ᠯᠢᠶᠠᠩᠴᠧᠩ ᠰᠢᠶᠠᠨ ᠤ ᠴᠠᠬᠢᠯᠭᠠᠨ ᠬᠦᠴᠦᠨ ᠤ ᠺᠣᠮᠫᠠᠨᠢ᠄ ᠭᠠᠩ ᠬᠠᠭᠰᠠᠷᠠᠭᠠᠨ ᠲᠠᠢ ᠲᠡᠮᠡᠴᠡᠵᠦ ᠲᠠᠷᠢᠶᠠᠯᠠᠩ ᠳᠤ ᠲᠤᠰᠠᠯᠠᠬᠤ ᠴᠠᠬᠢᠯᠭᠠᠨ ᠬᠦᠴᠦᠨ ᠢ ᠤᠷᠢᠳᠠᠪᠠᠷ ᠬᠦᠷᠭᠡᠨ᠎ᠡ
ᠨᠡᠶᠢᠲᠡᠯᠡᠭᠰᠡᠨ ᠴᠠᠭ᠄
2022/7/17
 
    7 ᠰᠠᠷ᠎ᠠ ᠶᠢᠨ 15 ᠤ ᠡᠳᠦᠷ᠂ ᠯᠢᠶᠠᠩᠴᠧᠩ ᠰᠢᠶᠠᠨ ᠤ ᠮᠠᠩᠬᠠᠨ ᠪᠠᠯᠭᠠᠰᠤᠨ ᠤ ᠭᠦᠸᠧ ᠰᠢᠶᠠᠨ ᠤ ᠶᠣᠣ ᠲᠣᠰᠬᠤᠨ ᠤ ᠡᠮᠦᠨᠡᠬᠢ ᠡᠷᠳᠡᠨᠢ ᠰᠢᠰᠢ ᠶᠢᠨ ᠲᠠᠷᠢᠶᠠᠨ ᠳᠤ᠂ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠠᠮᠤᠷ ᠲᠦᠪᠰᠢᠨ ᠤ ᠮᠠᠯᠠᠭᠠᠶ᠂ ᠪᠠᠭᠠᠵᠢ ᠬᠡᠷᠡᠭᠰᠡᠯ ᠤᠨ ᠪᠣᠭᠴᠣ ᠡᠭᠦᠷᠴᠦ᠂ ᠲᠠᠷᠢᠶᠠᠨ ᠳᠤᠮᠳᠠ ᠰᠦᠯᠵᠢᠯᠳᠦᠵᠦ᠂ ᠰᠢᠯᠢᠳᠡᠭ ᠲᠦᠷᠭᠡᠨ᠂ ᠬᠠᠯᠠᠭᠤᠮᠰᠤᠭ ᠨᠢᠮᠪᠠᠶ  ᠤᠶᠢᠯᠡᠴᠢᠯᠡᠭᠡ ᠪᠠᠷ ᠲᠠᠷᠢᠶᠠᠴᠢᠳ ᠤᠨ ᠤᠶᠢᠯᠡᠳᠪᠤᠷᠢᠯᠡᠯ ᠠᠮᠢᠳᠤᠷᠠᠯ ᠳᠤ ᠲᠠᠰᠤᠷᠠᠯᠲᠠ ᠥᠬᠡᠶ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠵᠤ᠂ ᠥᠷᠭᠡᠨ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠤ ᠪᠣᠶ᠂ ᠡᠨᠡ ᠬᠦ ᠣᠨᠴᠠᠭᠠᠶ ᠬᠠᠮᠲᠤᠯᠢᠭ ᠪᠣᠯ ᠳᠠᠷᠤᠶ ᠯᠢᠶᠠᠩᠴᠧᠩ ᠰᠢᠶᠠᠨ ᠤ ᠴᠠᠬᠢᠯᠭᠠᠨ ᠬᠦᠴᠦᠨ ᠤ ᠺᠣᠮᠫᠠᠨᠢ ᠶᠢᠨ ᠨᠠᠮ ᠤᠨ ᠭᠡᠰᠢᠭᠦᠨ ᠤ  ᠤᠶᠢᠯᠡᠴᠢᠯᠡᠭᠡᠨ ᠤ ᠠᠩᠭᠢ ᠪᠣᠯᠤᠨ᠎ᠠ᠃ ᠣᠶᠢᠷ᠎ᠠ ᠳᠤ᠂ ᠥᠨᠳᠥᠷ ᠬᠠᠯᠠᠭᠤᠨ ᠴᠠᠭ ᠠᠭᠤᠷ ᠤᠨ ᠳᠣᠤᠷ᠎ᠠ ᠴᠠᠬᠢᠯᠭᠠᠨ ᠬᠡᠷᠡᠭᠯᠡᠬᠦ ᠤᠶᠢᠯᠡᠴᠢᠯᠡᠭᠡ ᠶᠢ ᠰᠠᠶᠢᠲᠤᠷ ᠬᠢᠵᠦ᠂ ᠬᠥᠳᠡᠭᠡ ᠲᠣᠰᠬᠤᠨ ᠤ ᠤᠰᠤᠯᠠᠯᠲᠠ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ ᠶᠢ  ᠰᠢᠢᠳᠪᠤᠷᠢᠯᠡᠬᠦ ᠶᠢᠨ ᠲᠥᠯᠥᠭᠡ᠂ ᠯᠢᠶᠠᠩᠴᠧᠩ ᠰᠢᠶᠠᠨ ᠤ ᠴᠠᠬᠢᠯᠭᠠᠨ ᠬᠠᠩᠭᠠᠬᠤ ᠺᠣᠮᠫᠠᠨᠢ ᠭᠠᠩ ᠢ ᠡᠰᠡᠷᠭᠦᠴᠡᠨ ᠴᠠᠬᠢᠯᠭᠠᠨ ᠢ ᠪᠠᠲᠤᠯᠠᠬᠤ᠂ ᠲᠠᠷᠢᠶᠠᠯᠠᠩ ᠬᠥᠳᠡᠭᠡ ᠲᠣᠰᠬᠤᠨ ᠳᠤ  ᠤᠶᠢᠯᠡᠴᠢᠯᠡᠬᠦ ᠪᠣᠳᠠᠲᠠᠶ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠪᠠ᠃
     6 ᠰᠠᠷ᠎ᠠ ᠶᠢᠨ ᠳᠤᠮᠳᠠᠴᠢ ᠠᠴᠠ ᠡᠬᠢᠯᠡᠨ᠂ ᠴᠠᠬᠢᠯᠭᠠᠨ ᠬᠠᠩᠭᠠᠬᠤ ᠺᠣᠮᠫᠠᠨᠢ ᠭᠠᠩ ᠬᠠᠭᠰᠠᠷᠠᠭᠠᠨ ᠲᠠᠢ ᠲᠡᠮᠡᠴᠡᠵᠦ ᠴᠠᠬᠢᠯᠭᠠᠨ ᠢ ᠪᠠᠲᠤᠯᠠᠬᠤ ᠨᠠᠮ ᠤᠨ ᠭᠡᠰᠢᠭᠦᠨ ᠤ  ᠤᠶᠢᠯᠡᠴᠢᠯᠡᠭᠡᠨ ᠤ ᠠᠩᠭᠢ ᠶᠢ ᠣᠯᠠᠨ ᠤᠳᠠᠭ᠎ᠠ ᠲᠣᠮᠢᠯᠠᠨ ᠰᠢᠶᠠᠩ ᠪᠠᠯᠭᠠᠰᠤ ᠠᠶᠢᠯ ᠲᠣᠰᠬᠤᠨ ᠤ ᠲᠠᠷᠢᠶᠠᠨ ᠭᠠᠵᠠᠷ ᠲᠤ ᠭᠦᠨᠵᠡᠭᠡᠶᠢᠷᠡᠭᠦᠯᠦᠨ᠂ ᠲᠠᠷᠢᠶᠠᠯᠠᠩ ᠤᠨ ᠤᠰᠤᠯᠠᠯᠲᠠ ᠶᠢᠨ ᠳᠠᠭᠠᠭᠠᠴᠠ ᠲᠠᠢ ᠴᠠᠬᠢᠯᠭᠠᠨ ᠲᠦᠭᠡᠭᠡᠬᠦ ᠱᠤᠭᠤᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠣᠯᠠᠨ  ᠵᠤᠶᠢᠯ ᠤᠨ ᠲᠥᠬᠦᠭᠡᠷᠦᠮᠵᠢ ᠶᠢᠨ ᠳᠤᠲᠠᠭᠳᠠᠯ ᠢ ᠴᠠᠭ ᠲᠤᠬᠠᠶ ᠳᠤᠨᠢ ᠢᠯᠡᠷᠡᠭᠦᠯᠦᠨ ᠠᠷᠢᠯᠭᠠᠵᠤ᠂ ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠦᠨ᠂ ᠮᠠᠨ ᠤ ᠰᠢᠶᠠᠨ ᠤ ᠵᠣᠨ ᠤ ᠤᠰᠤᠯᠠᠯᠲᠠ ᠶᠢᠨ ᠲᠠᠷᠢᠶᠠᠯᠠᠩ ᠤᠨ ᠦᠶ᠋ᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠢ ᠪᠦᠲᠦᠮᠵᠢᠲᠡᠶ ᠬᠠᠩᠭᠠᠭᠰᠠᠨ ᠪᠠᠶᠢᠨ᠎ᠠ᠃ ᠮᠠᠨ ᠬᠠᠨ ᠪᠠᠯᠭᠠᠰᠤᠨ ᠤ ᠭᠦᠸᠧ ᠰᠢᠶᠠᠨ ᠤ ᠤᠭᠤᠷᠭᠠᠶ ᠶᠢᠨ ᠴᠠᠬᠢᠯᠭᠠᠨ ᠬᠠᠩᠭᠠᠬᠤ ᠭᠠᠵᠠᠷ ᠤᠨ ᠳᠠᠷᠤᠭ᠎ᠠ ᡁᠢ ᠬᠤᠩ ᠢᠦᠶ ᠲᠠᠨᠢᠯᠴᠠᠭᠤᠯᠬᠤ ᠳᠠᠭᠠᠨ᠄ ︽ᠣᠲᠣ ᠪᠣᠯ ᠵᠣᠨ ᠤ ᠤᠰᠤᠯᠠᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠮᠥᠨ᠂ ᠮᠠᠨ ᠤ ᠴᠠᠬᠢᠯᠭᠠᠨ ᠬᠠᠩᠭᠠᠬᠤ ᠭᠠᠵᠠᠷ ᠲᠤᠰᠬᠠᠶᠢᠯᠠᠨ ︿ᠲᠠᠷᠢᠶᠠᠯᠠᠩ ᠢ ᠳᠡᠮᠵᠢᠵᠦ ᠭᠠᠩ ᠬᠠᠭᠰᠠᠷᠠᠭᠠᠨ ᠲᠠᠢ ᠲᠡᠮᠡᠴᠡᠬᠦ﹀ ᠨᠠᠮ ᠤᠨ ᠭᠡᠰᠢᠭᠦᠨ ᠤ ᠤᠶᠢᠯᠡᠴᠢᠯᠡᠭᠡᠨ ᠤ ᠠᠩᠭᠢ ᠪᠠᠶᠢᠭᠤᠯᠵᠤ᠂ ᠡᠳᠦᠷ ᠪᠦᠷᠢ ᠰᠢᠶᠠᠩ ᠪᠠᠯᠭᠠᠰᠤ ᠠᠶᠢᠯ ᠲᠣᠰᠬᠤᠨ᠂ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠣᠯᠠᠨ ᠲᠦᠮᠡᠨ ᠬᠡᠷᠡᠭᠴᠡᠭᠡ ᠲᠠᠢ ᠯᠡ ᠶᠤᠮ ᠪᠣᠯ ᠪᠢᠳᠡ ᠳᠠᠷᠤᠶ ᠲᠡᠳᠡᠨ ᠤ ᠤᠰᠤᠯᠠᠯᠲᠠ ᠳᠤ ᠬᠡᠷᠡᠭᠯᠡᠬᠦ ᠴᠠᠬᠢᠯᠭᠠᠨ ᠤ ᠠᠰᠠᠭᠤᠳᠠᠯ ᠢ ᠴᠠᠭ ᠲᠤᠬᠠᠶ ᠳᠤᠨᠢ  ᠰᠢᠢᠳᠪᠤᠷᠢᠯᠡᠵᠦ ᠥᠭᠬᠦ ᠪᠣᠯᠤᠨ᠎ᠠ︾ ᠭᠡᠵᠡᠶ᠃
         ᠲᠠᠷᠢᠮᠠᠯ ᠤᠨ ᠡᠷᠦᠬᠡ ᠴᠢᠶᠣᠤ ᠵᠠᠨ ᠫᠢᠩ ᠥᠪᠡᠷ ᠤᠨ ᠲᠠᠷᠢᠶᠠᠨ ᠭᠠᠵᠠᠷ ᠲᠠᠭᠠᠨ ᠲᠤᠩᠭᠠᠯᠠᠭ ᠤᠰᠤ ᠤᠷᠤᠰᠤᠨ ᠣᠷᠣᠬᠤ ᠶᠢ ᠦᠵᠡᠭᠡᠳ᠂ ︽ᠪᠢ ᠪᠣᠯ ᠭᠦᠸᠧ ᠰᠢᠶᠠᠨ ᠤ ᠶᠣᠣ ᠲᠣᠰᠬᠤᠨ ᠤ ᠲᠠᠷᠢᠮᠠᠯ ᠤᠨ ᠡᠷᠦᠬᠡ᠂ ᠡᠨᠡ ᠵᠢᠯ ᠨᠠᠢᠮᠠᠨ ᠵᠠᠭᠤ ᠭᠠᠷᠤᠶ ᠮᠥ ᠡᠷᠳᠡᠨᠢ ᠰᠢᠰᠢ ᠳᠠᠷᠢᠵᠤ᠂ ᠤᠳᠤ ᠶᠠᠭ ᠡᠷᠳᠡᠨᠢ ᠰᠢᠰᠢ ᠶᠢᠨ ᠤᠷᠭᠤᠯᠲᠠ ᠶᠢᠨ ᠤᠯᠠᠷᠢᠯ ᠪᠤᠯᠵᠤ ᠪᠠᠶᠢᠨ᠎ᠠ᠂ ᠡᠨᠡ ᠬᠡᠳᠦᠨ ᠡᠳᠦᠷ ᠠᠭᠤᠷ ᠠᠮᠢᠰᠬᠤᠯ ᠨᠡᠯᠢᠶᠡᠳ ᠭᠠᠩ ᠬᠠᠭᠤᠷᠠᠶ᠂ ᠬᠤᠶᠠᠷ ᠤᠳᠠᠭ᠎ᠠ ᠤᠰᠤᠯᠠᠭᠰᠠᠨ ᠡᠷᠳᠡᠨᠢ ᠰᠢᠰᠢ ᠪᠠᠰᠠ ᠭᠠᠩ ᠬᠠᠭᠤᠷᠠᠶ ᠪᠣᠯᠬᠤ ᠪᠠᠨ ᠪᠠᠶᠢᠪᠠ᠂ ᠪᠢ ᠳᠠᠷᠤᠶ ᠲᠤᠬᠠᠶ ᠶᠢᠨ ᠭᠠᠵᠠᠷ ᠤᠨ ᠴᠠᠬᠢᠯᠭᠠᠨ ᠬᠠᠩᠭᠠᠬᠤ ᠭᠠᠵᠠᠷ ᠠᠴᠠ ᠴᠠᠬᠢᠯᠭᠠᠨ ᠬᠡᠷᠡᠭᠯᠡᠬᠦ ᠶᠢ ᠭᠤᠶᠤᠴᠢᠯᠠᠪᠠ᠂ ᠴᠠᠬᠢᠯᠭᠠᠨ ᠬᠠᠩᠭᠠᠬᠤ ᠭᠠᠵᠠᠷ ᠠᠴᠠ ᠴᠠᠭ ᠲᠤᠬᠠᠶ ᠳᠤᠨᠢ ᠨᠠᠳᠠ ᠳᠤ ᠴᠠᠬᠢᠯᠭᠠᠨ ᠬᠦᠷᠭᠡᠵᠦ᠂ ᠮᠢᠨᠦ ᠤᠰᠤᠯᠠᠯᠲᠠ ᠲᠠᠢ ᠬᠠᠮᠵᠢᠯᠴᠠᠨ᠂ ᠳᠤᠰᠤᠯᠭᠠᠨ ᠤᠰᠤᠯᠠᠬᠤ ᠶᠢ ᠠᠰᠢᠭᠯᠠᠨ ᠪᠠᠰᠠ ᠤᠰᠤ ᠠᠷᠪᠢᠯᠠᠨ᠎ᠠ᠂ ᠴᠠᠬᠢᠯᠭᠠᠨ ᠬᠠᠩᠭᠠᠬᠤ ᠭᠠᠵᠠᠷ ᠤᠨ ᠴᠠᠭ ᠲᠤᠬᠠᠶ ᠳᠤᠨᠢ ᠴᠠᠬᠢᠯᠭᠠᠨ ᠬᠦᠷᠭᠡᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠡᠨᠡ ᠵᠢᠯ ᠪᠢ ᠰᠠᠶᠢᠨ ᠬᠤᠷᠢᠶᠠᠯᠲᠠ ᠲᠠᠢ ᠪᠣᠯᠬᠤ ᠶᠢ ᠬᠦᠰᠡᠵᠦ ᠪᠠᠶᠢᠨ᠎ᠠ︾ ᠭᠡᠵᠡᠶ᠃                                                 ᠨᠠᠶᠢᠷᠠᠭᠤᠯᠤᠭᠴᠢ᠄    ᠶᠠᠩ  ᠿᠦᠢ ᠵᠧᠨ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2