ᠶᠦᠩ ᠰᠢᠩ ᠪᠠᠯᠭᠠᠰᠤ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/10
  7 ᠰᠠᠷ᠎ᠠ ᠶᠢᠨ 8 ᠤ ᠡᠳᠦᠷ᠂ ᠶᠦᠩ ᠰᠢᠩ ᠪᠠᠯᠭᠠᠰᠤ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶᠠᠨ ᠤ ᠠᠷᠪᠠᠳᠤᠭᠠᠷ ᠨᠠᠮ ᠤᠨ ᠡᠭᠦᠷ ᠲᠠᠢ ᠬᠠᠮᠲᠤᠷᠠᠨ ᠬᠥᠳᠡᠭᠡ ᠪᠠᠭᠤᠵᠤ ᠠᠯᠪᠠᠨ ᠵᠢᠷᠤᠮ ᠤᠨ ᠡᠮᠴᠢᠯᠡᠭᠡᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠵᠤ᠂ ᠣᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠡᠪᠡᠳᠴᠢᠨ ᠦᠵᠡᠭᠦᠯᠵᠦ᠂ ᠡᠷᠡᠭᠦᠯ ᠮᠡᠨᠳᠦ ᠠᠮᠢᠳᠤᠷᠠᠬᠤ ᠶᠢ ᠬᠥᠲᠥᠯᠦᠨ ᠵᠢᠯᠣᠭᠤᠳᠪᠠ᠃
            ᠦᠳᠡ ᠶᠢᠨ ᠡᠮᠦᠨᠡᠬᠢ 9 ᠴᠠᠭ ᠲᠤ᠂ ᠰᠢᠶᠠᠩ ᠪᠠᠯᠭᠠᠰᠤᠨ ᠤ ᠠᠵᠢᠯᠲᠠᠨ ᠤ ᠡᠮᠬᠢ ᠵᠢᠷᠤᠮ ᠲᠠᠢ ᠵᠢᠯᠣᠭᠤᠳᠣᠯᠭ᠎ᠠ ᠳᠣᠤᠷ᠎ᠠ᠂ ᠡᠮᠴᠢ ᠰᠤᠪᠢᠯᠠᠭᠴᠢᠳ ᠡᠯ᠎ᠡ ᠲᠥᠷᠥᠯ ᠤᠨ ᠪᠠᠶᠢᠴᠠᠭᠠᠨ ᠰᠢᠯᠭᠠᠬᠤ ᠲᠥᠬᠦᠭᠡᠷᠦᠮᠵᠢ ᠬᠡᠮᠵᠢᠭᠦᠷᠯᠢᠭ ᠢ ᠪᠡᠯᠡᠳᠬᠡᠵᠦ᠂ ᠡᠮᠨᠡᠭᠦᠯᠬᠦ ᠪᠠᠷ ᠢᠷᠡᠭᠰᠡᠨ 100 ᠭᠠᠷᠤᠶ ᠰᠠᠭᠤᠭᠠᠯᠢ ᠠᠷᠠᠳ ᠲᠤ ᠴᠢᠰᠤᠨ ᠳᠠᠷᠤᠯᠲᠠ ᠂ ᠴᠢᠰᠤᠨ ᠰᠢᠬᠢᠷ ᠤᠨ ᠪᠠᠶᠢᠴᠠᠭᠠᠯᠲᠠ᠂ ᠴᠢᠰᠤ ᠠᠪᠬᠤ ᠪᠠᠶᠢᠴᠠᠭᠠᠯᠲᠠ᠂ ᠵᠢᠷᠦᠬᠡᠨ ᠤ ᠴᠠᠬᠢᠯᠭᠠᠨ ᠤ ᠪᠠᠶᠢᠴᠠᠭᠠᠯᠲᠠ ᠵᠡᠷᠭᠡ ᠪᠡᠶ᠎ᠡ ᠶᠢᠨ ᠪᠠᠶᠢᠴᠠᠭᠠᠯᠲᠠ ᠶᠢᠨ ᠵᠤᠶᠢᠯᠡᠰ ᠢ ᠬᠢᠵᠦ ᠥᠭᠴᠡᠶ᠃ ᠡᠮᠴᠢ ᠨᠡᠷ ᠠᠰᠠᠭᠤᠨ ᠣᠨᠣᠰᠢᠯᠠᠬᠤ ᠪᠠᠷ ᠢᠷᠡᠭᠰᠡᠨ ᠤᠯᠠᠨ ᠲᠦᠮᠡᠨ ᠳᠤ ᠨᠠᠷᠢᠨ ᠬᠢᠨᠠᠮᠠᠭᠠᠢ ᠲᠤᠰᠬᠠᠢ ᠮᠡᠷᠭᠡᠵᠢᠯ ᠤᠨ ᠴᠢᠨᠠᠷᠲᠠᠢ ᠣᠨᠣᠰᠢᠯᠠᠯᠲᠠ ᠪᠠ ᠰᠠᠨᠠᠭᠤᠯᠭ᠎ᠠ ᠭᠠᠷᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠠᠷᠢᠭᠤᠴᠠᠯᠭ᠎ᠠ ᠪᠠᠨ ᠭᠦᠢᠴᠡᠳᠬᠡᠨ ᠰᠠᠭᠤᠭᠠᠯᠢ ᠠᠷᠠᠳ ᠤᠨ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠶᠢᠨ ᠬᠠᠮᠲᠤ ᠰᠠᠭᠤᠭᠠᠯᠢ ᠠᠷᠠᠳ ᠲᠤ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠬᠤ ᠠᠷᠭ᠎ᠠ ᠶᠢ ᠲᠠᠶᠢᠯᠪᠤᠷᠢᠯᠠᠵᠤ ᠥᠭᠴᠡᠢ᠃ ᠰᠠᠭᠤᠭᠠᠯᠢ ᠠᠷᠠᠳ ᠵᠠᠩ ᠷᠦᠩ᠄ ︽ᠪᠠᠯᠭᠠᠰᠤᠨ ᠤ ᠨᠠᠮ ᠤᠨ ᠬᠤᠷᠢᠶ᠎ᠠ ᠪᠣᠯᠤᠨ ᠥᠪᠥᠷ ᠮᠣᠩᠭᠤᠯ ᠤᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠪᠢᠳᠡᠨ ᠤ ᠡᠪᠡᠳᠴᠢᠨ ᠦᠵᠡᠭᠦᠯᠬᠦ᠂ ᠡᠪᠡᠳᠴᠢᠨ ᠦᠵᠡᠭᠦᠯᠬᠦ ᠠᠰᠠᠭᠤᠳᠠᠯ ᠢ ᠦᠨᠡᠨ ᠬᠦ  ᠰᠢᠢᠳᠪᠤᠷᠢᠯᠡᠭᠰᠡᠨ ᠳᠤ ᠲᠠᠯᠠᠷᠬᠠᠵᠤ ᠪᠠᠶᠢᠨ᠎ᠠ︾ ᠭᠡᠵᠡᠶ᠃
            ᠶᠦᠩ ᠰᠢᠩ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠳᠡᠯᠭᠡᠷᠡᠭᠦᠯᠦᠯᠲᠡ ᠶᠢᠨ ᠲᠥᠪ ᠤᠨ ᠡᠷᠬᠢᠯᠡᠭᠴᠢ ᠸᠠᠩ ᡁᠢ ᠬᠤᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠥᠨᠥᠳᠦᠷ ᠤᠨ ᠡᠨᠡ ᠤᠳᠠᠭ᠎ᠠ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠮᠠᠰᠢ ᠲᠡᠭᠦᠰ ᠠᠮᠵᠢᠯᠲᠠ ᠲᠠᠢ ᠶᠠᠪᠤᠭᠳᠠᠵᠤ᠂ ᠣᠯᠠᠨ ᠲᠦᠮᠡᠨ ᠤ ᠲᠤᠰᠬᠠᠯ ᠮᠠᠰᠢ ᠰᠠᠶᠢᠨ ᠪᠠᠶᠢᠨ᠎ᠠ᠂ ᠪᠢᠳᠡ ᠲᠠᠷᠠᠭᠠᠴᠢ ᠶᠢᠨ ᠠᠯᠬᠤᠮ ᠳᠤ ᠪᠠᠯᠭᠠᠰᠤᠨ ᠤ ᠨᠠᠮ ᠤᠨ ᠬᠤᠷᠢᠶ᠎ᠠ ᠦᠷᠭᠦᠯᠵᠢᠯᠡᠨ ᠬᠥᠬᠡᠬᠤᠲᠠ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠲᠠᠢ ᠢᠯᠡᠭᠦᠬᠡᠨ ᠬᠠᠷᠢᠯᠴᠠᠵᠤ᠂ ᠡᠶᠢᠮᠦᠷᠬᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠢᠯᠡᠭᠦᠬᠡᠨ ᠥᠷᠨᠢᠭᠦᠯᠵᠦ᠂ ᠮᠠᠨ ᠤ ᠶᠦᠩ ᠰᠢᠩ ᠪᠠᠯᠭᠠᠰᠤᠨ ᠤ ᠣᠯᠠᠨ ᠲᠦᠮᠡᠨ ᠳᠤ ᠬᠡᠷ ᠠᠴᠠ ᠪᠠᠨ ᠭᠠᠷᠬᠤ ᠥᠬᠡᠶ ᠪᠠᠷ ᠡᠮᠴᠢ ᠶᠢ ᠬᠡᠷ ᠲᠤᠨᠢ ᠬᠦᠷᠭᠡᠵᠦ᠂ ᠡᠮ ᠢ ᠬᠡᠷ ᠲᠤᠨᠢ ᠬᠦᠷᠭᠡᠵᠦ ᠥᠭᠬᠦ  ᠤᠶᠢᠯᠡᠴᠢᠯᠡᠭᠡ ᠶᠢ ᠡᠳ᠋ᠯᠡᠭᠦᠯᠬᠦ ᠪᠠᠷ ᠲᠥᠯᠥᠪᠯᠡᠵᠦ ᠪᠠᠶᠢᠨ᠎ᠠ︾ ᠭᠡᠵᠡᠶ᠃
         ᠲᠤᠰ ᠤᠳᠠᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠲᠣᠰᠬᠤᠨ ᠤ ᠠᠷᠠᠳ ᠢᠯᠠᠩᠭᠤᠶ᠎ᠠ ᠨᠠᠰᠤᠲᠠᠶᠢᠴᠤᠳ ᠲᠤ ᠲᠣᠰᠬᠤᠨ ᠠᠴᠠ ᠪᠠᠨ ᠭᠠᠷᠴᠤ ᠡᠮᠨᠡᠭᠦᠯᠵᠦ ᠳᠡᠶᠢᠯᠬᠦ ᠦᠭᠡᠢ ᠳᠥᠭᠦᠮ ᠳᠥᠲᠡ ᠪᠠᠶᠢᠬᠤ ᠶᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠲᠣᠰᠬᠤᠨ ᠤ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠯᠠᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠭᠰᠠᠨ ᠪᠠᠶᠢᠨ᠎ᠠ᠃                                           ᠨᠠᠶᠢᠷᠠᠭᠤᠯᠤᠭᠴᠢ᠄  ᠯᠢ ᠬᠤᠩ ᠢᠦᠢ                                             ᠤᠷᠴᠢᠭᠤᠯᠤᠭᠴᠢ᠄  ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2