ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/12
  7 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠰᠢᠶᠠᠨ ᠤ ᠬᠡᠪᠴᠢᠶᠡᠨ ᠤ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠠᠬᠢ ᠠᠶᠢᠯ ᠲᠣᠰᠬᠤᠨ ᠢ ᠬᠤᠪᠢᠶᠠᠷᠢᠯᠠᠨ ᠭᠠᠷᠭᠠᠬᠤ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠠᠶ᠃ ᠰᠢᠶᠠᠨ ᠤ ᠤᠳᠤᠷᠢᠳᠤᠯᠭ᠎ᠠ ‍ᠤᠤᠢ ᠵᠢᠶᠠᠨ ᠹᠧᠩ᠂ ᠵᠢᠶᠠ ᠰᠢᠶᠤᠤ ᠫᠢᠩ᠂  ᠹᠧᠩ ᠵᠢᠶᠦ᠋ᠨ ᠬᠤᠷᠠᠯ ᠳᠤ ᠣᠷᠣᠯᠴᠠᠵᠠᠶ᠃
          ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠴᠢᠬᠤᠯᠠ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠡᠵᠡᠮᠰᠢᠵᠦ᠂ ᠵᠠᠭᠠᠭᠯᠠᠨ ᠲᠣᠭᠲᠠᠭᠠᠬᠤ ᠶᠣᠰᠣᠲᠠᠢ ᠶᠢ ᠪᠦᠬᠦᠨ ᠢ ᠵᠠᠭᠠᠭᠯᠠᠨ ᠲᠣᠭᠲᠠᠭᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠢᠵᠠᠭᠠᠷᠯᠠᠨ ᠲᠣᠭᠲᠠᠭᠠᠬᠤ ᠬᠡᠪᠴᠢᠶᠡᠨ ᠳᠠᠬᠢ ᠬᠤᠯᠪᠣᠭᠳᠠᠯ ᠪᠦᠬᠦᠢ ᠠᠵᠢᠯᠯᠠᠭ᠎ᠠ ᠶᠢ ᠴᠢᠩᠭ᠎ᠠ ᠠᠳᠬᠤᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠵᠢᠯ ᠤᠨ ᠨᠢᠭᠡᠳᠦᠯᠲᠡᠢ ᠲᠥᠯᠥᠪᠵᠢᠭᠦᠯᠭᠡ ᠶᠢ ᠴᠢᠩᠭᠠᠳᠬᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠮᠠᠨ ᠤ ᠰᠢᠶᠠᠨ ᠤ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶ᠎ᠠ ᠪᠦᠬᠦᠢ ᠠᠵᠢᠯ ᠤᠨ ᠠᠮᠢ ᠠᠬᠤᠢ᠂ ᠠᠵᠤ ᠠᠬᠤᠢ᠂ ᠨᠡᠶᠢᠭᠡᠮ ᠤᠨ ᠶᠡᠷᠦᠩᠬᠡᠶᠢᠯᠡᠭᠰᠡᠨ ᠦᠷ᠎ᠡ ᠠᠰᠢᠭ ᠤᠯᠬᠤ ᠶᠢ ᠪᠠᠲᠤᠯᠠᠬᠤ ᠬᠡᠷᠡᠭᠲᠡᠢ  ᠭᠡᠵᠠᠢ᠃    ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                                            ᠨᠠᠶᠢᠷᠠᠭᠤᠯᠤᠭᠴᠢ᠄    ᠶᠠᠩ  ᠿᠦᠢ ᠵᠧᠨ                                            ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2