪᠦᠷᠢ ᠶᠢ ᠯᠠᠪᠳᠠᠭᠤᠨ ᠪᠠᠲᠤᠲᠠᠢ ᠤᠷᠤᠭᠰᠢᠯᠠᠵᠤ᠂ ᠠᠵᠢᠯ ᠦᠢᠯᠡᠰ ᠢᠶᠠᠨ ᠳᠡᠭᠡᠳᠦᠯᠡᠨ ᠶᠠᠪᠤᠳᠠᠯ ᠪᠦᠬᠦᠨ ᠢ ᠰᠠᠶᠢᠲᠤᠷ ᠬᠢᠵᠦ᠂ ᠡᠳᠦᠷ ᠳᠤᠳᠤᠮ ᠤᠨ ᠠᠵᠢᠯ ᠴᠤ ᠲᠡᠷᠡ᠂ ᠴᠢᠬᠤᠯᠠ ᠶᠡᠭᠡ ᠠᠮᠤᠷ ᠢ ᠬᠠᠮᠠᠭᠠᠯᠠᠬᠤ ᠠᠵᠢᠯ ᠴᠤ ᠲᠡᠷᠡ᠂ ᠲᠡᠷᠡ ᠴᠥᠮ ᠥᠩᠭᠡᠷᠡᠭᠰᠡᠨ ᠲᠠᠢ ᠪᠠᠨ ᠠᠳᠠᠯᠢ ᠪᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠭᠰᠠᠭᠠᠷ ᠢᠷᠡᠵᠠᠢ᠃ ᠳᠣᠲᠣᠭᠠᠳᠤ ᠶᠢ ᠬᠠᠮᠠᠭᠠᠯᠠᠬᠤ ᠬᠠᠤᠯᠢ ᠲᠦᠷᠢᠮ ᠤᠨ ᠠᠵᠢᠯᠲᠠᠨ ᠪᠣᠯᠤᠭᠰᠠᠨ ᠤ ᠬᠤᠪᠢ ᠳᠤ᠂ ᠵᠠᠩ ᠵᠢᠶᠠᠨ ᠬᠤᠸᠠ ᠵᠢᠯ ᠪᠦᠷᠢ ᠬᠡᠳᠦᠨ ᠵᠠᠭᠤᠨ ᠤᠳᠠᠭᠠᠨ ᠤ ᠵᠠᠰᠠᠭ ᠵᠠᠬᠢᠷᠭᠠᠨ ᠤ ᠬᠡᠷᠡᠭ ᠪᠠ ᠡᠷᠡᠭᠦᠤ ᠶᠢᠨ ᠬᠡᠷᠡᠭ ᠢ ᠬᠢᠨᠠᠨ ᠬᠠᠷᠭᠤᠭᠤᠯᠵᠤ᠂ ᠬᠡᠷᠡᠭ  ᠰᠢᠢᠳᠪᠤᠷᠢᠯᠡᠬᠦ ᠨᠢᠭᠡᠴᠡ ᠳᠤ ᠵᠦᠶ ᠵᠣᠬᠢᠰᠲᠠᠶ ᠰᠠᠨᠠᠯ ᠪᠠ ᠰᠠᠨᠠᠭᠤᠯᠭ᠎ᠠ ᠳᠤᠷᠠᠳᠬᠤ ᠬᠡᠷᠡᠭᠲᠡᠶ᠃ ᠲᠡᠭᠦᠨ ᠤ ᠬᠢᠨᠠᠨ ᠬᠠᠷᠭᠤᠭᠤᠯᠤᠭᠰᠠᠨ ᠵᠠᠰᠠᠭ ᠵᠠᠬᠢᠷᠭᠠᠨ ᠤ ᠬᠡᠷᠡᠭ ᠤᠨ ᠪᠣᠳᠠᠲᠤ ᠶᠠᠪᠤᠳᠠᠯ ᠨᠢ ᠲᠣᠳᠣᠷᠬᠠᠶ᠂ ᠭᠡᠷᠡᠴᠢ ᠪᠠᠷᠢᠮᠲᠠ ᠨᠢ ᠦᠨᠡᠨ ᠬᠦ ᠪᠦᠷᠢᠨ ᠭᠦᠢᠴᠡᠳ᠂ ᠬᠡᠷᠡᠭ ᠤᠨ ᠰᠢᠨᠵᠢ ᠴᠢᠨᠠᠷ ᠨᠢ ᠣᠨᠣᠪᠴᠢᠲᠠᠶ᠂ ᠬᠡᠷᠡᠭ ᠰᠢᠶ᠋ᠳᠪᠦᠷᠢᠯᠡᠬᠦ ᠵᠢᠷᠤᠮ ᠨᠢ ᠬᠠᠤᠯᠢ ᠳᠤ ᠨᠡᠶᠢᠴᠡᠬᠦ ᠶᠢ ᠪᠡᠶᠡᠯᠡᠭᠦᠯᠵᠦ᠂ ᠬᠡᠰᠡᠭ ᠵᠠᠰᠠᠭ ᠵᠠᠬᠢᠷᠭᠠᠨ ᠤ ᠬᠡᠷᠡᠭ ᠢ ᠲᠤᠬᠠᠶ ᠶᠢᠨ ᠬᠥᠮᠦᠨ ᠨᠢ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠪᠠᠷ ᠭᠤᠶᠤᠴᠢᠯᠠᠭᠰᠠᠨ ᠪᠤᠶᠤ ᠵᠠᠰᠠᠭ ᠵᠠᠬᠢᠷᠭᠠᠨ ᠤ ᠵᠠᠷᠭᠤ ᠬᠢᠭᠰᠡᠨ ᠪᠠᠶᠢᠪᠠᠯ ᠴᠥᠮ ᠤᠤᠯ ᠤᠨ ᠰᠢᠳᠬᠡᠬᠦ ᠲᠣᠭᠲᠠᠭᠠᠯ ᠢ ᠪᠠᠷᠢᠮᠲᠠᠯᠠᠵᠤ ᠴᠢᠳᠠᠨ᠎ᠠ᠃ ᠲᠡᠭᠦᠨ ᠤ ᠬᠢᠨᠠᠨ ᠬᠠᠷᠭᠤᠭᠤᠯᠤᠭᠰᠠᠨ ᠡᠷᠡᠭᠦᠦ ᠶᠢᠨ ᠬᠡᠷᠡᠭ ᠲᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠨᠢ ᠵᠣᠬᠢᠰᠲᠠᠶ ᠪᠠᠶᠢᠵᠤ᠂ ᠬᠠᠤᠯᠢ ᠴᠠᠭᠠᠵᠠ ᠳᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠬᠠᠤᠯᠢ ᠶᠣᠰᠣᠭᠠᠷ ᠲᠣᠭᠲᠠᠭᠠᠯ ᠭᠠᠷᠭᠠᠵᠤ᠂ ᠶᠠᠯ᠎ᠠ ᠬᠢᠭᠰᠡᠨ ᠰᠡᠵᠢᠭᠳᠡᠨ ᠳᠤ ᠵᠣᠬᠢᠴᠠᠩᠭᠤᠶ ᠬᠠᠤᠯᠢ ᠴᠠᠭᠠᠵᠠ ᠶᠢᠨ ᠴᠢᠩᠭ᠎ᠠ ᠰᠢᠳᠬᠡᠯ ᠣᠯᠭᠤᠭᠰᠠᠨ ᠪᠠᠶᠢᠨ᠎ᠠ᠃
        ᠲᠡᠷᠡ ᠦᠷᠭᠦᠯᠵᠢ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠪᠠ ᠬᠢᠨᠠᠯᠲᠠ ᠲᠠᠯᠪᠢᠬᠤ ᠠᠵᠢᠯᠯᠠᠭ᠎ᠠ ᠥᠷᠨᠢᠭᠦᠯᠵᠦ᠂ ᠠᠷᠠᠳ ᠤᠨ ᠴᠠᠭᠳᠠᠭ᠎ᠠ ᠪᠠᠨ ᠳᠠᠭᠠᠭᠤᠯᠤᠨ ᠡᠳᠦᠷ ᠪᠦᠷᠢ ᠬᠡᠷᠡᠭ ᠰᠢᠢᠳᠪᠤᠷᠢᠯᠡᠬᠦ ᠨᠢᠭᠡᠴᠡ ᠶᠢᠨ ᠰᠦᠯᠵᠢᠶᠡᠨ ᠳᠡᠭᠡᠷ᠎ᠡ ᠴᠠᠭᠳᠠᠭ᠎ᠠ ᠶᠢᠨ ᠪᠠᠶᠢᠳᠠᠯ᠂ ᠬᠡᠷᠡᠭ᠂ ᠬᠠᠤᠯᠢ ᠬᠡᠷᠡᠭᠵᠢᠭᠦᠯᠦᠯᠲᠡ ᠶᠢ ᠢᠯᠡ ᠪᠣᠯᠭᠠᠬᠤ᠂ ᠬᠠᠤᠯᠢ ᠬᠡᠷᠡᠭᠵᠢᠭᠦᠯᠦᠯᠲᠡ ᠶᠢᠨ ᠬᠠᠷᠠᠭᠠᠨ ᠳᠠᠪᠲᠠᠮᠵᠢ ᠶᠢᠨ ᠬᠤᠯᠪᠣᠭ᠎ᠠ ᠵᠡᠷᠭᠡ ᠲᠠᠯ᠎ᠠ ᠳᠤ ᠲᠣᠭᠤᠷᠢᠨ ᠪᠠᠶᠢᠴᠠᠭᠠᠯᠲᠠ ᠬᠢᠵᠦ᠂ ᠴᠠᠭᠳᠠᠭᠠᠨ ᠤ ᠪᠠᠶᠢᠳᠠᠯ ᠬᠤᠭᠤᠴᠠᠭ᠎ᠠ ᠠᠴᠠ ᠬᠡᠲᠦᠷᠡᠬᠦ ᠪᠠ ᠴᠠᠭᠳᠠᠭᠠᠨ ᠤ ᠬᠡᠪ ᠤᠨ ᠪᠤᠰᠤ ᠪᠠᠶᠢᠳᠠᠯ ᠭᠠᠷᠬᠤ ᠠᠴᠠ ᠵᠠᠶᠢᠯᠠᠰᠬᠢᠵᠦ᠂ ᠬᠡᠷᠡᠭ ᠪᠣᠯᠭᠠᠨ ᠳᠠᠩᠰᠠᠯᠠᠬᠤ ᠶᠢ ᠴᠢᠩᠳᠠᠯᠠᠵᠤ᠂ ᠬᠡᠷᠡᠭ ᠪᠠᠶᠢᠲᠠᠯ᠎ᠠ ᠥᠯᠥ ᠳᠠᠩᠰᠠᠯᠠᠬᠤ ᠪᠤᠶᠤ ᠬᠡᠷᠡᠭ ᠢ ᠳᠠᠷᠤᠭᠠᠳ ᠥᠯᠥ ᠪᠠᠶᠢᠴᠠᠭᠠᠬᠤ ᠦᠵᠡᠭᠳᠡᠯ ᠠᠴᠠ ᠵᠠᠶᠢᠯᠠᠰᠬᠢᠵᠦ᠂ ᠰᠢᠩᠭᠡᠭᠡᠭᠰᠡᠨ ᠬᠡᠷᠡᠭ ᠢ ᠴᠠᠭ ᠲᠤᠬᠠᠶ ᠳᠤᠨᠢ ᠬᠤᠯᠪᠣᠭᠳᠠᠯ ᠪᠥᠬᠦᠶ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠳᠠᠮᠵᠢᠭᠤᠯᠵᠤ᠂ ᠵᠢᠷᠤᠮᠵᠢᠭᠤᠯᠤᠨ ᠪᠥᠬᠦ ᠲᠠᠯ᠎ᠠ ᠪᠠᠷ ᠪᠢᠴᠢᠵᠦ ᠣᠷᠣᠭᠤᠯᠬᠤ ᠶᠢ ᠪᠡᠶᠡᠯᠡᠭᠦᠯᠵᠦ᠂ ᠬᠤᠲᠠ ᠶᠢᠨ ᠲᠣᠪᠴᠢᠶ᠎ᠠ ᠶᠢᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
   ᠴᠠᠭᠳᠠᠭ᠎ᠠ ᠠᠴᠠ ᠠᠪᠤᠭᠠᠳ ᠤᠯᠠᠨ ᠵᠢᠯ ᠤᠨ ᠲᠤᠷᠰᠢ᠂ ᠲᠡᠷᠡ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠶᠡᠷᠦ ᠠᠴᠠ ᠰᠤᠯᠠᠷᠠᠭᠤᠯᠤᠯ ᠦᠭᠡᠢ ᠪᠠᠶᠢᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠵᠣᠷᠢᠭ ᠰᠠᠨᠠᠭ᠎ᠠ ᠶᠢ ᠡᠯ᠎ᠡ ᠵᠦᠢᠯ ᠤᠨ ᠪᠣᠳᠠᠲᠠᠶ ᠠᠵᠢᠯ ᠤᠨ ᠳᠤᠮᠳᠠ ᠪᠠᠨ ᠦᠨᠡᠨ ᠬᠦ ᠨᠠᠶᠢᠳᠠᠪᠤᠷᠢᠵᠢᠭᠤᠯᠪᠠ᠂ ᠡᠨᠡ ᠨᠢ ᠳᠠᠷᠤᠶ ᠡᠶᠢᠮᠦᠷᠬᠦᠦ ᠰᠢᠯᠢᠳᠡᠭ ᠢ ᠡᠭᠦᠳᠴᠦ ᠲᠡᠷᠢᠭᠦᠨ ᠳᠤ ᠣᠷᠣᠬᠤ ᠪᠠᠷ ᠴᠢᠷᠮᠠᠶᠢᠬᠤ ᠠᠵᠢᠯ ᠤᠨ ᠡᠷᠴᠢ ᠵᠣᠷᠢᠭ ᠲᠠᠭᠠᠨ ᠲᠦᠰᠢᠭᠯᠡᠵᠦ᠂ ᠤᠳᠠᠭ᠎ᠠ ᠳᠠᠷᠠᠭᠠᠯᠠᠨ ᠰᠢᠯᠢᠳᠡᠭ ᠪᠦᠲᠦᠮᠵᠢ ᠭᠠᠷᠭᠠᠵᠤ᠂ ᠤᠳᠠᠭ᠎ᠠ ᠳᠠᠷᠠᠭᠠᠯᠠᠨ ᠭᠠᠶᠢᠬᠠᠮᠰᠢᠭᠲᠤ ᠭᠠᠪᠢᠶ᠎ᠠ ᠵᠢᠳᠬᠦᠯ ᠭᠠᠷᠭᠠᠭᠰᠠᠨ ᠶᠠᠪᠤᠳᠠᠯ ᠪᠣᠯᠤᠨ᠎ᠠ᠃
     2016 ᠣᠨ ᠳᠤ ︽ᠪᠥᠬᠦ ᠬᠤᠲᠠ ᠶᠢᠨ ᠵᠢᠷᠭᠤᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠲᠡᠷᠢᠭᠦᠨ ᠤ ᠬᠤᠪᠢ ᠬᠥᠮᠦᠨ ᠢᠶᠠᠷ ᠦᠨᠡᠯᠡᠭᠳᠡᠪᠡ︔ 2017 ᠣᠨ ᠳᠤ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ︽ᠬᠠᠮᠤᠭ ᠤᠨ ᠭᠤᠶᠣ ᠡᠮᠡᠭᠲᠡᠶ ᠴᠠᠭᠳᠠᠭ᠎ᠠ︾ ᠪᠠᠷ ᠦᠨᠡᠯᠡᠭᠳᠡᠪᠡ︔ 2021 ᠣᠨ ᠳᠤ ᠪᠦᠬᠦ ᠬᠤᠲᠠ ᠶᠢᠨ ᠤᠯᠤᠰ ᠲᠦᠷᠦ ᠬᠠᠤᠯᠢ ᠴᠠᠭᠠᠵᠠ ᠶᠢᠨ ᠰᠢᠰᠲᠧᠮ ᠤᠨ ᠠᠵᠢᠯ ᠤᠨ ᠲᠡᠷᠢᠭᠦᠨ ᠤ ᠬᠤᠪᠢ ᠬᠥᠮᠦᠨ ᠢᠶᠠᠷ ᠦᠨᠡᠯᠡᠭᠳᠡᠪᠡ︔ 2022 ᠣᠨ ᠤ ︽3 · 8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ ᠲᠠᠰᠢᠷᠠᠮ ᠢᠶᠠᠷ᠂ ᠳᠣᠲᠣᠭᠠᠳᠤ ᠶᠢ ᠬᠠᠮᠠᠭᠠᠯᠠᠬᠤ ᠶᠠᠮᠤᠨ᠂ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠠᠴᠠ ︽ᠲᠤᠪᠤᠶᠢᠮ᠎ᠠ ᠠᠮᠵᠢᠯᠲᠠ ᠲᠠᠢ ᠡᠮᠡᠭᠲᠡᠢ ᠠᠷᠠᠳ ᠤᠨ ᠴᠠᠭᠳᠠᠭ᠎ᠠ︾ ᠭᠡᠬᠦ ᠢᠷᠠᠭᠤ ᠠᠯᠳᠠᠷ ᠤᠨ ᠴᠣᠯᠠ ᠣᠯᠭᠤᠵᠠᠢ᠃                                      ᠨᠠᠶᠢᠷᠠᠭᠤᠯᠤᠭᠴᠢ᠄  ᠯᠢ ᠬᠤᠩ ᠢᠦᠢ                                        ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2