ᠪᠦᠬᠦ ᠰᠢᠶᠠᠨ ᠤ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠪᠠᠶᠢᠭᠤᠯᠤᠯᠲᠠ ᠶᠢ ᠠᠳᠬᠤᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠬᠢ  ᠡᠬᠢᠯᠡᠪᠡ
ᠨᠡᠶᠢᠲᠡᠯᠡᠭᠰᠡᠨ ᠴᠠᠭ᠄
2022/7/26
   7 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠡᠷᠭᠢᠯᠡᠭᠰᠡᠨ 2022 ᠣᠨ ᠤ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠳᠠᠪᠤᠷᠢ ᠬᠡᠪ ᠴᠢᠨᠠᠷ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠬᠢᠯᠡᠪᠡ᠃ ᠪᠦᠬᠦ ᠰᠢᠶᠠᠨ ᠤ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ 150 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃
     ᠠᠩᠭᠢ ᠡᠬᠢᠯᠡᠬᠦ ᠶᠣᠰᠣᠯᠠᠯ ᠳᠡᠭᠡᠷ᠎ᠡ ᠵᠣᠬᠢᠶᠠᠨ ᠪᠠᠶᠢᠭᠤᠯᠬᠤ ᠬᠡᠯᠲᠡᠰ ᠤᠨ ᠬᠠᠷᠢᠭᠤᠴᠠᠯᠭᠠᠲᠠᠨ ᠵᠢᠭᠠᠵᠤ ᠭᠠᠷᠭᠠᠭᠰᠠᠨ ᠨᠢ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠠᠷᠠᠳ ᠲᠦᠮᠡᠨ ᠳᠤ ᠦᠢᠯᠡᠴᠢᠯᠡᠬᠦ ᠵᠡᠷᠭᠡ ᠴᠢᠳᠠᠪᠤᠷᠢ ᠶᠢ ᠦᠨᠡᠨᠬᠦ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠡᠨᠡ ᠤᠳᠠᠭ᠎ᠠ ᠶᠢᠨ ᠪᠣᠯᠪᠠᠰᠤᠷᠠᠯ ᠤᠨ ᠲᠣᠬᠢᠶᠠᠯ ᠢ ᠭᠦᠢᠴᠡᠳ ᠠᠰᠢᠭᠯᠠᠵᠤ᠂ ᠨᠠᠷᠢᠨ ᠬᠢᠨᠠᠮᠠᠭᠠᠢ ᠰᠤᠷᠤᠯᠴᠠᠨ᠂ ᠬᠠᠷᠠᠭ᠎ᠠ ᠪᠠᠨ ᠥᠷᠭᠡᠳᠬᠡᠵᠦ᠂ ᠬᠠᠷᠢᠯᠴᠠᠨ ᠰᠣᠯᠢᠯᠴᠠᠵᠤ᠂ ᠭᠦᠨᠵᠡᠭᠡᠢ ᠰᠡᠳᠬᠢᠵᠦ᠂ ᠰᠤᠷᠤᠯᠴᠠᠪᠠᠯ ᠣᠯᠤᠯᠲᠠ ᠲᠠᠢ᠂ ᠰᠤᠷᠤᠯᠴᠠᠪᠠᠯ ᠠᠮᠵᠢᠯᠲᠠ ᠲᠠᠢ ᠪᠣᠯᠬᠤ ᠪᠠᠷ ᠴᠢᠷᠮᠠᠶᠢᠬᠤ ᠬᠡᠷᠡᠭᠲᠡᠢ᠃      ᠲᠣᠰ ᠤᠳᠠᠭᠠᠨ ᠤ ᠪᠣᠯᠪᠠᠰᠤᠷᠠᠭᠤᠯᠤᠯ ᠢ 3 ᠡᠳᠦᠷ ᠶᠠᠪᠤᠭᠳᠠᠭᠤᠯᠵᠤ᠂ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ ᠵᠡᠷᠭᠡ ᠣᠯᠠᠨ  ᠵᠤᠶᠢᠯ ᠤᠨ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠭᠤᠤᠯᠳᠠᠭᠤ ᠦᠨᠳᠦᠰᠦᠨ ᠱᠠᠲᠤᠨ ᠤ ᠨᠠᠮ ᠤᠨ ᠡᠭᠦᠷ ᠤᠨ ᠵᠢᠷᠤᠮᠵᠢᠭᠤᠯᠤᠯᠲᠠ ᠶᠢᠨ ᠠᠵᠢᠯ ᠪᠠ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠠᠷᠠᠳ ᠲᠦᠮᠡᠨ ᠳᠤ  ᠤᠶᠢᠯᠡᠴᠢᠯᠡᠬᠦ ᠵᠡᠷᠭᠡ ᠲᠠᠯ᠎ᠠ ᠪᠠᠷ ᠭᠤᠤᠯᠯᠠᠭᠤᠯᠤᠨ᠂ ᠲᠣᠰᠬᠤᠨ᠂ ᠨᠡᠶᠢᠭᠡᠮ ᠲᠣᠭᠤᠷᠢᠭ ᠤᠨ ᠺᠠᠳ᠋ᠷᠴᠤᠳ ᠤᠨ ᠬᠡᠪ ᠴᠢᠨᠠᠷ ᠪᠠ ᠲᠤᠰᠢᠶᠠᠯ ᠬᠠᠷᠢᠭᠤᠴᠠᠯᠭ᠎ᠠ ᠪᠠᠨ  ᠭᠦᠢᠴᠡᠳᠭᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠢᠶᠠᠨ ᠴᠧᠩ ᠰᠢᠶᠠᠩ ᠤᠨ ᠳ᠋ᠢᠩ ᠳᠣᠯᠣᠳᠤᠭᠠᠷ ᠨᠣᠮᠧᠷᠲᠤ ᠨᠠᠮ ᠤᠨ ᠡᠭᠦᠷ ᠤᠨ ᠱᠦᠵᠢ ᠬᠤ᠋ ᠰᠢᠨ ᠭᠤᠸᠠᠩ᠄ ︽ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯᠤᠭᠰᠠᠨ ᠤ ᠬᠤᠪᠢ ᠳᠤ᠂ ᠪᠢᠳᠡ ᠰᠢᠮᠳᠠᠨ ᠰᠤᠷᠤᠯᠴᠠᠵᠤ ᠴᠢᠳᠠᠮᠠᠭᠠᠢ ᠪᠠᠷ ᠰᠡᠳᠬᠢᠵᠦ᠂ ᠰᠠᠭᠤᠷᠢ ᠪᠠᠨ ᠪᠠᠲᠤᠳᠬᠠᠵᠤ᠂ ᠰᠤᠷᠤᠯᠴᠠᠬᠤ ᠤᠬᠠᠮᠰᠠᠷᠲᠤ ᠴᠢᠨᠠᠷ ᠪᠣᠯᠤᠨ ᠰᠠᠨᠠᠭᠠᠴᠢᠯᠠᠭᠠᠲᠤ ᠴᠢᠨᠠᠷ ᠢᠶᠠᠨ ᠲᠠᠰᠤᠷᠠᠯᠳᠡ ᠦᠭᠡᠢ ᠴᠢᠩᠭᠠᠳᠬᠠᠵᠤ᠂ ᠪᠣᠯᠪᠠᠰᠤᠷᠠᠯ ᠤᠨ ᠬᠢᠴᠢᠶᠡᠯ ᠢ ᠨᠡᠪᠳᠡᠷᠡᠳᠡᠯ᠎ᠠ ᠰᠤᠷᠴᠤ ᠡᠵᠡᠮᠰᠢᠬᠦ ᠶᠢ ᠦᠨᠡᠨᠬᠦ ᠪᠡᠶᠡᠯᠡᠭᠦᠯᠵᠦ᠂ ᠬᠤᠶᠢᠰᠢᠳᠠ ᠶᠢᠨ ᠠᠵᠢᠯ ᠳᠤ ᠰᠠᠭᠤᠷᠢ ᠪᠠᠨ ᠰᠠᠶᠢᠲᠤᠷ ᠲᠠᠯᠪᠢᠬᠤ ᠬᠡᠷᠡᠭᠲᠡᠢ︾ ᠭᠡᠵᠦ ᠬᠡᠯᠡᠪᠡ᠃    ᠵᠢᠷᠤᠭ    ᠵᠢᠦ ᠶᠤᠸᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠵᠢᠶᠠ ᠶᠢᠩ ᠹᠠᠩ᠄ ︽ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠪᠢᠳᠡ ᠣᠨᠣᠯ ᠤᠨ ᠮᠡᠳᠡᠯᠭᠡ ᠪᠠᠨ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠬᠠᠷᠢᠭᠤᠴᠠᠯᠭᠠᠲᠤ ᠤᠬᠠᠮᠰᠠᠷ ᠢᠶᠠᠨ ᠤᠯᠠᠮ ᠴᠢᠩᠭᠠᠷᠠᠭᠤᠯᠵᠠᠶ᠂ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠪᠡᠶ᠎ᠡ ᠪᠠᠷ ᠢᠶᠠᠨ ᠥᠯᠢᠭᠡᠷ ᠳᠠᠭᠤᠷᠢᠶᠠᠯ ᠪᠣᠯᠵᠣ᠂ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ  ᠤᠶᠢᠯᠡᠳᠤᠯ ᠢᠶᠠᠨ  ᠭᠦᠢᠴᠡᠳ ᠪᠠᠳᠠᠷᠠᠭᠤᠯᠬᠤ ᠬᠡᠷᠡᠭᠲᠡᠶ︾ ᠭᠡᠵᠡᠶ᠃                                             ᠨᠠᠶᠢᠷᠠᠭᠤᠯᠤᠭᠴᠢ᠄    ᠶᠠᠩ  ᠿᠦᠢ ᠵᠧᠨ                                             ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2