ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 8 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/17
   7 ᠰᠠᠷ᠎ᠠ ᠶᠢᠨ 13 ᠤ ᠡᠳᠦᠷ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ 8 ᠳ᠋ᠤᠭᠠᠷ ᠤᠳᠠᠭᠠᠨ ᠤ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠬᠤᠷᠠᠯ ᠡᠷᠭᠢᠯᠡᠪᠡ᠃ ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠵᠢᠶᠠ ᠰᠢᠶᠤᠤ ᠫᠢᠩ᠂ ᠵᠧᠩ ᠶᠠᠨ ᠹᠠᠩ᠂ ᠶᠠᠩ ᠬᠤᠩ᠂ ᡂᠢ ᠶᠦᠩ ᠬᠤᠷᠠᠯ ᠳᠤ ᠣᠷᠣᠯᠴᠠᠪᠠ᠃
          ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾ ᠢ ᠤᠯᠠᠮᠵᠢᠯᠠᠨ ᠰᠤᠷᠤᠯᠴᠠᠵᠤ᠂ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠬᠦ ᠳᠤᠭᠤᠶᠢᠯᠠᠩ᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠂ ᠡᠳ᠋ ᠪᠣᠳᠠᠰ ᠤᠨ ᠪᠠᠲᠤᠯᠠᠪᠤᠷᠢ ᠶᠢᠨ ᠳᠤᠭᠤᠶᠢᠯᠠᠩ ᠠᠴᠠ ᠲᠤᠰ ᠲᠤᠰ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠤᠷᠠᠯ ᠠᠴᠠ ︽ᠬᠠᠮᠳᠤᠷᠠᠨ ᠬᠤᠯᠪᠤᠭᠠᠯᠠᠭᠰᠠᠨ ᠪᠠᠭ᠎ᠠ ᠲᠣᠭᠤᠷᠢᠭ ᠤᠨ ᠠᠵᠢᠯ ᠤᠨ ᠬᠡᠷᠡᠭᠵᠢᠭᠦᠯᠬᠦ ᠲᠥᠰᠦᠯ︾ ᠢ ᠰᠤᠳᠤᠯᠵᠠᠢ᠃
           ᠵᠧᠩ ᠳ᠋ᠦᠩ ᠫᠢᠩ ᠵᠢᠭᠠᠵᠤ ᠭᠠᠷᠭᠠᠭᠰᠠᠨ ᠨᠢ᠂ ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠳᠡᠯᠭᠡᠷᠡᠬᠦ ᠬᠠᠨᠳᠤᠰᠢ ᠲᠠᠢ ᠪᠣᠯᠵᠣ᠂ ᠸᠢᠷᠦ᠋ᠰ ᠤᠨ ᠰᠢᠨ᠎ᠡ ᠣᠨᠳᠣᠣᠰᠢᠭᠰᠠᠨ ᠬᠤᠤᠷᠲᠤ ᠰᠠᠭᠤᠷᠢ ᠶᠢᠨ ᠲᠠᠷᠬᠠᠬᠤ ᠬᠤᠷᠳᠤᠴᠠ ᠲᠦᠷᠭᠡᠨ᠂ ᠬᠠᠯᠳᠠᠪᠤᠷᠢᠯᠠᠬᠤ ᠴᠢᠨᠠᠷ ᠢᠶᠠᠷ ᠴᠢᠩᠭ᠎ᠠ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠦᠢᠯ ᠤᠨ ᠪᠤᠳᠤᠯᠢᠶᠠᠨᠲᠠᠶ ᠪᠥᠭᠡᠳ ᠬᠦᠨᠳᠦ ᠨᠣᠴᠢᠲᠠᠶ ᠪᠠᠶᠢᠨ᠎ᠠ᠃ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠨᠢᠭᠡ ᠳᠤ ᠡᠯ᠎ᠡ ᠲᠦᠷᠦᠯ ᠤᠨ ᠲᠥᠰᠦᠯ᠂ ᠪᠡᠯᠡᠳᠬᠡᠯ ᠲᠥᠰᠦᠯ ᠢ ᠲᠦᠷᠭᠡᠪᠴᠢᠯᠡᠨ ᠲᠡᠭᠦᠯᠳᠡᠷᠵᠢᠭᠦᠯᠬᠦ ᠶᠢᠨ ᠬᠠᠮᠲᠤ ︽ᠶᠢᠰᠦᠨ ᠦᠯᠦ ᠵᠥᠪᠰᠢᠶᠡᠷᠡᠬᠦ︾ ᠶᠢ ᠴᠢᠩᠭ᠎ᠠ ᠬᠡᠷᠡᠭᠵᠢᠭᠦᠯᠵᠦ᠂ ᠱᠠᠳᠤ ᠱᠠᠳᠤ ᠪᠠᠷ ᠲᠤᠭ᠎ᠠ ᠨᠡᠮᠡᠵᠦ ᠶᠠᠭᠠᠬᠢᠭᠰᠠᠨ ᠴᠤ ᠪᠣᠯᠬᠤ ᠦᠭᠡᠢ᠃  ᠨᠢᠭᠡ ᠳᠤ ᠵᠠᠮ ᠪᠠᠶᠢᠴᠠᠭᠠᠬᠤ ᠥᠷᠲᠡᠭᠡ ᠶᠢᠨ ᠪᠠᠶᠢᠴᠠᠭᠠᠨ ᠰᠢᠯᠭᠠᠬᠤ ᠶᠢ ᠴᠢᠩᠳᠠᠯᠠᠨ᠎ᠠ᠂ ᠬᠤᠶᠠᠷ ᠲᠤ ᠠᠵᠢᠯᠲᠠᠨ ᠤ ᠪᠠᠶᠢᠴᠠᠭᠠᠨ ᠰᠢᠯᠭᠠᠬᠤ ᠶᠢ ᠴᠢᠩᠭᠠᠳᠬᠠᠨ᠎ᠠ᠂ ᠭᠤᠷᠪᠠ ᠳᠤ ︽ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ︾ ᠠᠵᠢᠯ ᠢ ᠴᠢᠩᠭᠠᠳᠬᠠᠨ᠎ᠠ᠃ ᠭᠤᠷᠪᠠ ᠳᠤ᠂ ᠨᠡᠶᠢᠭᠡᠮ ᠤᠨ ᠲᠠᠯ᠎ᠠ ᠶᠢᠨ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃  ᠵᠣᠴᠢᠳ ᠤᠨ ᠪᠠᠭᠤᠳᠠᠯ᠂  ᠲᠡᠯᠭᠡᠭᠦᠷ  ᠂ ktv᠂ ᠠᠷᠢᠬᠢᠨ ᠮᠤᠬᠤᠯᠠᠭ᠂ ᠦᠵᠡᠮᠵᠢ ᠶᠢᠨ ᠭᠠᠵᠠᠷ ᠦᠵᠡᠮᠵᠢ ᠶᠢᠨ ᠣᠷᠣᠨ ᠵᠡᠷᠭᠡ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠵᠢᠴᠢ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠤᠶᠢᠯ ᠤᠨ ᠪᠠᠶᠢᠩᠭᠤ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠣᠶᠢᠷ᠎ᠠ ᠶᠢᠨ 7 ᠡᠳᠦᠷ ᠤᠨ ᠳᠣᠲᠣᠷ᠎ᠠ ᠬᠤᠲᠠ ᠶᠢᠨ ᠭᠠᠳᠠᠨ᠎ᠠ ᠵᠢᠭᠤᠯᠴᠢᠯᠠᠨ ᠰᠠᠭᠤᠭᠰᠠᠨ ᠲᠡᠤᠬᠡ ᠲᠠᠢ ᠬᠥᠮᠦᠰ ᠲᠤ 72 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠪᠤᠶᠤ ᠪᠥᠭᠡᠮ ᠬᠦᠴᠢᠯ ᠤᠨ ᠥᠯᠢᠭᠡᠷ ᠠᠪᠬᠤ ᠭᠡᠷᠡᠴᠢ ᠪᠠᠷᠢᠮᠲᠠ ᠶᠢ ᠪᠠᠶᠢᠴᠠᠭᠠᠨ ᠰᠢᠯᠭᠠᠵᠤ᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠳᠥᠷᠪᠡ ᠳᠤ ᠪᠠᠴᠢᠮ ᠪᠠᠶᠢᠳᠠᠯ ᠢ  ᠠᠷᠭᠠᠴᠠᠭᠠᠬᠤ ᠨᠥᠭᠡᠴᠡᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠨᠢᠭᠡ ᠳᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠨ᠎ᠠ᠂ ᠬᠤᠶᠠᠷ ᠲᠤ ᠪᠠᠴᠢᠮ ᠪᠠᠶᠢᠳᠠᠯ ᠢ ᠠᠷᠭᠠᠴᠠᠭᠠᠬᠤ  ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠂ ᠭᠤᠷᠪᠠ ᠳᠤ ᠤᠷᠤᠰᠬᠠᠯ ᠢ ᠡᠷᠢᠬᠦ ᠬᠦᠴᠦᠨ ᠢ ᠴᠢᠩᠭᠠᠷᠠᠭᠤᠯᠤᠨ᠎ᠠ᠂ ᠳᠥᠷᠪᠡ ᠳᠤ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠨᠥᠭᠡᠴᠡᠯᠡᠯᠲᠡ ᠶᠢ ᠰᠠᠶᠢᠲᠤᠷ ᠬᠢᠨ᠎ᠠ᠃ ᠲᠠᠪᠤ ᠳᠤ ᠪᠦᠬᠦᠯᠢ 60 ᠨᠠᠰᠤᠨ ᠠᠴᠠ ᠳᠡᠭᠡᠭᠰᠢᠬᠢ ᠬᠥᠮᠦᠰ ᠲᠤ ᠸᠠᠺᠼᠢᠨ ᠤ ᠲᠠᠷᠢᠯᠭ᠎ᠠ ᠬᠢᠬᠦ ᠠᠵᠢᠯ ᠢ ᠲᠦᠷᠭᠡᠪᠴᠢᠯᠡᠨ ᠠᠬᠢᠭᠤᠯᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠬᠠᠷᠠᠯᠲᠠ ᠪᠥᠬᠦᠶ ᠬᠥᠮᠦᠰ ᠲᠤ ᠴᠢᠭᠯᠡᠭᠦᠯᠦᠨ ᠨᠢᠭᠡ ᠨᠢᠭᠡ ᠪᠠᠷ ᠨᠡᠪᠲᠡᠷᠡᠯᠴᠡᠨ ᠮᠡᠳᠡᠭᠳᠡᠵᠦ᠂ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ᠂ ᠬᠥᠳᠡᠯᠵᠦ ᠪᠠᠷᠢᠬᠤ ᠳᠤ ᠳᠥᠭᠦᠮ ᠦᠭᠡᠢ ᠬᠥᠮᠦᠰ ᠲᠤ ᠬᠡᠷ ᠲᠤᠨᠢ ᠬᠦᠷᠴᠦ ᠲᠠᠷᠢᠯᠭ᠎ᠠ ᠬᠢᠯᠭᠡᠬᠦ ᠬᠡᠷᠡᠭᠲᠡᠶ︔ ᠡᠯ᠎ᠡ ᠪᠠᠶᠢᠭᠤᠯᠤᠯᠭ᠎ᠠ ᠠᠵᠢᠯ  ᠤᠶᠢᠯᠡᠰ ᠤᠨ ᠨᠢᠭᠡᠴᠡ ᠶᠢᠨ ᠠᠵᠢᠯ ᠠᠴᠠ ᠪᠠᠨ ᠪᠠᠭᠤᠵᠤ ᠠᠮᠠᠷᠠᠭᠰᠠᠳ ᠲᠤ ᠲᠠᠷᠢᠯᠭ᠎ᠠ ᠬᠢᠯᠭᠡᠭᠰᠡᠨ ᠥᠬᠡᠶ ᠪᠠᠶᠢᠪᠠᠯ᠂ ︽ᠨᠢᠭᠡᠳᠦᠭᠡᠷ ᠭᠠᠷ︾ ᠨᠢ ᠪᠡᠶ᠎ᠡ ᠪᠠᠷ ᠢᠶᠠᠨ ᠠᠰᠠᠭᠤᠵᠤ᠂ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠲᠠᠷᠢᠯᠭ᠎ᠠ ᠬᠢᠯᠭᠡᠭᠰᠡᠨ ᠥᠬᠡᠶ ᠬᠥᠮᠦᠰ ᠢ ᠰᠢᠪᠠᠳᠠᠵᠤ ᠪᠠᠶᠢᠭᠠᠳ ᠳᠠᠷᠤᠶ ᠲᠦᠷᠭᠡᠨ ᠲᠠᠷᠢᠯᠭ᠎ᠠ ᠬᠢᠯᠭᠡᠬᠦ ᠬᠡᠷᠡᠭᠲᠡᠶ᠃
          ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                                              ᠨᠠᠶᠢᠷᠠᠭᠤᠯᠤᠭᠴᠢ᠄  ᠶᠠᠩ  ᠿᠦᠢ ᠵᠧᠨ                                              ᠤᠷᠴᠢᠭᠤᠯᠤᠭᠴᠢ᠄  ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2