ᠯᠢᠦ ᠶᠢᠨ ᠲᠤᠤ ᠮᠠᠨ ᠤ ᠰᠢᠶᠠᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/6/6
     ᠶᠠᠭ ᠰᠠᠶᠢᠬᠠᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠪᠣᠯᠬᠤ ᠦᠶ᠎ᠡ ᠪᠠᠷ᠂ 6 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠮᠠᠨ ᠤ ᠰᠢᠶᠠᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠶᠠᠷ ᠭᠠᠵᠠᠷ ᠤᠨ ᠯᠢᠶᠠᠩᠴᠧᠩ ᠨᠢᠭᠡᠳᠦᠭᠡᠷ ᠳᠤᠮᠳᠠᠳᠤ ᠰᠤᠷᠭᠠᠭᠤᠯᠢ ᠪᠠ ᠯᠢᠶᠠᠩᠴᠧᠩ ᠨᠢᠭᠡᠳᠦᠭᠡᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ᠂ ᠮᠠᠨ ᠤ ᠰᠢᠶᠠᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠤᠳᠤᠷᠢᠳᠤᠯᠭ᠎ᠠ ᠸᠠᠩ ᠵᠢᠶᠦ᠋ᠨ ᠶᠦᠩ᠂ ᠶᠠᠩ ᠬᠤᠩ᠂ ᡂᠢ ᠶᠦᠩ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠵᠡᠢ᠃
      ᠯᠢᠦ ᠶᠢᠨ ᠲᠤᠤ ᠰᠢᠯᠭᠠᠯᠲᠠ ᠶᠢᠨ ᠴᠡᠭ ᠤᠨ ᠬᠢᠵᠢᠭ ᠢ ᠰᠡᠷᠭᠡᠶᠢᠯᠡᠬᠦ ᠠᠵᠢᠯ ᠤᠨ ᠶᠠᠪᠤᠴᠠ ᠪᠣᠯᠤᠨ ᠬᠢᠨᠠᠨ ᠡᠵᠡᠮᠳᠡᠬᠦ ᠲᠠᠰᠤᠭ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠰᠠᠭᠠᠷᠯᠠᠭᠰᠠᠨ ᠰᠢᠯᠭᠠᠯᠲᠠ ᠶᠢᠨ ᠲᠠᠯᠠᠪᠠᠢ᠂ ᠪᠡᠯᠡᠳᠬᠡᠯ ᠰᠢᠯᠭᠠᠯᠲᠠ ᠶᠢᠨ ᠲᠠᠯᠠᠪᠠᠢ᠂ ᠰᠢᠯᠭᠠᠯᠲᠠ ᠶᠢᠨ ᠶᠠᠪᠤᠳᠠᠯ ᠤᠨ ᠳᠤᠬᠢᠷᠠᠭᠤᠯᠤᠯᠳᠠ ᠪᠣᠯᠤᠨ ᠰᠤᠷᠭᠠᠭᠤᠯᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃
 
      ᠯᠢᠦ ᠶᠢᠨ ᠲᠤᠤ ᠴᠢᠬᠤᠯᠠᠴᠢᠯᠠᠭᠰᠠᠨ ᠨᠢ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠨᠢ ᠥᠷᠭᠡᠨ ᠣᠯᠠᠨ ᠰᠢᠯᠭᠠᠭᠤᠯᠤᠭᠴᠢ ᠶᠢᠨ ᠢᠷᠡᠭᠡᠳᠦᠶ ᠪᠠ ᠬᠤᠪᠢ ᠵᠠᠶᠠᠭ᠎ᠠ ᠳᠤ ᠬᠤᠯᠪᠣᠭᠳᠠᠵᠤ᠂ ᠥᠷᠭᠡᠨ ᠣᠯᠠᠨ ᠰᠣᠷᠣᠭᠴᠢ ᠶᠢᠨ ᠬᠡᠷ ᠤᠨ ᠠᠬᠠᠮᠠᠳ ᠪᠠ ᠨᠡᠶᠢᠭᠡᠮ ᠤᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠷᠭ᠎ᠠ ᠬᠡᠮᠵᠢᠶ᠎ᠡ ᠶᠢ ᠴᠢᠩᠭ᠎ᠠ ᠠᠳᠬᠤᠨ ᠴᠢᠩᠭ᠎ᠠ ᠠᠳᠬᠤᠵᠤ᠂ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠰᠢᠯᠭᠠᠯᠲᠠ ᠶᠢᠨ ᠴᠡᠭ ᠤᠨ ᠬᠢᠵᠢᠭ ᠢ ᠰᠡᠷᠭᠡᠶᠢᠯᠡᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠯᠭᠠᠯᠲᠠ ᠠᠴᠠ ᠡᠮᠦᠨᠡᠬᠢ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠠᠵᠢᠯᠳᠠᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ  ᠠᠷᠭᠠᠴᠠᠭᠠᠬᠤ ᠪᠡᠯᠡᠳᠬᠡᠯ ᠰᠢᠯᠭᠠᠯᠲᠠ ᠶᠢᠨ ᠴᠡᠭ ᠤᠨ ᠰᠢᠯᠭᠠᠯᠲᠠ ᠶᠢᠨ ᠲᠠᠯᠠᠪᠤᠷ ᠢ ᠭᠦᠢᠴᠡᠳ ᠪᠡᠯᠡᠳᠬᠡᠵᠦ᠂ ᠪᠦᠬᠦ ᠰᠢᠯᠭᠠᠭᠤᠯᠤᠭᠰᠠᠳ ᠴᠥᠮ ᠰᠢᠯᠭᠠᠯᠲᠠ ᠳᠤ ᠣᠷᠣᠯᠴᠠᠵᠤ ᠳᠡᠶᠢᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠰᠢᠯᠭᠠᠯᠲᠠ ᠶᠢᠨ ᠲᠠᠯᠠᠪᠤᠷ ᠤᠨ ᠱᠤᠤᠭᠢᠶᠠᠨ᠂ ᠰᠢᠯᠭᠠᠯᠲᠠ ᠶᠢᠨ ᠲᠠᠰᠤᠭ ᠤᠨ ᠳᠤᠯᠠᠭᠠᠨ ᠤ ᠬᠡᠮᠵᠢᠶ᠎ᠡ ᠶᠢ ᠨᠢᠭᠲᠠ ᠠᠩᠬᠠᠷᠴᠤ᠂ ᠡᠳ᠋ ᠪᠣᠳᠠᠰ ᠨᠥᠭᠡᠴᠡᠯᠡᠬᠦ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠪᠠᠴᠢᠮ ᠪᠠᠶᠢᠳᠠᠯ ᠢ  ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠥᠷᠭᠡᠨ ᠤᠯᠠᠨ ᠰᠢᠯᠭᠠᠭᠤᠯᠤᠭᠴᠢ ᠳᠤ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠦᠷᠢᠯᠳᠦᠭᠦᠯᠵᠦ ᠥᠭᠬᠦ ᠬᠡᠷᠡᠭᠲᠡᠢ᠃ ᠰᠢᠯᠭᠠᠭᠤᠯᠤᠭᠰᠠᠳ ᠤᠨ ᠰᠡᠳᠬᠢᠴᠡ ᠶᠢ ᠲᠠᠶᠢᠳᠬᠤᠷᠠᠭᠤᠯᠤᠨ ᠵᠢᠯᠣᠭᠤᠳᠬᠤ ᠪᠠ ᠬᠥᠮᠦᠯᠢᠭ ᠰᠣᠶᠣᠯᠴᠢ ᠬᠠᠯᠠᠮᠵᠢᠯᠠᠯ ᠢ ᠴᠢᠩᠭᠠᠳᠬᠠᠵᠤ᠂ ᠬᠠᠯᠠᠭᠤᠨ ᠢ ᠰᠡᠷᠭᠡᠶᠢᠯᠡᠬᠦ᠂ ᠵᠠᠮ ᠬᠠᠷᠢᠯᠴᠠᠭ᠎ᠠ ᠶᠢ ᠲᠠᠶᠢᠳᠬᠤᠷᠠᠭᠤᠯᠤᠨ ᠵᠢᠯᠣᠭᠤᠳᠬᠤ ᠵᠡᠷᠭᠡ ᠠᠵᠢᠯ ᠢ ᠢᠳᠡᠪᠬᠢᠲᠡᠶ ᠰᠠᠶᠢᠲᠤᠷ ᠬᠢᠵᠦ᠂ ᠰᠢᠯᠭᠠᠭᠤᠯᠤᠭᠰᠠᠳ ᠢ ᠨᠢᠭᠡᠨ ᠲᠠᠭᠠᠯᠠᠮᠵᠢᠲᠠᠶ᠂ ᠲᠠᠭᠠᠯᠠᠮᠵᠢᠲᠠᠶ ᠰᠢᠯᠭᠠᠯᠲᠠ ᠶᠢᠨ ᠣᠷᠴᠢᠨ ᠲᠣᠭᠤᠷᠢᠨ ᠲᠠᠢ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ  ᠭᠡᠪᠡ᠃    ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ  ᠲᠤᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                      ᠨᠠᠶᠢᠷᠠᠭᠤᠯᠤᠭᠴᠢ᠄    ᠶᠠᠩ  ᠿᠦᠢ ᠵᠧᠨ                                                      ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2