ᠠᠶᠢᠯ ᠲᠣᠰᠬᠤᠨ ᠤ ᠦᠵᠡᠰᠬᠦᠯᠡᠩ    ᠠᠵᠤ ᠦᠢᠯᠡᠰ ᠤᠨ ᠬᠥᠭᠵᠢᠯ
ᠨᠡᠶᠢᠲᠡᠯᠡᠭᠰᠡᠨ ᠴᠠᠭ᠄
2022/6/28
   ᠵᠡᠭᠦᠨ ᠴᠠᠩ ᠬᠠᠨ ᠶᠢᠩ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ
        ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠪᠣᠯ ᠭᠤᠣᠯᠳᠠᠯᠭ᠎ᠠ ᠪᠣᠯᠤᠨ᠎ᠠ᠃ ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠤᠨ ᠬᠢᠨ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠤᠯᠠᠨ ᠲᠠᠯ᠎ᠠ ᠪᠠᠷ ᠬᠦᠴᠦᠯᠡᠵᠦ᠂ ᠪᠦᠬᠦ ᠲᠠᠯ᠎ᠠ ᠶᠢ ᠤᠶᠠᠯᠳᠤᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠢᠭᠤᠨ ᠴᠡᠪᠡᠷ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠤᠭᠰᠠᠨ ᠪᠠᠶᠢᠨ᠎ᠠ᠃
     ᠠᠭᠤᠯᠠᠰ ᠢᠶᠠᠷ ᠬᠦᠷᠢᠶᠡᠯᠡᠭᠳᠡᠭᠰᠡᠨ  ᠵᠡᠭᠦᠨ ᠴᠠᠩ ᠬᠠᠨ ᠶᠢᠩ ᠲᠣᠰᠬᠤᠨ ᠳᠤ ᠬᠦᠷᠬᠦ ᠳᠤ᠂ ᠴᠡᠪᠡᠷ ᠴᠡᠮᠴᠡᠭᠡᠷ ᠱᠦᠢᠨᠢ ᠵᠠᠮ ᠲᠣᠰᠬᠤᠨ ᠤ ᠠᠷᠠᠳ ᠤᠨ ᠬᠦᠷᠢᠶᠡᠨ ᠳᠤ ᠰᠢᠭᠤᠳ ᠨᠡᠪᠲᠡᠷᠡᠵᠦ᠂ ᠵᠠᠮ ᠤᠨ ᠬᠤᠶᠠᠷ ᠬᠠᠵᠠᠭᠤ ᠶᠢᠨ ᠬᠤᠸᠠᠷ ᠴᠡᠴᠡᠭ ᠡᠪᠡᠰᠦ ᠮᠣᠳᠣ ᠬᠥᠮᠦᠰ ᠤᠨ ᠰᠡᠳᠬᠢᠯ ᠢ ᠪᠠᠶᠠᠰᠬᠠᠨ᠎ᠠ᠃ ᠰᠤᠷᠪᠤᠯᠵᠢᠯᠠᠭᠴᠢ ᠲᠣᠰᠬᠤᠨ ᠤ ᠠᠷᠠᠳ ᠹᠧᠩ ᠶᠢᠩ ᠲᠤᠤ ᠶᠢᠨ ᠭᠡᠷ ᠤᠨ ᠡᠭᠦᠳᠡ ᠶᠢ ᠨᠡᠭᠡᠭᠡᠬᠦ ᠳᠤ᠂ ᠬᠦᠷᠢᠶᠡᠨ ᠳᠤ ᠥᠷᠢᠰᠥᠯᠳᠦᠨ ᠳᠡᠯᠭᠡᠷᠡᠵᠦ ᠪᠠᠶᠢᠭ᠎ᠠ ᠰᠠᠷᠭᠠᠢ ᠴᠡᠴᠡᠭ ᠬᠠᠷᠠᠭᠳᠠᠨ᠎ᠠ᠂ ᠹᠧᠩ ᠶᠢᠩ ᠲᠤᠤ ᠬᠥᠭᠰᠢᠨ ᠲᠠᠢ ᠪᠠᠨ ᠴᠡᠴᠡᠭ ᠤᠨ ᠬᠡᠯᠲᠡᠰ ᠢ ᠴᠡᠪᠡᠷᠯᠡᠵᠦ ᠪᠠᠶᠢᠬᠤ ᠳᠤ᠂ ᠡᠪᠦᠭᠡᠨ ᠬᠥᠭᠰᠢᠨ ᠬᠤᠶᠠᠭᠤᠯᠠ ᠪᠠᠶᠠᠷ ᠬᠦᠷ ᠲᠠᠢ ᠪᠠᠷ ᠢᠨᠢᠶᠡᠯᠳᠦᠨ ᠬᠥᠭᠡᠷᠦᠯᠳᠦᠵᠦ ᠪᠠᠶᠢᠯ᠎ᠠ᠃ ︽ᠶᠡᠭᠡ ᠪᠠᠷᠢᠭᠠᠳᠠ ᠶᠢᠨ ᠬᠢᠨ ︿ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ﹀ ᠶᠢᠨ ᠣᠳᠣᠨ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠪᠢᠳᠡ ᠡᠳᠦᠷ ᠪᠦᠷᠢ ᠪᠣᠰᠤᠭᠠᠳ ᠥᠪᠡᠷ ᠤᠨ ᠬᠦᠷᠢᠶ᠎ᠡ ᠪᠠᠨ ᠴᠡᠪᠡᠷᠬᠡᠨ ᠴᠡᠪᠡᠷᠯᠡᠵᠦ᠂ ᠣᠷᠣᠨ ᠰᠠᠭᠤᠴᠠ ᠳᠠᠭᠠᠨ ᠴᠤ ᠮᠠᠰᠢ ᠲᠠᠭᠠᠯᠠᠮᠵᠢᠲᠠᠶ ᠪᠠᠶᠢᠳᠠᠭ︾᠃ ᠭᠡᠵᠦ ᠲᠣᠰᠬᠤᠨ ᠤ ᠠᠷᠠᠳ ᠹᠧᠩ ᠶᠢᠩ ᠲᠤᠤ ᠬᠡᠯᠡᠪᠡ᠃
     ᠵᠡᠭᠦᠨ ᠴᠠᠩ ᠬᠠᠨ ᠶᠢᠩ ᠲᠣᠰᠬᠤᠨ ᠳᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠮ ᠤᠨ ᠭᠡᠰᠢᠭᠦᠨ ᠤᠯᠠᠨ ᠲᠦᠮᠡᠨ ᠴᠤᠭᠭᠠᠷ ᠣᠷᠣᠯᠴᠠᠵᠤ᠂ ᠰᠠᠷ᠎ᠠ ᠶᠢᠨ ᠦᠨᠡᠯᠡᠯᠲᠡ᠂ ︽ᠦᠵᠡᠰᠬᠦᠯᠡᠩᠲᠦ ᠰᠠᠶᠢᠬᠠᠨ ᠬᠦᠷᠢ᠊ ᠡᠶ᠎ᠡ ᠬᠠᠰᠢᠶ᠎ᠠ︾ ᠶᠢᠨ  ᠵᠢᠱᠢᠶ᠎ᠡ ᠦᠵᠡᠭᠦᠯᠬᠦ ᠡᠷᠦᠬᠡ ᠶᠢ ᠰᠢᠯᠭᠠᠷᠠᠭᠤᠯᠬᠤ ᠵᠡᠷᠭᠡ ᠠᠵᠢᠯᠯᠠᠭ᠎ᠠ ᠪᠠᠷ ᠳᠠᠮᠵᠢᠭᠤᠯᠵᠤ᠂ ᠤᠯᠠᠨ ᠲᠦᠮᠡᠨ ᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠲᠣᠰᠬᠤᠨ ᠤ ᠭᠤᠣᠯ ᠵᠠᠮ᠂ ᠲᠠᠷᠢᠶᠠᠴᠢᠨ ᠡᠷᠦᠬᠡ ᠶᠢᠨ ᠠᠷᠤ ᠥᠪᠥᠷ ᠢᠶᠠᠷ ᠭᠤᠣᠯᠳᠠᠯᠭ᠎ᠠ ᠪᠣᠯᠭᠠᠨ ᠴᠡᠭᠴᠡᠯᠡᠨ ᠴᠡᠪᠡᠷᠯᠡᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠡᠮᠬᠢ ᠳᠢᠭᠯᠢᠮ ᠲᠠᠢ ᠥᠷᠨᠢᠭᠦᠯᠵᠡᠢ᠃
         ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠪᠣᠯ ᠰᠠᠭᠤᠷᠢ ᠪᠣᠯᠤᠨ᠎ᠠ᠃ ᠳ᠋ᠦᠩ ᠴᠠᠩ ᠬᠠᠨ ᠶᠢᠩ ᠲᠣᠰᠬᠤᠨ ᠤ ᠬᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠲᠠᠷᠢᠶᠠᠴᠢᠨ ᠡᠷᠦᠬᠡ ᠶᠢᠨ ᠲᠠᠷᠢᠮᠠᠯ ᠲᠡᠵᠢᠭᠡᠪᠦᠷᠢ ᠶᠢᠨ ᠦᠢᠯᠡᠰ ᠢ ᠬᠥᠭᠵᠢᠭᠦᠯᠬᠦ ᠶᠢ ᠶᠡᠬᠡᠪᠡᠷ ᠳᠡᠮᠵᠢᠵᠡᠢ᠃ ᠡᠨᠡ ᠵᠢᠯ 52 ᠨᠠᠰᠤᠲᠠᠢ ᠸᠠᠩ ᠶᠦᠩ ᠳ᠋ᠠᠨ ᠡᠮᠦᠨ᠎ᠡ ᠬᠡᠳᠦᠨ ᠵᠢᠯ ᠭᠠᠳᠠᠨ᠎ᠠ ᠬᠥᠯᠥᠰᠥᠨ ᠠᠵᠢᠯ ᠬᠢᠵᠦ ᠪᠠᠶᠢᠵᠠᠢ᠂ ᠬᠡᠳᠦ᠋ᠢᠪᠡᠷ ᠲᠤᠩ ᠵᠦᠳᠡᠷᠡᠯᠲᠡᠢ ᠪᠣᠯᠪᠠᠴᠤ ᠨᠢᠭᠡ ᠵᠢᠯ ᠤᠨ ᠲᠤᠷᠰᠢ ᠳᠡᠮᠡᠢ ᠵᠣᠭᠤᠰ ᠣᠯᠤᠭᠰᠠᠨ ᠦᠭᠡᠢ᠃ ᠡᠨᠡ ᠬᠡᠳᠦᠨ ᠵᠢᠯ ᠳᠤ᠂ ᠸᠠᠩ ᠶᠦᠩ ᠳ᠋ᠠᠨ ᠲᠣᠰᠬᠤᠨ ᠤ ᠠᠬ᠎ᠠ ᠳᠡᠭᠦᠦ ᠨᠡᠷ ᠤᠨ ᠣᠯᠠᠩᠬᠢ ᠨᠢ ᠨᠠᠰᠤᠲᠠᠶᠢᠴᠤᠳ ᠪᠠᠶᠢᠵᠤ᠂ ᠬᠥᠳᠡᠯᠮᠦᠷᠢ ᠬᠦᠴᠦ ᠪᠠᠨ ᠠᠯᠳᠠᠵᠤ᠂ ᠮᠠᠰᠢ ᠤᠯᠠᠨ ᠲᠠᠷᠢᠶᠠᠨ ᠭᠠᠵᠠᠷ ᠢᠶᠠᠨ ᠰᠤᠯᠠ ᠲᠠᠯᠪᠢᠵᠤ ᠪᠠᠶᠢᠬᠤ ᠶᠢ ᠣᠯᠵᠤ ᠬᠠᠷᠠᠪᠠ᠂ 2018 ᠣᠨ ᠳᠤ᠂ ᠸᠠᠩ ᠶᠦᠩ ᠳ᠋ᠠᠨ ᠨᠤᠲᠤᠭ ᠲᠠᠭᠠᠨ ᠬᠠᠷᠢᠵᠤ ᠲᠠᠷᠢᠮᠠᠯ ᠤᠨ ᠦᠢᠯᠡᠰ ᠪᠠ ᠲᠡᠵᠢᠭᠡᠪᠦᠷᠢ ᠶᠢᠨ ᠦᠢᠯᠡᠰ ᠢᠶᠠᠨ ᠡᠬᠢᠯᠡᠨ ᠬᠥᠭᠵᠢᠭᠦᠯᠵᠡᠢ᠃ ︽ᠲᠣᠰᠬᠤᠨ ᠤ ᠺᠠᠳ᠋ᠷ ᠤᠨ ᠤᠳᠤᠷᠢᠳᠤᠯᠭ᠎ᠠ ᠳᠣᠣᠷ᠎ᠠ ᠪᠢ 1000 ᠭᠠᠷᠤᠢ ᠮᠦ ᠭᠠᠵᠠᠷ ᠢ ᠳᠠᠭᠠᠭᠠᠴᠢᠯᠠᠵᠤ᠂ 20 ᠭᠠᠷᠤᠢ ᠭᠠᠭ᠋ᠠᠢ ᠲᠡᠵᠢᠭᠡᠵᠡᠢ᠂ ᠤᠳᠤ ᠶᠢᠨ ᠠᠮᠢᠳᠤᠷᠠᠯ ᠶᠠᠪᠤᠬᠤ ᠳᠤᠳᠤᠮ ᠰᠠᠶᠢᠵᠢᠷᠠᠵᠤ᠂ ᠣᠷᠣᠯᠭ᠎ᠠ ᠨᠡᠯᠢᠶᠡᠳ ᠥᠨᠳᠥᠷ ᠪᠠᠶᠢᠨ᠎ᠠ︾᠃ ᠭᠡᠵᠦ ᠸᠠᠩ ᠶᠦᠩ ᠳ᠋ᠠᠨ ᠪᠠᠶᠠᠷᠲᠠᠢ ᠪᠠᠷ ᠬᠡᠯᠡᠪᠡ᠃
       ᠵᠡᠭᠦᠨ ᠴᠠᠩ ᠬᠠᠨ ᠶᠢᠩ ᠲᠣᠰᠬᠤᠨ ᠨᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠠᠮᠲᠤᠪᠠᠷ ᠪᠦᠳᠦᠭᠡᠨ ᠪᠠᠶᠢᠭᠤᠯᠬᠤ᠂ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠳ᠋ᠯᠡᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠭᠰᠠᠨ ᠪᠠᠶᠢᠨ᠎ᠠ ᠃  ᠵᠡᠭᠦᠨ ᠴᠠᠩ ᠬᠠᠨ ᠶᠢᠩ ᠲᠣᠰᠬᠤᠨ ᠤ ᠨᠠᠮ ᠤᠨ ᠡᠭᠦᠷ ᠤᠨ ᠱᠦᠵᠢ ᠸᠠᠩ ᠶᠠ ᠷᠦ᠋ ᠰᠤᠷᠪᠤᠯᠵᠢᠯᠠᠭᠴᠢ ᠳᠤ᠄ ︽ᠳᠠᠷᠠᠭᠠᠴᠢ ᠶᠢᠨ ᠠᠯᠬᠤᠮ ᠳᠤ᠂ ᠮᠠᠨ ᠤ ᠲᠣᠰᠬᠤᠨ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠦᠳᠦᠯᠥᠨ ᠳᠠᠭᠠᠭᠤᠯᠵᠤ ᠳᠠᠶᠢᠴᠢᠯᠠᠵᠦ᠂ ᠠᠷᠠᠳ ᠤᠯᠠᠨ ᠳᠤ ᠠᠮᠢᠳᠤᠷᠠᠯ ᠨᠢ ᠰᠠᠶᠢᠨ᠂ ᠣᠷᠣᠨ ᠰᠠᠭᠤᠴᠠ ᠨᠢ ᠭᠤᠶᠤ ᠰᠠᠶᠢᠬᠠᠨ ᠪᠠᠶᠢᠬᠤ ᠶᠢ ᠨᠡᠩ ᠢᠯᠡᠭᠦᠦ ᠮᠡᠳᠡᠷᠡᠭᠦᠯᠦᠨ᠎ᠡ︾ ᠭᠡᠵᠦ ᠬᠡᠯᠡᠪᠡ᠃                                                     ᠨᠠᠶᠢᠷᠠᠭᠤᠯᠤᠭᠴᠢ᠄   ᠶᠠᠩ  ᠿᠦᠢ ᠵᠧᠨ                                                     ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2