ᠮᠠᠨ ᠤ ᠰᠢᠶᠠᠨ 2022 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠠᠵᠢᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/6/6
    2022 ᠣᠨ ᠤ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠲᠣᠩᠭᠤᠷᠤᠤ ᠲᠣᠭᠠᠯᠠᠯ ᠳᠤ ᠣᠷᠣᠵᠤ᠂ ᠡᠨᠡ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠪᠣᠯ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠪᠠᠷ ᠨᠠᠩ ᠴᠢᠩᠭ᠎ᠠ ᠨᠢᠭᠡ ᠤᠳᠠᠭᠠᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ᠂ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠠᠮᠤᠷ ᠲᠦᠪᠰᠢᠨ ᠢᠶᠠᠷ ᠰᠠᠶᠢᠲᠤᠷ ᠬᠢᠵᠦ᠂ ᠰᠢᠯᠭᠠᠭᠤᠯᠤᠭᠴᠢ ᠶᠢᠨ ᠠᠮᠤᠷ ᠲᠦᠪᠰᠢᠨ ᠢᠶᠠᠷ ᠰᠢᠯᠭᠠᠯᠲᠠ ᠳᠤ ᠣᠷᠣᠯᠴᠠᠬᠤ ᠶᠢ ᠪᠠᠲᠤᠯᠠᠬᠤ ᠶᠢᠨ ᠲᠥᠯᠥᠭᠡ᠂ 6 ᠰᠠᠷ᠎ᠠ ᠶᠢᠨ 5 ᠤ ᠡᠳᠦᠷ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠴᠠᠬᠢᠯᠭᠠᠨ ᠬᠠᠩᠭᠠᠬᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠯᠢᠶᠠᠩᠴᠧᠩ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠠᠵᠢᠯ ᠬᠢᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠧᠩ ᠶᠠᠨ ᠹᠠᠩ ᠲᠤᠬᠠᠶ ᠶᠢᠨ ᠲᠠᠯᠠᠪᠠᠶ ᠳᠤ ᠢᠷᠡᠵᠦ ᠵᠢᠭᠠᠨ ᠵᠢᠯᠣᠭᠤᠳᠪᠠ᠃
   ᠰᠣᠷᠢᠯᠲᠠ ᠶᠢᠨ ᠲᠤᠬᠠᠶ ᠶᠢᠨ ᠲᠠᠯᠠᠪᠤᠷ ᠲᠤ᠂ ᠰᠢᠯᠭᠠᠭᠤᠯᠤᠭᠴᠢ ᠶᠢᠨ ᠲᠠᠯᠠᠪᠤᠷ ᠲᠤ ᠣᠷᠣᠵᠤ ᠳᠤᠯᠠᠭᠠᠨ ᠤ ᠬᠡᠮᠵᠢᠯᠲᠡ ᠶᠢᠨ ᠠᠮᠤᠷ ᠲᠦᠪᠰᠢᠨ ᠤ ᠪᠠᠶᠢᠴᠠᠭᠠᠯᠲᠠ ᠬᠢᠬᠦ᠂ ᠪᠡᠶ᠎ᠡ ᠶᠢᠨ ᠳᠤᠯᠠᠭᠠᠨ ᠤ ᠬᠡᠪ ᠤᠨ ᠪᠤᠰᠤ ᠪᠠᠶᠢᠳᠠᠯ ᠢ ᠢᠯᠡᠷᠡᠭᠦᠯᠬᠦ ᠂ ᠲᠤᠰᠠᠭᠠᠷᠯᠠᠭᠰᠠᠨ ᠰᠢᠯᠭᠠᠯᠲᠠ ᠶᠢᠨ ᠲᠠᠯᠠᠪᠤᠷ ᠢ ᠡᠬᠢᠯᠡᠨ ᠬᠡᠷᠡᠭᠯᠡᠬᠦ ᠵᠡᠷᠭᠡ ᠲᠠᠯᠠᠪᠤᠷ ᠢ ᠳᠠᠭᠤᠷᠢᠶᠠᠬᠤ ᠪᠠᠷ ᠳᠠᠮᠵᠢᠭᠤᠯᠤᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠵᠢᠯᠲᠠᠳ ᠲᠤ ᠭᠡᠨᠡᠳᠲᠡ ᠶᠢᠨ ᠪᠠᠶᠢᠳᠠᠯ ᠳᠣᠤᠷᠠᠬᠢ ᠪᠠᠴᠢᠮ ᠪᠠᠶᠢᠳᠠᠯ ᠢ  ᠠᠷᠭᠠᠴᠠᠭᠠᠨ ᠰᠢᠢᠳᠪᠤᠷᠢᠯᠡᠬᠦ ᠡᠯ᠎ᠡ ᠵᠢᠷᠤᠮ ᠢ ᠤᠯᠠᠮ ᠨᠢᠭᠡ ᠠᠯᠬᠤᠮ ᠣᠶᠢᠯᠠᠭᠠᠭᠤᠯᠵᠤ᠂ ᠪᠦᠬᠦ᠋ᠢᠯᠡ ᠰᠣᠷᠢᠯᠲᠠ ᠶᠢᠨ ᠶᠠᠪᠤᠴᠠ ᠶᠢ ᠵᠢᠷᠤᠮᠵᠢᠭᠤᠯᠤᠭᠰᠠᠨ ᠶᠠᠪᠤᠴᠠ ᠶᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠪᠠᠴᠢᠮ ᠪᠥᠭᠡᠳ ᠡᠮᠬᠢ ᠵᠢᠷᠤᠮ ᠲᠠᠢ᠂ ᠠᠯᠬᠤᠮ ᠳᠠᠷᠠᠭ᠎ᠠ ᠲᠠᠢ ᠶᠠᠪᠤᠭᠳᠠᠭᠤᠯᠤᠨ᠎ᠠ᠃
     ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠪ ᠯᠢᠶᠠᠩᠴᠧᠩ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠪᠠᠰᠠ ᠰᠠᠶᠢᠨ ᠳᠤᠷ᠎ᠠ ᠶᠢᠨ ᠦᠢᠯᠡᠴᠢᠯᠡᠭᠡᠨ ᠤ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠰᠣᠷᠢᠯᠲᠠ ᠶᠢᠨ ᠠᠵᠢᠯᠯᠠᠭ᠎ᠠ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠴᠢᠳ ᠠᠵᠢᠯᠳᠠᠨ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠲᠠᠢ ᠢᠳᠡᠪᠬᠢᠲᠡᠢ ᠬᠠᠮᠵᠢᠯᠴᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠺᠣᠳ᠋ ᠰᠢᠷᠪᠢᠵᠦ ᠳᠠᠩᠰᠠᠯᠠᠬᠤ ᠵᠡᠷᠭᠡ ᠡᠯ᠎ᠡ ᠵᠦᠢᠯ ᠤᠨ ᠠᠵᠢᠯ ᠢ ᠬᠢᠵᠦ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠲᠣᠭᠲᠠᠭᠤᠨ ᠢᠶᠠᠷ ᠶᠠᠪᠤᠭᠳᠠᠬᠤ ᠳᠤ ᠬᠦᠴᠦ ᠨᠡᠮᠡᠷᠢᠯᠡᠵᠡᠢ᠃
    ᠲᠣᠰ ᠤᠳᠠᠭᠠᠨ ᠤ ᠰᠣᠷᠢᠯᠲᠠ ᠪᠠᠷ ᠳᠡᠮᠵᠢᠨ᠂ ᠡᠯ᠎ᠡ ᠰᠢᠯᠭᠠᠯᠲᠠ ᠶᠢᠨ ᠴᠡᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠ ᠵᠣᠬᠢᠶᠠᠨ ᠪᠠᠶᠢᠭᠤᠯᠵᠤ ᠵᠣᠬᠢᠴᠠᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠰᠢᠶᠠᠨ ᠤ 2022 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠤᠨ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠶᠠᠪᠤᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃                                           ᠨᠠᠶᠢᠷᠠᠭᠤᠯᠤᠭᠴᠢ᠄   ᠶᠠᠩ  ᠿᠦᠢ ᠵᠧᠨ                                           ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2