ᠮᠠᠨ ᠤ ᠰᠢᠶᠠᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2022/6/28
  ᠣᠶᠢᠷ᠎ᠠ ᠶᠢᠨ ᠵᠢᠯ ᠳᠤ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠦᠨᠳᠦᠰᠦᠨ ᠨᠡᠶᠢᠭᠡᠮ ᠤᠨ ᠦᠢᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠨ ᠭᠦᠢᠴᠡᠳᠬᠡᠵᠦ᠂ ᠪᠣᠳᠠᠲᠤ ᠪᠠᠶᠢᠳᠠᠯ ᠠᠴᠠ ᠡᠭᠦᠰᠴᠦ᠂ ᠬᠦᠴᠢᠷᠳᠡᠯᠲᠡᠶ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠲᠤᠯᠭᠠᠮ᠎ᠠ ᠪᠠᠶᠢᠭ᠎ᠠ ᠠᠰᠠᠭᠤᠳᠠᠯ ᠢ ᠰᠢᠢᠳᠪᠤᠷᠢᠯᠡᠬᠦ ᠠᠴᠠ ᠭᠠᠷᠳᠠᠨ᠂ ᠨᠡᠶᠢᠭᠡᠮ ᠤᠨ ᠠᠪᠤᠷᠠᠨ ᠲᠤᠰᠠᠯᠠᠬᠤ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠᠷ ᠰᠠᠭᠤᠷᠢ ᠪᠣᠯᠭᠠᠭᠰᠠᠨ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠰᠤᠷᠭᠠᠨ ᠬᠥᠮᠦᠵᠢᠯ᠂ ᠣᠷᠣᠨ ᠰᠠᠭᠤᠴᠠ ᠵᠡᠷᠭᠡ ᠲᠤᠰᠬᠠᠶ ᠵᠦᠢᠯ ᠤᠨ ᠠᠪᠤᠷᠠᠨ ᠲᠤᠰᠠᠯᠠᠯᠲᠠ ᠪᠠᠷ ᠬᠠᠪᠰᠤᠷᠤᠮᠵᠢ ᠪᠣᠯᠭᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠤᠭᠰᠠᠨ ᠪᠥᠭᠡᠳ ᠵᠢᠯ ᠳᠠᠷᠠᠭᠠᠯᠠᠨ ᠲᠡᠭᠦᠯᠳᠡᠷᠵᠢᠭᠦᠯᠦᠨ ᠰᠠᠶᠢᠵᠢᠷᠠᠭᠤᠯᠪᠠ᠃
         ᠨᠢᠭᠡ ᠳᠤ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠠᠵᠢᠯᠯᠠᠬᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠢᠯᠡ ᠪᠠᠷ ᠵᠠᠷᠯᠠᠨ ᠨᠡᠶᠢᠲᠡᠯᠡᠬᠦ ᠶᠢ ᠠᠬᠢᠭᠤᠯᠤᠨ᠂ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ︽ᠬᠤᠪᠢ ᠬᠥᠮᠦᠨ ᠭᠤᠶᠤᠴᠢᠯᠠᠬᠤ᠂ ᠲᠣᠰᠬᠤᠨ ︵ᠰᠠᠭᠤᠭᠠᠯᠢ ᠠᠷᠠᠳ︶ ᠳᠤ ᠦᠨᠡᠯᠡᠨ ᠶᠠᠷᠢᠯᠴᠠᠬᠤ᠂ ᠰᠢᠶᠠᠩ ᠪᠠᠯᠭᠠᠰᠤ ᠬᠢᠨᠠᠨ ᠬᠠᠷᠭᠤᠭᠤᠯᠬᠤ᠂ ᠰᠢᠶᠠᠨ ᠤ ᠱᠠᠲᠤᠨ ᠠᠴᠠ ᠬᠢᠨᠠᠨ ᠵᠥᠪᠰᠢᠶᠡᠷᠡᠬᠦ᠂ ᠭᠤᠷᠪᠠᠨᠲᠠ ᠵᠠᠷᠯᠠᠨ ᠨᠡᠶᠢᠲᠡᠯᠡᠬᠦ᠂ ᠬᠥᠳᠡᠯᠦᠩᠭᠦᠶ ᠪᠠᠷ ᠬᠠᠮᠢᠶᠠᠷᠬᠤ᠂ ᠨᠡᠶᠢᠭᠡᠮ ᠠᠴᠠ ᠲᠠᠷᠬᠠᠭᠠᠬᠤ︾ ᠬᠠᠮᠢᠶᠠᠷᠤᠯᠲᠠ ᠶᠢᠨ ᠠᠵᠢᠯᠯᠠᠭᠠᠨ ᠤ ᠪᠠᠶᠢᠭᠤᠯᠤᠯ ᠢ ᠪᠠᠶᠢᠭᠤᠯᠵᠤ᠂ ︽ᠢᠯᠡ ᠵᠠᠰᠠᠭ ᠤᠨ ᠶᠠᠪᠤᠳᠠᠯ︾ ᠢ ᠢᠳᠡᠪᠬᠢᠲᠡᠶ ᠬᠡᠷᠡᠭᠵᠢᠭᠦᠯᠦᠨ᠂ ︽ᠣᠷᠣᠬᠤ ᠡᠭᠦᠳᠡ︾ ᠶᠢ ᠰᠠᠶᠢᠲᠤᠷ ᠰᠠᠬᠢᠵᠤ᠂ ︽ᠭᠠᠳᠠᠭᠠᠳᠤ ᠳᠤ ᠭᠠᠷᠭᠠᠬᠤ︾ ᠶᠢ ᠨᠡᠪᠲᠡᠷᠡᠭᠦᠯᠵᠦ᠂ ᠢᠯᠡ᠂ ᠡᠷᠬᠡ ᠲᠡᠭᠰᠢ ᠂ ᠲᠥᠪ ᠭᠤᠤᠯᠴᠢ ᠪᠠᠶᠢᠬᠤ ᠶᠢ ᠭᠦᠶ᠋ᠴᠡᠳ ᠢᠯᠡᠷᠡᠭᠦᠯᠬᠦ ᠬᠡᠷᠡᠭᠲᠡᠶ᠃  
       ᠬᠤᠶᠠᠷ ᠲᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠦᠷᠢᠮ ᠢ ᠬᠡᠷᠡᠭᠵᠢᠭᠦᠯᠦᠭᠰᠡᠨ ᠠᠴᠠ ᠨᠠᠰᠢ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠣᠯᠲᠠᠯ᠎ᠠ᠂ ᠮᠠᠨ ᠤ ᠰᠢᠶᠠᠨ ᠳᠤ ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠨᠡᠶᠢᠲᠡ 2889 ᠡᠷᠦᠬᠡ᠂ 4519 ᠬᠥᠮᠦᠨ ᠪᠠᠶᠢᠨ᠎ᠠ︔ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ 26334 ᠡᠷᠦᠬᠡ᠂ 43608 ᠬᠥᠮᠦᠨ ᠪᠠᠶᠢᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠦᠷᠬᠦᠴᠡ ᠶᠢᠨ ᠨᠣᠷᠮ᠎ᠠ᠂ ᠨᠠᠷᠢᠯᠢᠭ ᠣᠨᠣᠴᠠ ᠶᠢᠨ ᠨᠣᠷᠮ᠎ᠠ ᠲᠠᠰᠤᠷᠠᠯᠲᠠ ᠥᠬᠡᠶ ᠳᠡᠭᠡᠭᠰᠢᠯᠡᠪᠡ︔ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠮᠥᠩᠭᠦ᠂ ᠠᠰᠠᠷᠠᠨ ᠰᠤᠪᠢᠯᠠᠬᠤ ᠨᠥᠬᠦᠪᠥᠷᠢ ᠪᠠ ᠵᠡᠮᠳᠡᠭᠴᠦᠳ ᠤᠨ ᠬᠤᠶᠠᠷ ᠵᠦᠶ᠋ᠯ ᠤᠨ ᠨᠥᠬᠦᠪᠥᠷᠢ ᠶᠢᠨ ᠪᠠᠯᠠ ᠮᠥᠩᠭᠦ ᠶᠢ ᠰᠠᠷ᠎ᠠ ᠪᠦᠷᠢ ᠴᠠᠭ ᠲᠤᠬᠠᠶ ᠳᠤᠨᠢ ᠣᠯᠭᠤᠵᠤ ᠪᠣᠳᠠᠲᠠᠶᠢᠵᠢᠭᠤᠯᠤᠨ᠎ᠠ︔ ᠬᠡᠤᠬᠡᠳ ᠤᠨ ᠠᠰᠠᠷᠠᠮᠵᠢ ᠶᠢᠨ ᠦᠶ᠋ᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠪᠥᠬᠦ ᠲᠠᠯ᠎ᠠ ᠪᠠᠷ ᠪᠥᠭᠡᠳ ᠡᠮᠬᠢ ᠵᠢᠷᠤᠮ ᠲᠠᠢ ᠪᠠᠷ ᠤᠷᠤᠭᠰᠢ ᠬᠥᠭᠵᠢᠭᠦᠯᠦᠨ᠎ᠡ᠃  
      ᠭᠤᠷᠪᠠ ᠳᠤ ᠲᠦᠷ ᠴᠠᠭ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠠᠴᠢᠮ ᠪᠠ ᠬᠦᠴᠢᠷᠳᠡᠯ ᠠᠴᠠ ᠠᠪᠤᠷᠠᠬᠤ ᠶᠢ ᠦᠨᠡᠨ ᠬᠦ ᠪᠡᠶᠡᠯᠡᠭᠦᠯᠦᠨ᠎ᠡ᠃ ︽ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠤ ᠰᠠᠨᠠᠯ︾ ︵ᠠᠷᠠᠳ ᠲᠠᠷᠬᠠᠭᠠᠭᠰᠠᠨ ︹ 2018 ︺ 23 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠶᠠᠳᠠᠭᠤ ᠬᠦᠴᠢᠷᠳᠡᠯᠲᠡᠶ ᠰᠠᠭᠤᠭᠠᠯᠢ ᠠᠷᠠᠳ ᠤᠨ ᠭᠡᠨᠡᠳᠲᠡ ᠶᠢᠨ ᠴᠢᠨᠠᠷᠲᠠᠶ᠂ ᠲᠦᠷ ᠴᠠᠭ ᠤᠨ ᠴᠢᠨᠠᠷᠲᠠᠶ ᠬᠦᠴᠢᠷᠳᠡᠯ ᠢ ᠲᠣᠬᠢᠲᠠᠶ ᠰᠢᠢᠳᠪᠤᠷᠢᠯᠡᠬᠦ  ᠶᠢᠨ ᠲᠥᠯᠥᠭᠡ᠂ ᠡᠨᠡ ᠵᠢᠯ ᠤᠨ 1 — 5 ᠳ᠋ᠤᠭᠠᠷ ᠰᠠᠷ᠎ᠠ ᠳᠤ ᠨᠡᠶᠢᠲᠡ 2053 ᠬᠥᠮᠦᠨ ᠤᠳᠠᠭ᠎ᠠ ᠲᠦᠷ ᠴᠠᠭ ᠤᠨ ᠠᠪᠤᠷᠠᠨ ᠲᠤᠰᠠᠯᠠᠯᠲᠠ ᠥᠷᠨᠢᠭᠦᠯᠵᠦ᠂ ᠲᠦᠷ ᠴᠠᠭ ᠤᠨ ᠠᠪᠤᠷᠠᠨ ᠲᠤᠰᠠᠯᠠᠬᠤ ᠮᠥᠩᠭᠦ 178.94 ᠲᠦᠮᠡᠨ ᠲᠥᠭᠦᠷᠢᠭ ᠲᠠᠷᠬᠠᠭᠠᠪᠠ᠃     ᠳᠠᠷᠠᠭᠠᠴᠢ ᠶᠢᠨ ᠠᠯᠬᠤᠮ ᠳᠤ᠂ ᠠᠷᠠᠳ ᠤᠨ ᠶᠠᠪᠤᠳᠠᠯ ᠤᠨ  ᠲᠤᠪᠴᠢᠶ᠎ᠠ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠨᠡᠶᠢᠭᠡᠮ ᠤᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠺᠠᠳ᠋ᠷ ᠤᠨ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠬᠢᠨᠠᠯᠲᠠ ᠶᠢ ᠴᠢᠩᠭᠠᠳᠬᠠᠵᠤ᠂ ᠤᠯᠠᠨ ᠲᠦᠮᠡᠨ ᠤ ᠤᠬᠠᠮᠰᠠᠷ ᠢ ᠦᠨᠡᠨᠬᠦ ᠴᠢᠩᠭᠠᠳᠬᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠠᠳᠠᠯᠢ ᠪᠤᠰᠤ ᠴᠠᠭ ᠬᠤᠭᠤᠴᠠᠭᠠᠨ ᠳᠤ ᠠᠳᠠᠯᠢ ᠪᠤᠰᠤ ᠶᠢᠨ ᠱᠠᠯᠠᠪᠳᠠᠭᠤᠯᠤᠨ ᠪᠠᠶᠢᠴᠠᠭᠠᠬᠤ ᠬᠡᠯᠪᠡᠷᠢ ᠪᠠ ᠠᠭᠤᠯᠭ᠎ᠠ ᠲᠠᠢ ᠪᠠᠶᠢᠬᠤ ᠶᠢ ᠪᠠᠷᠢᠮᠲᠠᠯᠠᠵᠤ᠂ ᠬᠢᠨᠠᠯᠲᠠ ᠲᠠᠯᠪᠢᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃                                                ᠨᠠᠶᠢᠷᠠᠭᠤᠯᠤᠭᠴᠢ᠄    ᠶᠠᠩ  ᠿᠦᠢ ᠵᠧᠨ                                                ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2