︽ᠳᠦᠷᠢᠮ︾ ᠢ ᠨᠡᠶᠢᠲᠡᠯᠡᠭᠰᠡᠨ ᠠᠴᠢ ᠬᠤᠯᠪᠣᠭᠳᠠᠯ | ︽ᠳᠦᠷᠢᠮ︾ ᠪᠣᠯ ᠤᠬᠠᠭᠤᠯᠭ᠎ᠠ ᠶᠢᠨ ᠬᠦᠷᠢᠶᠡᠨ ᠳᠠᠬᠢ ᠭᠤᠣᠯᠯᠠᠬᠤ ᠴᠢᠨᠠᠷᠲᠠᠶ᠂ ᠰᠠᠭᠤᠷᠢ ᠶᠢᠨ ᠴᠢᠨᠠᠷᠲᠠᠶ | ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠮᠥᠨ᠃ | ᠴᠢᠩᠭ᠎ᠠ ᠬᠠᠤᠯᠢ ᠳᠦᠷᠢᠮ ᠢᠶᠠᠷ ᠪᠦᠬᠦ ᠨᠠᠮ ᠤᠨ ᠤᠬᠠᠭᠤᠯᠭ᠎ᠠ ᠶᠢᠨ ᠠᠵᠢᠯ ᠥᠷᠨᠢᠭᠦᠯᠬᠦ ᠳᠤ ᠵᠢᠯᠣᠭᠤᠳᠣᠯᠭ᠎ᠠ | ᠪᠠ ᠲᠦᠰᠢᠭ ᠲᠤᠯᠭᠠᠭᠤᠷᠢ ᠶᠢ ᠬᠠᠩᠭᠠᠭᠰᠠᠨ ᠪᠠᠶᠢᠨ᠎ᠠ᠃ | ᠤᠬᠠᠭᠤᠯᠭ᠎ᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ ᠵᠢᠷᠤᠮᠵᠢᠭᠤᠯᠤᠯᠲᠠ ᠳᠦᠷᠢᠮᠵᠢᠭᠦᠯᠦᠯᠲᠡ ᠶᠢᠨ | ᠪᠠᠶᠢᠭᠤᠯᠤᠯᠲᠠ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃ | ᠨᠠᠮ ᠤᠨ ᠤᠬᠠᠭᠤᠯᠭ᠎ᠠ ᠶᠢᠨ ᠦᠢᠯᠡᠰ ᠤᠨ ᠬᠥᠭᠵᠢᠯᠲᠡ ᠶᠢᠨ ᠲᠡᠦᠬᠡᠨ ᠳᠤ ᠴᠢᠬᠤᠯᠠ ᠬᠥᠰᠢᠶ᠎ᠡ ᠳᠤᠷᠠᠰᠬᠠᠯ ᠤᠨ | ᠠᠴᠢ ᠬᠤᠯᠪᠣᠭᠳᠠᠯ ᠲᠠᠢ᠃ | ︽ᠲᠦᠷᠢᠮ︾ ᠤᠨ ᠭᠤᠣᠯ ᠪᠣᠷᠣ ᠲᠥᠯᠥᠪ | ︽ᠲᠦᠷᠢᠮ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠤᠬᠠᠭᠤᠯᠬᠤ ᠠᠵᠢᠯ ᠤᠨ ᠪᠠᠶᠢᠷᠢ ᠰᠠᠭᠤᠷᠢ ᠦᠢᠯᠡᠳᠦᠯ᠂ ᠬᠠᠷᠠᠯᠲᠠ ᠡᠭᠦᠷᠭᠡ᠂ ᠡᠭᠦᠷᠭᠡ ᠬᠠᠷᠢᠭᠤᠴᠠᠯᠭ᠎ᠠ᠂ | ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠢ ᠠᠯᠢ ᠤᠯᠠᠨ ᠴᠢᠬᠤᠯᠠ ᠥᠭᠦᠯᠡᠯᠲᠡ ᠶᠢ ᠲᠡᠭᠦᠨ ᠳᠤ ᠲᠤᠤᠱᠯᠠᠭᠤᠯᠪᠠ᠃ | | ︽ᠳᠦᠷᠢᠮ︾ ᠨᠡᠶᠢᠲᠡ 13 ᠪᠦᠯᠦᠭ 53 ᠵᠤᠷᠪᠤᠰ ᠲᠠᠢ᠂ ᠶᠡᠭᠡ ᠲᠥᠯᠥᠪ ᠭᠤᠷᠪᠠᠨ ᠬᠡᠰᠡᠭ ᠬᠤᠪᠢᠶᠠᠨ᠎ᠠ᠃ | | ᠨᠢᠭᠡᠳᠦᠭᠡᠷ ᠬᠡᠰᠡᠭ ᠲᠤ ᠶᠡᠷᠦᠩᠬᠡᠶ ᠳᠦᠷᠢᠮ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠲᠤᠰᠢᠶᠠᠯ | ᠬᠠᠷᠢᠭᠤᠴᠠᠯᠭ᠎ᠠ ᠭᠡᠬᠦ ᠬᠤᠶᠠᠷ ᠪᠦᠯᠦᠭ ᠪᠠᠭᠲᠠᠨ᠎ᠠ᠃ | ᠭᠤᠣᠯᠳᠠᠭᠤ ᠵᠣᠷᠢᠯᠭ᠎ᠠ ᠶᠢᠨ ᠦᠨᠳᠦᠰᠦᠯᠡᠯ᠂ ᠪᠠᠶᠢᠷᠢ ᠲᠣᠭᠲᠠᠭᠠᠯᠲᠠ ᠶᠢᠨ ᠦᠢᠯᠡᠳᠦᠯ᠂ ᠵᠢᠯᠣᠭᠤᠳᠬᠤ ᠦᠵᠡᠯ | ᠰᠠᠨᠠᠭ᠎ᠠ᠂ ᠦᠨᠳᠦᠰᠦᠨ ᠡᠭᠦᠷᠭᠡ᠂ ᠠᠵᠢᠯ ᠤᠨ ᠵᠠᠷᠴᠢᠮ ᠵᠢᠴᠢ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠨᠠᠮ ᠤᠨ | ᠬᠤᠷᠢᠶ᠎ᠠ ᠪᠠ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠲᠤᠰᠢᠶᠠᠯ ᠬᠠᠷᠢᠭᠤᠴᠠᠯᠭ᠎ᠠ ᠵᠡᠷᠭᠡ ᠶᠡᠷᠦᠩᠬᠡᠢ | ᠬᠠᠮᠢᠶᠠᠷᠤᠯᠲᠠ ᠶᠢᠨ ᠠᠭᠤᠯᠭ᠎ᠠ ᠪᠣᠯᠤᠨ᠎ᠠ᠃ | ᠬᠤᠶᠠᠳᠤᠭᠠᠷ ᠬᠡᠰᠡᠭ ᠲᠤ ᠭᠤᠷᠪᠠᠳᠤᠭᠠᠷ ᠪᠦᠯᠦᠭ ᠠᠴᠠ ᠠᠷᠪᠠᠨ ᠨᠢᠭᠡᠳᠦᠭᠡᠷ ᠪᠦᠯᠦᠭ᠂ | ᠤᠬᠠᠭᠤᠯᠭ᠎ᠠ ᠶᠢᠨ ᠬᠦᠷᠢᠶᠡᠨ ᠤ ᠡᠯ᠎ᠡ ᠲᠠᠯ᠎ᠠ ᠶᠢᠨ ᠠᠵᠢᠯ ᠢ ᠲᠣᠭᠲᠠᠭᠠᠪᠠ᠂ ᠡᠭᠦᠨ ᠳᠤ ᠤᠨᠤᠯ᠂ ᠰᠣᠨᠢᠨ | ᠮᠡᠳᠡᠭᠡ ᠶᠠᠷᠢᠶ᠎ᠠ ᠬᠡᠯᠡᠯᠴᠡᠭᠡ ᠪᠠ ᠬᠡᠪᠯᠡᠯ᠂ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ᠂ ᠰᠣᠶᠣᠯ ᠤᠳᠬ᠎ᠠ | ᠤᠷᠠᠯᠢᠭ᠂ ᠢᠨᠲ᠋ᠧᠷ ᠰᠦᠯᠵᠢᠶᠡᠨ ᠤ ᠤᠬᠠᠭᠤᠯᠭ᠎ᠠ ᠪᠠ ᠮᠡᠳᠡᠭᠡ ᠵᠠᠩᠭᠢ ᠶᠢᠨ ᠠᠭᠤᠯᠭ᠎ᠠ ᠶᠢᠨ ᠬᠠᠮᠢᠶᠠᠷᠤᠯᠲᠠ᠂ | ᠭᠠᠳᠠᠭᠠᠳᠤ ᠤᠬᠠᠭᠤᠯᠭ᠎ᠠ᠂ ᠦᠨᠳᠦᠰᠦᠨ ᠱᠠᠲᠤᠨ ᠤ ᠤᠬᠠᠭᠤᠯᠭ᠎ᠠ ᠶᠢᠨ ᠠᠵᠢᠯ᠂ ᠦᠵᠡᠯ ᠤᠬᠠᠮᠰᠠᠷ ᠤᠨ | ᠬᠡᠯᠪᠡᠷᠢ ᠶᠢᠨ ᠬᠠᠮᠢᠶᠠᠷᠤᠯᠲᠠ᠂ ᠨᠠᠮ ᠤᠨ ᠤᠬᠠᠭᠤᠯᠭ᠎ᠠ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠬᠤ ᠵᠡᠷᠭᠡ ᠪᠠᠭᠲᠠᠨ᠎ᠠ᠃ | ᠭᠤᠷᠪᠠᠳᠤᠭᠠᠷ ᠬᠡᠰᠡᠭ ᠲᠤ ᠪᠠᠲᠤᠯᠠᠬᠤ ᠪᠠ ᠬᠢᠨᠠᠯᠲᠠ ᠲᠠᠯᠪᠢᠬᠤ᠂ ᠳᠠᠭᠠᠯᠳᠤᠭᠤᠯᠤᠭᠰᠠᠨ ᠳᠦᠷᠢᠮ ᠭᠡᠬᠦ | ᠬᠤᠶᠠᠷ ᠪᠦᠯᠦᠭ ᠢ ᠪᠠᠭᠲᠠᠭᠠᠪᠠ᠃ | ᠭᠤᠣᠯᠳᠠᠭᠤ ᠲᠣᠭᠲᠠᠴᠠ ᠶᠢᠨ ᠪᠠᠲᠤᠯᠠᠭ᠎ᠠ᠂ ᠵᠠᠷᠤᠳᠠᠯ ᠤᠨ ᠪᠠᠲᠤᠯᠠᠭ᠎ᠠ᠂ ᠬᠥᠬᠢᠭᠦᠯᠦᠨ ᠰᠠᠶᠢᠰᠢᠶᠠᠵᠤ | ᠤᠷᠮᠠᠰᠢᠭᠤᠯᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠪᠠᠶᠢᠴᠠᠭᠠᠨ ᠰᠤᠳᠤᠯᠬᠤ ᠪᠠ ᠮᠡᠳᠡᠭᠡ ᠵᠠᠩᠭᠢᠵᠢᠯᠲᠠ ᠶᠢᠨ | ᠪᠠᠲᠤᠯᠠᠭ᠎ᠠ᠂ ᠬᠠᠤᠯᠢ ᠪᠠᠷ ᠵᠠᠰᠠᠬᠤ ᠪᠠᠲᠤᠯᠠᠭ᠎ᠠ᠂ ᠬᠢᠨᠠᠯᠲᠠ ᠲᠠᠯᠪᠢᠵᠤ ᠪᠠᠶᠢᠴᠠᠭᠠᠬᠤ᠂ ᠬᠠᠷᠢᠭᠤᠴᠠᠯᠭ᠎ᠠ ᠨᠡᠬᠡᠮᠵᠢᠯᠡᠬᠦ | ᠵᠡᠷᠭᠡ ᠲᠣᠭᠲᠠᠭᠠᠯ ᠪᠣᠯᠤᠨ᠎ᠠ᠃ | | ︽ᠲᠦᠷᠢᠮ︾ ᠤᠨ ᠤᠬᠠᠭᠤᠯᠬᠤ ᠠᠵᠢᠯ ᠤᠨ ᠪᠠᠶᠢᠷᠢ ᠲᠣᠭᠲᠠᠭᠠᠬᠤ ᠦᠢᠯᠡᠳᠦᠯ᠂ ᠵᠢᠯᠣᠭᠤᠳᠬᠤ ᠦᠵᠡᠯ | ᠰᠠᠨᠠᠭ᠎ᠠ ᠪᠣᠯᠤᠨ ᠦᠨᠳᠦᠰᠦᠨ ᠡᠭᠦᠷᠭᠡ ᠶᠢᠨ ᠲᠤᠬᠠᠢ | X ᠤᠬᠠᠭᠤᠯᠭ᠎ᠠ ᠶᠢᠨ ᠠᠵᠢᠯ ᠤᠨ ᠪᠠᠶᠢᠷᠢ ᠲᠣᠭᠲᠠᠭᠠᠬᠤ ᠦᠢᠯᠡᠳᠦᠯ ᠤᠨ ᠲᠤᠬᠠᠶ | ● ᠰᠤᠷᠲᠠᠯ ᠤᠬᠠᠭᠤᠯᠭ᠎ᠠ ᠶᠢᠨ ᠠᠵᠢᠯ ᠪᠣᠯ ᠨᠠᠮ ᠤᠨ ᠨᠢᠭᠡᠨ ᠲᠦᠢᠯ ᠤᠨ ᠴᠢᠬᠤᠯᠠ ᠠᠵᠢᠯ ᠮᠥᠨ᠃ | ● ᠨᠠᠮ ᠤᠨ ᠤᠯᠤᠰ ᠳᠦᠷᠤ ᠶᠢᠨ ᠱᠤᠭᠤᠮ ᠢ ᠪᠠᠷᠢᠮᠲᠠᠯᠠᠨ᠂ ᠨᠠᠮ ᠤᠨ ᠤᠯᠤᠰ ᠳᠦᠷᠤ ᠶᠢᠨ | ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠦᠵᠡᠯ ᠰᠠᠨᠠᠭ᠎ᠠ ᠤᠯᠤᠰ ᠳᠦᠷᠤ ᠶᠢᠨ ᠤᠳᠤᠷᠢᠳᠤᠯᠭ᠎ᠠ ᠶᠢ | ᠴᠢᠩᠭᠠᠳᠬᠠᠨ᠂ ᠨᠠᠮ ᠤᠨ ᠣᠯᠠᠨ ᠲᠦᠮᠡᠨ ᠤ ᠰᠠᠭᠤᠷᠢ ᠪᠠ ᠳᠦᠷᠤ ᠪᠠᠷᠢᠬᠤ ᠰᠠᠭᠤᠷᠢ ᠶᠢ ᠪᠠᠬᠢᠵᠢᠭᠦᠯᠬᠦ ᠴᠢᠬᠤᠯᠠ | ᠠᠷᠭ᠎ᠠ ᠬᠡᠯᠪᠡᠷᠢ ᠮᠥᠨ᠃ | ● ᠨᠠᠮ ᠤᠨ ᠵᠣᠷᠢᠯᠲᠠ ᠪᠠ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠨᠠᠮ ᠤᠨ ᠭᠡᠰᠢᠭᠦᠨ᠂ | ᠺᠠᠳ᠋ᠷ ᠪᠠ ᠣᠯᠠᠨ ᠲᠦᠮᠡᠨ ᠢ ᠲᠠᠶᠢᠴᠢᠯᠠᠨ ᠵᠣᠬᠢᠶᠠᠨ ᠪᠠᠶᠢᠭᠤᠯᠵᠤ ᠣᠨᠣᠯ ᠢᠶᠠᠷ ᠵᠡᠪᠰᠡᠭᠯᠡᠬᠦ᠂ ᠶᠠᠷᠢᠶ᠎ᠠ ᠬᠡᠯᠡᠯᠴᠡᠭᠡ ᠪᠠᠷ | ᠬᠥᠲᠥᠯᠥᠨ ᠵᠢᠯᠣᠭᠤᠳᠬᠤ᠂ ᠦᠵᠡᠯ ᠰᠠᠨᠠᠭᠠᠨ ᠤ ᠬᠥᠮᠦᠵᠢᠯ ᠬᠢᠬᠦ᠂ ᠰᠣᠶᠣᠯ ᠤᠨ ᠪᠠᠶᠢᠭᠤᠯᠤᠯᠲᠠ᠂ ᠪᠣᠯᠪᠠᠰᠤᠨ ᠢ | ᠬᠥᠮᠦᠵᠢᠭᠦᠯᠬᠦ ᠵᠡᠷᠭᠡ ᠠᠵᠢᠯ ᠪᠠ ᠠᠵᠢᠯᠯᠠᠭ᠎ᠠ᠃ | ● ᠤᠬᠠᠭᠤᠯᠭ᠎ᠠ ᠶᠢᠨ ᠠᠵᠢᠯ ᠪᠣᠯ ᠨᠠᠮ ᠠᠴᠠ ᠠᠷᠠᠳ ᠲᠦᠮᠡᠨ ᠢ ᠤᠳᠤᠷᠢᠳᠤᠨ ᠬᠤᠪᠢᠰᠬᠠᠯ᠂ ᠪᠦᠲᠦᠭᠡᠨ | ᠪᠠᠶᠢᠭᠤᠯᠤᠯᠲᠠ᠂ ᠥᠭᠡᠷᠡᠴᠢᠯᠡᠯᠲᠡ ᠶᠢᠨ ᠢᠯᠠᠯᠲᠠ ᠶᠢ ᠲᠠᠰᠤᠷᠠᠯᠲᠠ ᠦᠭᠡᠶ ᠲᠡᠮᠡᠴᠡᠨ ᠤᠯᠬᠤ ᠰᠢᠯᠢᠳᠡᠭ ᠤᠯᠠᠮᠵᠢᠯᠠᠯ | ᠪᠠ ᠤᠯᠤᠰ ᠲᠥᠷᠥ ᠶᠢᠨ ᠳᠠᠪᠠᠭᠤᠯᠢᠭ ᠮᠥᠨ᠃ | | ᠤᠬᠠᠭᠤᠯᠬᠤ ᠠᠵᠢᠯ ᠤᠨ ᠵᠢᠯᠣᠭᠤᠳᠬᠤ ᠦᠵᠡᠯ ᠰᠠᠨᠠᠭᠠᠨ ᠤ ᠲᠤᠬᠠᠶ | ● ᠤᠬᠠᠭᠤᠯᠭ᠎ᠠ ᠶᠢᠨ ᠠᠵᠢᠯ ᠳᠤ ᠮᠠᠷᠺᠠᠰ ᠯᠧᠨᠢᠨ ᠤ ᠦᠵᠡᠯ᠂ ᠮᠠᠤ ᠽᠤ᠋ ᠳ᠋ᠦᠩ ᠤᠨ ᠦᠵᠡᠯ ᠰᠠᠨᠠᠭ᠎ᠠ᠂ | ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠭᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠎ᠠ᠃ | ● ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠣᠯᠯᠠᠬᠤ ᠤᠬᠠᠮᠰᠠᠷ᠂ ᠨᠢᠭᠡᠳᠦᠯᠲᠡᠢ | ᠪᠠᠶᠢᠬᠤ ᠤᠬᠠᠮᠰᠠᠷ ᠢ ᠪᠠᠲᠤ ᠪᠤᠢ ᠪᠣᠯᠭᠠᠨ᠎ᠠ᠃ | ● ᠳᠤᠮᠳᠠᠳᠤ ᠤᠯᠤᠰ ᠤᠨ ᠣᠨᠴᠠᠯᠢᠭ ᠪᠦᠭᠦᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠣᠨᠣᠯ ᠤᠨ ᠢᠲᠡᠭᠡᠯ | ᠂ ᠪᠠᠶᠢᠭᠤᠯᠤᠯ ᠤᠨ ᠲᠠᠯ᠎ᠠ ᠪᠠᠷ ᠬᠢ ᠢᠲᠡᠭᠡᠯ ᠢᠶᠠᠨ ᠪᠠᠲᠤᠳᠬᠠᠨ᠎ᠠ᠃ | ᠢᠲᠡᠭᠡᠯ᠂ ᠰᠣᠶᠣᠯ ᠤᠨ ᠢᠲᠡᠭᠡᠯ | ● ᠰᠢ ᠶᠢᠨ ᠫᠢᠩ ᠤ ᠶᠡᠷᠦᠩᠬᠡᠶ ᠱᠦᠵᠢ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠭᠦ ᠨᠠᠮ ᠤᠨ | ᠭᠤᠣᠯᠯᠠᠭᠴᠢ ᠪᠠᠶᠢᠷᠢ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ | ● ᠲᠤᠭ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ | ᠮᠠᠨᠳᠤᠭᠤᠯᠬᠤ᠂ ᠳᠦᠷᠢ ᠲᠥᠷᠬᠦ ᠶᠢ ᠪᠠᠳᠠᠷᠠᠭᠤᠯᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | ᠡᠭᠦᠷᠭᠡ | ● ᠪᠦᠭᠦ ᠠᠷᠠᠳ ᠲᠦᠮᠡᠨ ᠤ ᠬᠦᠰᠡᠯᠡᠩ ᠢᠲᠡᠭᠡᠯ ᠪᠢᠰᠢᠷᠡᠯ᠂ ᠦᠷᠲᠡᠭ ᠤᠨ ᠣᠶᠢᠯᠠᠭᠠᠭᠳᠠᠬᠤᠨ᠂ ᠶᠣᠰᠣ | ᠰᠤᠷᠲᠠᠬᠤᠨ ᠤ ᠣᠶᠢᠯᠠᠭᠠᠭᠳᠠᠬᠤᠨ ᠤ ᠲᠠᠯ᠎ᠠ ᠪᠠᠷ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠳᠤ ᠦᠵᠡᠯ ᠰᠠᠨᠠᠭᠠᠨ ᠤ ᠪᠠᠲᠤᠯᠠᠭ᠎ᠠ᠂ ᠶᠠᠷᠢᠶ᠎ᠠ ᠬᠡᠯᠡᠯᠴᠡᠭᠡᠨ ᠤ ᠳᠡᠮᠵᠢᠯᠭᠡ᠂ ᠤᠶᠤᠨ ᠰᠠᠨᠠᠭᠠᠨ ᠤ | ᠬᠥᠳᠡᠯᠭᠡᠬᠦ ᠬᠦᠴᠦᠨ ᠪᠠ ᠰᠣᠶᠣᠯ ᠤᠨ ᠨᠥᠬᠦᠴᠡᠯ ᠬᠠᠩᠭᠠᠨ᠎ᠠ᠃ | | ᠤᠬᠠᠭᠤᠯᠭ᠎ᠠ ᠶᠢᠨ ᠠᠵᠢᠯ ᠤᠨ ᠦᠨᠳᠦᠰᠦᠨ ᠡᠭᠦᠷᠭᠡ ᠶᠢᠨ ᠲᠤᠬᠠᠶ | ● ︽ᠳᠦᠷᠢᠮ ︾ ᠳᠤ ︽ ᠨᠢᠭᠡ ᠶᠢ ᠥᠨᠳᠥᠷ ᠮᠠᠨᠳᠤᠭᠤᠯᠬᠤ ︾ ︽ ᠬᠤᠶᠠᠷ ᠢ ᠪᠠᠬᠢᠵᠢᠭᠦᠯᠬᠦ ︾ | ︽ ᠭᠤᠷᠪᠠ ᠶᠢ ᠪᠦᠳᠦᠭᠡᠨ ᠪᠠᠶᠢᠭᠤᠯᠬᠤ︾ ᠶᠢᠨ ᠤᠬᠠᠭᠤᠯᠭ᠎ᠠ ᠶᠢᠨ ᠠᠵᠢᠯ ᠤᠨ ᠦᠨᠳᠦᠰᠦᠨ ᠡᠭᠦᠷᠭᠡ ᠶᠢ | ᠳᠤᠷᠠᠳᠴᠠᠶ᠃ | ● ᠳᠤᠮᠳᠠᠳᠤ ᠤᠯᠤᠰ ᠤᠨ ᠣᠨᠴᠠᠯᠢᠭ ᠪᠦᠭᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠤᠭᠤᠯᠤᠨ᠎ᠠ᠃ | ● ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ | ᠰᠠᠭᠤᠷᠢ ᠶᠢ ᠪᠠᠬᠢᠵᠢᠭᠦᠯᠵᠦ᠂ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ | ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ | ● ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠪᠦᠬᠦᠢ ᠨᠡᠶᠢᠭᠡᠮ | ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠵᠤ᠂ ᠬᠦᠴᠦᠷᠬᠡᠭ ᠶᠡᠭᠡ ᠠᠮᠢ ᠨᠠᠰᠤᠨ ᠤ ᠪᠠ ᠡᠭᠦᠳᠦᠨ | ᠪᠦᠲᠦᠭᠡᠬᠦ ᠬᠦᠴᠦᠨ ᠲᠠᠢ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠢ ᠪᠠᠶᠢᠭᠤᠯᠵᠤ᠂ ᠬᠦᠴᠦᠷᠬᠡᠭ ᠶᠡᠭᠡ ᠢᠪᠡᠭᠡᠯ | ᠪᠠ ᠨᠥᠯᠥᠭᠡᠯᠡᠬᠦ ᠬᠦᠴᠦᠨ ᠲᠠᠢ ᠳᠤᠮᠳᠠᠳᠤ ᠶᠢᠨ ᠰᠣᠶᠣᠯ ᠤᠨ ᠪᠤᠳᠠᠳᠤ ᠬᠦᠴᠤᠨ ᠢ ᠪᠥᠲᠥᠭᠡᠨ ᠪᠠᠶᠢᠭᠤᠯᠤᠨ᠎ᠠ᠃ | | ︽ᠲᠦᠷᠢᠮ︾ ᠳᠠᠬᠢ ᠡᠯ᠎ᠡ ᠱᠠᠲᠤᠨ ᠤ ᠨᠠᠮ ᠤᠨ ᠬᠤᠷᠢᠶᠠᠨ ᠤ ᠡᠭᠦᠷᠭᠡᠯᠡᠬᠦ ᠤᠬᠠᠭᠤᠯᠬᠤ ᠠᠵᠢᠯ ᠤᠨ ᠡᠭᠦᠷᠭᠡ | ᠬᠠᠷᠢᠭᠤᠴᠠᠯᠭ᠎ᠠ ᠶᠢᠨ ᠲᠤᠬᠠᠶ ᠲᠣᠭᠲᠠᠭᠠᠯ | ᠤᠬᠠᠭᠤᠯᠬᠤ ᠠᠵᠢᠯ ᠢ ᠰᠠᠶᠢᠲᠤᠷ ᠬᠢᠬᠦ ᠳᠤ ᠪᠦᠬᠦ ᠨᠠᠮ ᠢᠶᠠᠷ ᠢᠶᠠᠨ ᠬᠥᠳᠡᠯᠦᠯᠴᠡᠬᠦ ᠬᠡᠷᠡᠭᠲᠡᠶ | ᠡᠯ᠎ᠡ ᠱᠠᠲᠤᠨ ᠤ ᠨᠠᠮ ᠤᠨ ᠬᠤᠷᠢᠶ᠎ᠠ ᠤᠬᠠᠭᠤᠯᠭ᠎ᠠ ᠶᠢᠨ ᠠᠵᠢᠯ ᠳᠤ ᠭᠤᠣᠯ ᠴᠣᠭᠴᠠ ᠶᠢᠨ ᠬᠠᠷᠢᠭᠤᠴᠠᠯᠭ᠎ᠠ | ᠡᠭᠦᠷᠭᠡᠯᠡᠨ᠎ᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ | ᠲᠦᠷᠦ ᠶᠢᠨ ᠡᠭᠦᠷᠭᠡ ᠪᠠᠨ ᠪᠣᠯᠭᠠᠵᠤ᠂ ᠤᠬᠠᠭᠤᠯᠭ᠎ᠠ ᠶᠢᠨ ᠬᠦᠷᠢᠶᠡᠨ ᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ | ᠴᠢᠨᠠᠷᠲᠠᠢ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠵᠢᠯᠣᠭᠤᠳᠬᠤ ᠪᠠ ᠴᠢᠬᠤᠯᠠ ᠶᠡᠭᠡ ᠠᠰᠠᠭᠤᠳᠠᠯ ᠢ ᠵᠠᠳᠠᠯᠤᠨ | ᠰᠤᠳᠤᠯᠵᠤ ᠮᠠᠭᠠᠳᠯᠠᠬᠤ ᠪᠠᠨ ᠴᠢᠩᠭᠠᠳᠬᠠᠬᠤ ᠬᠡᠷᠡᠭᠲᠡᠢ᠃ | ︽ᠳᠦᠷᠢᠮ︾ ᠳᠤ ᠨᠠᠮ ᠤᠨ ᠲᠦᠪ ᠬᠤᠷᠢᠶᠠᠨ ᠤ 7 ᠵᠦᠢᠯ ᠤᠨ ᠭᠤᠣᠯ ᠲᠤᠰᠢᠶᠠᠯ ᠬᠠᠷᠢᠭᠤᠴᠠᠯᠭ᠎ᠠ ᠶᠢ | ᠲᠣᠭᠲᠠᠭᠠᠵᠠᠶ | ᠤᠬᠠᠭᠤᠯᠭ᠎ᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠪᠠ ᠳᠡᠭᠡᠳᠦ ᠱᠠᠲᠤᠨ ᠤ ᠨᠠᠮ ᠤᠨ | ᠬᠤᠷᠢᠶᠠᠨ ᠤ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠵᠢᠭᠠᠪᠤᠷᠢ ᠶᠢᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠣᠤᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ | ᠵᠢᠯᠣᠭᠤᠳᠤᠨ ᠰᠢᠪᠠᠳᠠᠨ ᠪᠠᠶᠢᠴᠠᠭᠠᠵᠤ ᠤᠬᠠᠭᠤᠯᠭ᠎ᠠ ᠶᠢᠨ ᠠᠵᠢᠯ ᠢ ᠰᠠᠶᠢᠳᠤᠷ ᠬᠢᠨ᠎ᠡ᠃ | ᠤᠬᠠᠭᠤᠯᠭ᠎ᠠ ᠶᠢᠨ ᠠᠵᠢᠯ ᠤᠨ ᠴᠢᠬᠤᠯᠠ ᠠᠵᠢᠯ ᠪᠠ ᠴᠢᠬᠤᠯᠠ ᠶᠡᠭᠡ ᠵᠦᠢᠯᠡᠰ ᠢ ᠲᠣᠭᠲᠠᠮᠠᠯ | ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠤᠨ᠎ᠠ᠃ | ᠤᠬᠠᠭᠤᠯᠬᠤ ᠠᠵᠢᠯ ᠤᠨ ᠴᠢᠬᠤᠯᠠ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠳᠡᠵᠦ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ | ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠪᠠ ᠰᠣᠶᠣᠯ ᠤᠨ ᠪᠠᠶᠢᠭᠤᠯᠤᠯᠲᠠ ᠶᠢ | ᠨᠢᠭᠡᠳᠤᠯᠳᠠᠢ ᠲᠦᠯᠦᠪᠵᠢᠭᠦᠯᠦᠨ᠎ᠡ᠃ | ᠤᠬᠠᠭᠤᠯᠬᠤ ᠰᠠᠯᠠᠭ᠎ᠠ ᠮᠥᠴᠢᠷ ᠢ ᠤᠳᠤᠷᠢᠳᠤᠨ ᠤᠬᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ | ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ | ᠠᠵᠢᠯ ᠤᠶᠢᠯᠡᠰ ᠤᠨ ᠨᠢᠭᠡᠴᠡ ᠵᠡᠷᠭᠡ ᠶᠢ ᠤᠳᠤᠷᠢᠳᠤᠨ ᠲᠣᠰ ᠰᠠᠯᠠᠭ᠎ᠠ ᠮᠥᠴᠢᠷ ᠲᠣᠰ ᠨᠢᠭᠡᠴᠡ ᠲᠣᠰ | ᠬᠦᠷᠢᠶᠡᠨ ᠳᠠᠬᠢ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | ︽ᠲᠦᠷᠢᠮ︾ ᠳᠤ ᠪᠠᠰᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ | ᠪᠠᠶᠢᠴᠠᠭᠠᠬᠤ ᠵᠥᠪᠯᠡᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ᠂ ᠨᠠᠮ ᠤᠨ ᠠᠵᠢᠯ ᠤᠨ ᠪᠠᠶᠢᠭᠤᠯᠤᠯᠭ᠎ᠠ᠂ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ | ᠠᠵᠢᠯ ᠦᠶ᠋ᠯᠡᠰ ᠤᠨ ᠨᠢᠭᠡᠴᠡ ᠵᠡᠷᠭᠡ ᠨᠢ ᠨᠠᠮ ᠤᠨ ᠲᠦᠪ ᠬᠤᠷᠢᠶ᠎ᠠ ᠪᠠᠷ ᠯᠠᠪᠯᠠᠯᠲᠠ ᠪᠣᠯᠭᠠᠨ ᠵᠣᠬᠢᠴᠠᠩᠭᠤᠶ | ᠤᠬᠠᠭᠤᠯᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ ᠭᠡᠵᠦ ᠲᠣᠭᠲᠠᠭᠠᠵᠠᠶ᠃ | | ︽ᠲᠦᠷᠢᠮ︾ ᠳᠤ ᠡᠯ᠎ᠡ ᠱᠠᠲᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠤ | ᠳᠠᠭᠠᠭᠠᠯᠭᠠᠭᠰᠠᠨᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠲᠠᠭᠠᠯ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯ ᠨᠠᠮ ᠤᠨ ᠲᠥᠪ ᠬᠤᠷᠢᠶ᠎ᠠ ᠪᠣᠯᠤᠨ ᠣᠷᠣᠨ ᠨᠤᠲᠤᠭ ᠤᠨ | ᠡᠯ᠎ᠡ ᠱᠠᠲᠤᠨ ᠤ ᠨᠠᠮ ᠤᠨ ᠬᠤᠷᠢᠶᠠᠨ ᠤ ᠦᠵᠡᠯ ᠤᠬᠠᠮᠰᠠᠷ ᠤᠨ ᠬᠡᠯᠪᠡᠷᠢ ᠶᠢᠨ ᠲᠠᠯ᠎ᠠ ᠶᠢᠨ ᠠᠵᠢᠯ ᠢ ᠭᠤᠣᠯᠯᠠᠨ | ᠬᠠᠮᠢᠶᠠᠷᠬᠤ ᠡᠷᠬᠡ ᠲᠤᠰᠢᠶᠠᠯᠲᠤ ᠰᠠᠯᠠᠭ᠎ᠠ ᠮᠥᠴᠢᠷ ᠮᠥᠨ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠲᠦᠷᠦᠭᠦᠯᠡᠨ ᠵᠣᠬᠢᠴᠠᠭᠤᠯᠬᠤ ᠰᠠᠯᠠᠭ᠎ᠠ ᠮᠥᠴᠢᠷ ᠮᠥᠨ᠃ | | ︽ᠳᠦᠷᠢᠮ︾ ᠳᠤ ᠨᠠᠮ ᠤᠨᠲ᠋ᠦ᠋ᠪ ᠬᠤᠷᠢᠶᠠᠨ ᠤ ᠤᠬᠠᠭᠤᠯᠬᠤ ᠬᠡᠯᠲᠡᠰ ᠤᠨ 16 ᠵᠦᠢᠯ ᠤᠨ ᠠᠵᠢᠯ ᠤᠨ | ᠡᠭᠦᠷᠭᠡ ᠬᠠᠷᠢᠭᠤᠴᠠᠯᠭ᠎ᠠ ᠶᠢ ᠲᠣᠭᠲᠠᠭᠠᠵᠠᠶ | ᠤᠬᠠᠭᠤᠯᠭ᠎ᠠ ᠶᠢᠨ ᠠᠵᠢᠯ ᠤᠨ ᠲᠤᠬᠠᠶ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠪᠠ ᠰᠢᠢᠳᠪᠤᠷᠢᠳᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ | ᠣᠨᠣᠯ ᠤᠨ ᠰᠤᠳᠤᠯᠤᠯ᠂ ᠰᠤᠷᠤᠯᠴᠠᠯᠭ᠎ᠠ᠂ ᠤᠬᠠᠭᠤᠯᠭ᠎ᠠ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ | ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠨᠢᠭᠡᠳᠦᠯᠲᠡᠶ ᠲᠥᠯᠥᠪᠯᠡᠨ ᠵᠠᠳᠠᠯᠵᠤ ᠰᠤᠳᠤᠯᠤᠨ ᠮᠠᠭᠠᠳᠯᠠᠬᠤ ᠪᠠ | ᠬᠥᠲᠥᠯᠥᠨ ᠵᠢᠯᠣᠭᠤᠳᠤᠨ᠎ᠠ᠃ | ᠰᠣᠨᠢᠨ ᠮᠡᠳᠡᠭᠡᠯᠡᠯ ᠬᠡᠪᠯᠡᠯ ᠪᠠ ᠺᠢᠨᠣ᠋ ᠶᠢᠨ ᠠᠵᠢᠯ ᠢ ᠬᠠᠮᠢᠶᠠᠷᠤᠨ᠎ᠠ᠃ | ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠪᠠᠶᠢᠭᠤᠯᠤᠯᠳᠡ ᠶᠢ ᠨᠢᠭᠡᠳᠦᠯᠲᠡᠶ ᠲᠥᠯᠥᠪᠯᠡᠨ | ᠵᠢᠯᠤᠭᠤᠳᠤᠨ᠎ᠠ᠃ | ᠣᠶᠣᠨ ᠤ ᠰᠣᠶᠣᠯ ᠤᠨ ᠪᠦᠲᠦᠭᠡᠭᠳᠡᠬᠦᠨ ᠤ ᠵᠣᠬᠢᠶᠠᠨ ᠪᠦᠲᠦᠭᠡᠬᠦ ᠪᠠ ᠦᠢᠯᠡᠳᠪᠦᠷᠢᠯᠡᠬᠦ ᠶᠢ ᠨᠢᠭᠡᠳᠦᠯᠲᠡᠶ | ᠵᠤᠬᠢᠴᠠᠭᠤᠯᠤᠨ᠎ᠠ᠃ | ᠰᠣᠶᠣᠯ ᠤᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠰᠣᠶᠣᠯ ᠤᠨ ᠦᠢᠯᠡᠰ᠂ ᠰᠣᠶᠣᠯ ᠤᠨ ᠠᠵᠤ ᠦᠢᠯᠡᠰ | ᠵᠢᠴᠢ ᠵᠤᠭᠠᠴᠠᠯ ᠤᠨ ᠦᠢᠯᠡᠰ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠵᠤ᠂ ᠤᠯᠤᠰ ᠤᠨ ᠥᠮᠴᠢᠯᠡᠯ ᠤᠨ | ᠰᠣᠶᠣᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠠᠵᠢᠯ ᠢ ᠵᠢᠯᠣᠭᠤᠳᠤᠨ ᠵᠣᠬᠢᠴᠠᠭᠤᠯᠪᠠ᠃ | ᠢᠨᠲ᠋ᠧᠷ ᠰᠦᠯᠵᠢᠶᠡᠨ ᠤ ᠤᠬᠠᠭᠤᠯᠭ᠎ᠠ ᠪᠠ ᠮᠡᠳᠡᠭᠡ ᠵᠠᠩᠭᠢ ᠶᠢᠨ ᠠᠭᠤᠯᠭ᠎ᠠ ᠶᠢᠨ ᠪᠠᠶᠢᠭᠤᠯᠤᠯᠲᠠ | ᠬᠠᠮᠢᠶᠠᠷᠤᠯᠲᠠ ᠶᠢᠨ ᠠᠵᠢᠯ ᠢ ᠬᠤᠷᠸ᠎ᠠ ᠲᠠᠯ᠎ᠠ ᠠᠴᠠ ᠵᠢᠯᠣᠭᠤᠳᠴᠤ᠂ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠪᠠ | ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ | ᠭᠠᠳᠠᠭᠠᠳᠤ ᠤᠬᠠᠭᠤᠯᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠥᠷᠨᠢᠭᠦᠯᠦᠨ᠎ᠡ᠃ | ᠤᠬᠠᠭᠤᠯᠭ᠎ᠠ ᠶᠢᠨ ᠬᠦᠷᠢᠶᠡᠨ ᠳᠠᠬᠢ ᠬᠠᠤᠯᠢ ᠪᠠᠷ ᠵᠠᠰᠠᠬᠤ ᠪᠠᠶᠢᠭᠤᠯᠤᠯᠳᠡ ᠶᠢ ᠨᠢᠭᠡᠳᠦᠯᠲᠡᠶ ᠲᠥᠯᠥᠪᠯᠡᠨ | ᠠᠬᠢᠭᠤᠯᠤᠨ᠎ᠠ᠃ | ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢᠨ ᠠᠵᠢᠯ ᠢ ᠨᠢᠭᠡᠳᠦᠯᠲᠡᠶ ᠲᠥᠯᠥᠪᠯᠡᠨ | ᠵᠢᠯᠤᠭᠤᠳᠤᠨ᠎ᠠ᠃ | ᠤᠬᠠᠭᠤᠯᠭ᠎ᠠ ᠶᠢᠨ ᠠᠵᠢᠯ ᠤᠨ ᠠᠭᠤᠯᠭ᠎ᠠ ᠶᠢᠨ ᠪᠠᠶᠢᠭᠤᠯᠤᠯᠲᠠ ᠪᠠ ᠰᠢᠰᠲ᠋ᠧᠮ ᠤᠨ ᠬᠠᠮᠢᠶᠠᠷᠤᠯᠲᠠ ᠶᠢ | ᠬᠠᠷᠢᠭᠤᠴᠠᠨ᠎ᠠ᠃ | ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠤᠬᠠᠭᠤᠯᠬᠤ ᠰᠢᠰᠲ᠋ᠧᠮ ᠤᠨ | ᠤᠳᠤᠷᠢᠳᠬᠤ ᠪᠠᠭ ᠪᠣᠯᠤᠨ ᠺᠠᠳ᠋ᠷ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠬᠠᠮᠢᠶᠠᠷᠤᠯᠲᠠ ᠶᠢ | ᠬᠠᠷᠢᠭᠤᠴᠠᠨ᠎ᠠ᠃ | | ᠳᠣᠣᠷ᠎ᠠ ᠱᠠᠲᠤᠨ ᠤ ᠨᠠᠮ ᠤᠨ ᠬᠤᠷᠢᠶᠠᠨ ᠤ ᠤᠬᠠᠭᠤᠯᠬᠤ ᠠᠵᠢᠯ ᠢ ᠵᠢᠯᠤᠭᠤᠳᠤᠨ᠎ᠠ᠃ | ᠠᠳᠠᠯᠢ ᠱᠠᠲᠤᠨ ᠤ ᠨᠠᠮ ᠤᠨ ᠬᠤᠷᠢᠶ᠎ᠠ ᠪᠠ ᠳᠡᠭᠡᠳᠦ ᠱᠠᠲᠤᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︽ᠳᠦᠷᠢᠮ︾ ᠳᠤ ᠦᠨᠳᠦᠰᠦᠨ ᠱᠠᠲᠤᠨ ᠤ ᠤᠬᠠᠭᠤᠯᠭ᠎ᠠ ᠶᠢ ᠴᠢᠩᠭᠠᠳᠬᠠᠬᠤ ᠠᠵᠢᠯ ᠳᠠᠭᠠᠨ ᠪᠣᠳᠠᠲᠠᠶ | ᠠᠷᠭ᠎ᠠ ᠭᠠᠷᠭᠠᠬᠤ | ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠠᠵᠢᠯ ᠤᠨ ᠬᠦᠴᠦᠨ ᠤ ᠲᠠᠯ᠎ᠠ ᠪᠠᠷ | ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠨᠠᠮ ᠤᠨ ᠬᠤᠷᠢᠶ᠎ᠠ ︵ | ᠨᠠᠮ ᠤᠨ ᠠᠵᠢᠯᠯᠠᠬᠤ ᠬᠤᠷᠢᠶ᠎ᠠ︶ ᠶᠢᠨ 1 ᠭᠡᠰᠢᠭᠦᠨ ᠢ ᠲᠣᠳᠣᠷᠬᠠᠶ ᠲᠣᠭᠲᠠᠭᠠᠪᠠ᠃ | ᠤᠬᠠᠭᠤᠯᠭ᠎ᠠ ᠶᠢᠨ ᠠᠵᠢᠯ ᠢ ᠬᠠᠷᠢᠭᠤᠴᠠᠵᠤ᠂ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ | ᠪᠠᠶᠢᠭᠤᠯᠤᠯᠲᠠ ᠳᠤ ᠤᠬᠠᠭᠤᠯᠤᠭᠴᠢ ᠳᠣᠭᠢᠷᠠᠭᠤᠯᠤᠨ᠎ᠠ᠃ | ᠤᠯᠤᠰ ᠤᠨ ᠥᠮᠴᠢᠯᠡᠯ ᠤᠨ ᠵᠢᠴᠢ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ | ᠨᠠᠮ ᠤᠨ ᠵᠣᠬᠢᠶᠠᠨ ᠪᠠᠶᠢᠭᠤᠯᠤᠯᠳᠡ ᠨᠢ ᠤᠬᠠᠭᠤᠯᠬᠤ ᠠᠵᠢᠯ ᠤᠨ ᠪᠠᠶᠢᠭᠤᠯᠤᠮᠵ᠊ ᠢᠲ᠋ᠣᠭᠲᠠᠭᠠᠪᠠ᠃ | ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠳᠤ ᠤᠬᠠᠭᠤᠯᠬᠤ ᠬᠡᠯᠲᠡᠰ ᠭᠠᠷᠭᠠᠪᠠ᠃ | ᠤᠯᠤᠰ ᠤᠨ ᠥᠮᠴᠢᠯᠡᠯ ᠤᠨ ᠬᠤᠪᠢ ᠣᠷᠣᠭᠤᠯᠤᠭᠰᠠᠨ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠠᠬᠢ ᠨᠠᠮ ᠤᠨ ᠵᠣᠬᠢᠶᠠᠨ | ᠪᠠᠶᠢᠭᠤᠯᠤᠯᠲᠠ ᠪᠣᠳᠠᠲᠤ ᠪᠠᠶᠢᠳᠠᠯ ᠢᠶᠠᠨ ᠦᠨᠳᠦᠰᠦᠯᠡᠨ ᠤᠬᠠᠭᠤᠯᠤᠭᠴᠢ ᠲᠣᠬᠢᠷᠠᠭᠤᠯᠬᠤ ᠬᠡᠷᠡᠭᠲᠡᠶ᠃ | ᠡᠯ᠎ᠡ ᠱᠠᠲᠤᠨ ᠤ ᠨᠠᠮ ᠪᠠ ᠲᠦᠷᠦ ᠶᠢᠨ ᠪᠠᠶᠢᠭᠤᠯᠭ᠎ᠠ ᠳᠠᠬᠢ ᠨᠠᠮ ᠤᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠤᠬᠠᠭᠤᠯᠭ᠎ᠠ ᠶᠢᠨ ᠠᠵᠢᠯ ᠤᠨ ᠪᠠᠶᠢᠭᠤᠯᠤᠮᠵᠢ ᠶᠢ | ᠪᠠᠶᠢᠭᠤᠯᠬᠤ ᠪᠤᠶᠤ ᠤᠬᠠᠭᠤᠯᠭ᠎ᠠ ᠶᠢᠨ ᠠᠵᠢᠯ ᠢ ᠬᠢᠬᠦ ᠠᠵᠢᠯᠲᠠᠨ ᠢ ᠲᠣᠬᠢᠷᠠᠭᠤᠯᠬᠤ ᠬᠡᠷᠡᠭᠲᠡᠶ᠃ | ᠪᠠᠬᠢᠯᠡᠯᠲᠡ ᠶᠢᠨ ᠪᠠᠶᠢᠭᠤᠯᠤᠯᠲᠠ ᠶᠢᠨ ᠲᠠᠯ᠎ᠠ ᠪᠠᠷ | ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠤᠶᠢᠯᠡᠳᠤᠯᠭᠡ ᠶᠢᠨ ᠲᠥᠪ᠂ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠨ᠎ᠠ᠃ | ᠦᠨᠳᠦᠰᠦᠨ ᠱᠠᠲᠤᠨ ᠤ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ᠂ ᠮᠦᠽᠧᠶ᠂ ᠷᠠᠳᠢᠣ᠋ | ᠨᠡᠪᠲᠡᠷᠡᠭᠦᠯᠭᠡ ᠲᠧᠯᠸᠢᠰ ᠤᠨ ᠪᠠᠶᠢᠭᠤᠯᠤᠮᠵᠢ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠭᠰᠡᠨ | ᠰᠣᠶᠣᠯ ᠤᠨ ᠦᠷᠳᠡᠭᠡ᠂ ᠲᠣᠰᠬᠤᠨ ︵ᠨᠡᠶᠢᠭᠡᠮ ᠲᠣᠭᠤᠷᠢᠭ︶ ᠤ ᠶᠡᠷᠦᠩᠬᠡᠶᠢᠯᠡᠭᠰᠡᠨ ᠰᠣᠶᠣᠯ ᠤᠨ ᠲᠥᠪ᠂ ᠰᠣᠶᠣᠯ | ᠪᠡᠶ᠎ᠡ ᠶᠢᠨ ᠲᠠᠮᠢᠷ ᠤᠨ ᠠᠭᠤᠳᠠᠮ ᠲᠠᠯᠠᠪᠠᠢ ᠵᠡᠷᠭᠡ ᠰᠣᠶᠣᠯ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ | ᠬᠠᠮᠢᠶᠠᠷᠤᠯᠲᠠ ᠪᠠ ᠬᠡᠷᠡᠭᠯᠡᠯᠲᠡ ᠶᠢ ᠴᠢᠩᠭᠠᠳᠬᠠᠨ᠎ᠠ᠃ | ᠵᠠᠷᠤᠳᠠᠯ ᠤᠨ ᠪᠠᠲᠤᠯᠠᠭ᠎ᠠ ᠶᠢᠨ ᠲᠠᠯ᠎ᠠ ᠪᠠᠷ | ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠵᠠᠷᠤᠳᠠᠯ ᠤᠨ ᠣᠷᠣᠭᠤᠯᠤᠯᠲᠠ ᠪᠠᠨ | ᠨᠡᠮᠡᠭᠳᠡᠭᠦᠯᠬᠦ ᠬᠡᠷᠡᠭᠲᠡᠶ ᠭᠡᠵᠦ ᠲᠣᠭᠲᠠᠭᠠᠪᠠ | ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠶᠢᠨ ᠵᠠᠷᠤᠳᠠᠯ ᠢ ᠪᠠᠲᠤᠯᠠᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ | ᠦᠨᠳᠦᠰᠦᠨ ᠱᠠᠲᠤᠨ ᠤ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠣᠯᠠᠨ ᠲᠦᠮᠡᠨᠴᠢ | ᠴᠢᠨᠠᠷᠲᠠᠶ ᠰᠣᠶᠣᠯ ᠤᠨ ᠠᠵᠢᠯᠯᠠᠭ᠎ᠠ ᠥᠷᠨᠢᠭᠦᠯᠬᠦ ᠶᠢ ᠳᠡᠮᠵᠢᠨ᠎ᠡ᠃ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠤᠨ᠎ᠠ᠃ | ᠴᠢᠨᠠᠷ ᠰᠠᠶᠢᠲᠠᠶ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ |