ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠴᠠᠭ ᠦᠶ᠎ᠡ ᠶᠢᠨ ᠬᠤᠰᠢᠭᠤ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠶᠠᠷᠢᠯᠴᠠᠬᠤ ᠬᠤᠷᠠᠯ ᠮᠠᠨ ᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2022/6/8
   6  ᠰᠠᠷ᠎ᠠ ᠶᠢᠨ 7 ᠤ ᠡᠳᠦᠷ᠂ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠴᠠᠭ ᠦᠶ᠎ᠡ ᠶᠢᠨ ᠬᠤᠰᠢᠭᠤ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠶᠠᠷᠢᠯᠴᠠᠬᠤ ᠬᠤᠷᠠᠯ ᠮᠠᠨ ᠤ ᠰᠢᠶᠠᠨ ᠳᠤ ᠶᠠᠪᠤᠭᠳᠠᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠶᠢᠨ᠂ ᠯᠦ ᠱᠧᠩ ᠴᠢ ᠬᠤᠷᠠᠯ ᠳᠤ ᠣᠷᠣᠯᠴᠠᠵᠠᠶ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ ᠵᠤᠤ ᠷᠦᠢ᠂ ᠯᠢ ᡁᠢ ᠵᠧᠨ᠂ ᠸᠠᠩ ᠬᠤᠩ ᠮᠢᠩ᠂ ᡂᠢ ᠶᠦᠩ᠂ ᠳ᠋ᠠᠢ ᠰᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ  ᠰᠡᠴᠡᠩᠭᠤᠸ᠎ᠠ ᠵᠢᠴᠢ ᠹᠧᠩᠵᠧᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠱᠠᠩᠳᠤ ᠶᠢᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃
       ᠬᠤᠷᠠᠯ ᠳᠡᠭᠡᠷ᠎ᠡ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠷᠦᠢ ᠯᠢᠶᠠᠩᠴᠧᠩ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ︽ᠰᠢᠨ᠎ᠡ ᠴᠠᠭ ᠦᠶ᠎ᠡ ᠶᠢᠨ ᠬᠤᠲᠠ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠤᠤᠯ ᠠᠷᠭ᠎ᠠ ᠬᠢᠳᠡᠯ᠂ ᠣᠷᠣᠰᠢᠵᠤ ᠪᠠᠶᠢᠭ᠎ᠠ ᠠᠰᠠᠭᠤᠳᠠᠯ ᠪᠠ ᠳᠤᠲᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠬᠠᠷᠢᠭᠤ ᠮᠡᠳᠡᠭᠦᠯᠦᠭᠰᠡᠨ ᠪᠥᠭᠡᠳ ᠬᠤᠷᠠᠯ ᠤᠨ ᠭᠤᠤᠯ ᠰᠡᠳᠦᠪ ᠤᠨ ᠲᠣᠭᠤᠷᠢᠨ ᠳᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ︽ᠰᠢᠨ᠎ᠡ ᠴᠠᠭ ᠦᠶ᠎ᠡ ᠶᠢᠨ ᠬᠤᠲᠠ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠲᠥᠰᠦᠯ︾ ᠳᠤ ᠰᠠᠨᠠᠭᠤᠯᠭ᠎ᠠ ᠳᠤᠷᠠᠳᠪᠠ᠃ ᠬᠤᠷᠠᠯ ᠳᠤ ᠣᠷᠣᠯᠴᠠᠭᠰᠠᠨ ᠡᠯ᠎ᠡ ᠬᠤᠰᠢᠭᠤ ᠰᠢᠶᠠᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠨᠠᠷ ᠲᠣᠰ ᠲᠣᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ᠬᠤᠰᠢᠭᠤ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠶᠠᠷᠢᠯᠴᠠᠨ ᠰᠣᠯᠢᠯᠴᠠᠬᠤ ᠶᠠᠷᠢᠶ᠎ᠠ ᠲᠠᠯᠪᠢᠪᠠ᠃
         ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠠ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠰᠢᠨ᠎ᠡ ᠴᠠᠭ ᠦᠶ᠎ᠡ ᠶᠢᠨ ᠬᠤᠲᠠ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠲᠤᠰᠬᠠᠶᠢᠯᠠᠨ ᠳᠠᠷᠤᠮᠠᠯᠯᠠᠨ ᠲᠠᠷᠬᠠᠭᠠᠵᠤ᠂ ︽ᠲᠦᠷᠪᠡᠨ ᠪᠠᠯᠠᠷᠬᠠᠢ︾᠂ ︽ᠬᠤᠶᠠᠷ ᠪᠠᠭᠤᠷᠠᠢ︾ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠪᠡ᠃ ᠲᠠᠷᠠᠭᠠᠴᠢ ᠶᠢᠨ ᠪᠠᠶᠢᠴᠠᠭᠠᠨ ᠰᠤᠳᠤᠯᠤᠯᠲᠠ ᠶᠢᠨ ᠶᠠᠪᠤᠴᠠ ᠳᠤ᠂ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠢᠶᠠᠨ ᠨᠠᠷᠢᠨ ᠬᠢᠨᠠᠮᠠᠭᠠᠢ ᠰᠠᠶᠢᠲᠤᠷ ᠵᠠᠳᠠᠯᠤᠨ ᠰᠤᠳᠤᠯᠵᠤ᠂ ᠠᠰᠠᠭᠤᠳᠠᠯ ᠪᠠ ᠰᠢᠯᠲᠠᠭᠠᠨ ᠢ ᠣᠨᠣᠪᠴᠢᠲᠠᠢ ᠡᠷᠢᠨ ᠨᠡᠪᠳᠡᠷᠡᠳᠡᠯ᠎ᠠ ᠵᠠᠳᠠᠯᠵᠤ᠂ ᠠᠷᠭᠠᠴᠠᠬᠤ ᠪᠤᠳᠤᠯᠭ᠎ᠠ ᠰᠠᠨᠠᠭᠤᠯᠭ᠎ᠠ ᠶᠢ ᠰᠠᠶᠢᠲᠤᠷ ᠨᠤᠲᠠᠯᠠᠵᠤ᠂ ᠴᠢᠨᠠᠷ ᠰᠠᠶᠢᠲᠠᠢ ᠶᠡᠷᠦᠩᠬᠡᠶᠢᠯᠡᠭᠰᠡᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠲᠤᠭᠤᠷᠪᠢᠬᠤ ᠪᠠᠷ ᠴᠢᠷᠮᠠᠶᠢᠬᠤ ᠬᠡᠷᠡᠭᠲᠡᠢ᠃ ᠡᠭᠦᠨ ᠤ ᠬᠠᠮᠲᠤ ᠲᠥᠪ ᠤᠨ ᠪᠢᠴᠢᠭ ᠮᠠᠲ᠋ᠧᠷᠢᠶᠠᠯ ᠪᠣᠯᠤᠨ ᠬᠤᠰᠢᠭᠤ ᠰᠢᠶᠠᠨ ᠬᠤᠲᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠳᠠᠯ ᠢ ᠲᠤᠭᠤᠷᠠᠳᠠᠯ᠎ᠠ ᠰᠤᠳᠤᠯᠵᠤ᠂ ᠰᠠᠶᠢᠲᠤᠷ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠠᠶᠢᠲᠤᠷ ᠲᠣᠭᠲᠠᠭᠠᠬᠤ ᠳᠤ ᠪᠠᠲᠤ ᠴᠢᠩᠭ᠎ᠠ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃    ᠬᠤᠷᠠᠯ ᠠᠴᠠ᠂ ︽ᠰᠠᠨᠠᠯ︾ ᠢ ᠨᠠᠶᠢᠳᠠᠪᠤᠷᠢᠵᠢᠭᠤᠯᠬᠤ ᠰᠡᠳᠦᠪ ᠤᠨ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠤᠳᠤᠷᠢᠳᠤᠯᠭ᠎ᠠ ᠶᠢ ᠴᠢᠨᠠᠭᠰᠢᠳᠠ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠵᠢᠯᠤᠭᠤᠳᠤᠯᠭ᠎ᠠ ᠶᠢ ᠴᠢᠩᠭᠠᠳᠬᠠᠬᠤ ᠬᠡᠷᠡᠭᠲᠡᠢ︔ ᠲᠦᠷᠢᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠪᠣᠳᠠᠲᠠᠶᠢᠵᠢᠭᠤᠯᠪᠠ︔ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠴᠢᠶᠠᠯᠠᠪᠤᠷᠢ ᠶᠢᠨ ᠰᠢᠨ᠎ᠡ ᠶᠢ ᠤᠯᠠᠮ ᠨᠢᠭᠡ ᠠᠯᠬᠤᠮ ᠡᠭᠦᠳᠴᠦ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠮᠢᠳᠤᠯᠢᠭ ᠪᠣᠯᠭᠠᠬᠤ ᠬᠡᠷᠡᠭᠲᠡᠶ︔ ᠤᠯᠤᠰ ᠲᠥᠷᠥ ᠶᠢᠨ ᠵᠥᠪᠯᠡᠯᠭᠡᠨ ᠤ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠥᠷᠥ ᠶᠢᠨ ᠵᠥᠪᠯᠡᠯᠭᠡᠨ ᠤ ᠳᠦᠷᠢ ᠲᠥᠷᠬᠦ ᠶᠢ ᠪᠣᠶ ᠪᠣᠯᠭᠠᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠡᠭᠦᠳᠦᠨ᠎ᠡ᠃                                                ᠨᠠᠶᠢᠷᠠᠭᠤᠯᠤᠭᠴᠢ᠄  ᠯᠢ ᠬᠤᠩ ᠢᠦᠢ                                                  ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2