| 6 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠰᠢᠶᠠᠨ ᠤ | ᠬᠤᠲᠠ ᠶᠢᠨ ᠰᠢᠨ ᠬᠤᠸᠠ ᠵᠡᠭᠡᠯᠢ ᠪᠠ ᠨᠢᠩ ᠶᠤᠸᠠᠨ ᠵᠡᠭᠡᠯᠢ ᠳᠤ ᠭᠦᠨᠵᠡᠭᠡᠶᠢᠷᠡᠨ᠂ ᠬᠤᠲᠠ ᠶᠢᠨ ᠲᠣᠭᠤᠷᠢᠭ ᠤᠨ | ᠪᠣᠷᠣᠭᠠᠨ ᠤ ᠤᠰᠤ ᠪᠣᠬᠢᠷ ᠤᠰᠤᠨ ᠤ ᠬᠤᠭᠤᠯᠠᠶ ᠶᠢᠨ ᠲᠣᠤᠷ ᠢ ᠥᠭᠡᠷᠡᠴᠢᠯᠡᠬᠦ ᠢᠨᠵᠧᠨᠧᠷᠢᠩ ᠤᠨ ᠠᠬᠢᠴᠠ ᠶᠢᠨ | ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠰᠢᠶᠠᠨ ᠤ ᠤᠳᠤᠷᠢᠳᠤᠯᠭ᠎ᠠ ᠯᠢ ᡁᠢ ᠭᠠᠩ᠂ ᠰᠢᠩ | ᠮᠢᠩ᠂ ᠸᠠᠩ ᠵᠢᠶᠦ᠋ᠨ ᠶᠦᠩ᠂ ᠵᠠᠶ ᠵᠢᠶ ᠴᠢᠩ ᠪᠠᠷ᠎ᠠ ᠪᠣᠯᠵᠣ ᠪᠠᠶᠢᠴᠠᠭᠠᠨ ᠰᠤᠳᠤᠯᠪᠠ᠃ | | | | | | ᠡᠯ᠎ᠡ ᠪᠠᠷᠢᠯᠭ᠎ᠠ ᠶᠢᠨ ᠭᠠᠵᠠᠷ ᠲᠤ᠂ ᠯᠢᠦ ᠶᠢᠨ ᠲᠤᠤ ᠵᠢᠷᠤᠭ ᠲᠥᠯᠥᠪᠯᠡᠭᠡ ᠶᠢ ᠨᠠᠷᠢᠨ ᠬᠢᠨᠠᠮᠠᠭᠠᠢ ᠦᠵᠡᠵᠦ᠂ | ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠷᠢᠯᠭ᠎ᠠ ᠶᠢᠨ ᠠᠬᠢᠴᠠ᠂ ᠪᠠᠷᠢᠯᠭ᠎ᠠ ᠶᠢᠨ ᠠᠵᠢᠯ ᠤᠨ ᠬᠦᠴᠢᠷᠳᠡᠯ ᠪᠣᠯᠤᠨ | ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠬᠠᠷᠢᠭᠤ ᠳᠤᠰᠬᠠᠯ ᠵᠡᠷᠭᠡ ᠪᠠᠶᠢᠳᠠᠯ ᠢ ᠨᠠᠷᠢᠨ ᠨᠢᠭᠲᠠ ᠯᠠᠪᠯᠠᠨ | ᠠᠰᠠᠭᠤᠪᠠ᠃ ᠯᠢᠦ ᠶᠢᠨ ᠲᠤᠤ᠂ ᠬᠤᠳᠠ ᠶᠢᠨ ᠲᠣᠭᠤᠷᠢᠭ ᠤᠨ ᠪᠣᠷᠣᠭᠠᠨ ᠪᠣᠬᠢᠷᠲᠤᠯ ᠢ ᠰᠠᠯᠭᠠᠬᠤ ᠢᠨᠵᠧᠨᠧᠷᠢᠩ ᠪᠣᠯ | ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠬᠤᠳᠠ ᠶᠢᠨ ᠴᠢᠳᠠᠪᠬᠢ ᠶᠢ | ᠲᠡᠭᠦᠯᠳᠡᠷᠵᠢᠭᠦᠯᠬᠦ᠂ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ | ᠨᠡᠩ ᠴᠤ ᠠᠷᠠᠳ ᠲᠤ ᠲᠦᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠠᠰᠢᠭ ᠬᠦᠷᠲᠡᠭᠡᠬᠦ | ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠵᠢᠷᠤᠭ ᠲᠥᠯᠥᠪᠯᠡᠭᠡ ᠶᠢᠨ ᠲᠥᠰᠦᠯ ᠤᠨ ᠵᠢᠷᠤᠮᠵᠢᠯ ᠢ ᠴᠢᠩᠭ᠎ᠠ | ᠵᠢᠷᠤᠮᠯᠠᠨ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠬᠡᠷᠡᠭᠲᠡᠶ︔ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ | ᠪᠠᠷᠢᠯᠭ᠎ᠠ ᠶᠢᠨ ᠠᠵᠢᠯ ᠤᠨ ᠬᠦᠴᠦᠨ ᠢ ᠴᠢᠩᠭᠠᠳᠬᠠᠵᠤ᠂ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢ | ᠴᠢᠩᠭᠠᠳᠬᠠᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠡᠯ᠎ᠡ ᠲᠦᠷᠦᠯ ᠤᠨ ᠠᠮᠤᠷ | ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ᠂ ᠪᠣᠷᠣᠭᠠᠨ ᠤ ᠤᠯᠠᠷᠢᠯ ᠨᠢᠭᠡᠨᠲᠡ | ᠬᠦᠷᠴᠦ ᠢᠷᠡᠭᠰᠡᠨ ᠤ ᠳᠡᠭᠡᠷ᠎ᠡ ᠪᠣᠷᠣᠭᠠᠨ ᠪᠠ ᠪᠣᠬᠢᠷᠲᠤᠯ ᠢ ᠰᠠᠯᠭᠠᠬᠤ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ | ᠵᠠᠮ ᠬᠠᠷᠢᠯᠴᠠᠭᠠᠨ ᠤ ᠳᠠᠷᠤᠯᠲᠠ ᠨᠡᠯᠢᠶᠡᠳ ᠶᠡᠭᠡ ᠪᠠᠶᠢᠭ᠎ᠠ ᠪᠣᠯᠬᠤᠷ ᠰᠠᠭᠤᠭᠠᠯᠢ ᠠᠷᠠᠳ ᠤᠨ ᠣᠶᠢᠯᠠᠭᠠᠯᠲᠠ ᠪᠠ | ᠳᠡᠮᠵᠢᠯᠭᠡ ᠶᠢ ᠢᠯᠡᠭᠦᠬᠡᠨ ᠣᠯᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠦᠵᠡᠭᠦᠯᠬᠦ ᠨᠥᠯᠥᠭᠡ ᠶᠢ ᠬᠠᠮᠤᠭ ᠤᠨ | ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠵᠤ᠂ ᠪᠠᠷᠢᠯᠭ᠎ᠠ ᠶᠢᠨ ᠠᠵᠢᠯ ᠤᠨ ᠳᠤᠮᠳᠠᠬᠢ ᠵᠥᠷᠢᠴᠡᠯ ᠪᠠ ᠬᠠᠷᠰᠢ | ᠰᠠᠭᠠᠳ ᠢ ᠪᠠᠭᠠᠰᠬᠠᠨ᠂ ᠪᠣᠷᠣᠭᠠᠨ ᠪᠠ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢᠨ | ᠢᠨᠵᠧᠨᠧᠷᠢᠩ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | | | | | | | | | ᠯᠢᠦ ᠶᠢᠨ ᠲᠤᠤ ᠪᠠᠰᠠ ᠪᠸᠢ ᠴᠢᠶᠣᠤ ᠵᠡᠭᠡᠯᠢ ᠳᠤ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ | ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ︽ᠶᠠᠰᠤ ᠴᠢᠨᠠᠷ ᠢ ᠲᠡᠷᠢᠭᠦᠨ ᠳᠤ ᠲᠠᠯᠪᠢᠵᠤ᠂ | ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ︾ ᠶᠢ ᠪᠠᠷᠢᠯᠭ᠎ᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ | ᠪᠠᠷᠢᠯᠭ᠎ᠠ ᠶᠢᠨ ᠪᠦᠬᠦ ᠲᠠᠯ᠎ᠠ ᠪᠠᠷ ᠬᠢᠷᠢ ᠲᠡᠩᠴᠡᠭᠰᠡᠨ᠂ ᠶᠠᠰᠤ ᠴᠢᠨᠠᠷ ᠰᠠᠶᠢᠨ ᠪᠠᠶᠢᠬᠤ ᠶᠢ ᠪᠠᠲᠤᠯᠠᠵᠤ᠂ ᠠᠷᠠᠳ ᠤᠨ | ᠰᠡᠳᠬᠢᠯ ᠢ ᠣᠯᠤᠭᠰᠠᠨ ᠢᠨᠵᠧᠨᠧᠷᠢᠩ ᠢ ᠦᠨᠡᠨᠬᠦ ᠠᠷᠠᠳ ᠤᠨ ᠰᠡᠳᠬᠢᠯ ᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ᠄ ᠼᠦᠢ ᠴᠢᠩ |