ᠯᠢᠦ ᠶᠢᠨ ᠲᠤᠤ ᠵᠢᠷᠭᠤᠳᠤᠭᠠᠷ ᠰᠤᠮᠤ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠭᠤᠷᠬᠠᠶ ᠶᠢ ᠵᠠᠰᠠᠬᠤ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/7/20
   7 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠵᠢᠷᠭᠤᠳᠤᠭᠠᠷ ᠰᠤᠮᠤ ᠪᠠᠯᠭᠠᠰᠤᠨ ᠳᠤ ᠭᠦᠨᠵᠡᠭᠡᠶᠢᠷᠡᠨ ᠠᠭᠤᠷᠬᠠᠶ ᠶᠢᠨ ᠵᠠᠰᠠᠯᠲᠠ ᠶᠢᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ‍ᠤᠤᠢ ᠵᠢᠶᠠᠨ ᠹᠧᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠸᠠᠩ ᠵᠢᠶᠦ᠋ᠨ ᠶᠦᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠠᠭᠤᠷᠬᠠᠶ ᠶᠢᠨ ᠵᠠᠰᠠᠯᠲᠠ ᠶᠢᠨ ᠲᠤᠬᠠᠶ ᠶᠢᠨ ᠲᠠᠯᠠᠪᠠᠶ ᠳᠤ᠂ ᠯᠢᠦ ᠶᠢᠨ ᠲᠤᠤ ᠠᠭᠤᠷᠬᠠᠶ ᠶᠢᠨ ᠵᠠᠰᠠᠯᠲᠠ ᠶᠢᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃
  ᠯᠢᠦ ᠶᠢᠨ ᠲᠤᠤ ᠴᠢᠬᠤᠯᠠᠴᠢᠯᠠᠭᠰᠠᠨ ᠨᠢ      ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠬᠤ ᠪᠠ ᠦᠢᠯᠡᠳᠦᠯᠭᠡᠵᠢᠭᠦᠯᠵᠦ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠭᠤᠯᠭ᠎ᠠ ᠪᠣᠯᠭᠠᠵᠤ᠂ ᠠᠵᠢᠯ ᠤᠨ ᠬᠠᠷᠢᠭᠤᠴᠠᠯᠭ᠎ᠠ ᠶᠢ ᠴᠢᠨᠠᠭᠰᠢᠳᠠ ᠪᠠᠲᠤᠳᠬᠠᠵᠤ᠂ ᠵᠠᠰᠠᠯᠲᠠ ᠶᠢᠨ ᠪᠠᠷᠢᠮᠵᠢᠶ᠎ᠠ ᠶᠢ ᠡᠵᠡᠮᠳᠡᠵᠦ᠂ ᠠᠭᠤᠷᠬᠠᠢ ᠶᠢᠨ ᠪᠣᠬᠢᠷᠲᠤᠯ ᠦᠭᠡᠢ ᠬᠥᠭᠵᠢᠯᠲᠡ᠂ ᠦᠷᠭᠦᠯᠵᠢᠯᠡᠬᠦ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ  ᠭᠡᠪᠡ᠃    ᠯᠢᠦ ᠶᠢᠨ ᠲᠤᠤ  ᠱᠠᠭᠠᠷᠳᠠᠭᠰᠠᠨ ᠨᠢ    ᠨᠡᠭᠡᠭᠡᠨ ᠬᠥᠭᠵᠢᠭᠦᠯᠬᠦ ᠶᠢᠨ ᠳᠤᠮᠳᠠ ᠬᠠᠮᠠᠭᠠᠯᠠᠬᠤ᠂ ᠬᠠᠮᠠᠭᠠᠯᠠᠬᠤ ᠶᠢᠨ ᠳᠤᠮᠳᠠ ᠨᠡᠭᠡᠭᠡᠨ ᠬᠥᠭᠵᠢᠭᠦᠯᠬᠦ ᠶᠢ ᠪᠠᠷᠢᠮᠲᠠᠯᠠᠵᠤ᠂ ᠨᠢᠭᠡ ᠲᠠᠯ᠎ᠠ ᠪᠠᠷ ᠬᠥᠭᠵᠢᠯᠲᠡ ᠶᠢ ᠠᠳᠬᠤᠵᠤ᠂ ᠨᠢᠭᠡ ᠲᠠᠯ᠎ᠠ ᠪᠠᠷ ᠠᠮᠢ ᠠᠬᠤᠶ ᠶᠢ ᠠᠳᠬᠤᠵᠤ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠣᠷᠭᠠᠨᠢᠭ ᠢᠶᠠᠷ ᠨᠢᠭᠡᠳᠬᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠡᠭᠡᠭᠡᠨ ᠮᠠᠯᠲᠠᠬᠤ ᠶᠢᠨ ᠳᠠᠭᠠᠤ ᠵᠠᠰᠠᠬᠤ︾ ︽ᠬᠡᠨ ᠡᠪᠳᠡᠪᠡᠯ ᠬᠡᠨ ᠵᠠᠰᠠᠬᠤ︾ ᠵᠠᠷᠴᠢᠮ ᠶᠣᠰᠣᠭᠠᠷ᠂ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠪᠠ ᠱᠠᠭᠠᠷᠳᠠᠯᠭ᠎ᠠ ᠲᠠᠢ ᠬᠠᠷᠢᠴᠠᠭᠤᠯᠤᠨ᠂ ᠵᠠᠰᠠᠬᠤ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠭᠤᠷᠬᠠᠶ ᠶᠢ ᠵᠠᠰᠠᠬᠤ ᠠᠵᠢᠯ ᠢ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ᠃ ᠲᠥᠯᠥᠪᠵᠢᠭᠦᠯᠭᠡ ᠶᠢ ᠤᠷᠢᠳᠠᠪᠠᠷ ᠬᠡᠷᠡᠭᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ  ᠤᠶᠢᠯᠡᠳᠤᠯ ᠢᠶᠠᠨ  ᠭᠦᠢᠴᠡᠳ ᠪᠠᠳᠠᠷᠠᠭᠤᠯᠵᠤ᠂ ᠬᠢᠨᠠᠨ ᠬᠠᠮᠢᠶᠠᠷᠬᠤ ᠪᠠ ᠬᠢᠨᠠᠨ ᠵᠢᠯᠣᠭᠤᠳᠬᠤ ᠪᠠᠨ ᠦᠨᠡᠨᠬᠦ ᠴᠢᠩᠭᠠᠳᠬᠠᠵᠤ᠂ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠵᠢᠷᠤᠮᠵᠢᠭᠤᠯᠤᠨ  ᠤᠶᠢᠯᠡᠳᠪᠤᠷᠢᠯᠡᠬᠦ᠂ ᠡᠮᠬᠢ ᠵᠢᠷᠤᠮ ᠲᠠᠢ  ᠤᠶᠢᠯᠡᠳᠪᠤᠷᠢᠯᠡᠬᠦ ᠪᠣᠯᠭᠠᠵᠤ᠂ ᠳᠤᠷ᠎ᠠ ᠪᠠᠷ ᠢᠶᠠᠨ ᠮᠠᠯᠲᠠᠬᠤ ᠵᠡᠷᠭᠡ ᠪᠠᠶᠢᠳᠠᠯ ᠡᠭᠦᠰᠬᠦ ᠶᠢ ᠡᠷᠡᠰ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠯᠢᠶᠠᠩᠴᠧᠩ ᠤᠨ ᠬᠥᠬᠡᠮᠳᠦᠭ ᠨᠣᠭᠤᠭᠠᠨ ᠠᠭᠤᠯᠠ ᠤᠰᠤ ᠶᠢ ᠨᠠᠩ ᠦᠵᠡᠰᠬᠦᠯᠡᠩᠲᠦ ᠰᠠᠶᠢᠬᠠᠨ ᠪᠣᠯᠭᠠᠬᠤ ᠬᠡᠷᠡᠭᠲᠡᠶ ᠭᠡᠵᠠᠢ᠃                                                   ᠨᠠᠶᠢᠷᠠᠭᠤᠯᠤᠭᠴᠢ᠄  ᠯᠢ ᠬᠤᠩ ᠢᠦᠢ                                                     ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2