ᠬᠤᠩ ᠮᠤᠤ ᠪᠠᠯᠭᠠᠰᠤᠨ ᠤ ᠵᠢᠩ ᠭᠸᠤ ᠲᠣᠰᠬᠤᠨ᠄ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠲᠤᠳᠬᠠᠵᠤ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠴᠣᠭᠴᠠᠯᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2022/6/8
   ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠥᠯᠥᠭᠡ᠂ ᠡᠶ᠎ᠡ ᠵᠣᠬᠢᠴᠠᠩᠭᠤᠢ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ ᠂ ᠤᠢᠢᠷ᠎ᠠ ᠶᠢᠨ ᠡᠳᠦᠷ ᠤᠳ ᠲᠤ᠂ ᠬᠤᠩ ᠮᠤᠤ ᠪᠠᠯᠭᠠᠰᠤ ᠶᠢᠨ ᠬᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠤᠯᠠᠨ ᠲᠦᠮᠡᠨ ᠢ ᠪᠦᠲᠦᠮᠵᠢᠲᠡᠢ ᠬᠦᠳᠦᠯᠦᠨ ᠵᠢᠯᠣᠭᠤᠳᠴᠤ ᠪᠠᠶᠢᠭᠠᠳ ᠢᠳᠡᠪᠬᠢᠲᠡᠢ ᠪᠠᠷ ᠳᠠᠭᠠᠵᠤ᠂ ᠬᠦᠴᠦᠲᠡᠢ ᠠᠷᠭ᠎ᠠ ᠬᠡᠮᠵᠢᠶ᠎ᠡ ᠪᠠᠷ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠠᠢ᠃
        ᠵᠢᠩ ᠭᠸᠤ ᠲᠣᠰᠬᠤᠨ ᠳᠤ᠂ ᠨᠠᠮ ᠤᠨ ᠭᠡᠰᠢᠭᠦᠨ ᠺᠠᠳ᠋ᠷ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ᠶᠡᠭᠡ ᠵᠡᠭᠡᠯᠢ ᠪᠠᠭ᠎ᠠ ᠭᠤᠳᠤᠮᠵᠢ ᠪᠠᠷ ᠶᠠᠪᠤᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠠᠮᠲᠤ ᠪᠠᠷ ᠬᠥᠳᠡᠯᠵᠦ᠂ ᠱᠦᠭᠦᠷ ᠲᠡᠮᠦᠷ ᠬᠦᠷᠵᠡ ᠪᠠᠷᠢᠵᠤ᠂ ᠵᠠᠮ ᠤᠨ ᠬᠤᠭ ᠨᠣᠪᠰᠢ ᠶᠢ ᠴᠡᠪᠡᠷᠯᠡᠪᠡ᠃ ᠡᠭᠦᠨ ᠤ ᠵᠡᠷᠭᠡᠪᠡᠷ᠂ ᠲᠣᠰᠬᠤᠨ ᠤ ᠠᠷᠠᠳ ᠤᠨ  ᠵᠢᠷᠭᠢᠶ᠎ᠡ  ᠂ ᠪᠦᠷᠢᠶ᠎ᠡ ᠶᠢᠨ ᠳᠤᠮᠳᠠ ᠪᠦᠬᠦ ᠲᠣᠰᠬᠤᠨ ᠤ ᠠᠷᠠᠳ ᠢ ᠰᠠᠨᠠᠭᠠᠴᠢᠯᠠᠭ᠎ᠠ ᠠᠴᠠ ᠪᠠᠨ ᠭᠠᠷ ᠬᠥᠳᠡᠯᠵᠦ᠂ ᠭᠡᠷ ᠤᠨ ᠠᠷᠤ ᠲᠠᠯ᠎ᠠ ᠶᠢᠨ ᠬᠤᠭ ᠨᠣᠪᠰᠢ ᠶᠢ ᠴᠡᠪᠡᠷᠯᠡᠵᠦ᠂ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠬᠠᠮᠲᠤᠪᠠᠷ ᠡᠳ᠋ᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠠᠷᠠᠳ ᠢᠶᠠᠷ ᠢᠶᠠᠨ ᠬᠠᠮᠲᠤᠪᠠᠷ ᠪᠠᠶᠢᠭᠤᠯᠵᠤ ᠬᠠᠮᠲᠤᠪᠠᠷ ᠬᠠᠮᠢᠶᠠᠷᠴᠤ ᠬᠠᠮᠲᠤᠪᠠᠷ ᠡᠳ᠋ᠯᠡᠬᠦ ᠰᠠᠶᠢᠨ ᠰᠠᠶᠢᠬᠠᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠭᠡᠵᠦ ᠤᠷᠢᠶᠠᠯᠠᠪᠠ᠃ ᠣᠳᠣᠬᠠᠨ ᠳᠤ᠂ ᠠᠶᠢᠯ ᠲᠣᠰᠬᠤᠨ ᠭᠤᠶᠤ ᠰᠠᠶᠢᠬᠠᠨ ᠪᠤᠯᠵᠤ᠂ ᠠᠶᠢᠯ ᠪᠣᠯᠭᠠᠨ ᠤ ᠡᠭᠦᠳᠡᠨ ᠡᠮᠦᠨ᠎ᠡ ᠴᠡᠪᠡᠷ ᠴᠡᠮᠴᠡᠭᠡᠷ ᠪᠤᠯᠵᠤ᠂ ᠬᠥᠮᠦᠰ ᠭᠠᠳᠠᠭᠰᠢ ᠭᠠᠷᠤᠮᠠᠭᠴᠠ ᠱᠦᠢᠨᠢ ᠵᠠᠮ ᠢᠶᠠᠷ ᠶᠠᠪᠤᠵᠤ᠂ ᠲᠣᠰᠬᠤᠨ ᠠᠴᠠ ᠪᠠᠰᠠ ᠲᠣᠰᠬᠤᠨ ᠤ ᠠᠷᠠᠳ ᠲᠤ ᠰᠤᠯᠠ ᠰᠡᠯᠡᠭᠦᠦ ᠵᠢᠵᠢᠭ ᠲᠠᠯᠠᠪᠠᠢ ᠪᠠᠶᠢᠭᠤᠯᠤᠨ ᠥᠭᠴᠦ᠂ ᠬᠥᠮᠦᠰ ᠤᠨ ᠠᠮᠢᠳᠤᠷᠠᠯ ᠤᠨ ᠨᠥᠬᠦᠴᠡᠯ ᠤᠯᠠᠮ ᠠᠴᠠ ᠤᠯᠠᠮ ᠣᠷᠣᠰᠢᠨ ᠰᠠᠭᠤᠬᠤ ᠳᠤ ᠲᠠᠭᠠᠯᠠᠮᠵᠢᠲᠠᠢ ᠪᠣᠯᠵᠠᠢ᠃
       ᠵᠢᠩ ᠭᠸᠤ ᠲᠣᠰᠬᠤᠨ ᠤ ᠠᠷᠠᠳ ᠵᠢᠢ ᠮᠦ ᠰᠢᠶᠠᠩ ᠪᠠᠶᠠᠷᠲᠠᠢ ᠪᠠᠷ᠄ ᠲᠣᠰᠬᠤᠨ ᠤ ᠬᠢᠨ ᠲᠤᠰᠬᠠᠢ ᠴᠡᠪᠡᠷᠯᠡᠭᠴᠢ ᠳᠤ ᠬᠤᠭ ᠨᠣᠪᠰᠢ ᠶᠢᠨ ᠬᠠᠶᠢᠷᠴᠠᠭ ᠲᠤᠬᠢᠷᠠᠭᠤᠯᠵᠤ᠂ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠪᠠᠶᠢᠭ᠎ᠠ ᠨᠢ ᠡᠳᠦᠷ ᠪᠦᠷᠢ ᠮᠠᠰᠢ ᠴᠡᠪᠡᠷᠬᠡᠨ ᠪᠠᠶᠢᠵᠤ᠂ ᠪᠢᠳᠡᠨ ᠤ ᠰᠠᠭᠤᠵᠤ ᠪᠠᠶᠢᠭ᠎ᠠ ᠨᠢ ᠮᠠᠰᠢ ᠲᠠᠭᠠᠯᠠᠮᠵᠢᠲᠠᠢ᠂ ᠮᠠᠰᠢ ᠬᠠᠨᠤᠮᠵᠢᠲᠠᠢ ᠪᠠᠶᠢᠨ᠎ᠠ ᠭᠡᠵᠦ ᠬᠡᠯᠡᠪᠡ᠃
        ᠨᠢᠳᠤᠨᠤᠨ ᠠᠴᠠ ᠨᠠᠰᠢ᠂ ᠬᠤᠩ ᠮᠤᠤ ᠪᠠᠯᠭᠠᠰᠤ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠭᠠᠷᠳᠠᠨ ᠬᠢᠬᠦ ᠴᠡᠭ ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠦᠬᠦ ᠪᠠᠯᠭᠠᠰᠤ ᠶᠢᠨ ᠭᠤᠣᠯᠳᠠᠯᠭ᠎ᠠ ᠲᠠᠢ ᠠᠵᠢᠯ ᠪᠣᠯᠭᠠᠨ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠢᠶᠠᠷ ᠠᠶᠢᠯ ᠲᠣᠰᠬᠤᠨ ᠢ ᠳᠠᠭᠠᠭᠠᠴᠢᠯᠠᠭᠤᠯᠤᠨ ᠬᠠᠷᠢᠭᠤᠴᠠᠯᠭ᠎ᠠ ᠶᠢᠨ ᠲᠠᠷᠢᠶ᠎ᠠ ᠶᠢ ᠬᠤᠪᠢᠶᠠᠷᠢᠯᠠᠬᠤ ᠶᠢᠨ ᠬᠠᠮᠲᠤ ᠲᠠᠷᠢᠶᠠᠴᠢᠨ ᠡᠷᠦᠬᠡ ᠳᠤ ᠬᠦᠷᠲᠡᠯ᠎ᠡ ᠪᠣᠳᠠᠲᠠᠢ ᠪᠠᠷ ᠬᠤᠪᠢᠶᠠᠷᠢᠯᠠᠵᠤ᠂ ︽ᠲᠣᠣᠷᠵᠢᠭᠤᠯᠤᠭᠰᠠᠨ︾ ᠨᠠᠷᠢᠯᠢᠬᠵᠢᠭᠤᠯᠤᠭᠰᠠᠨ ᠳᠠᠭᠠᠭᠠᠴᠢᠯᠠᠯᠲᠠ ᠶᠢᠨ ᠲᠣᠭᠲᠠᠴᠠ ᠶᠢ ᠪᠦᠷᠢᠯᠳᠦᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠪᠠᠶᠢᠩᠭᠤᠵᠢᠭᠰᠠᠨ ᠬᠠᠮᠢᠶᠠᠷᠤᠯᠲᠠ ᠶᠢ ᠬᠡᠷᠡᠭᠵᠢᠭᠦᠯᠵᠡᠢ᠃ ᠡᠭᠦᠨ ᠤ ᠬᠠᠮᠲᠤ ᠪᠠᠰᠠ ︽234︾ ᠠᠵᠢᠯ ᠤᠨ ᠵᠠᠮ ᠢ ᠬᠠᠶᠢᠨ ᠰᠦᠪᠡᠭᠴᠢᠯᠡᠵᠦ ᠭᠠᠷᠭᠠᠪᠠ᠃ ᠳᠠᠷᠤᠢ ︽ᠬᠤᠶᠠᠷ ᠢ ᠪᠠᠷᠢᠮᠲᠠᠯᠠᠬᠤ︾ ᠪᠣᠯᠤᠨ᠎ᠠ᠄ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠲᠣᠣᠷᠵᠢᠭᠤᠯᠤᠭᠰᠠᠨ ᠬᠠᠮᠢᠶᠠᠷᠤᠯᠲᠠ ᠶᠢ ᠪᠠᠷᠢᠮᠲᠠᠯᠠᠨ᠎ᠠ︔ ︽ᠭᠤᠷᠪᠠᠨ ᠵᠦᠢᠯ ᠤᠨ ᠠᠷᠭ᠎ᠠ ᠬᠡᠮᠵᠢᠶ᠎ᠡ︾᠄ ᠨᠡᠭᠦᠳᠡᠯ ᠤᠯᠠᠭᠠᠨ ᠲᠤᠭ ᠢ ᠲᠠᠷᠬᠠᠭᠠᠬᠤ᠂ ᠤᠯᠠᠭᠠᠨ ᠬᠠᠷ᠎ᠠ ᠰᠠᠮᠪᠠᠷ᠎ᠠ ᠶᠢ ᠵᠠᠷᠯᠠᠨ ᠨᠡᠶᠢᠲᠡᠯᠡᠬᠦ ᠶᠢ ᠬᠡᠷᠡᠭᠵᠢᠭᠦᠯᠬᠦ᠂ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠲᠣᠰᠬᠤᠨ ᠤ ᠳᠦᠷᠢᠮ ᠠᠷᠠᠳ ᠤᠨ ᠭᠡᠷ᠎ᠡ ᠶᠢ ᠬᠡᠷᠡᠭᠵᠢᠭᠦᠯᠬᠦ︔ ︽ᠳᠥᠷᠪᠡ ᠶᠢ ᠪᠠᠶᠢᠭᠤᠯᠬᠤ︾᠄ ᠨᠢᠭᠡ ᠢᠵᠢ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠶᠢᠨ ᠡᠬᠡ ᠲᠠᠩᠰᠠ ᠶᠢ ᠪᠠᠶᠢᠭᠤᠯᠵᠤ᠂ ᠨᠢᠭᠡ ᠵᠦᠶ᠋ᠯ ᠤᠨ ᠱᠠᠩᠨᠠᠵᠤ ᠲᠣᠷᠭᠠᠬᠤ ᠠᠷᠭ᠎ᠠ ᠶᠢ ᠪᠠᠶᠢᠭᠤᠯᠵᠤ᠂ ᠬᠤᠷᠢᠶᠠᠨ ᠬᠠᠳᠠᠭᠠᠯᠠᠬᠤ ᠲᠡᠭᠡᠭᠡᠪᠦᠷᠢᠯᠡᠬᠦ ᠭᠠᠵᠠᠷ ᠤᠨ ᠰᠢᠰᠲ᠋ᠧᠮᠵᠢ ᠶᠢ ᠪᠠᠶᠢᠭᠤᠯᠤᠨ᠎ᠠ᠃ ᠡᠨᠡᠬᠦ ᠶᠠᠪᠤᠴᠠ ᠳᠤ᠂ ᠪᠠᠰᠠ ︽ᠪᠣᠯᠪᠠᠰᠤᠨ ᠲᠣᠰᠬᠤᠨ︾᠂ ︽ᠬᠠᠶᠢᠷ᠎ᠠ ᠬᠠᠯᠠᠮᠵᠢ ᠶᠢᠨ ᠲᠣᠰᠬᠤᠨ︾᠂ ︽ᠦᠵᠡᠰᠬᠦᠯᠡᠩᠲᠦ ᠰᠠᠶᠢᠬᠠᠨ  ᠬᠦᠷᠢᠶ᠎ᠡ ᠬᠠᠰᠢᠶ᠎ᠠ᠂ ᠠᠷᠢᠭᠤᠨ ᠴᠡᠪᠡᠷ ᠠᠶᠢᠯ ᠡᠷᠦᠬᠡ︾ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠲᠠᠷᠢᠶᠠᠴᠢᠨ ᠡᠷᠦᠬᠡ ᠶᠢᠨ ᠥᠪᠡᠷ ᠢ ᠪᠠᠨ ᠴᠡᠪᠡᠷᠯᠡᠬᠦ᠂ ᠥᠪᠡᠷ ᠢ ᠪᠠᠨ ᠬᠠᠮᠠᠭᠠᠯᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠪᠡ᠃
   ᠬᠤᠩ ᠮᠤᠤ ᠪᠠᠯᠭᠠᠰᠤᠨ ᠤ ᠳᠡᠳ᠋ ᠳᠠᠷᠤᠭ᠎ᠠ ᠭᠤᠤ ᠵᠥᠩ ᠱᠧᠩ ᠲᠠᠨᠢᠯᠴᠠᠭᠤᠯᠬᠤ ᠳᠠᠭᠠᠨ᠄ ᠲᠠᠷᠠᠭᠠᠴᠢ ᠶᠢᠨ ᠠᠯᠬᠤᠮ ᠳᠤ ᠮᠠᠨ ᠤ ᠪᠠᠯᠭᠠᠰᠤ ᠬᠤᠶᠠᠷ ᠪᠠᠷᠢᠮᠲᠠᠯᠠᠬᠤ᠂ ᠭᠤᠷᠪᠠᠨ  ᠵᠤᠶᠢᠯ ᠤᠨ ᠠᠷᠭ᠎ᠠ ᠬᠡᠮᠵᠢᠶ᠎ᠡ ᠠᠪᠬᠤ᠂ ᠳᠥᠷᠪᠡᠨ ᠪᠠᠶᠢᠭᠤᠯᠬᠤ ᠵᠡᠷᠭᠡ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠤᠨ᠂ ᠲᠣᠰᠬᠤᠨ ᠤ ᠠᠷᠠᠳ ᠤᠨ ᠵᠣᠯ ᠵᠢᠷᠭᠠᠯ ᠤᠨ ᠰᠡᠳᠬᠢᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠭᠡᠵᠡᠶ᠃                                             ᠨᠠᠶᠢᠷᠠᠭᠤᠯᠤᠭᠴᠢ᠄     ᠯᠢ ᠬᠤᠩ ᠢᠦᠢ                                             ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2