ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/20
 7 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠯᠢᠶᠠᠩᠴᠤᠩ ᠤᠨ ᠣᠲᠣ ᠦᠶ᠎ᠡ ᠶᠢᠨ ᠰᠦ ᠶᠢᠨ  ᠤᠶᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠢᠴᠢ ᠲᠤᠰᠬᠠᠶ  ᠵᠤᠶᠢᠯ ᠤᠨ ᠵᠢᠭᠡᠯᠡᠯᠭᠡ ᠶᠢᠨ ᠲᠡᠮᠳᠡᠭᠲᠦ ᠭᠤᠶᠤᠴᠢᠯᠠᠬᠤ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠠᠶ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ‍ᠤᠤᠢ ᠵᠢᠶᠠᠨ  ᠹᠧᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ  ᠹᠧᠩ ᠵᠢᠶᠦ᠋ᠨ ᠬᠤᠷᠠᠯ ᠳᠤ ᠣᠷᠣᠯᠴᠠᠪᠠ᠃
        ᠬᠤᠷᠠᠯ ᠠᠴᠠ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠨᠢ ᠨᠢᠭᠡᠨᠲᠡ ᠮᠠᠨ ᠤ ᠰᠢᠶᠠᠨ ᠤ ᠨᠢᠭᠡ ᠵᠦᠢᠯ ᠤᠨ ᠭᠤᠣᠯᠯᠠᠭᠴᠢ ᠠᠵᠤ ᠦᠢᠯᠡᠰ ᠪᠣᠯᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢᠨ ᠴᠢᠬᠤᠯᠠ ᠢᠷᠡᠯᠳᠡ ᠪᠣᠯᠤᠭᠰᠠᠨ ᠪᠠᠶᠢᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠨᠢᠭᠡᠳᠬᠡᠵᠦ᠂ ᠢᠲᠡᠭᠡᠯ ᠵᠣᠷᠢᠭ ᠪᠣᠯᠤᠨ ᠡᠷᠴᠢ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂  ᠰᠦ ᠶᠢᠨ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢ ᠭᠤᠶᠢᠪᠢᠰᠢ ᠦᠭᠡᠢ ᠪᠥᠭᠡᠳ ᠰᠢᠨᠲᠠᠷᠠᠰᠢ ᠦᠭᠡᠢ ᠰᠠᠶᠢᠲᠤᠷ ᠠᠳᠬᠤᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠡᠷᠴᠢ ᠵᠣᠷᠢᠭ ᠢᠶᠠᠨ ᠭᠤᠶᠢᠪᠢᠰᠢ ᠦᠭᠡᠢ ᠪᠠᠲᠤᠳᠬᠠᠵᠤ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠦ ᠶᠢᠨ ᠦᠢᠯᠡᠰ  ᠤᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠵᠦᠶ᠋ᠯ ᠤᠨ ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠨ ᠮᠡᠳᠡᠭᠦᠯᠬᠦ ᠠᠵᠢᠯ ᠢ ᠱᠠᠯᠠᠪᠳᠠᠨ ᠰᠠᠶᠢᠲᠤᠷ ᠬᠢᠵᠦ᠂ ᠰᠦ᠋ ᠶᠢᠨ ᠢᠷᠡᠯᠲᠡ ᠶᠢᠨ ᠰᠠᠭᠤᠷᠢᠨ ᠭᠠᠵᠠᠷ ᠤᠨ ᠨᠠᠩ ᠰᠠᠶᠢᠨ ᠨᠠᠩ ᠲᠦᠷᠭᠡᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠰᠦ ᠶᠢᠨ ᠦᠢᠯᠡᠰ  ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ ᠨᠤᠭᠤᠳ ᠰᠠᠭᠠᠯᠢ ᠶᠢᠨ ᠦᠢᠯᠡᠰ ‍ᠤᠨ‌‍ᠰᠠᠭᠤᠷᠢᠨ ᠭᠠᠵᠠᠷ  ᠤᠨ ᠪᠥᠳᠥᠭᠡᠨ ᠪᠠᠶᠢᠭᠤᠯᠤᠯᠲᠠ ᢭ ᠲᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᢭ ᠢ ᠴᠠᠭ ᠲᠤᠬᠠᠶ ᢭ ᠲᠤᠨᠢ ᠰᠠᠶᠢᠲᠤᠷ ᠰᠢᠶ᠋ᠳᠪᠦᠷᠢᠯᠡᠵᠦ᠂ ᠰᠠᠭᠠᠯᠢ ᠶᠢᠨ ᠦᠢᠯᠡᠰ ᠤᠨ ᠰᠠᠭᠤᠷᠢᠨ ᠭᠠᠵᠠᠷ  ᠤᠨ ᠪᠥᠳᠥᠭᠡᠨ ᠪᠠᠶᠢᠭᠤᠯᠤᠯᠲᠠ ᠶᠢ ᠰᠠᠶᠢᠲᠤᠷ ᠲᠡᠮᠵᠢᠵᠤ᠂ ᠰᠠᠶᠢᠲᠤᠷ ᠦᠢᠯᠡᠴᠢᠯᠡᠵᠦ᠂ ᠰᠠᠶᠢᠲᠤᠷ ᠪᠠᠲᠤᠯᠠᠬᠤ ᠬᠡᠷᠡᠭᠲᠡᠶ᠃ ᠬᠢᠵᠠᠭᠠᠷ ᠲᠠᠢ ᠭᠠᠵᠠᠷ ᠰᠢᠷᠣᠶ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢ ᠰᠠᠶᠢᠲᠤᠷ ᠬᠢᠵᠦ᠂ ᠤᠳᠤ ᠦᠶ᠎ᠡ ᠶᠢᠨ ᠰᠦ ᠶᠢᠨ ᠦᠢᠯᠡᠰ  ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ᠂ ᠳᠡᠭᠡᠳᠦ ᠲᠡᠰ ᠢᠶᠠᠷ ᠪᠡᠶᠡᠯᠡᠭᠦᠯᠬᠦ ᠬᠡᠷᠡᠭᠲᠡᠶ᠃    ᠲᠢᠶᠠᠨ ᠴᠧᠩ ᠰᠢᠶᠠᠩ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                                         ᠨᠠᠶᠢᠷᠠᠭᠤᠯᠤᠭᠴᠢ᠄  ᠯᠢ ᠬᠤᠩ ᠢᠦᠢ                                           ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2