ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ‌‍ᠬᠢᠪᠡ
ᠨᠡᠶᠢᠲᠡᠯᠡᠭᠰᠡᠨ ᠴᠠᠭ᠄
2022/7/13
       7 ᠰᠠᠷ᠎ᠠ ᠶᠢᠨ 12 ᠤᠨ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠢ ᠹᠠᠩ ᠨᠠᠷ ᠮᠠᠨ ᠤ ᠰᠢᠶᠠᠨ ᠳᠤ ᠬᠦᠷᠴᠦ ᠵᠢᠭᠤᠯᠴᠢᠯᠠᠯ ᠤᠨ ᠡᠷᠡᠭᠦᠯ ᠮᠡᠨᠳᠦ ᠶᠢᠨ ᠠᠵᠤ  ᠤᠶᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠮᠠᠨ ᠤ ᠰᠢᠶᠠᠨ ᠤ ᠵᠢᠭᠤᠯᠴᠢᠯᠠᠯ ᠤᠨ ᠡᠷᠡᠭᠦᠯ ᠮᠡᠨᠳᠦ ᠶᠢᠨ ᠠᠵᠤ  ᠤᠶᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠬᠤᠶᠢᠰᠢᠳᠠ ᠶᠢᠨ ᠬᠥᠭᠵᠢᠯᠲᠡ ᠶᠢᠨ ᠰᠡᠳᠬᠢᠮᠵᠢ ᠶᠢ ᠭᠦᠨᠵᠡᠭᠡᠶ ᠣᠶᠢᠯᠠᠭᠠᠪᠠ᠃ ᠰᠢᠶᠠᠨ ᠤ ᠤᠳᠤᠷᠢᠳᠤᠯᠭ᠎ᠠ ᠵᠤᠤ ᠵᠢᠶᠠᠨ ᠵᠢᠶᠦ᠋ᠨ᠂ ᠴᠧᠨ ᠷᠦᠢ ᠧ᠂ ᠵᠢᠶᠠ ᠰᠢᠶᠤᠤ ᠫᠢᠩ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠡ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠡᠯ ᠯᠦᠩ ᠱᠢ ᠲᠠᠢ ᠤᠯᠤᠰ ᠤᠨ ᠤᠢ ᠰᠢᠭᠤᠢ ᠶᠢᠨ ᠴᠡᠴᠡᠷᠯᠢᠭ᠂ ᠭᠦᠩ ᠪᠠ ᠾᠧ ᠭᠤᠣᠯ ᠤᠨ ᠠᠳᠠᠭ ᠤᠨ ᠬᠠᠰᠢᠵᠤ ᠴᠡᠪᠡᠷᠰᠢᠭᠦᠯᠬᠦ ᠢᠨᠵᠧᠨᠧᠷᠢᠩ ᠤᠨ ᠲᠤᠬᠠᠢ ᠶᠢᠨ ᠲᠠᠯᠠᠪᠠᠢ᠂ ᠲᠠᠭ᠎ᠠ ᠶᠢᠨ ᠨᠠᠭᠤᠷ ᠤᠨ ᠵᠤᠭᠠᠴᠠᠯ ᠤᠨ ᠣᠷᠣᠨ᠂ ᠲᠠᠭ᠎ᠠ ᠶᠢᠨ ᠨᠠᠭᠤᠷ ᠤᠨ ᠬᠥᠮᠦᠰ ᠤᠨ ᠰᠣᠳᠣᠨ ᠠᠷᠠᠳ ᠤᠨ ᠰᠠᠭᠤᠴᠠ᠂ ᠲᠠᠭ᠎ᠠ ᠶᠢᠨ  ᠨᠠᠭᠤᠷ ᠬᠠᠯᠠᠭᠤᠨ ᠷᠠᠰᠢᠶᠠᠨ ᠤ  ᠭᠠᠵᠠᠷ᠂ ᠲᠠᠭ᠎ᠠ ᠶᠢᠨ ᠨᠠᠭᠤᠷ ᠤᠨ ᠬᠠᠭᠠᠨ ᠤ ᠮᠠᠰᠢᠨ ᠲᠡᠷᠭᠡᠨ ᠤ ᠪᠠᠭᠤᠴᠠ᠂ ᠸᠠᠨᠳᠧᠩ ᠤᠨ ᠤᠯᠠᠨ ᠤᠯᠤᠰ ᠤᠨ ᠬᠠᠯᠠᠭᠤᠨ ᠷᠠᠰᠢᠶᠠᠨ ᠤ Live ᠰᠣᠶᠣᠯ ᠤᠨ ᠰᠣᠯᠢᠯᠴᠠᠭᠠᠨ ᠤ ᠶᠡᠷᠦᠩᠬᠡᠶᠢᠯᠡᠭᠰᠡᠨ ᠴᠣᠭᠴᠠ ᠳᠤ ᠬᠦᠷᠴᠦ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠵᠡᠢ᠃
        ᠱᠢ ᠹᠠᠩ ᠪᠠᠶᠢᠴᠠᠭᠠᠨ ᠰᠤᠳᠤᠯᠤᠯᠲᠠ ᠬᠢᠬᠦ ᠳᠡᠭᠡᠨ ᠵᠢᠭᠠᠵᠤ ᠭᠠᠷᠭᠠᠭᠰᠠᠨ ᠨᠢ᠂ ᠯᠢᠶᠠᠩᠴᠧᠩ ᠰᠢᠶᠠᠨ ᠤ ᠠᠭᠤᠷ ᠠᠮᠢᠰᠬᠤᠯ ᠰᠠᠶᠢᠨ᠂ ᠴᠢᠭᠢᠭᠲᠦᠴᠡ᠂ ᠳᠤᠯᠠᠭᠠᠨ ᠤ ᠬᠡᠮᠵᠢᠶ᠎ᠡ ᠲᠣᠬᠢᠷᠠᠮᠵᠢᠲᠠᠶ ᠪᠠᠶᠢᠳᠠᠭ ᠪᠣᠯᠬᠤᠷ ᠵᠢᠭᠤᠯᠴᠢᠯᠠᠯ ᠤᠨ ᠡᠬᠢ ᠪᠠᠶᠠᠯᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠢᠭᠤᠯᠴᠢᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠨᠠᠩ ᠰᠢᠯᠢᠳᠡᠭ  ᠤᠶᠢᠯᠡᠳᠭᠦᠨ ᠪᠠ  ᠤᠶᠢᠯᠡᠴᠢᠯᠡᠭᠡ ᠪᠠᠷ ᠨᠠᠩ ᠣᠯᠠᠨ ᠵᠢᠭᠤᠯᠴᠢᠯᠠᠭᠴᠢᠳ ᠢ ᠲᠡᠳᠡᠨ ᠣᠷᠣᠭᠤᠯᠵᠤ᠂ ᠰᠠᠭᠤᠯᠭᠠᠵᠤ᠂ ᠵᠣᠴᠢᠳ ᠢ ᠢᠷᠡᠬᠦ ᠳᠤᠷ᠎ᠠ ᠥᠬᠡᠶ᠂ ᠢᠷᠡᠬᠦ ᠰᠠᠨᠠᠭ᠎ᠠ ᠲᠠᠢ ᠪᠣᠯᠭᠠᠬᠤ ᠬᠡᠷᠡᠭᠲᠡᠶ ᠭᠡᠵᠡᠶ᠃ ᠡᠷᠡᠭᠦᠯ ᠮᠡᠨᠳᠦ ᠶᠢᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠲᠦᠷᠦᠯ ᠵᠦᠢᠯ ᠢ ᠨᠥᠭᠡᠴᠡᠯᠡᠬᠦ ᠪᠠᠷ ᠢᠳᠡᠪᠬᠢᠲᠡᠢ ᠴᠢᠷᠮᠠᠶᠢᠵᠤ᠂ ᠨᠠᠰᠤᠲᠠᠶᠢᠴᠤᠳ ᠲᠤ ᠰᠠᠶᠢᠨ ᠰᠠᠶᠢᠬᠠᠨ ᠡᠷᠡᠭᠦᠯ ᠮᠡᠨᠳᠦ ᠶᠢᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃ ᠲᠠᠭ᠎ᠠ ᠶᠢᠨ ᠨᠠᠭᠤᠷ ᠤᠨ ᠳᠠᠪᠠᠭᠤᠯᠢᠭ ᠢ ᠭᠦᠢᠴᠡᠳ ᠠᠰᠢᠭᠯᠠᠵᠤ ᠂ ᠤᠳᠤ ᠪᠠᠶᠢᠭ᠎ᠠ ᠡᠬᠢ ᠪᠠᠶᠠᠯᠢᠭ ᠢ ᠠᠮᠢᠯᠠᠭᠤᠯᠵᠤ᠂ ᠵᠤᠭᠠᠴᠠᠭᠰᠠᠳ ᠤᠨ ᠪᠡᠶᠡᠴᠢᠯᠡᠨ ᠣᠶᠢᠯᠠᠭᠠᠬᠤ ᠶᠢ ᠴᠢᠬᠤᠯᠠᠴᠢᠯᠠᠵᠤ᠂ ᠲᠠᠭ᠎ᠠ ᠶᠢᠨ ᠨᠠᠭᠤᠷ ᠤᠨ ᠵᠤᠭᠠᠴᠠᠯ ᠤᠨ ᠣᠷᠣᠨ ᠢᠶᠠᠷ ᠭᠤᠣᠯ ᠪᠣᠯᠭᠠᠨ ᠵᠢᠪᠦᠭᠰᠡᠨ ᠮᠠᠶ᠋ᠢᠭ ᠤᠨ ᠵᠤᠭᠠᠴᠠᠯ ᠤᠨ ᠡᠷᠡᠭᠦᠯᠵᠢᠯ ᠤᠨ ᠲᠦᠷᠦᠯ ᠵᠦᠢᠯ ᠢ ᠪᠠᠶᠢᠭᠤᠯᠵᠤ᠂ ᠪᠦᠬᠦ ᠰᠢᠶᠠᠨ ᠤ ᠵᠤᠭᠠᠴᠠᠯ ᠤᠨ ᠡᠷᠡᠭᠦᠯᠵᠢᠯ ᠤᠨ ᠠᠵᠤ ᠦᠢᠯᠡᠰ ᠤᠨ ᠨᠡᠩ ᠰᠠᠶᠢᠨ ᠨᠡᠩ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃                                    ᠨᠠᠶᠢᠷᠠᠭᠤᠯᠤᠭᠴᠢ᠄    ᠶᠠᠩ  ᠿᠦᠢ ᠵᠧᠨ                                    ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2