ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠨ ᠰᠢᠢᠳᠪᠤᠷᠢᠯᠡᠵᠦ᠂ ᠨᠡᠶᠢᠭᠡᠮ | ᠨᠡᠶᠢᠲᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠵᠤ᠂ ᠠᠵᠤ ᠠᠬᠤᠶ ᠶᠢᠨ ᠡᠮᠬᠢ ᠵᠢᠷᠤᠮ ᠪᠠ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ ᠶᠢᠨ ᠲᠥᠯᠥᠭᠡ ᠲᠤᠰ ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠬᠠᠤᠯᠢ ᠪᠤᠰᠤ ᠪᠠᠷ ᠪᠡᠯᠡ ᠴᠤᠭᠯᠠᠭᠤᠯᠬᠤ | ᠭᠡᠳᠡᠭ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠦᠭᠡᠢ ᠪᠤᠶᠤ ᠤᠯᠤᠰ ᠤᠨ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠵᠦ᠂ ᠡᠬᠡ ᠬᠦᠦ ᠶᠢ ᠨᠢ ᠪᠤᠴᠠᠭᠠᠬᠤ ᠪᠠᠷ ᠠᠮᠠᠯᠠᠬᠤ ᠪᠤᠶᠤ ᠪᠤᠰᠤᠳ ᠪᠡᠯᠡ | ᠣᠷᠣᠭᠤᠯᠤᠯᠲᠠ ᠶᠢᠨ ᠬᠠᠷᠢᠭᠤ ᠬᠠᠷᠠᠮᠵᠢ ᠥᠭᠬᠦ ᠵᠡᠷᠭᠡ ᠠᠷᠭ᠎ᠠ ᠮᠠᠶ᠋ᠢᠭ ᠢᠶᠠᠷ ᠣᠨᠴᠠ ᠲᠣᠭᠲᠠᠭᠰᠠᠨ ᠪᠤᠰᠤ | ᠡᠲᠡᠭᠡᠳ ᠠᠴᠠ ᠪᠡᠯᠡ ᠮᠥᠩᠭᠦ ᠲᠠᠲᠠᠵᠤ ᠠᠪᠬᠤ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠵᠢᠴᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠤᠯᠢ | ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠤᠷᠢᠯᠡᠬᠦ ᠳᠤ ᠲᠤᠰ ᠳᠦᠷᠢᠮ ᠢ ᠬᠡᠷᠡᠭᠯᠡᠨ᠎ᠡ᠃ ᠬᠠᠤᠯᠢ ᠴᠠᠭᠠᠵᠠ᠂ | ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠪᠠᠩᠬᠢ᠂ ᠦᠨᠡᠲᠦ ᠲᠡᠮᠳᠡᠭᠲᠦ᠂ ᠳᠠᠭᠠᠳᠬᠠᠯ᠂ ᠭᠠᠳᠠᠭᠠᠳᠤ | ᠭᠤᠪᠢᠭᠤᠯᠭ᠎ᠠ ᠵᠡᠷᠭᠡ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠬᠠᠤᠯᠢ ᠪᠤᠰᠤ ᠪᠠᠷ | ᠬᠢᠭᠰᠡᠨ ᠲᠤᠬᠠᠶ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠬᠡᠷᠡᠭᠯᠡᠨ᠎ᠡ᠃ | ᠲᠤᠰ ᠲᠦᠷᠢᠮ ᠳᠤ ᠬᠡᠯᠡᠵᠦ ᠪᠠᠶᠢᠭ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠭᠡᠳᠡᠭ ᠨᠢ ᠳᠤᠮᠳᠠᠳᠤ ᠤᠯᠤᠰ ᠤᠨ ᠠᠷᠠᠳ ᠤᠨ ᠪᠠᠩᠬᠢ᠂ ᠲᠦᠷᠦ ᠶᠢᠨ | ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠲᠦᠷᠦ ᠶᠢᠨ | ᠶᠠᠪᠤᠳᠠᠯ ᠤᠨ ᠬᠤᠷᠢᠶᠠᠨ ᠤ ᠭᠠᠳᠠᠭᠠᠳᠤ ᠭᠤᠪᠢᠭᠤᠯᠭ᠎ᠠ ᠶᠢ ᠬᠠᠮᠢᠶᠠᠷᠤᠯᠳᠠ ᠶᠢᠨ ᠰᠠᠯᠠᠭ᠎ᠠ ᠮᠥᠴᠢᠷ ᠢ ᠵᠢᠭᠠᠵᠦ ᠪᠤᠢ | ᠃ | ᠭᠤᠷᠪᠠᠳᠤᠭᠠᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠬᠠᠤᠯᠢ ᠪᠤᠰᠤ ᠪᠠᠷ ᠪᠡᠯᠡ ᠴᠤᠭᠯᠠᠭᠤᠯᠤᠭᠴᠢ | ᠭᠡᠳᠡᠭ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠡᠭᠦᠰᠭᠡᠨ ᠪᠠᠶᠢᠭᠤᠯᠤᠭᠰᠠᠨ᠂ ᠭᠤᠣᠯᠯᠠᠨ ᠤᠳᠤᠷᠢᠳᠤᠭᠰᠠᠨ | ᠪᠤᠶᠤ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠨᠢᠭᠡᠴᠢ ᠪᠠ ᠬᠤᠪᠢ ᠬᠥᠮᠦᠨ ᠢ ᠵᠢᠭᠠᠵᠤ ᠪᠠᠶᠢᠨ᠎ᠠ︔ ᠬᠠᠤᠯᠢ | ᠪᠤᠰᠤ ᠪᠠᠷ ᠪᠡᠯᠡ ᠮᠥᠩᠭᠦ ᠴᠤᠭᠯᠠᠭᠤᠯᠬᠤ ᠳᠤ ᠬᠠᠮᠵᠢᠭᠴᠢ ᠭᠡᠳᠡᠭ ᠨᠢ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠬᠤ ᠶᠢ ᠮᠡᠳᠡᠵᠦ ᠪᠠᠶᠢᠭᠠᠳ ᠲᠡᠭᠦᠨ ᠳᠤ ᠬᠠᠪᠰᠤᠷᠤᠯᠭ᠎ᠠ ᠦᠵᠡᠭᠦᠯᠬᠦ ᠶᠢᠨ ᠬᠠᠮᠲᠤ ᠠᠵᠤ ᠠᠬᠤᠶ ᠶᠢᠨ | ᠠᠰᠢᠭ ᠲᠤᠰᠠ ᠤᠯᠬᠤ ᠨᠢᠭᠡᠴᠢ ᠪᠠ ᠬᠤᠪᠢ ᠬᠥᠮᠦᠨ ᠢ ᠵᠢᠭᠠᠵᠤ ᠪᠠᠶᠢᠨ᠎ᠠ᠃ | ᠳᠥᠷᠪᠡᠳᠦᠭᠡᠷ ᠵᠦᠢᠯ ᠤᠯᠤᠰ ᠠᠴᠠ ᠶᠠᠮᠠᠷᠪᠠ ᠬᠡᠯᠪᠡᠷᠢ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠴᠠᠭᠠᠵᠠᠯᠠᠨ᠎ᠠ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠰᠡᠷᠭᠡᠶᠢᠯᠡᠬᠦ ᠪᠠᠷ ᠭᠤᠣᠯ ᠪᠣᠯᠭᠠᠬᠤ᠂ ᠡᠷᠲᠡ ᠠᠴᠠ | ᠴᠣᠬᠢᠯᠲᠠ ᠥᠭᠴᠦ ᠪᠠᠭ᠎ᠠ ᠳᠤᠨᠢ ᠴᠣᠬᠢᠯᠲᠠ ᠥᠭᠬᠦ᠂ ᠶᠡᠷᠦᠩᠬᠡᠶᠢᠯᠡᠨ ᠵᠠᠰᠠᠬᠤ᠂ ᠯᠠᠪᠳᠠᠭᠤᠨ ᠢᠶᠠᠷ ᠰᠢᠢᠳᠪᠦᠷᠢᠯᠡᠬᠦ | ᠵᠠᠷᠴᠢᠮ ᠢ ᠪᠠᠷᠢᠮᠲᠠᠯᠠᠨ᠎ᠠ᠃ | ᠲᠠᠪᠤᠳᠤᠭᠠᠷ ᠵᠦᠢᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠨ᠎ᠡ᠂ ᠣᠷᠣᠨ | ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠤᠨ ᠣᠷᠳᠣᠨ ᠤ ᠨᠢᠭᠡᠳᠦᠯᠲᠡᠢ | ᠤᠳᠤᠷᠢᠳᠤᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠤᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ | ᠪᠠ ᠰᠢᠢᠳᠪᠤᠷᠢᠯᠡᠬᠦ ᠠᠵᠢᠯ ᠤᠨ ᠲᠣᠭᠲᠠᠴᠠ ᠶᠢᠨ ᠲᠦᠷᠦᠭᠦᠯᠡᠬᠦ ᠰᠠᠯᠠᠭ᠎ᠠ ᠮᠥᠴᠢᠷ ︵ᠳᠣᠷᠣᠭᠰᠢ ᠬᠠᠤᠯᠢ ᠪᠤᠰᠤ ᠪᠠᠷ | ᠪᠡᠯᠡ ᠴᠤᠭᠯᠠᠭᠤᠯᠬᠤ ᠶᠢ ᠰᠢᠢᠳᠪᠤᠷᠢᠯᠡᠬᠦ ᠲᠦᠷᠦᠭᠦᠯᠡᠬᠦ ᠰᠠᠯᠠᠭ᠎ᠠ ᠮᠥᠴᠢᠷ ᠭᠡᠵᠦ ᠲᠣᠪᠴᠢᠯᠠᠨ᠎ᠠ︶᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠠᠯᠪᠤᠷᠢ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠵᠡᠷᠭᠡ | ᠨᠢᠭᠡᠴᠢ ᠶᠢᠨ ᠠᠵᠢᠯ ᠳᠤ ᠣᠷᠣᠯᠴᠠᠬᠤ ᠲᠣᠭᠲᠠᠴᠠ ᠶᠢ ᠲᠣᠳᠣᠷᠬᠠᠶ ᠪᠣᠯᠭᠠᠬᠤ ᠬᠡᠷᠡᠭᠲᠡᠶ︔ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠤᠷᠢᠯᠡᠬᠦ | ᠠᠵᠢᠯ ᠢ ᠲᠦᠷᠦᠭᠦᠯᠡᠨ ᠬᠠᠷᠢᠭᠤᠴᠠᠵᠤ ᠪᠠᠶᠢᠭ᠎ᠠ ᠬᠥᠮᠦᠰ ᠢ ᠲᠣᠳᠣᠷᠬᠠᠶ ᠲᠣᠭᠲᠠᠭᠠᠬᠤ ᠬᠡᠷᠡᠭᠲᠡᠶ᠃ ᠳᠡᠭᠡᠳᠦ | ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠲᠤᠤᠷᠡᠳᠦ ᠱᠠᠲᠤᠨ ᠤ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠢ ᠰᠢᠪᠠᠳᠠᠨ ᠵᠢᠯᠣᠭᠤᠳᠴᠤ ᠪᠠᠶᠢᠭᠠᠳ ᠲᠤᠰ ᠵᠠᠰᠠᠭ ᠵᠠᠬᠢᠷᠭᠠᠨ ᠤ ᠣᠷᠣᠨ ᠤ ᠪᠠᠨ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠪᠤᠯᠤᠨ᠎ᠠ᠃ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠠᠵᠢᠯ ᠲᠥᠷᠥᠯ᠂ ᠬᠦᠷᠢᠶ᠎ᠡ | ᠴᠠᠷᠠᠭ᠎ᠠ ᠶᠢᠨ ᠢᠶᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠬᠠᠮᠵᠢᠯᠴᠠᠨ ᠰᠢᠢᠳᠪᠤᠷᠢᠯᠡᠬᠦ | ᠠᠵᠢᠯ ᠢ ᠬᠠᠷᠢᠭᠤᠴᠠᠬᠤ ᠬᠡᠷᠡᠭᠲᠡᠶ᠃ | ᠵᠢᠷᠭᠤᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠠᠤᠯᠢ ᠪᠤᠰᠤ ᠪᠡᠯᠡ ᠴᠤᠭᠯᠠᠭᠤᠯᠬᠤ | ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯᠳᠤᠭᠠᠨ ︵ᠳᠣᠷᠣᠭᠰᠢ ᠬᠠᠮᠲᠤᠷᠠᠭᠰᠠᠨ ᠬᠤᠷᠠᠯᠳᠤᠭᠠᠨ ᠭᠡᠵᠦ | ᠲᠣᠪᠴᠢᠯᠠᠨ᠎ᠠ︶ ᠢ ᠰᠢᠢᠳᠪᠤᠷᠢᠯᠡᠬᠦ ᠳᠦᠷᠢᠮ ᠢ ᠪᠠᠶᠢᠭᠤᠯᠤᠨ᠎ᠠ᠃ ᠬᠠᠮᠲᠤᠷᠠᠭᠰᠠᠨ ᠬᠤᠷᠠᠯᠳᠤᠭᠠᠨ ᠳᠤ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠪᠠᠩᠬᠢ ᠳᠠᠭᠠᠳᠬᠠᠯ ᠤᠨ ᠬᠢᠨᠠᠨ ᠬᠠᠮᠢᠶᠠᠷᠬᠤ ᠪᠠᠶᠢᠭᠤᠯᠤᠮᠵᠢ ᠪᠠᠷ ᠲᠦᠷᠦᠭᠦᠯᠡᠭᠦᠯᠦᠨ᠂ | ᠬᠤᠯᠪᠣᠭᠳᠠᠯ ᠪᠥᠬᠦᠶ ᠰᠠᠯᠠᠭ᠎ᠠ ᠮᠥᠴᠢᠷ ᠣᠷᠣᠯᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠣᠷᠣᠨ | ᠨᠤᠲᠤᠭ ᠤᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠤᠷᠢᠯᠡᠬᠦ ᠠᠵᠢᠯ ᠥᠷᠨᠢᠭᠦᠯᠬᠦ ᠶᠢ | ᠰᠢᠮᠳᠠᠭᠤᠯᠬᠤ ᠪᠠ ᠵᠢᠯᠣᠭᠤᠳᠬᠤ ᠶᠢ ᠬᠠᠷᠢᠭᠤᠴᠠᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ | ᠰᠢᠢᠳᠪᠤᠷᠢᠯᠡᠬᠦ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠨ᠎ᠡ᠃ | ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠠᠤᠯᠢ | ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠤᠨ ᠬᠤᠯᠪᠣᠭᠳᠠᠯ ᠪᠦᠬᠦᠢ ᠵᠠᠷᠤᠳᠠᠯ ᠢ | ᠵᠦᠢ ᠵᠣᠬᠢᠰᠲᠠᠢ ᠪᠠᠲᠤᠯᠠᠬᠤ ᠶᠢᠨ ᠬᠠᠮᠲᠤ ᠲᠤᠰ ᠱᠠᠲᠤᠨ ᠤ ᠲᠥᠰᠦᠪ ᠲᠤ ᠣᠷᠣᠭᠤᠯᠬᠤ ᠬᠡᠷᠡᠭᠲᠡᠢ᠃ | ᠬᠤᠶᠠᠳᠤᠭᠠᠷ ᠪᠦᠯᠦᠭ ᠰᠡᠷᠭᠡᠶᠢᠯᠡᠬᠦ | ᠨᠠᠢᠮᠠᠳᠤᠭᠠᠷ ᠵᠦᠢᠯ ᠤᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠰᠢᠰᠲ᠋ᠧᠮ ᠳᠤ | ᠣᠷᠣᠭᠤᠯᠤᠨ᠂ ᠲᠣᠣᠷᠵᠢᠭᠤᠯᠤᠭᠰᠠᠨ ᠬᠠᠮᠢᠶᠠᠷᠤᠯᠲᠠ ᠪᠠ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ | ᠵᠠᠰᠠᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠲᠤᠮᠤ ᠳ᠋ᠠᠶᠢᠲ᠋ᠠ ᠵᠡᠷᠭᠡ ᠤᠳᠤ ᠦᠶ᠎ᠡ ᠶᠢᠨ | ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠬᠤ ᠬᠡᠷᠡᠭᠲᠡᠶ᠃ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠰ ᠠᠵᠢᠯ ᠲᠥᠷᠥᠯ᠂ ᠬᠦᠷᠢᠶ᠎ᠡ | ᠴᠠᠷᠠᠭ᠎ᠠ ᠶᠢᠨ ᠢᠶᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠬᠤ ᠬᠡᠷᠡᠭᠲᠡᠶ᠃ | ᠬᠠᠮᠲᠤᠷᠠᠭᠰᠠᠨ ᠬᠤᠷᠠᠯ ᠨᠢ ᠪᠦᠬᠦ ᠤᠯᠤᠰ ᠤᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠤᠨ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ ᠪᠠᠶᠢᠭᠤᠯᠬᠤ ᠶᠢ ᠲᠦᠯᠬᠢᠨ ᠠᠬᠢᠭᠤᠯᠵᠤ᠂ ᠣᠷᠣᠨ ᠨᠤᠲᠤᠭ᠂ | ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠬᠤ ᠶᠢᠨ ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠴᠠᠭ ᠲᠤᠬᠠᠢ ᠳᠤᠨᠢ | ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠬᠤ ᠬᠡᠷᠡᠭᠲᠡᠢ᠃ | ᠶᠢᠰᠦᠳᠦᠭᠡᠷ ᠵᠦᠢᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠨᠡᠷᠡᠶᠢᠳᠦᠯ ᠪᠠ ᠡᠵᠡᠩᠨᠡᠯᠲᠡ ᠶᠢᠨ ᠬᠦᠷᠢᠶ᠎ᠡ | ᠬᠡᠪᠴᠢᠶ᠎ᠡ ᠵᠡᠷᠭᠡ ᠬᠤᠳᠠᠯᠳᠤᠭᠠᠨ ᠤ ᠶᠠᠪᠤᠳᠠᠯ ᠤᠨ ᠲᠠᠩᠰᠠᠯᠠᠯᠳᠠ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠤᠯᠤᠰ ᠠᠴᠠ ᠠᠰᠲᠠᠭᠠᠨ ᠲᠣᠭᠲᠠᠭᠠᠯ ᠲᠠᠢ | ᠪᠠᠶᠢᠬᠤ ᠶᠢ ᠭᠠᠷᠭᠠᠪᠠᠯ᠂ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠶᠢᠳᠦᠯ | ᠪᠠ ᠡᠵᠡᠩᠨᠡᠯᠲᠡ ᠶᠢᠨ ᠬᠦᠷᠢᠶ᠎ᠡ ᠬᠡᠪᠴᠢᠶᠡᠨ ᠳᠤ ︽ᠮᠥᠩᠭᠦᠨ ᠭᠦᠢᠯᠭᠡᠭᠡ︾᠂ ︽ᠠᠷᠠᠯᠵᠢᠶᠠᠨ ᠤ ᠭᠠᠵᠠᠷ︾᠂ ︽ | ᠠᠷᠠᠯᠵᠢᠶᠠᠨ ᠤ ᠲᠥᠪ︾᠂ ︽ᠡᠳ᠋ ᠤᠨ ᠶᠠᠪᠤᠳᠠᠯ ᠢ ᠬᠠᠮᠢᠶᠠᠷᠬᠤ︾᠂ ︽ᠡᠳ᠋ ᠪᠠᠶᠠᠯᠢᠭ ᠢ ᠬᠠᠮᠢᠶᠠᠷᠬᠤ︾᠂ ︽ | ᠰᠲ᠋ᠣᠺ ᠤᠨ ᠡᠷᠬᠡ ᠶᠢ ᠤᠯᠠᠨ ᠢᠶᠠᠷ ᠢᠶᠠᠨ ᠴᠤᠭᠯᠠᠭᠤᠯᠬᠤ︾ ᠵᠡᠷᠭᠡ ᠦᠰᠦᠭ ᠪᠤᠶᠤ ᠠᠭᠤᠯᠭ᠎ᠠ ᠶᠢ ᠪᠠᠭᠲᠠᠭᠠᠵᠤ | ᠪᠣᠯᠬᠤ ᠦᠭᠡᠢ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠠᠤᠯᠢ | ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠲᠦᠷᠦᠭᠦᠯᠡᠨ ᠬᠢᠬᠦ ᠰᠠᠯᠠᠭ᠎ᠠ ᠮᠥᠴᠢᠷ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠢᠳᠪᠤᠷᠢᠯᠡᠬᠦ ᠳᠡᠭᠡᠨ | ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠭᠡ ᠶᠢᠨ ᠨᠡᠷᠡᠶᠢᠳᠦᠯ ᠪᠤᠶᠤ ᠡᠵᠡᠩᠨᠡᠯᠲᠡ ᠶᠢᠨ ᠬᠡᠪᠴᠢᠶᠡᠨ ᠳᠤ ᠡᠮᠦᠨᠡᠬᠢ ᠪᠠᠳᠠᠭ ᠤᠨ ᠲᠣᠭᠲᠠᠭᠠᠯ ᠠᠴᠠ ᠭᠠᠳᠠᠨᠠᠬᠢ | ᠪᠡᠯᠡ ᠮᠥᠩᠭᠦ ᠴᠤᠭᠯᠠᠭᠤᠯᠬᠤ ᠳᠤ ᠬᠤᠯᠪᠣᠭᠳᠠᠬᠤ ᠪᠤᠰᠤᠳ ᠦᠰᠦᠭ ᠪᠤᠶᠤ ᠠᠭᠤᠯᠭ᠎ᠠ ᠶᠢ ᠪᠠᠭᠲᠠᠭᠠᠭᠰᠠᠨ | ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠭᠤᠣᠯᠳᠠᠯᠭ᠎ᠠ ᠲᠠᠢ ᠪᠠᠷ ᠠᠩᠬᠠᠷᠬᠤ ᠬᠡᠷᠡᠭᠲᠡᠶ᠃ | ᠠᠷᠪᠠᠳᠤᠭᠠᠷ ᠵᠤᠶᠢᠯ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠶ᠋ᠳᠪᠦᠷᠢᠯᠡᠬᠦ ᠶᠢᠨ ᠲᠦᠷᠦᠭᠦᠯᠡᠬᠦ | ᠰᠠᠯᠠᠭ᠎ᠠ ᠮᠥᠴᠢᠷ ᠨᠢ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ᠂ ᠴᠠᠬᠢᠯᠭᠠᠨ ᠬᠤᠯᠪᠣᠭ᠎ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ | ᠪᠤᠰᠤ ᠪᠠᠷ ᠪᠠᠯᠠ ᠴᠤᠭᠯᠠᠭᠤᠯᠬᠤ ᠪᠠᠷ ᠰᠡᠵᠢᠭᠯᠡᠭᠳᠡᠭᠰᠡᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠪᠠ ᠰᠦᠯᠵᠢᠶᠡᠨ | ᠥᠷᠲᠡᠭᠡ᠂ ᠰᠢᠯᠵᠢᠮᠡᠯ ᠬᠡᠷᠡᠭᠯᠡᠭᠡᠨ ᠤ ᠫᠷᠤᠭ᠍ᠷᠠᠮ ᠵᠡᠷᠭᠡ ᠢᠨᠲ᠋ᠧᠷ ᠰᠦᠯᠵᠢᠶᠡᠨ ᠤ ᠬᠡᠷᠡᠭᠯᠡᠭᠡᠨ ᠤ ᠬᠢᠨᠠᠨ ᠬᠡᠮᠵᠢᠯᠲᠡ ᠶᠢ | ᠴᠢᠩᠭᠠᠳᠬᠠᠨ᠎ᠠ᠃ ᠰᠢᠢᠳᠪᠤᠷᠢᠯᠡᠬᠦ ᠪᠠᠷ ᠳᠠᠮᠵᠢᠭᠤᠯᠤᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠲᠦᠷᠦᠭᠦᠯᠡᠨ | ᠬᠢᠬᠦ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠯᠲᠠ ᠠᠴᠠ ᠬᠠᠤᠯᠢ ᠪᠤᠰᠤ ᠪᠠᠷ ᠪᠠᠯᠠ ᠴᠤᠭᠯᠠᠭᠤᠯᠬᠤ ᠳᠤ | ᠬᠡᠷᠡᠭᠯᠡᠬᠦ ᠪᠠᠷ ᠮᠠᠭᠠᠳᠯᠠᠨ ᠲᠣᠭᠲᠠᠭᠠᠭᠰᠠᠨ ᠪᠠᠶᠢᠪᠠᠯ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠴᠠᠬᠢᠯᠭᠠᠨ ᠬᠤᠯᠪᠣᠭ᠎ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠴᠠᠭ ᠲᠤᠬᠠᠶ ᠳᠤᠨᠢ ᠬᠠᠤᠯᠢ ᠶᠣᠰᠣᠭᠠᠷ ᠰᠢᠢᠳᠪᠤᠷᠢᠯᠡᠬᠦ ᠬᠡᠷᠡᠭᠲᠡᠶ᠃ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠨᠢ ᠬᠡᠷᠡᠭᠯᠡᠭᠴᠢᠳ ᠤᠨ ᠨᠡᠶᠢᠲᠡᠯᠡᠭᠰᠡᠨ | ᠮᠡᠳᠡᠭᠡ ᠵᠠᠩᠭᠢ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ | ᠰᠡᠵᠢᠭᠯᠡᠯᠲᠡᠶ ᠮᠡᠳᠡᠭᠡ ᠵᠠᠩᠭᠢ ᠶᠢ ᠦᠢᠯᠡᠳᠴᠦ᠂ ᠪᠠᠭᠤᠯᠭᠠᠵᠤ᠂ ᠨᠡᠶᠢᠲᠡᠯᠡᠵᠦ᠂ ᠤᠯᠠᠮᠵᠢᠯᠠᠨ ᠲᠠᠷᠬᠠᠭᠠᠵᠤ ᠪᠣᠯᠬᠤ | ᠦᠭᠡᠢ᠃ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ ᠢᠶᠠᠷ ᠰᠡᠵᠢᠭᠯᠡᠭᠳᠡᠭᠰᠡᠨ ᠮᠡᠳᠡᠭᠡ ᠵᠠᠩᠭᠢ ᠶᠢ ᠣᠯᠵᠤ ᠮᠡᠳᠡᠪᠡᠯ᠂ | ᠬᠤᠯᠪᠣᠭᠳᠠᠯ ᠪᠥᠬᠦᠶ ᠲᠡᠮᠳᠡᠭᠯᠡᠯ ᠢ ᠬᠠᠳᠠᠭᠠᠯᠠᠬᠤ ᠶᠢᠨ ᠬᠠᠮᠲᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ | ᠰᠢᠶ᠋ᠳᠪᠦᠷᠢᠯᠡᠬᠦ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ | ᠶᠠᠮᠠᠷᠪᠠ ᠨᠢᠭᠡᠴᠢ ᠪᠠ ᠬᠤᠪᠢ ᠬᠥᠮᠦᠨ ᠪᠡᠯᠡ ᠮᠥᠩᠭᠦ ᠴᠤᠭᠯᠠᠭᠤᠯᠬᠤ ᠠᠭᠤᠯᠭ᠎ᠠ ᠶᠢ ᠪᠠᠭᠲᠠᠭᠠᠭᠰᠠᠨ ᠵᠠᠷ ᠨᠡᠶᠢᠲᠡᠯᠡᠬᠦ | ᠪᠤᠶᠤ ᠪᠤᠰᠤᠳ ᠠᠷᠭ᠎ᠠ ᠮᠠᠶ᠋ᠢᠭ ᠢᠶᠠᠷ ᠨᠡᠶᠢᠭᠡᠮ ᠨᠡᠶᠢᠲᠡ ᠳᠤ ᠪᠡᠯᠡ ᠮᠥᠩᠭᠦ ᠴᠤᠭᠯᠠᠭᠤᠯᠬᠤ ᠤᠬᠠᠭᠤᠯᠭ᠎ᠠ ᠬᠢᠵᠦ | ᠪᠣᠯᠬᠤ ᠦᠭᠡᠢ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠤᠯᠢ ᠪᠤᠰᠤ ᠪᠠᠷ ᠪᠠᠯᠠ | ᠴᠤᠭᠯᠠᠭᠤᠯᠬᠤ ᠶᠢ ᠰᠢᠶ᠋ᠳᠪᠦᠷᠢᠯᠡᠬᠦ ᠶᠢᠨ ᠲᠦᠷᠦᠭᠦᠯᠡᠬᠦ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠪᠤᠰᠤ ᠪᠠᠷ ᠪᠠᠯᠠ | ᠴᠤᠭᠯᠠᠭᠤᠯᠤᠭᠰᠠᠨ ᠢᠶᠠᠷ ᠰᠡᠵᠢᠭᠯᠡᠭᠳᠡᠭᠰᠡᠨ ᠵᠠᠷ ᠮᠡᠳᠡᠭᠡ ᠶᠢ ᠬᠢᠨᠠᠨ ᠬᠡᠮᠵᠢᠬᠦ ᠪᠠᠨ ᠴᠢᠩᠭᠠᠳᠬᠠᠬᠤ ᠬᠡᠷᠡᠭᠲᠡᠶ᠃ | ᠰᠢᠢᠳᠪᠤᠷᠢᠯᠡᠬᠦ ᠪᠠᠷ ᠳᠡᠮᠵᠢᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠲᠦᠷᠦᠭᠦᠯᠡᠬᠦ ᠰᠠᠯᠠᠭ᠎ᠠ ᠮᠥᠴᠢᠷ ᠨᠢ | ᠵᠣᠬᠢᠶᠠᠨ ᠪᠠᠶᠢᠭᠤᠯᠤᠯᠲᠠ ᠠᠴᠠ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ ᠢᠶᠠᠷ ᠦᠨᠡᠮᠰᠢᠭᠰᠡᠨ ᠪᠠᠶᠢᠪᠠᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠬᠠᠤᠯᠢ ᠪᠤᠰᠤ ᠪᠠᠷ ᠪᠠᠯᠠ | ᠴᠤᠭᠯᠠᠭᠤᠯᠤᠭᠰᠠᠨ ᠵᠠᠷ ᠢ ᠴᠠᠭ ᠲᠤᠬᠠᠶ ᠳᠤᠨᠢ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠬᠦ ᠬᠡᠷᠡᠭᠲᠡᠶ᠃ | ᠵᠠᠷ ᠡᠵᠡᠩᠨᠡᠭᠴᠢ᠂ ᠵᠠᠷ ᠨᠡᠶᠢᠲᠡᠯᠡᠭᠴᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ | ᠶᠣᠰᠣᠭᠠᠷ ᠬᠤᠯᠪᠣᠭᠳᠠᠯ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠢ ᠪᠠᠶᠢᠴᠠᠭᠠᠨ ᠰᠢᠯᠭᠠᠵᠤ᠂ ᠵᠠᠷ ᠤᠨ ᠠᠭᠤᠯᠭ᠎ᠠ ᠶᠢ | ᠬᠠᠷᠭᠤᠭᠤᠯᠬᠤ ᠬᠡᠷᠡᠭᠲᠡᠢ᠃ ᠬᠤᠯᠪᠣᠭᠳᠠᠯ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠪᠠᠶᠢᠬᠤ ᠦᠭᠡᠢ ᠮᠥᠷᠲᠡᠭᠡᠨ | ᠪᠡᠯᠡ ᠮᠥᠩᠭᠦ ᠴᠤᠭᠯᠠᠭᠤᠯᠬᠤ ᠠᠭᠤᠯᠭ᠎ᠠ ᠶᠢ ᠪᠠᠭᠲᠠᠭᠠᠭᠰᠠᠨ ᠵᠠᠷ ᠲᠤ ᠵᠠᠷ ᠡᠵᠡᠩᠨᠡᠭᠴᠢ ᠵᠢᠷᠤᠵᠤ ᠲᠥᠯᠥᠪᠯᠡᠬᠦ᠂ | ᠦᠢᠯᠡᠳᠬᠦ᠂ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ ᠪᠣᠯᠬᠤ ᠦᠭᠡᠢ᠂ ᠵᠠᠷ ᠨᠡᠶᠢᠲᠡᠯᠡᠭᠴᠢ ᠨᠡᠶᠢᠲᠡᠯᠡᠵᠦ | ᠪᠣᠯᠬᠤ ᠦᠭᠡᠢ᠃ | ᠠᠷᠪᠠᠨ ᠬᠤᠶᠠᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠤᠷᠢᠯᠡᠬᠦ ᠲᠦᠷᠦᠭᠦᠯᠡᠬᠦ | ᠰᠠᠯᠠᠭ᠎ᠠ ᠮᠥᠴᠢᠷ ᠬᠢᠭᠡᠳ ᠪᠠᠶᠢᠭ᠎ᠠ ᠭᠠᠵᠠᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ | ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠠᠯᠪᠤᠷᠢ ᠪᠠᠶᠢᠭᠤᠯᠤᠮᠵᠢ᠂ ᠲᠣᠮᠢᠯᠠᠭᠰᠠᠨ | ᠪᠠᠶᠢᠭᠤᠯᠤᠮᠵᠢ ᠨᠤᠭᠤᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠰᠡᠵᠢᠭᠯᠡᠯᠲᠡᠶ ᠪᠡᠯᠡ ᠮᠥᠩᠭᠦ ᠶᠢ ᠬᠢᠨᠠᠨ | ᠬᠡᠮᠵᠢᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠰᠠᠯᠪᠤᠷᠢ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ | ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ᠂ | ᠪᠠᠩᠬᠢ ᠶᠢᠨ ᠪᠤᠰᠤ ᠲᠥᠯᠥᠪᠦᠷᠢ ᠶᠢᠨ ᠪᠠᠶᠢᠭᠤᠯᠤᠮᠵᠢ ᠶᠢ ᠰᠢᠪᠠᠳᠠᠨ ᠵᠢᠯᠣᠭᠤᠳᠴᠤ ᠪᠠᠶᠢᠭᠠᠳ ᠪᠡᠯᠡ ᠮᠥᠩᠭᠦ ᠶᠢᠨ | ᠬᠡᠪ ᠤᠨ ᠪᠤᠰᠤ ᠡᠷᠭᠢᠯᠲᠡ ᠶᠢᠨ ᠪᠠᠶᠢᠳᠠᠯ ᠵᠢᠴᠢ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠡᠵᠢᠭᠯᠡᠯᠲᠡᠶ | ᠪᠤᠰᠤᠳ ᠰᠡᠵᠢᠭᠯᠡᠯᠲᠡᠶ ᠪᠡᠯᠡ ᠮᠥᠩᠭᠦ ᠶᠢ ᠬᠢᠨᠠᠨ ᠬᠡᠮᠵᠢᠬᠦ ᠠᠵᠢᠯ ᠢ ᠴᠢᠩᠭᠠᠳᠬᠠᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠮᠥ᠋ᠩᠭᠦᠨ ᠭᠦᠢᠯᠭᠡᠭᠡᠨ ᠤ ᠪᠠᠶᠢᠭᠤᠯᠤᠮᠵᠢ᠂ ᠪᠠᠩᠬᠢ ᠶᠢᠨ ᠪᠤᠰᠤ | ᠲᠥᠯᠥᠪᠦᠷᠢ ᠶᠢᠨ ᠪᠠᠶᠢᠭᠤᠯᠤᠮᠵᠢ ᠨᠤᠭᠤᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠳᠣᠣᠷ᠎ᠠ | ᠵᠢᠭᠰᠠᠭᠠᠭᠰᠠᠨ ᠡᠭᠦᠷᠭᠡ ᠨᠦᠭᠦᠳ ᠢ ᠭᠦᠢᠴᠡᠳᠬᠡᠬᠦ ᠬᠡᠷᠡᠭᠲᠡᠶ᠄ | ︵ᠨᠢᠭᠡ︶ ᠳᠣᠲᠣᠭᠠᠳᠤ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠰᠠᠯᠪᠤᠷᠢ | ᠪᠠᠶᠢᠭᠤᠯᠤᠮᠵᠢ ᠪᠠ ᠠᠵᠢᠯᠳᠠᠨ ᠠᠵᠢᠯᠴᠢᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠣᠷᠣᠯᠴᠠᠬᠤ ᠶᠢ | ᠴᠠᠭᠠᠵᠠᠯᠠᠵᠤ᠂ ᠪᠤᠰᠤᠳ ᠬᠥᠮᠦᠨ ᠤ ᠡᠵᠡᠩᠨᠡᠯᠲᠡ ᠶᠢᠨ ᠲᠠᠯᠠᠪᠤᠷ ᠭᠠᠵᠠᠷ᠂ ᠪᠣᠷᠣᠯᠠᠭᠤᠯᠭ᠎ᠠ ᠶᠢᠨ ᠠᠷᠭ᠎ᠠ ᠵᠠᠮ ᠢ | ᠠᠰᠢᠭᠯᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠬᠡᠷᠡᠭᠳᠡᠢ︔ | ︵ᠬᠤᠶᠠᠷ︶ ᠨᠡᠶᠢᠭᠡᠮ ᠨᠡᠶᠢᠲᠡ ᠶᠢᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ | ᠬᠥᠮᠦᠵᠢᠯ ᠢ ᠴᠢᠩᠭᠠᠳᠬᠠᠵᠤ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠢᠯᠡ ᠭᠠᠵᠠᠷ ᠲᠤ ᠰᠡᠷᠡᠮᠵᠢᠯᠡᠭᠦᠯᠬᠦ ᠲᠡᠮᠳᠡᠭ | ᠪᠠᠶᠢᠷᠢᠯᠠᠭᠤᠯᠬᠤ ᠬᠡᠷᠡᠭᠲᠡᠶ︔ | ︵ᠭᠤᠷᠪᠠ︶ ᠶᠡᠭᠡ ᠲᠣᠭᠠᠨ ᠤ ᠠᠷᠠᠯᠵᠢᠶ᠎ᠠ ᠪᠠ ᠰᠡᠵᠢᠭᠯᠡᠯᠲᠡᠶ ᠠᠷᠠᠯᠵᠢᠶ᠎ᠠ ᠶᠢ ᠮᠡᠳᠡᠭᠦᠯᠬᠦ ᠲᠦᠷᠢᠮ ᠢ ᠬᠠᠤᠯᠢ | ᠶᠣᠰᠣᠭᠠᠷ ᠴᠢᠩᠭ᠎ᠠ ᠬᠡᠷᠡᠭᠵᠢᠭᠦᠯᠵᠦ᠂ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ ᠪᠠᠯᠠ ᠮᠥᠩᠭᠦ ᠶᠢᠨ ᠬᠡᠪ ᠤᠨ | ᠪᠤᠰᠤ ᠡᠷᠭᠢᠯᠲᠡ ᠳᠤ ᠬᠤᠯᠪᠣᠭᠳᠠᠭᠰᠠᠨ ᠬᠠᠮᠢᠶ᠎ᠠ ᠪᠥᠬᠦᠶ ᠲᠠᠩᠰᠠᠨ ᠡᠷᠦᠬᠡ ᠳᠤ ᠵᠠᠳᠠᠯᠤᠯᠲᠠ ᠬᠢᠵᠦ ᠢᠯᠭᠠᠨ | ᠲᠠᠨᠢᠬᠤ ᠶᠢᠨ ᠬᠠᠮᠲᠤ᠂ ᠬᠤᠯᠪᠣᠭᠳᠠᠯ ᠪᠥᠬᠦᠶ ᠪᠠᠶᠢᠳᠠᠯ ᠢ ᠪᠠᠶᠢᠭ᠎ᠠ ᠭᠠᠵᠠᠷ ᠤᠨ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠠᠯᠪᠤᠷᠢ ᠪᠠᠶᠢᠭᠤᠯᠤᠮᠵᠢ᠂ | ᠲᠣᠮᠢᠯᠠᠭᠰᠠᠨ ᠪᠠᠶᠢᠭᠤᠯᠤᠮᠵᠢ ᠪᠠ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠤᠷᠢᠯᠡᠬᠦ ᠲᠦᠷᠦᠭᠦᠯᠡᠬᠦ ᠰᠠᠯᠠᠭ᠎ᠠ | ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠨᠢ | ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠪᠠᠨ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠵᠤ | ᠂ ᠪᠦᠷᠢᠯᠳᠦᠬᠦᠨ ᠢᠶᠠᠨ ᠰᠢᠪᠠᠳᠠᠨ ᠵᠢᠯᠣᠭᠤᠳᠴᠤ ᠪᠠᠶᠢᠭᠠᠳ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠵᠣᠬᠢᠶᠠᠨ | ᠪᠠᠶᠢᠭᠤᠯᠬᠤ ᠦᠭᠡᠢ᠂ ᠬᠠᠮᠵᠢᠯᠴᠠᠬᠤ ᠦᠭᠡᠢ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠣᠷᠣᠯᠴᠠᠬᠤ ᠦᠭᠡᠢ | ᠪᠠᠶᠢᠬᠤ ᠶᠢ ᠢᠳᠡᠪᠬᠢᠲᠡᠢ ᠰᠡᠷᠭᠡᠶᠢᠯᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠬᠠᠮᠲᠤᠷᠠᠭᠰᠠᠨ ᠬᠤᠷᠠᠯᠳᠤᠭᠠᠨ ᠳᠤ ᠲᠥᠪ ᠪᠠ ᠣᠷᠣᠨ ᠨᠤᠲᠤᠭ ᠤᠨ | ᠳᠡᠭᠡᠳᠦ ᠲᠤᠤᠷᠠᠳᠤ ᠱᠠᠳᠤ ᠬᠠᠮᠲᠤᠷᠠᠨ ᠬᠥᠳᠡᠯᠦᠯᠴᠡᠭᠰᠡᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ | ᠤᠬᠠᠭᠤᠯᠭ᠎ᠠ ᠬᠥᠮᠦᠵᠢᠯ ᠤᠨ ᠠᠵᠢᠯ ᠤᠨ ᠲᠣᠭᠲᠠᠴᠠ ᠶᠢ ᠪᠠᠶᠢᠭᠤᠯᠵᠤ᠂ ᠪᠦᠬᠦ ᠤᠯᠤᠰ ᠤᠨ ᠬᠡᠪᠴᠢᠶᠡᠨ ᠳᠤ ᠬᠠᠤᠯᠢ | ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯ ᠢ ᠲᠦᠯᠬᠢᠨ ᠠᠬᠢᠭᠤᠯᠬᠤ | ᠬᠡᠷᠡᠭᠲᠡᠶ᠃ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠭᠡᠶᠢᠯᠡᠬᠦ ᠪᠠᠶᠢᠩᠭᠤ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠵᠦ᠂ ᠡᠯ᠎ᠡ | ᠲᠥᠷᠥᠯ ᠤᠨ ᠵᠠᠭᠤᠴᠢᠯᠠᠭᠤᠷ ᠪᠤᠶᠤ ᠠᠴᠢᠶᠠᠯᠠᠪᠤᠷᠢ ᠶᠢ ᠭᠦᠢᠴᠡᠳ ᠬᠡᠷᠡᠭᠯᠡᠨ᠂ ᠬᠠᠤᠯᠢ ᠴᠠᠭᠠᠵᠠ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠬᠢᠬᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ᠂ ᠪᠠᠯᠠ ᠣᠷᠣᠭᠤᠯᠤᠯᠲᠠ ᠶᠢᠨ | ᠲᠦᠭᠰᠢᠭᠦᠷᠢ ᠶᠢᠨ ᠬᠥᠮᠦᠵᠢᠯ ᠬᠢᠬᠦ ᠵᠡᠷᠭᠡ ᠠᠷᠭ᠎ᠠ ᠮᠠᠶ᠋ᠢᠭ ᠢᠶᠠᠷ ᠨᠡᠶᠢᠭᠡᠮ ᠨᠡᠶᠢᠲᠡ ᠳᠤ ᠬᠠᠤᠯᠢ ᠪᠤᠰᠤ ᠪᠠᠷ ᠪᠠᠯᠠ | ᠴᠤᠭᠯᠠᠭᠤᠯᠬᠤ ᠶᠢᠨ ᠬᠠᠤᠯᠢ ᠠᠴᠠ ᠵᠥᠷᠢᠴᠡᠭᠰᠡᠨ ᠴᠢᠨᠠᠷ᠂ ᠬᠤᠤᠷ ᠬᠥᠨᠥᠭᠡᠯᠲᠦ ᠴᠢᠨᠠᠷ ᠵᠢᠴᠢ ᠲᠡᠭᠦᠨ ᠤ ᠢᠯᠡᠷᠡᠬᠦ | ᠬᠡᠯᠪᠡᠷᠢ ᠵᠡᠷᠭᠡ ᠶᠢ ᠤᠬᠠᠭᠤᠯᠵᠤ᠂ ᠨᠡᠶᠢᠭᠡᠮ ᠨᠡᠶᠢᠲᠡ ᠶᠢᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ | ᠦᠵᠡᠯ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠨᠡᠮᠡᠭᠳᠡᠭᠦᠯᠦᠨ᠎ᠡ᠃ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ | ᠵᠢᠴᠢ ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠨᠢ ᠲᠣᠰ ᠠᠵᠢᠯ ᠲᠥᠷᠥᠯ᠂ ᠬᠦᠷᠢᠶ᠎ᠡ | ᠴᠠᠷᠠᠭ᠎ᠠ ᠶᠢᠨ ᠢᠶᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠲᠦᠭᠰᠢᠭᠦᠷᠢ ᠶᠢᠨ ᠣᠨᠴᠠᠯᠢᠭ ᠢ ᠦᠨᠳᠦᠰᠦᠯᠡᠨ᠂ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠴᠢᠭᠯᠡᠭᠦᠯᠬᠦ | ᠴᠢᠨᠠᠷᠲᠠᠶ ᠪᠠᠷ ᠥᠷᠨᠢᠭᠦᠯᠬᠦ ᠬᠡᠷᠡᠭᠲᠡᠶ᠃ | ᠰᠣᠨᠢᠨ ᠮᠡᠳᠡᠭᠡᠨ ᠤ ᠵᠠᠭᠤᠴᠢ ᠨᠤᠭᠤᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠨᠡᠶᠢᠲᠡ ᠶᠢᠨ | ᠠᠰᠠᠷᠠᠮᠵᠢ ᠶᠢᠨ ᠤᠬᠠᠭᠤᠯᠭ᠎ᠠ ᠶᠢ ᠥᠷᠨᠢᠭᠦᠯᠬᠦ ᠶᠢᠨ ᠬᠠᠮᠲᠤ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠬᠠᠤᠯᠢ | ᠶᠣᠰᠣᠭᠠᠷ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠡᠵᠢᠭᠯᠡᠯᠲᠡᠶ | ᠦᠢᠯᠡ ᠠᠵᠢᠯᠯᠠᠭ᠎ᠠ ᠶᠢ ᠶᠠᠮᠠᠷᠪᠠ ᠨᠢᠭᠡᠴᠢ ᠪᠠ ᠬᠤᠪᠢ ᠬᠥᠮᠦᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ | ᠰᠢᠢᠳᠪᠤᠷᠢᠯᠡᠬᠦ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠃ | ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠡᠵᠢᠭᠯᠡᠯᠲᠡᠶ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ | ᠤᠯᠤᠰ ᠠᠴᠠ ᠵᠣᠷᠢᠭᠵᠢᠭᠤᠯᠤᠨ᠎ᠠ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠲᠦᠷᠦᠭᠦᠯᠡᠨ ᠬᠢᠬᠦ | ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠯᠡᠴᠢᠯᠡᠨ ᠮᠡᠳᠡᠭᠦᠯᠬᠦ | ᠳ᠋ᠢᠶᠠᠩᠬᠤᠸᠠ ᠪᠠ ᠰᠢᠦᠳᠠᠨ ᠬᠠᠶᠢᠷᠴᠠᠭ ᠵᠡᠷᠭᠡ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢᠶᠠᠨ ᠢᠯᠡ ᠪᠣᠯᠭᠠᠵᠤ᠂ | ᠵᠠᠰᠠᠭ ᠤᠨ ᠣᠷᠳᠣᠨ ᠤ ᠰᠦᠯᠵᠢᠶᠡᠨ ᠦᠷᠳᠡᠭᠡ ᠳᠤ ᠢᠯᠡᠴᠢᠯᠡᠨ ᠮᠡᠳᠡᠭᠦᠯᠬᠦ ᠲᠤᠰᠬᠠᠶ ᠪᠤᠯᠤᠩ ᠭᠠᠷᠭᠠᠵᠤ᠂ | ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ᠂ ᠴᠠᠭ ᠲᠤᠬᠠᠶ ᠳᠤᠨᠢ ᠬᠠᠤᠯᠢ ᠶᠣᠰᠣᠭᠠᠷ ᠰᠢᠢᠳᠪᠤᠷᠢᠯᠡᠬᠦ ᠶᠢᠨ ᠬᠠᠮᠲᠤ | ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠰᠠᠭᠤᠭᠠᠯᠢ ᠠᠷᠠᠳ ᠤᠨ ᠵᠥᠪᠯᠡᠯ᠂ ᠭᠠᠴᠠᠭᠠᠨ ᠤ ᠠᠷᠠᠳ ᠤᠨ ᠵᠥᠪᠯᠡᠯ | ᠪᠠᠶᠢᠭ᠎ᠠ ᠣᠷᠣᠨ ᠪᠦᠰᠡ ᠶᠢᠨ ᠢᠶᠠᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠡᠵᠢᠭᠯᠡᠯᠲᠡᠶ ᠦᠢᠯᠡ | ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ᠂ | ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠢᠢᠳᠪᠤᠷᠢᠯᠡᠬᠦ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠪᠤᠶᠤ | ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ᠠᠷᠪᠠᠨ ᠨᠠᠢᠮᠠᠳᠤᠭᠠᠷ ᠵᠤᠶᠢᠯ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠲᠦᠷᠦᠭᠦᠯᠡᠨ ᠬᠢᠬᠦ | ᠰᠠᠯᠠᠭ᠎ᠠ ᠮᠥᠴᠢᠷ ᠪᠠ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ | ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠪᠤᠶᠤ ᠲᠣᠰ ᠠᠵᠢᠯ ᠲᠥᠷᠥᠯ᠂ ᠬᠦᠷᠢᠶ᠎ᠡ ᠴᠠᠷᠠᠭ᠎ᠠ ᠳᠤ | ᠬᠠᠤᠯᠢ ᠪᠤᠰᠤ ᠪᠠᠷ ᠪᠠᠯᠠ ᠴᠤᠭᠯᠠᠭᠤᠯᠬᠤ ᠲᠦᠭᠰᠢᠭᠦᠷᠢ ᠣᠷᠣᠰᠢᠵᠤ ᠮᠡᠳᠡᠬᠦ ᠶᠢ ᠣᠯᠵᠤ ᠮᠡᠳᠡᠪᠡᠯ᠂ ᠬᠠᠮᠢᠶ᠎ᠠ ᠪᠥᠬᠦᠶ | ᠨᠢᠭᠡᠴᠡ ᠪᠠ ᠬᠤᠪᠢ ᠬᠥᠮᠦᠨ ᠲᠠᠢ ᠰᠡᠷᠡᠮᠵᠢᠯᠡᠭᠦᠯᠦᠨ ᠪᠣᠯᠵᠣᠨ ᠶᠠᠷᠢᠯᠴᠠᠵᠤ᠂ ᠵᠠᠷᠯᠢᠭᠳᠠᠵᠤ ᠪᠠᠶᠢᠭᠠᠳ ᠴᠡᠭᠴᠡᠯᠡᠨ | ᠰᠠᠶᠢᠵᠢᠷᠠᠭᠤᠯᠬᠤ ᠡᠷᠬᠡ ᠲᠠᠢ᠃ | | ᠭᠤᠷᠪᠠᠳᠤᠭᠠᠷ ᠪᠦᠯᠦᠭ ᠰᠢᠢᠳᠪᠤᠷᠢᠯᠡᠬᠦ | ᠠᠷᠪᠠ ᠶᠢᠰᠦᠳᠦᠭᠡᠷ ᠵᠦᠢᠯ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠳᠣᠣᠷ᠎ᠠ | ᠵᠢᠭᠰᠠᠭᠠᠭᠰᠠᠨ ᠦᠢᠯᠡ ᠠᠵᠢᠯᠯᠠᠭ᠎ᠠ ᠳᠤ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠡᠵᠢᠭᠯᠡᠯᠲᠡᠶ ᠪᠠᠶᠢᠪᠠᠯ | ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠢᠢᠳᠪᠤᠷᠢᠯᠡᠬᠦ ᠳᠤ ᠲᠦᠷᠦᠭᠦᠯᠡᠨ ᠬᠢᠬᠦ ᠰᠠᠯᠠᠭ᠎ᠠ ᠮᠥᠴᠢᠷ ᠨᠢ | ᠬᠤᠯᠪᠣᠭᠳᠠᠯ ᠪᠦᠬᠦᠢ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ | ᠮᠥᠴᠢᠷ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠰᠠᠯᠪᠤᠷᠢ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ | ᠪᠠᠶᠢᠴᠠᠭᠠᠨ ᠨᠤᠲᠠᠯᠠᠬᠤ ᠬᠡᠷᠡᠭᠲᠡᠶ᠄ | ︵ᠨᠢᠭᠡ︶ ᠢᠨᠲ᠋ᠧᠷ ᠰᠦᠯᠵᠢᠶᠡᠨ ᠤ ᠠᠵᠤ ᠠᠬᠤᠶᠢᠯᠠᠯ᠂ ᠪᠡᠯᠡ ᠣᠷᠣᠭᠤᠯᠤᠯᠲᠠ ᠵᠢᠴᠢ ᠪᠡᠯᠡ | ᠣᠷᠣᠭᠤᠯᠤᠯᠲᠠ ᠶᠢᠨ ᠵᠥᠪᠯᠡᠯᠭᠡ ᠥᠭᠬᠦ ᠲᠦᠷᠦᠯ ᠤᠨ ᠠᠵᠤ ᠠᠬᠤᠶᠢᠯᠠᠯ᠂ ᠡᠯ᠎ᠡ ᠲᠦᠷᠦᠯ ᠤᠨ ᠠᠷᠠᠯᠵᠢᠶᠠᠨ ᠤ | ᠲᠠᠯᠠᠪᠤᠷ ᠭᠠᠵᠠᠷ ᠪᠤᠶᠤ ᠲᠠᠪᠴᠠᠩ᠂ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠪᠡᠯᠡ ᠮᠥᠩᠭᠦ ᠶᠢᠨ | ᠬᠠᠪᠰᠤᠷᠤᠯᠴᠠᠬᠤ ᠵᠣᠬᠢᠶᠠᠨ ᠪᠠᠶᠢᠭᠤᠯᠤᠯᠲᠠ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ ᠪᠡᠯᠡ ᠮᠥᠩᠭᠦ | ᠰᠢᠩᠭᠡᠭᠡᠨ ᠠᠪᠬᠤ︔ | ︵ᠬᠤᠶᠠᠷ︶ ᠰᠲ᠋ᠣᠺ ᠤᠨ ᠡᠷᠬᠡ᠂ ᠠᠪᠴᠠᠭᠠᠨ ᠤ ᠡᠷᠬᠡ ᠶᠢ ᠲᠠᠷᠬᠠᠭᠠᠬᠤ ᠪᠤᠶᠤ ᠰᠢᠯᠵᠢᠭᠦᠯᠦᠨ ᠥᠭᠬᠦ᠂ | ᠰᠠᠭᠤᠷᠢ ᠮᠥᠩᠭᠦ ᠴᠤᠭᠯᠠᠭᠤᠯᠬᠤ᠂ ᠳᠠᠭᠠᠳᠬᠠᠯ ᠤᠨ ᠦᠢᠯᠡᠳᠬᠦᠨ ᠢ ᠪᠣᠷᠣᠯᠠᠭᠤᠯᠬᠤ᠂ ᠡᠰᠡᠬᠦᠯ᠎ᠡ ᠡᠯ᠎ᠡ ᠲᠦᠷᠦᠯ ᠤᠨ | ᠡᠳ᠋ ᠬᠦᠷᠦᠩᠭᠡ ᠶᠢᠨ ᠬᠠᠮᠢᠶᠠᠷᠤᠯᠲᠠ᠂ ᠬᠡᠶᠢᠰᠪᠦᠷᠢ ᠵᠣᠭᠤᠰ᠂ ᠪᠡᠯᠡ ᠲᠤᠬᠢᠷᠠᠭᠤᠯᠭ᠎ᠠ ᠶᠢᠨ ᠲᠦᠷᠢᠶᠡᠰᠦᠯᠡᠯ ᠤᠨ | ᠲᠤᠬᠠᠶᠢᠯᠠᠭᠰᠠᠨ ᠠᠵᠢᠯ ᠡᠷᠬᠢᠯᠡᠬᠦ ᠵᠡᠷᠭᠡ ᠨᠡᠷ᠎ᠡ ᠪᠠᠷ ᠪᠡᠯᠡ ᠮᠥᠩᠭᠦ ᠲᠠᠲᠠᠵᠤ ᠠᠪᠬᠤ︔ | ︵ᠭᠤᠷᠪᠠ︶ ᠲᠠᠸᠠᠷ ᠪᠣᠷᠣᠯᠠᠭᠤᠯᠬᠤ᠂ ᠦᠢᠯᠡᠴᠢᠯᠡᠭᠡ ᠬᠠᠩᠭᠠᠬᠤ᠂ ᠵᠦᠢᠯᠡᠰ ᠲᠤ ᠪᠡᠯᠡ ᠣᠷᠣᠭᠤᠯᠬᠤ ᠵᠡᠷᠭᠡ | ᠬᠤᠳᠠᠯᠳᠤᠭᠠᠨ ᠤ ᠠᠵᠢᠯᠯᠠᠭ᠎ᠠ ᠶᠢᠨ ᠳᠤᠮᠳᠠ᠂ ᠵᠣᠭᠤᠰ᠂ ᠰᠲ᠋ᠣᠺ ᠤᠨ ᠡᠷᠬᠡ᠂ ᠪᠣᠳᠠᠲᠤ ᠶᠠᠭᠤᠮ᠎ᠠ ᠵᠡᠷᠭᠡ ᠶᠢᠨ | ᠬᠠᠷᠢᠭᠤ ᠬᠠᠷᠠᠮᠵᠢ ᠥᠭᠬᠦ ᠶᠢ ᠠᠮᠠᠯᠠᠬᠤ ᠬᠡᠯᠪᠡᠷᠢ ᠪᠠᠷ ᠪᠡᠯᠡ ᠮᠥᠩᠭᠦ ᠲᠠᠲᠠᠵᠤ ᠠᠪᠬᠤ︔ | ︵ᠳᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠤᠶᠤ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠢ ᠵᠥᠷᠢᠴᠡᠵᠦ᠂ ᠤᠯᠠᠨ ᠨᠡᠶᠢᠲᠡ ᠶᠢᠨ ᠤᠯᠠᠮᠵᠢᠯᠠᠬᠤ ᠵᠠᠭᠤᠴᠢ᠂ ᠲᠤᠬᠠᠶ ᠶᠢᠨ ᠴᠠᠭ ᠤᠨ ᠮᠡᠳᠡᠭᠡ | ᠬᠤᠯᠪᠣᠭᠠᠨ ᠤ ᠪᠠᠭᠠᠵᠢ ᠪᠤᠶᠤ ᠪᠤᠰᠤᠳ ᠠᠷᠭ᠎ᠠ ᠮᠠᠶ᠋ᠢᠭ ᠢᠶᠠᠷ ᠳᠠᠮᠵᠢᠭᠤᠯᠤᠨ ᠪᠡᠯᠡ ᠮᠥᠩᠭᠦᠨ ᠤ ᠮᠡᠳᠡᠭᠡ ᠵᠠᠩᠭᠢ ᠶᠢ | ᠢᠯᠡ ᠪᠠᠷ ᠤᠯᠠᠮᠵᠢᠯᠠᠨ ᠲᠠᠷᠬᠠᠭᠠᠵᠤ ᠰᠢᠩᠭᠡᠭᠡᠨ ᠠᠪᠬᠤ︔ | ︵ᠲᠠᠪᠤ︶ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠡᠵᠢᠭᠯᠡᠯᠲᠡᠶ ᠪᠤᠰᠤᠳ ᠦᠢᠯᠡ ᠠᠵᠢᠯᠯᠠᠭ᠎ᠠ᠃ | ᠬᠤᠷᠢᠳᠤᠭᠠᠷ ᠵᠤᠶᠢᠯ ᠵᠠᠰᠠᠭ ᠵᠠᠬᠢᠷᠭᠠᠨ ᠤ ᠣᠷᠣᠨ ᠢ ᠠᠯᠤᠰᠯᠠᠭᠰᠠᠨ ᠬᠠᠤᠯᠢ ᠪᠤᠰᠤ ᠪᠠᠷ ᠪᠠᠯᠠ | ᠴᠤᠭᠯᠠᠭᠤᠯᠤᠭᠰᠠᠨ ᠰᠡᠵᠢᠭᠯᠡᠯᠲᠡᠶ ᠦᠶ᠋ᠯᠡ ᠠᠵᠢᠯᠯᠠᠭ᠎ᠠ ᠶᠢ ᠬᠠᠤᠯᠢ ᠪᠤᠰᠤ ᠪᠠᠷ ᠪᠠᠯᠠ ᠴᠤᠭᠯᠠᠭᠤᠯᠤᠭᠴᠢ ᠪᠠᠷ ᠨᠢᠭᠡᠴᠡ | ᠪᠣᠯᠭᠠᠭᠰᠠᠨ ᠪᠠᠶᠢᠪᠠᠯ᠂ ᠲᠡᠭᠦᠨ ᠤ ᠳᠡᠩᠰᠡᠯᠡᠨ ᠲᠡᠮᠳᠡᠭᠯᠡᠭᠰᠡᠨ ᠭᠠᠵᠠᠷ ᠠᠴᠠ ᠬᠠᠤᠯᠢ ᠪᠤᠰᠤ ᠪᠠᠷ ᠪᠠᠯᠠ | ᠴᠤᠭᠯᠠᠭᠤᠯᠬᠤ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠪᠠᠶᠢᠴᠠᠭᠠᠵᠤ ᠮᠠᠭᠠᠳᠯᠠᠨ | ᠲᠣᠭᠲᠠᠭᠠᠨ᠎ᠠ︔ ᠬᠠᠤᠯᠢ ᠪᠤᠰᠤ ᠪᠠᠷ ᠪᠠᠯᠠ ᠴᠤᠭᠯᠠᠭᠤᠯᠤᠭᠴᠢ ᠨᠢ ᠬᠤᠪᠢ ᠬᠥᠮᠦᠨ ᠪᠠᠶᠢᠪᠠᠯ᠂ ᠲᠡᠭᠦᠨ ᠤ ᠰᠠᠭᠤᠭ᠎ᠠ | ᠭᠠᠵᠠᠷ ᠪᠤᠶᠤ ᠪᠠᠶᠢᠩᠭᠤ ᠰᠠᠭᠤᠭ᠎ᠠ ᠭᠠᠵᠠᠷ ᠠᠴᠠ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠤᠷᠢᠯᠡᠬᠦ | ᠲᠦᠷᠦᠭᠦᠯᠡᠬᠦ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠪᠠᠶᠢᠴᠠᠭᠠᠵᠤ ᠮᠠᠭᠠᠳᠯᠠᠨ ᠲᠣᠭᠲᠠᠭᠠᠨ᠎ᠠ᠃ ᠬᠠᠤᠯᠢ | ᠪᠤᠰᠤ ᠪᠠᠷ ᠪᠠᠯᠠ ᠴᠤᠭᠯᠠᠭᠤᠯᠬᠤ ᠤᠶᠢᠯᠡ ᠠᠵᠢᠯᠯᠠᠭ᠎ᠠ ᠡᠭᠦᠰᠦᠭᠰᠡᠨ ᠭᠠᠵᠠᠷ᠂ ᠪᠠᠯᠠ ᠴᠤᠭᠯᠠᠭᠤᠯᠤᠭᠰᠠᠨ ᠡᠳ᠋ | ᠬᠥᠷᠥᠩᠭᠡ ᠶᠢᠨ ᠪᠠᠶᠢᠭ᠎ᠠ ᠭᠠᠵᠠᠷ ᠵᠢᠴᠢ ᠪᠠᠯᠠ ᠴᠤᠭᠯᠠᠭᠤᠯᠬᠤ ᠳᠤ ᠣᠷᠣᠯᠴᠠᠭᠰᠠᠳ ᠤᠨ ᠪᠠᠶᠢᠭ᠎ᠠ ᠭᠠᠵᠠᠷ ᠤᠨ ᠬᠠᠤᠯᠢ | ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠤᠷᠢᠯᠡᠬᠦ ᠶᠢᠨ ᠲᠦᠷᠦᠭᠦᠯᠡᠬᠦ ᠰᠠᠯᠠᠭ᠎ᠠ ᠮᠥᠴᠢᠷ ᠤᠳ ᠪᠠᠶᠢᠴᠠᠭᠠᠵᠤ | ᠦᠨᠡᠮᠰᠢᠬᠦ ᠠᠵᠢᠯ ᠳᠤ ᠬᠠᠮᠵᠢᠯᠴᠠᠬᠤ ᠬᠡᠷᠡᠭᠲᠡᠶ᠃ | ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠤᠷᠢᠯᠡᠬᠦ ᠶᠢᠨ ᠲᠦᠷᠦᠭᠦᠯᠡᠬᠦ ᠰᠠᠯᠠᠭ᠎ᠠ ᠮᠥᠴᠢᠷ ᠨᠢ ᠵᠣᠬᠢᠶᠠᠨ | ᠪᠠᠶᠢᠭᠤᠯᠤᠯᠲᠠ ᠶᠢᠨ ᠪᠠᠶᠢᠴᠠᠭᠠᠵᠤ ᠮᠠᠭᠠᠳᠯᠠᠨ ᠲᠣᠭᠲᠠᠭᠠᠬᠤ ᠡᠭᠦᠷᠭᠡ ᠬᠠᠷᠢᠭᠤᠴᠠᠯᠭ᠎ᠠ ᠶᠢᠨ ᠲᠠᠯ᠎ᠠ ᠪᠠᠷ | ᠮᠠᠷᠭᠤᠭᠠᠨ ᠲᠠᠢ ᠪᠠᠶᠢᠪᠠᠯ᠂ ᠲᠡᠳᠡᠨ ᠤ ᠬᠠᠮᠲᠤ ᠶᠢᠨ ᠳᠡᠭᠡᠳᠦ ᠱᠠᠲᠤᠨ ᠠᠴᠠ ᠬᠠᠤᠯᠢ ᠪᠤᠰᠤ ᠪᠠᠷ ᠪᠠᠯᠠ | ᠴᠤᠭᠯᠠᠭᠤᠯᠬᠤ ᠶᠢ ᠰᠢᠢᠳᠪᠤᠷᠢᠯᠡᠬᠦ ᠶᠢᠨ ᠲᠦᠷᠦᠭᠦᠯᠡᠬᠦ ᠰᠠᠯᠠᠭ᠎ᠠ ᠮᠥᠴᠢᠷ ᠠᠴᠠ ᠲᠣᠭᠲᠠᠭᠠᠨ᠎ᠠ︔ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠵᠣᠬᠢᠶᠠᠨ ᠪᠠᠶᠢᠭᠤᠯᠤᠯᠲᠠ ᠶᠢᠨ | ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠲᠤᠰᠢᠶᠠᠯ ᠬᠠᠷᠢᠭᠤᠴᠠᠯᠭ᠎ᠠ ᠶᠢᠨ ᠲᠠᠯ᠎ᠠ ᠪᠠᠷ ᠮᠠᠷᠭᠤᠯᠳᠤᠭᠠᠨ ᠲᠠᠢ | ᠪᠠᠶᠢᠪᠠᠯ᠂ ᠬᠠᠮᠲᠤᠷᠠᠭᠰᠠᠨ ᠬᠤᠷᠠᠯᠳᠤᠭᠠᠨ ᠠᠴᠠ ᠲᠣᠭᠲᠠᠭᠠᠨ᠎ᠠ᠃ | ᠬᠤᠷᠢᠨ ᠨᠢᠭᠡᠳᠦᠭᠡᠷ ᠵᠦᠢᠯ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠲᠦᠷᠦᠭᠦᠯᠡᠨ ᠬᠢᠬᠦ | ᠰᠠᠯᠠᠭ᠎ᠠ ᠮᠥᠴᠢᠷ ᠢ ᠰᠢᠢᠳᠪᠤᠷᠢᠯᠡᠬᠦ ᠳᠡᠭᠡᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠡᠵᠢᠭᠯᠡᠯᠲᠡᠶ | ᠥᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠬᠤ ᠳᠤ᠂ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ | ᠠᠪᠴᠤ ᠪᠣᠯᠤᠨ᠎ᠠ᠄ | ︵ᠨᠢᠭᠡ︶ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠡᠵᠢᠭᠯᠡᠯᠲᠡᠶ ᠲᠠᠯᠠᠪᠤᠷ ᠲᠤ ᠣᠷᠣᠵᠤ | ᠪᠠᠶᠢᠴᠠᠭᠠᠯᠲᠠ ᠬᠢᠵᠦ ᠭᠡᠷᠡᠴᠢ ᠠᠪᠬᠤ︔ | ︵ᠬᠤᠶᠠᠷ︶ ᠪᠠᠶᠢᠴᠠᠭᠠᠭᠳᠠᠵᠤ ᠪᠠᠶᠢᠭ᠎ᠠ ᠬᠡᠷᠡᠭ ᠲᠤ ᠬᠤᠯᠪᠣᠭᠳᠠᠬᠤ ᠨᠢᠭᠡᠴᠢ ᠪᠠ ᠬᠤᠪᠢ ᠬᠥᠮᠦᠨ ᠠᠴᠠ ᠯᠠᠪᠯᠠᠨ | ᠠᠰᠠᠭᠤᠵᠤ᠂ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠶ ᠲᠣᠳᠣᠷᠬᠠᠶᠢᠯᠠᠯᠲᠠ ᠬᠢᠯᠭᠡᠬᠦ ᠪᠠᠷ ᠲᠡᠳᠡᠨ ᠳᠤ | ᠱᠠᠭᠠᠷᠳᠠᠬᠤ︔ | ︵ᠭᠤᠷᠪᠠ︶ ᠪᠠᠶᠢᠴᠠᠭᠠᠭᠳᠠᠵᠤ ᠪᠠᠶᠢᠭ᠎ᠠ ᠬᠡᠷᠡᠭ ᠲᠤ ᠬᠤᠯᠪᠣᠭᠳᠠᠬᠤ ᠪᠢᠴᠢᠭ ᠮᠠᠲ᠋ᠧᠷᠢᠶᠠᠯ᠂ ᠮᠠᠲ᠋ᠧᠷᠢᠶᠠᠯ᠂ | ᠡᠯᠧᠺᠲᠷᠣᠨ ᠲᠤᠭ᠎ᠠ ᠪᠠᠷᠢᠮᠲᠠ ᠵᠡᠷᠭᠡ ᠶᠢ ᠪᠠᠶᠢᠴᠠᠭᠠᠨ ᠦᠵᠡᠬᠦ᠂ ᠪᠠᠭᠤᠯᠭᠠᠨ ᠠᠪᠴᠤ᠂ ᠰᠢᠯᠵᠢᠭᠦᠯᠬᠦ᠂ ᠨᠢᠭᠤᠨ | ᠳᠠᠯᠳᠠᠯᠠᠬᠤ ᠪᠤᠶᠤ ᠰᠦᠢᠳᠬᠡᠵᠦ ᠮᠡᠳᠡᠬᠦ ᠪᠢᠴᠢᠭ ᠮᠠᠲ᠋ᠧᠷᠢᠶᠠᠯ᠂ ᠮᠠᠲ᠋ᠧᠷᠢᠶᠠᠯ᠂ ᠡᠯᠧᠺᠲᠷᠣᠨ ᠲᠥᠬᠦᠭᠡᠷᠦᠮᠵᠢ ᠵᠡᠷᠭᠡ ᠶᠢ | ᠪᠢᠲᠡᠭᠦᠮᠵᠢᠯᠡᠨ ᠬᠠᠳᠠᠭᠠᠯᠠᠬᠤ︔ | ︵ᠭᠤᠷᠪᠠ︶ ᠪᠠᠶᠢᠴᠠᠭᠠᠭᠳᠠᠵᠤ ᠪᠠᠶᠢᠭ᠎ᠠ ᠬᠡᠷᠡᠭ ᠲᠤ ᠬᠤᠯᠪᠣᠭᠳᠠᠬᠤ ᠪᠢᠴᠢᠭ ᠮᠠᠲ᠋ᠧᠷᠢᠶᠠᠯ᠂ ᠮᠠᠲ᠋ᠧᠷᠢᠶᠠᠯ᠂ | ᠡᠯᠧᠺᠲᠷᠣᠨ ᠲᠤᠭ᠎ᠠ ᠪᠠᠷᠢᠮᠲᠠ ᠵᠡᠷᠭᠡ ᠶᠢ ᠪᠠᠶᠢᠴᠠᠭᠠᠨ ᠦᠵᠡᠬᠦ᠂ ᠪᠠᠭᠤᠯᠭᠠᠨ ᠠᠪᠬᠤ᠂ ᠰᠢᠯᠵᠢᠭᠦᠯᠬᠦ᠂ ᠨᠢᠭᠤᠨ | ᠳᠠᠯᠳᠠᠯᠠᠬᠤ ᠪᠤᠶᠤ ᠡᠪᠳᠡᠯᠡᠵᠦ ᠰᠦᠢᠳᠬᠡᠬᠦ ᠪᠣᠯᠤᠮᠵᠢ ᠲᠠᠢ ᠪᠢᠴᠢᠭ ᠮᠠᠲ᠋ᠧᠷᠢᠶᠠᠯ᠂ ᠮᠠᠲ᠋ᠧᠷᠢᠶᠠᠯ᠂ ᠡᠯᠧᠺᠲᠷᠣᠨ | ᠲᠥᠬᠦᠭᠡᠷᠦᠮᠵᠢ ᠵᠡᠷᠭᠡ ᠶᠢ ᠪᠢᠲᠡᠭᠦᠮᠵᠢᠯᠡᠨ ᠬᠠᠳᠠᠭᠠᠯᠠᠬᠤ︔ | ︵ᠳᠥᠷᠪᠡ︶ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠲᠦᠷᠦᠭᠦᠯᠡᠬᠦ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠢ ᠰᠢᠢᠳᠪᠤᠷᠢᠯᠡᠬᠦ ᠪᠠᠷ ᠳᠡᠮᠵᠢᠨ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠳᠤ ᠬᠤᠯᠪᠣᠭᠳᠠᠭᠰᠠᠨ | ᠬᠤᠯᠪᠣᠭᠳᠠᠯ ᠪᠥᠬᠦᠶ ᠲᠠᠩᠰᠠᠨ ᠡᠷᠦᠬᠡ ᠶᠢ ᠬᠠᠤᠯᠢ ᠶᠣᠰᠣᠭᠠᠷ ᠪᠠᠶᠢᠴᠠᠭᠠᠨ ᠯᠠᠪᠯᠠᠬᠤ ᠶᠢ ᠱᠠᠭᠠᠷᠳᠠᠨ᠎ᠠ᠃ | ᠪᠠᠶᠢᠴᠠᠭᠠᠬᠤ ᠠᠵᠢᠯᠲᠠᠨ ᠨᠢ 2 ᠬᠥᠮᠦᠨ ᠠᠴᠠ ᠳᠤᠲᠠᠭᠤ ᠪᠠᠶᠢᠵᠤ ᠪᠣᠯᠬᠤ ᠥᠬᠡᠶ ᠪᠥᠭᠡᠳ ᠬᠠᠤᠯᠢ | ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠶ᠃ | ᠪᠠᠶᠢᠴᠠᠭᠠᠭᠳᠠᠵᠤ ᠪᠠᠶᠢᠭ᠎ᠠ ᠬᠡᠷᠡᠭ ᠲᠤ ᠬᠤᠯᠪᠣᠭᠳᠠᠬᠤ ᠨᠢᠭᠡᠴᠢ ᠪᠠ ᠬᠤᠪᠢ ᠬᠥᠮᠦᠨ ᠪᠠᠶᠢᠴᠠᠭᠠᠯᠲᠠ ᠳᠤ | ᠬᠠᠮᠵᠢᠯᠴᠠᠬᠤ ᠬᠡᠷᠡᠭᠲᠡᠶ᠂ ᠲᠡᠭᠦᠨ ᠢ ᠲᠡᠪᠴᠢᠵᠦ᠂ ᠬᠠᠷᠰᠢᠯᠠᠵᠤ ᠪᠣᠯᠬᠤ ᠤᠢᠭᠡᠢ᠃ | ᠬᠤᠷᠢᠨ ᠬᠤᠶᠠᠳᠤᠭᠠᠷ ᠵᠦᠢᠯ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠲᠦᠷᠦᠭᠦᠯᠡᠨ ᠬᠢᠬᠦ | ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠡᠵᠢᠭᠯᠡᠯᠲᠡᠶ ᠦᠢᠯᠡ ᠠᠵᠢᠯᠯᠠᠭ᠎ᠠ ᠶᠢ | ᠰᠢᠶ᠋ᠳᠪᠦᠷᠢᠯᠡᠬᠦ ᠳᠤ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠯᠲᠠ ᠬᠢᠬᠦ ᠳᠤ᠂ ᠪᠡᠯᠡ ᠮᠥᠩᠭᠦ ᠴᠤᠭᠯᠠᠭᠤᠯᠬᠤ ᠦᠢᠯᠡ | ᠠᠵᠢᠯᠯᠠᠭ᠎ᠠ ᠶᠢ ᠲᠦᠷ ᠵᠣᠭᠰᠣᠭᠠᠬᠤ ᠪᠠᠷ ᠱᠠᠭᠠᠷᠳᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠳᠡᠵᠦ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠤᠭᠰᠠᠨ ᠢᠶᠠᠷ ᠰᠡᠵᠢᠭᠯᠡᠯᠲᠡᠶ ᠬᠤᠯᠪᠣᠭᠳᠠᠯ ᠪᠦᠬᠦᠢ ᠨᠢᠭᠡᠴᠢ ᠳᠤ ᠳᠠᠩᠰᠠᠯᠠᠭᠤᠯᠤᠭᠰᠠᠨ᠂ ᠬᠤᠪᠢᠷᠠᠭᠤᠯᠤᠭᠰᠠᠨ | ᠪᠤᠶᠤ ᠳᠠᠩᠰᠠᠯᠠᠭᠤᠯᠤᠭᠰᠠᠨ ᠢ ᠨᠢ ᠬᠦᠴᠦᠨ ᠦᠭᠡᠢ ᠪᠣᠯᠭᠠᠬᠤ ᠶᠢ ᠲᠦᠷ ᠵᠣᠭᠰᠣᠭᠠᠯᠭᠠᠬᠤ ᠪᠠᠷ ᠱᠠᠭᠠᠷᠳᠠᠬᠤ | ᠡᠷᠬᠡ ᠲᠠᠢ᠃ | ᠬᠤᠷᠢᠨ ᠭᠤᠷᠪᠠᠳᠤᠭᠠᠷ ᠵᠦᠢᠯ ᠪᠠᠶᠢᠴᠠᠭᠠᠯᠲᠠ ᠪᠠᠷ ᠲᠠᠮᠵᠢᠨ ᠬᠠᠤᠯᠢ ᠪᠤᠰᠤ ᠪᠠᠷ ᠪᠡᠯᠡ | ᠴᠤᠭᠯᠠᠭᠤᠯᠤᠭᠰᠠᠨ ᠳᠤ ᠲᠣᠭᠠᠴᠠᠭᠳᠠᠨ᠎ᠠ ᠭᠡᠵᠦ ᠮᠠᠭᠠᠳᠯᠠᠨ ᠲᠣᠭᠲᠠᠭᠠᠭᠰᠠᠨ ᠪᠠᠶᠢᠪᠠᠯ᠂ ᠬᠠᠤᠯᠢ ᠪᠤᠰᠤ ᠪᠠᠷ ᠪᠡᠯᠡ | ᠴᠤᠭᠯᠠᠭᠤᠯᠤᠭᠰᠠᠨ ᠢ ᠰᠢᠢᠳᠪᠤᠷᠢᠯᠡᠬᠦ ᠳᠤ ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠪᠡᠯᠡ | ᠴᠤᠭᠯᠠᠭᠤᠯᠤᠭᠴᠢ᠂ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠶᠢ ᠵᠠᠷᠯᠢᠭᠳᠠᠵᠤ ᠪᠠᠶᠢᠭᠠᠳ ᠬᠤᠯᠪᠣᠭᠳᠠᠯ ᠪᠦᠬᠦᠢ | ᠬᠠᠤᠯᠢ ᠪᠤᠰᠤ ᠠᠵᠢᠯᠯᠠᠭ᠎ᠠ ᠶᠢ ᠨᠢ ᠲᠡᠷᠡ ᠳᠠᠷᠤᠶ ᠳᠤᠨᠢ ᠵᠣᠭᠰᠣᠭᠠᠯᠭᠠᠬᠤ ᠬᠡᠷᠡᠭᠲᠡᠶ︔ ᠶᠠᠯ᠎ᠠ ᠬᠢᠭᠰᠡᠨ ᠰᠡᠵᠢᠭᠯᠡᠯᠲᠡᠶ | ᠪᠠᠶᠢᠬᠤ ᠶᠢ ᠣᠯᠵᠤ ᠮᠡᠳᠡᠪᠡᠯ᠂ ᠲᠣᠭᠲᠠᠭᠠᠯ ᠶᠣᠰᠣᠭᠠᠷ ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ | ᠲᠤᠬᠠᠶ ᠳᠤᠨᠢ ᠰᠢᠯᠵᠢᠭᠦᠯᠦᠨ ᠬᠦᠷᠭᠡᠬᠦ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ | ᠬᠡᠷᠡᠭᠲᠡᠶ᠃ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠦᠢᠯᠡ | ᠠᠵᠢᠯᠯᠠᠭ᠎ᠠ ᠶᠢ ᠪᠠᠶᠢᠴᠠᠭᠠᠵᠤ ᠮᠠᠭᠠᠳᠯᠠᠨ ᠲᠣᠭᠲᠠᠭᠠᠬᠤ ᠨᠢ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠬᠦ ᠶᠢᠨ ᠵᠠᠪᠠᠯ ᠥᠩᠭᠡᠷᠡᠭᠡᠬᠦ ᠵᠢᠷᠤᠮ ᠪᠢᠰᠢ᠃ | ᠬᠤᠷᠢᠨ ᠳᠥᠷᠪᠡᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠤᠷᠢᠯᠡᠬᠦ | ᠬᠡᠷᠡᠭᠴᠡᠭᠡ ᠶᠢ ᠦᠨᠳᠦᠰᠦᠯᠡᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠤᠷᠢᠯᠡᠬᠦ ᠶᠢᠨ ᠲᠦᠷᠦᠭᠦᠯᠡᠬᠦ | ᠰᠠᠯᠠᠭ᠎ᠠ ᠮᠥᠴᠢᠷ ᠨᠢ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠄ | ︵ᠨᠢᠭᠡ︶ ᠬᠤᠯᠪᠣᠭᠳᠠᠯ ᠪᠦᠬᠦᠢ ᠡᠵᠡᠩᠨᠡᠯᠲᠡ ᠶᠢᠨ ᠲᠠᠯᠠᠪᠤᠷ ᠭᠠᠵᠠᠷ ᠢ ᠪᠠᠶᠢᠴᠠᠭᠠᠨ ᠪᠢᠲᠡᠭᠦᠮᠵᠢᠯᠡᠵᠦ᠂ | ᠬᠤᠯᠪᠣᠭᠳᠠᠯ ᠪᠦᠬᠦᠢ ᠡᠳ᠋ ᠬᠦᠷᠦᠩᠭᠡ ᠶᠢ ᠪᠠᠶᠢᠴᠠᠭᠠᠨ ᠪᠢᠲᠡᠭᠦᠮᠵᠢᠯᠡᠵᠦ᠂ ᠳᠠᠷᠤᠵᠤ ᠠᠪᠬᠤ︔ | ︵ᠬᠤᠶᠠᠷ︶ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠴᠢ᠂ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠬᠤ ᠳᠤ ᠬᠠᠮᠵᠢᠭᠴᠢ ᠶᠢ ᠵᠠᠷᠯᠢᠭᠳᠠᠵᠤ ᠪᠠᠶᠢᠭᠠᠳ ᠬᠤᠯᠪᠣᠭᠳᠠᠯ ᠪᠦᠬᠦᠢ ᠡᠳ᠋ ᠬᠦᠷᠦᠩᠭᠡ ᠶᠢ ᠨᠡᠬᠡᠮᠵᠢᠯᠡᠨ | ᠠᠪᠴᠢᠷᠠᠭᠤᠯᠬᠤ᠂ ᠦᠨ᠎ᠡ ᠬᠤᠪᠢᠷᠠᠭᠤᠯᠤᠨ ᠬᠤᠳᠠᠯᠳᠤᠭᠤᠯᠵᠤ ᠪᠡᠯᠡ ᠮᠥᠩᠭᠦ ᠴᠤᠭᠯᠠᠭᠤᠯᠤᠭᠰᠠᠨ ᠪᠡᠯᠡ ᠮᠥᠩᠭᠦ ᠶᠢ | ᠢᠯᠭᠠᠷᠠᠭᠤᠯᠤᠨ ᠪᠤᠴᠠᠭᠠᠯᠭᠠᠬᠤ ᠳᠤ ᠬᠡᠷᠡᠭᠯᠡᠭᠦᠯᠬᠦ︔ | ︵ᠭᠤᠷᠪᠠ︶ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠠᠴᠠ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠲᠦᠷᠦᠭᠦᠯᠡᠨ ᠬᠢᠬᠦ | ᠰᠠᠯᠠᠭ᠎ᠠ ᠮᠥᠴᠢᠷ ᠢ ᠰᠢᠢᠳᠪᠤᠷᠢᠯᠡᠬᠦ ᠪᠠᠷ ᠲᠣᠭᠲᠠᠭᠠᠵᠤ᠂ ᠲᠣᠭᠲᠠᠭᠠᠯ ᠶᠣᠰᠣᠭᠠᠷ ᠬᠢᠯᠢ ᠪᠠᠷ ᠭᠠᠷᠬᠤ ᠣᠷᠣᠬᠤ | ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠪᠠᠶᠢᠭᠤᠯᠭ᠎ᠠ ᠳᠤ ᠮᠡᠳᠡᠭᠳᠡᠵᠦ᠂ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠤᠭᠰᠠᠨ ᠬᠤᠪᠢ ᠬᠥᠮᠦᠨ ᠪᠤᠶᠤ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠨᠢᠭᠡᠴᠢ ᠶᠢᠨ | ᠬᠤᠪᠢ ᠡᠵᠡᠮᠳᠡᠬᠦ ᠬᠤᠪᠢ ᠣᠷᠣᠭᠤᠯᠤᠭᠴᠢ ᠶᠢ ᠬᠢᠵᠠᠭᠠᠷᠯᠠᠨ᠎ᠠ᠃ | ᠬᠤᠷᠢᠨ ᠲᠠᠪᠤᠳᠤᠭᠠᠷ ᠵᠦᠢᠯ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠴᠢ᠂ ᠬᠠᠤᠯᠢ ᠪᠤᠰᠤ ᠪᠠᠷ | ᠪᠡᠯᠡ ᠮᠥᠩᠭᠦ ᠴᠤᠭᠯᠠᠭᠤᠯᠬᠤ ᠳᠤ ᠬᠠᠮᠵᠢᠭᠴᠢ ᠨᠢ ᠪᠡᠯᠡ ᠮᠥᠩᠭᠦ ᠴᠤᠭᠯᠠᠭᠤᠯᠬᠤ ᠳᠤ ᠣᠷᠣᠯᠴᠠᠭᠰᠠᠳ ᠲᠤ ᠪᠡᠯᠡ | ᠮᠥᠩᠭᠦ ᠴᠤᠭᠯᠠᠭᠤᠯᠤᠭᠰᠠᠨ ᠪᠡᠯᠡ ᠮᠥᠩᠭᠦ ᠪᠠᠨ ᠢᠯᠭᠠᠷᠠᠭᠤᠯᠤᠨ ᠪᠤᠴᠠᠭᠠᠬᠤ ᠬᠡᠷᠡᠭᠲᠡᠶ᠃ ᠢᠯᠭᠠᠷᠠᠭᠤᠯᠤᠨ ᠪᠤᠴᠠᠭᠠᠬᠤ | ᠶᠠᠪᠤᠴᠠ ᠳᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠤᠷᠢᠯᠡᠬᠦ ᠶᠢᠨ ᠲᠦᠷᠦᠭᠦᠯᠡᠬᠦ ᠰᠠᠯᠠᠭ᠎ᠠ ᠮᠥᠴᠢᠷ ᠤᠨ | ᠬᠢᠨᠠᠯᠲᠠ ᠶᠢ ᠬᠦᠯᠢᠶᠡᠬᠦ ᠬᠡᠷᠡᠭᠲᠡᠶ᠃ | ᠶᠠᠮᠠᠷᠪᠠ ᠨᠢᠭᠡᠴᠢ ᠪᠠ ᠬᠤᠪᠢ ᠬᠥᠮᠦᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢᠨ ᠳᠤᠮᠳᠠ ᠠᠴᠠ | ᠠᠵᠤ ᠠᠬᠤᠶ ᠶᠢᠨ ᠠᠰᠢᠭ ᠲᠤᠰᠠ ᠣᠯᠵᠤ ᠪᠣᠯᠬᠤ ᠦᠭᠡᠢ᠃ | ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠣᠷᠣᠯᠴᠠᠭᠰᠠᠨ ᠠᠴᠠ ᠪᠤᠯᠵᠤ ᠤᠴᠠᠷᠠᠭᠰᠠᠨ ᠬᠤᠬᠢᠷᠠᠯ ᠢ ᠪᠡᠯᠡ | ᠴᠤᠭᠯᠠᠭᠤᠯᠬᠤ ᠳᠤ ᠣᠷᠣᠯᠴᠠᠭᠰᠠᠳ ᠥᠪᠡᠷ ᠢᠶᠠᠨ ᠡᠭᠦᠷᠭᠡᠯᠡᠨ᠎ᠡ᠃ | ᠬᠤᠷᠢᠨ ᠵᠢᠷᠭᠤᠳᠤᠭᠠᠷ ᠵᠦᠢᠯ ᠪᠡᠯᠡ ᠮᠥᠩᠭᠦ ᠴᠤᠭᠯᠠᠭᠤᠯᠤᠭᠰᠠᠨ ᠪᠡᠯᠡ ᠮᠥᠩᠭᠦ ᠶᠢ ᠢᠯᠭᠠᠷᠠᠭᠤᠯᠤᠨ | ᠪᠤᠴᠠᠭᠠᠬᠤ ᠪᠡᠯᠡ ᠮᠥᠩᠭᠦ ᠶᠢᠨ ᠢᠷᠡᠯᠲᠡ ᠳᠤ ᠳᠣᠣᠷᠠᠬᠢ ᠵᠦᠢᠯᠡᠰ ᠪᠠᠭᠲᠠᠨ᠎ᠠ᠄ | ︵ᠨᠢᠭᠡ︶ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠪᠡᠯᠡ ᠮᠥᠩᠭᠦ ᠶᠢᠨ ᠦᠯᠡᠳᠡᠪᠦᠷᠢ ᠲᠤᠭ᠎ᠠ︔ | ︵ᠬᠤᠶᠠᠷ︶ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠪᠡᠯᠡ ᠮᠥᠩᠭᠦ ᠶᠢᠨ ᠠᠰᠢᠭ ᠣᠯᠵᠠᠪᠤᠷᠢ ᠪᠤᠶᠤ | ᠰᠣᠯᠢᠭᠰᠠᠨ ᠪᠤᠰᠤᠳ ᠡᠳ᠋ ᠬᠦᠷᠦᠩᠭᠡ ᠵᠢᠴᠢ ᠲᠡᠭᠦᠨ ᠤ ᠠᠰᠢᠭ ᠣᠯᠵᠠᠪᠤᠷᠢ︔ | ︵ᠭᠤᠷᠪᠠ︶ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠵᠢᠴᠢ ᠲᠡᠭᠦᠨ ᠤ ᠬᠤᠪᠢ ᠣᠷᠣᠭᠤᠯᠤᠭᠴᠢ᠂ | ᠪᠣᠳᠠᠲᠠᠶ ᠡᠵᠡᠮᠳᠡᠭᠴᠢ᠂ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠳᠠᠨ ᠪᠠ | ᠪᠤᠰᠤᠳ ᠬᠤᠯᠪᠣᠭᠳᠠᠯ ᠪᠦᠬᠦᠢ ᠬᠥᠮᠦᠰ ᠤᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠳᠤᠮᠳᠠ ᠠᠴᠠ | ᠣᠯᠤᠭᠰᠠᠨ ᠠᠵᠤ ᠠᠬᠤᠶ ᠶᠢᠨ ᠠᠰᠢᠭ ᠲᠤᠰᠠ︔ | ︵ᠲᠦᠷᠪᠡ︶ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠶᠢᠨ ᠨᠢᠭᠤᠨ ᠳᠠᠯᠳᠠᠯᠠᠭᠰᠠᠨ᠂ ᠰᠢᠯᠵᠢᠭᠦᠯᠦᠭᠰᠡᠨ | ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠪᠡᠯᠡ ᠮᠥᠩᠭᠦ ᠪᠤᠶᠤ ᠬᠤᠯᠪᠣᠭᠳᠠᠯ ᠪᠦᠬᠦᠢ ᠡᠳ᠋ ᠬᠦᠷᠦᠩᠭᠡ︔ | ︵ᠲᠠᠪᠤ︶ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠳᠤᠮᠳᠠ ᠠᠴᠠ ᠣᠯᠤᠭᠰᠠᠨ ᠵᠠᠷ ᠤᠨ ᠵᠠᠷᠤᠳᠠᠯ᠂ | ᠣᠷᠣᠯᠠᠨ ᠥᠭᠦᠯᠡᠬᠦ ᠵᠠᠷᠤᠳᠠᠯ᠂ ᠣᠷᠣᠯᠠᠬᠤ ᠵᠠᠷᠤᠳᠠᠯ᠂ ᠲᠠᠯᠠᠷᠬᠠᠯ ᠤᠨ ᠵᠠᠷᠤᠳᠠᠯ᠂ ᠪᠤᠴᠠᠭᠠᠭᠰᠠᠨ ᠵᠠᠷᠤᠳᠠᠯ᠂ | ᠬᠥᠯᠥᠰᠥᠨ ᠮᠥᠩᠭᠦ᠂ ᠬᠤᠪᠢᠳᠠᠯ ᠵᠡᠷᠭᠡ ᠠᠵᠤ ᠠᠬᠤᠶ ᠶᠢᠨ ᠠᠰᠢᠭ ᠲᠤᠰᠠ︔ | ︵ᠵᠢᠷᠭᠤᠭ᠎ᠠ︶ ᠴᠤᠭᠯᠠᠭᠤᠯᠤᠭᠰᠠᠨ ᠪᠡᠯᠡ ᠮᠥᠩᠭᠦ ᠶᠢ ᠢᠯᠭᠠᠷᠠᠭᠤᠯᠤᠨ ᠪᠤᠴᠠᠭᠠᠵᠤ ᠪᠣᠯᠬᠤ ᠪᠤᠰᠤᠳ ᠡᠳ᠋ | ᠬᠦᠷᠦᠩᠭᠡ᠃ | ᠬᠤᠷᠢᠨ ᠳᠣᠯᠣᠳᠤᠭᠠᠷ ᠵᠦᠢᠯ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢᠨ ᠲᠥᠯᠥᠭᠡ | ᠪᠠᠶᠢᠭᠤᠯᠤᠭᠰᠠᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠲᠠᠷᠢᠶᠠᠴᠢᠨ ᠤ | ᠲᠤᠰᠬᠠᠶ ᠠᠵᠢᠯ ᠤᠨ ᠬᠤᠷᠰᠢᠶᠠᠨ ᠤ ᠡᠵᠡᠩᠨᠡᠯᠲᠡ ᠶᠢᠨ ᠦᠨᠡᠮᠯᠡᠯ ᠢ ᠨᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ | ᠰᠠᠯᠠᠭ᠎ᠠ ᠮᠥᠴᠢᠷ ᠠᠴᠠ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠬᠤ ᠶᠢᠨ ᠲᠥᠯᠥᠭᠡ ᠪᠠᠶᠢᠭᠤᠯᠤᠭᠰᠠᠨ ᠰᠦᠯᠵᠢᠶᠡᠨ ᠤ ᠦᠷᠳᠡᠭᠡ᠂ ᠨᠡᠭᠡᠭᠡᠨ ᠬᠥᠭᠵᠢᠭᠦᠯᠦᠭᠰᠡᠨ ᠰᠢᠯᠵᠢᠮᠡᠯ | ᠬᠡᠷᠡᠭᠯᠡᠭᠡᠨ ᠤ ᠫᠷᠤᠭ᠍ᠷᠠᠮ ᠵᠡᠷᠭᠡ ᠢᠨᠲ᠋ᠧᠷ ᠰᠦᠯᠵᠢᠶᠡᠨ ᠤ ᠬᠡᠷᠡᠭᠯᠡᠯᠲᠡ ᠶᠢ ᠴᠠᠬᠢᠯᠭᠠᠨ ᠬᠤᠯᠪᠣᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠬᠠᠭᠠᠨ᠎ᠠ᠃ | ᠬᠤᠷᠢᠨ ᠨᠠᠢᠮᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠰᠠᠯᠪᠤᠷᠢ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ᠂ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠪᠤᠰᠤᠳ | ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠠᠵᠢᠯ ᠢ | ᠰᠢᠢᠳᠪᠦᠷᠢᠯᠡᠬᠦ ᠳᠤ ᠳᠡᠮᠵᠢᠯᠭᠡ ᠦᠵᠡᠭᠦᠯᠵᠦ ᠬᠠᠮᠵᠢᠯᠴᠠᠬᠤ ᠬᠡᠷᠡᠭᠲᠡᠢ᠃ | ᠶᠠᠮᠠᠷᠪᠠ ᠨᠢᠭᠡᠴᠢ ᠪᠠ ᠬᠤᠪᠢ ᠬᠥᠮᠦᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠵᠢᠯ ᠢ | ᠰᠢᠢᠳᠪᠤᠷᠢᠯᠡᠬᠦ ᠶᠢ ᠬᠠᠷᠰᠢᠯᠠᠵᠤ᠂ ᠬᠠᠷᠰᠢᠯᠠᠵᠤ ᠪᠣᠯᠬᠤ ᠦᠭᠡᠢ᠃ | ᠬᠤᠷᠢ ᠶᠢᠰᠦᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠤᠷᠢᠯᠡᠬᠦ ᠶᠠᠪᠤᠴᠠ ᠳᠤ᠂ | ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠦᠲᠦᠮᠵᠢᠲᠡᠶ ᠠᠷᠭ᠎ᠠ ᠬᠡᠮᠵᠢᠶ᠎ᠡ | ᠠᠪᠴᠤ ᠪᠠᠶᠢᠭᠠᠳ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠶ᠃ | ᠳᠥᠷᠪᠡᠳᠦᠭᠡᠷ ᠪᠦᠯᠦᠭ ᠬᠠᠤᠯᠢ ᠶᠢᠨ ᠬᠠᠷᠢᠭᠤᠴᠠᠯᠭ᠎ᠠ | ᠭᠤᠴᠢᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠶᠢ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠢᠢᠳᠪᠦᠷᠢᠯᠡᠬᠦ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ ᠪᠡᠯᠡ ᠴᠤᠭᠯᠠᠭᠤᠯᠤᠭᠰᠠᠨ | ᠵᠣᠭᠤᠰᠣᠨ ᠤ ᠲᠤᠭ᠎ᠠ ᠶᠢᠨ 20% ᠠᠴᠠ ᠳᠡᠭᠡᠭᠰᠢ 1 ᠲᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ | ᠰᠢᠳᠬᠡᠨ᠎ᠡ᠃ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠨᠢ ᠨᠢᠭᠡᠴᠢ ᠪᠣᠯᠤᠭᠰᠠᠨ ᠪᠠᠶᠢᠪᠠᠯ᠂ ᠦᠢᠯᠡ ᠪᠠᠶᠢᠳᠠᠯ ᠤᠨ | ᠬᠦᠨᠳᠦ ᠬᠦᠡᠭᠭᠡᠨ ᠢ ᠨᠢ ᠦᠨᠳᠦᠰᠦᠯᠡᠵᠦ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠠᠵᠢᠯ ᠢ ᠨᠢ ᠵᠣᠭᠰᠣᠭᠠᠵᠤ | ᠪᠣᠯᠤᠨ᠎ᠠ᠂ ᠬᠤᠯᠪᠣᠭᠳᠠᠯ ᠪᠦᠬᠦᠢ ᠪᠠᠶᠢᠭᠤᠯᠭ᠎ᠠ ᠠᠴᠠ ᠬᠠᠤᠯᠢ ᠶᠣᠰᠣᠭᠠᠷ ᠵᠥᠪᠰᠢᠶᠡᠷᠡᠯ ᠤᠨ ᠦᠨᠡᠮᠯᠡᠯ᠂ | ᠡᠵᠡᠩᠨᠡᠯᠲᠡ ᠶᠢᠨ ᠦᠨᠡᠮᠯᠡᠯ ᠪᠤᠶᠤ ᠳᠠᠩᠰᠠᠯᠠᠭᠤᠯᠤᠭᠰᠠᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ | ᠪᠣᠯᠭᠠᠵᠤ ᠪᠣᠯᠤᠨ᠎ᠠ︔ ᠲᠡᠭᠦᠨ ᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠣᠯ ᠬᠠᠷᠢᠭᠤᠴᠠᠯᠭᠠᠲᠠᠨ᠂ | ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠦᠨ ᠢ ᠳᠣᠩᠭᠤᠳᠴᠤ᠂ 50 ᠲᠦᠮᠡᠨ ᠲᠥᠭᠦᠷᠢᠭ ᠠᠴᠠ ᠳᠡᠭᠡᠭᠰᠢ 500 ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢᠨ ᠨᠢᠭᠡᠳᠦᠭᠡᠷ ᠵᠦᠢᠯ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠬᠠᠮᠵᠢᠯᠴᠠᠭᠴᠢ ᠶᠢ | ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠢᠶ᠋ᠳᠪᠦᠷᠢᠯᠡᠬᠦ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ | ᠳᠣᠩᠭᠤᠳᠴᠤ᠂ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠬᠢᠨᠢ 1 ᠲᠠᠬᠢᠨ ᠠᠴᠠ ᠳᠡᠭᠡᠭᠰᠢ 3 | ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢᠨ ᠬᠤᠶᠠᠳᠤᠭᠠᠷ ᠵᠦᠢᠯ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠴᠢ᠂ ᠬᠠᠤᠯᠢ | ᠪᠤᠰᠤ ᠪᠠᠷ ᠪᠡᠯᠡ ᠮᠥᠩᠭᠦ ᠴᠤᠭᠯᠠᠭᠤᠯᠬᠤ ᠳᠤ ᠬᠠᠮᠵᠢᠭᠴᠢ ᠡᠭᠦᠷᠭᠡᠯᠡᠭᠰᠡᠨ ᠪᠡᠯᠡ ᠮᠥᠩᠭᠦ ᠴᠤᠭᠯᠠᠭᠤᠯᠤᠭᠰᠠᠨ ᠪᠡᠯᠡ | ᠮᠥᠩᠭᠦ ᠶᠢ ᠢᠯᠭᠠᠷᠠᠭᠤᠯᠤᠨ ᠪᠤᠴᠠᠭᠠᠬᠤ ᠪᠠ ᠲᠣᠷᠭᠠᠭᠤᠯᠢ ᠶᠢᠨ ᠵᠣᠭᠤᠰ ᠢ ᠲᠤᠰᠢᠶᠠᠬᠤ ᠡᠭᠦᠷᠭᠡ ᠪᠠᠨ ᠬᠠᠮᠲᠤ ᠳᠤᠨᠢ | ᠭᠦᠢᠴᠡᠳᠬᠡᠵᠦ ᠳᠡᠶᠢᠯᠬᠦ ᠦᠭᠡᠢ ᠦᠶ᠎ᠡ ᠳᠤ᠂ ᠪᠡᠯᠡ ᠮᠥᠩᠭᠦ ᠴᠤᠭᠯᠠᠭᠤᠯᠤᠭᠰᠠᠨ ᠪᠡᠯᠡ ᠮᠥᠩᠭᠦ ᠶᠢ ᠤᠷᠢᠳ ᠢᠶᠠᠷ | ᠢᠯᠭᠠᠷᠠᠭᠤᠯᠤᠨ ᠪᠤᠴᠠᠭᠠᠨ᠎ᠠ᠃ | ᠭᠤᠴᠢᠨ ᠭᠤᠷᠪᠠᠳᠤᠭᠠᠷ ᠵᠤᠶᠢᠯ ᠲᠣᠰ ᠲᠦᠷᠢᠮ ᠤᠨ ᠶᠣᠰᠣᠭᠠᠷ ᠵᠠᠰᠠᠭ ᠵᠠᠬᠢᠷᠭᠠᠨ ᠤ ᠰᠢᠳᠬᠡᠯ | ᠣᠯᠤᠭᠰᠠᠨ ᠬᠠᠤᠯᠢ ᠪᠤᠰᠤ ᠪᠠᠷ ᠪᠠᠯᠠ ᠴᠤᠭᠯᠠᠭᠤᠯᠤᠭᠴᠢ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ | ᠬᠠᠪᠰᠤᠷᠤᠭᠴᠢ ᠳᠤ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠢᠲᠡᠭᠡᠮᠵᠢ ᠶᠢᠨ ᠲᠡᠮᠳᠡᠭᠯᠡᠯ ᠬᠢᠵᠦ᠂ ᠲᠣᠭᠲᠠᠭᠠᠯ | ᠶᠣᠰᠣᠭᠠᠷ ᠢᠲᠡᠭᠡᠮᠵᠢ ᠶᠢᠨ ᠲᠡᠮᠳᠡᠭᠯᠡᠯ ᠢ ᠨᠢ ᠪᠥᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ | ᠭᠥᠷᠳᠡᠬᠦ ᠲᠠᠪᠴᠠᠩ ᠳᠤ ᠣᠷᠣᠭᠤᠯᠤᠨ᠎ᠠ᠃ | ᠭᠤᠴᠢᠨ ᠳᠥᠷᠪᠡᠳᠦᠭᠡᠷ ᠵᠦᠢᠯ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ | ᠬᠠᠩᠭᠠᠭᠴᠢ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠡᠵᠢᠭᠯᠡᠯᠲᠡᠶ ᠮᠡᠳᠡᠭᠡ ᠵᠠᠩᠭᠢ ᠶᠢ ᠰᠡᠷᠭᠡᠶᠢᠯᠡᠬᠦ ᠪᠠ | ᠰᠢᠢᠳᠪᠦᠷᠢᠯᠡᠬᠦ ᠡᠭᠦᠷᠭᠡ ᠪᠠᠨ ᠭᠦᠢᠴᠡᠳᠬᠡᠭᠰᠡᠨ ᠦᠭᠡᠢ ᠪᠠᠶᠢᠪᠠᠯ᠂ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠳᠣᠩᠭᠤᠳᠴᠤ᠂ ᠬᠠᠤᠯᠢ ᠶᠢ ᠵᠥᠷᠢᠴᠡᠵᠦ ᠣᠯᠤᠭᠰᠠᠨ | ᠣᠯᠵᠠ ᠠᠰᠢᠭ ᠢ ᠨᠢ ᠬᠤᠷᠢᠶᠠᠨ ᠠᠪᠤᠨ᠎ᠠ︔ ᠵᠠᠯᠠᠷᠠᠭᠤᠯᠬᠤ ᠶᠢ ᠲᠡᠪᠴᠢᠭᠰᠡᠨ ᠪᠤᠶᠤ ᠦᠢᠯᠡ ᠪᠠᠶᠢᠳᠠᠯ ᠨᠢ ᠬᠦᠨᠳᠦ | ᠨᠣᠴᠢᠲᠠᠶ ᠪᠠᠶᠢᠪᠠᠯ᠂ 10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠳᠬᠡᠬᠦ ᠪᠥᠭᠡᠳ ᠦᠢᠯᠡ ᠪᠠᠶᠢᠳᠠᠯ ᠤᠨ ᠬᠢᠨᠢ ᠬᠦᠨᠳᠦ ᠬᠦᠡᠭᠭᠡᠨ ᠢ ᠦᠨᠳᠦᠰᠦᠯᠡᠨ | ᠵᠠᠷᠯᠢᠭᠳᠠᠵᠤ ᠪᠠᠶᠢᠭᠠᠳ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠨᠢ ᠲᠦᠷ ᠵᠣᠭᠰᠣᠭᠠᠬᠤ᠂ ᠠᠵᠢᠯ ᠢ ᠨᠢ | ᠵᠣᠭᠰᠣᠭᠠᠨ ᠴᠡᠭᠴᠡᠯᠡᠭᠦᠯᠬᠦ᠂ ᠰᠦᠯᠵᠢᠶᠡᠨ ᠤ ᠦᠷᠳᠡᠭᠡ ᠶᠢ ᠨᠢ ᠬᠠᠭᠠᠬᠤ᠂ ᠬᠤᠯᠪᠣᠭᠳᠠᠯ ᠪᠦᠬᠦᠢ ᠲᠤᠬᠠᠶᠢᠯᠠᠭᠰᠠᠨ | ᠠᠵᠢᠯ ᠤᠨ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠤᠶᠤ | ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ᠂ ᠰᠢᠭᠤᠳ ᠬᠠᠷᠢᠭᠤᠴᠠᠵᠤ | ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠢ 1 ᠲᠦᠮᠡᠨ | ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠵᠦ | ᠪᠣᠯᠤᠨ᠎ᠠ᠃ | ᠵᠠᠷ ᠡᠵᠡᠩᠨᠡᠭᠴᠢ᠂ ᠵᠠᠷ ᠨᠡᠶᠢᠲᠡᠯᠡᠭᠴᠢ ᠬᠤᠯᠪᠣᠭᠳᠠᠯ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠢ ᠲᠣᠭᠲᠠᠭᠠᠯ | ᠶᠣᠰᠣᠭᠠᠷ ᠪᠠᠶᠢᠴᠠᠭᠠᠨ ᠰᠢᠯᠭᠠᠵᠤ᠂ ᠵᠠᠷ ᠤᠨ ᠠᠭᠤᠯᠭ᠎ᠠ ᠶᠢ ᠬᠠᠷᠭᠤᠭᠤᠯᠤᠭᠰᠠᠨ ᠦᠭᠡᠢ ᠪᠠᠶᠢᠪᠠᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠬᠤ ᠶᠢᠨ ᠬᠠᠮᠲᠤ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠤᠨ ᠬᠠᠤᠯᠢ︾ ᠶᠢᠨ ᠲᠣᠭᠲᠠᠭᠠᠯ ᠶᠣᠰᠣᠭᠠᠷ | ᠰᠢᠳᠬᠡᠨ᠎ᠡ᠃ | ᠭᠤᠴᠢᠨ ᠲᠠᠪᠤᠳᠤᠭᠠᠷ ᠵᠦᠢᠯ ᠮᠥ᠋ᠩᠭᠦᠨ ᠭᠦᠢᠯᠭᠡᠭᠡᠨ ᠤ ᠪᠠᠶᠢᠭᠤᠯᠤᠮᠵᠢ᠂ ᠪᠠᠩᠬᠢ ᠶᠢᠨ ᠪᠤᠰᠤ | ᠲᠥᠯᠥᠪᠦᠷᠢ ᠶᠢᠨ ᠪᠠᠶᠢᠭᠤᠯᠤᠮᠵᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠡᠭᠦᠷᠭᠡ ᠪᠠᠨ | ᠭᠦᠢᠴᠡᠳᠬᠡᠭᠰᠡᠨ ᠦᠭᠡᠢ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠲᠡᠭᠦᠨ ᠤ ᠰᠠᠯᠪᠤᠷᠢ ᠪᠠᠶᠢᠭᠤᠯᠤᠮᠵᠢ᠂ ᠲᠣᠮᠢᠯᠠᠭᠰᠠᠨ | ᠪᠠᠶᠢᠭᠤᠯᠤᠮᠵᠢ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠠᠷᠯᠢᠭᠳᠠᠨ | ᠵᠠᠯᠠᠷᠠᠭᠤᠯᠤᠭᠤᠯᠵᠤ᠂ ᠳᠣᠩᠭᠤᠳᠴᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ | ᠠᠪᠤᠨ᠎ᠠ︔ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ 100 ᠲᠦᠮᠡᠨ ᠲᠥᠭᠦᠷᠢᠭ ᠠᠴᠠ ᠳᠡᠭᠡᠭᠰᠢ 500 | ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠵᠦ᠂ ᠰᠢᠭᠤᠳ ᠬᠠᠷᠢᠭᠤᠴᠠᠵᠤ ᠪᠠᠶᠢᠭ᠎ᠠ | ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠢ ᠳᠣᠩᠭᠤᠳᠴᠤ᠂ 10 | ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠳᠬᠡᠨ᠎ᠡ᠃ | ᠭᠤᠴᠢᠨ ᠵᠢᠷᠭᠤᠳᠤᠭᠠᠷ ᠵᠦᠢᠯ ᠪᠠᠶᠢᠴᠠᠭᠠᠭᠳᠠᠵᠤ ᠪᠠᠶᠢᠭ᠎ᠠ ᠬᠡᠷᠡᠭ ᠲᠤ ᠬᠤᠯᠪᠣᠭᠳᠠᠬᠤ ᠨᠢᠭᠡᠴᠢ ᠪᠠ ᠬᠤᠪᠢ | ᠬᠥᠮᠦᠨ ᠪᠠᠶᠢᠴᠠᠭᠠᠯᠲᠠ ᠳᠤ ᠬᠠᠮᠵᠢᠯᠴᠠᠬᠤ ᠦᠭᠡᠢ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠮᠠᠲ᠋ᠧᠷᠢᠶᠠᠯ᠂ | ᠡᠯᠧᠺᠲᠷᠣᠨ ᠳ᠋ᠠᠶᠢᠲ᠋ᠠ ᠵᠡᠷᠭᠡ ᠶᠢ ᠬᠠᠩᠭᠠᠬᠤ ᠶᠢ ᠲᠡᠪᠴᠢᠭᠰᠡᠨ ᠪᠤᠶᠤ ᠬᠤᠳᠠᠯ ᠬᠠᠭᠤᠷᠮᠠᠭ ᠪᠢᠴᠢᠭ ᠮᠠᠲ᠋ᠧᠷᠢᠶᠠᠯ᠂ | ᠮᠠᠲ᠋ᠧᠷᠢᠶᠠᠯ᠂ ᠡᠯᠧᠺᠲᠷᠣᠨ ᠳ᠋ᠠᠶᠢᠲ᠋ᠠ ᠵᠡᠷᠭᠡ ᠶᠢ ᠬᠠᠩᠭᠠᠭᠰᠠᠨ ᠪᠠᠶᠢᠪᠠᠯ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠰᠢᠢᠳᠪᠦᠷᠢᠯᠡᠬᠦ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠳᠣᠩᠭᠤᠳᠴᠤ᠂ | 5 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠳᠬᠡᠨ᠎ᠡ᠃ | ᠪᠠᠶᠢᠴᠠᠭᠠᠬᠤ ᠠᠵᠢᠯᠳᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠠᠷᠰᠢᠯᠠᠵᠤ᠂ | ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ | ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠭᠤᠴᠢᠨ ᠳᠣᠯᠣᠳᠤᠭᠠᠷ ᠵᠦᠢᠯ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠳᠣᠣᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠠᠤᠯᠢ ᠶᠣᠰᠣᠭᠠᠷ ᠰᠢᠳᠬᠡᠯ ᠥᠭᠭᠦᠨ᠎ᠡ᠄ | ︵ᠨᠢᠭᠡ︶ ᠡᠷᠬᠢᠯᠡᠨ ᠬᠠᠮᠢᠶᠠᠷᠴᠤ᠂ ᠬᠢᠨᠠᠨ ᠬᠠᠮᠢᠶᠠᠷᠴᠤ ᠪᠠᠶᠢᠭ᠎ᠠ ᠨᠢᠭᠡᠴᠢ ᠶᠢᠨ ᠬᠠᠤᠯᠢ ᠪᠤᠰᠤ ᠪᠠᠷ ᠪᠡᠯᠡ | ᠮᠥᠩᠭᠦ ᠴᠤᠭᠯᠠᠭᠤᠯᠤᠭᠰᠠᠨ ᠦᠢᠯᠡ ᠠᠵᠢᠯᠯᠠᠭ᠎ᠠ ᠲᠠᠢ ᠪᠠᠶᠢᠬᠤ ᠶᠢ ᠲᠣᠳᠣᠷᠬᠠᠶ ᠮᠡᠳᠡᠵᠦ ᠪᠠᠶᠢᠭᠠᠳ ᠬᠠᠤᠯᠢ ᠶᠣᠰᠣᠭᠠᠷ | ᠴᠠᠭ ᠲᠤᠬᠠᠶ ᠳᠤᠨᠢ ᠰᠢᠢᠳᠪᠤᠷᠢᠯᠡᠭᠰᠡᠨ ᠦᠭᠡᠢ︔ | ︵ᠬᠤᠶᠠᠷ︶ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠲᠤᠰᠢᠶᠠᠯ ᠬᠠᠷᠢᠭᠤᠴᠠᠯᠭ᠎ᠠ ᠪᠠᠨ | ᠲᠣᠭᠲᠠᠭᠠᠯ ᠶᠣᠰᠣᠭᠠᠷ ᠴᠠᠭ ᠲᠤᠬᠠᠶ ᠳᠤᠨᠢ ᠭᠦᠢᠴᠡᠳᠬᠡᠭᠰᠡᠨ ᠦᠭᠡᠢ᠂ ᠡᠰᠡᠬᠦᠯ᠎ᠡ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠤᠨ ᠰᠢᠢᠳᠪᠦᠷᠢᠯᠡᠬᠦ ᠳᠤ ᠬᠠᠮᠵᠢᠯᠴᠠᠭᠰᠠᠨ ᠦᠭᠡᠢ ᠠᠴᠠ ᠪᠤᠯᠵᠤ ᠬᠦᠨᠳᠦ ᠨᠣᠴᠢᠲᠠᠶ ᠤᠷᠰᠢᠭ ᠲᠠᠲᠠᠭᠰᠠᠨ︔ | | ︵ᠭᠤᠷᠪᠠ︶ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠶ᠋ᠳᠪᠦᠷᠢᠯᠡᠬᠦ ᠶᠠᠪᠤᠴᠠ ᠳᠤ ᠡᠷᠬᠡ | ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ | ᠨᠠᠶᠢᠷ ᠢᠶᠠᠷ ᠬᠠᠤᠯᠢ ᠶᠣᠰᠣ ᠶᠢ ᠵᠥᠷᠢᠴᠡᠬᠦ︔ | ︵ᠲᠦᠷᠪᠡ︶ ᠡᠭᠦᠷᠭᠡ ᠲᠤᠰᠢᠶᠠᠯ ᠤᠨ ᠤᠢᠢᠯᠠ ᠠᠵᠢᠯᠯᠠᠭ᠎ᠠ ᠪᠠᠷ ᠪᠤᠶᠤ ᠡᠭᠦᠷᠭᠡ ᠲᠤᠰᠢᠶᠠᠯ ᠤᠨ ᠨᠥᠯᠥᠭᠡ ᠪᠠᠨ | ᠠᠰᠢᠭᠯᠠᠨ ᠬᠠᠤᠯᠢ ᠪᠤᠰᠤ ᠪᠠᠷ ᠪᠡᠯᠠ ᠴᠤᠭᠯᠠᠭᠤᠯᠬᠤ ᠶᠢ ᠲᠡᠮᠵᠢᠵᠦ᠂ ᠥᠮᠥᠭᠯᠡᠵᠦ᠂ ᠳᠤᠷ᠎ᠠ ᠪᠠᠷ ᠨᠢ ᠲᠠᠯᠪᠢᠬᠤ᠃ | ᠡᠮᠦᠨᠡᠬᠢ ᠪᠠᠳᠠᠭ ᠲᠤ ᠲᠣᠭᠲᠠᠭᠠᠭᠰᠠᠨ ᠤᠢᠢᠯᠠ ᠠᠵᠢᠯᠯᠠᠭ᠎ᠠ ᠨᠢ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠤᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠭᠤᠴᠢᠨ ᠨᠠᠢᠮᠠᠳᠤᠭᠠᠷ ᠵᠦᠢᠯ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ | ᠲᠤᠰ ᠲᠦᠷᠢᠮ ᠢ ᠦᠨᠳᠦᠰᠦᠯᠡᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ | ᠠᠵᠢᠯ ᠤᠨ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ ᠪᠣᠯᠤᠨ᠎ᠠ᠃ | ᠭᠤᠴᠢ ᠶᠢᠰᠦᠳᠦᠭᠡᠷ ᠵᠦᠢᠯ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠦᠭᠡᠢ ᠪᠤᠶᠤ ᠤᠯᠤᠰ ᠤᠨ | ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠵᠦ᠂ ᠳᠤᠷ᠎ᠠ ᠪᠠᠷ ᠢᠶᠠᠨ ᠵᠢᠭᠡᠯᠡᠯᠭᠡ ᠲᠠᠯᠪᠢᠬᠤ᠂ | ᠲᠣᠭᠠᠴᠠᠭ᠎ᠠ ᠬᠢᠵᠦ ᠲᠠᠰᠤᠯᠤᠨ ᠪᠤᠳᠤᠬᠤ᠂ ᠫᠢᠶᠣᠣ ᠪᠠᠷᠢᠮᠲᠠ ᠪᠠᠷ ᠰᠠᠭᠤᠳᠬᠠᠯᠲᠠᠶ ᠪᠡᠯᠡᠨ ᠵᠣᠭᠤᠰ ᠰᠣᠯᠢᠬᠤ ᠵᠡᠷᠭᠡ | ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠬᠢᠭᠰᠡᠨ ᠪᠠᠶᠢᠪᠠᠯ᠂ ᠲᠦᠷᠦ ᠶᠢᠨ ᠶᠠᠪᠤᠳᠠᠯ ᠤᠨ | ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠰᠢᠢᠳᠪᠤᠷᠢᠯᠡᠨ᠎ᠡ᠃ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠪᠤᠰᠤᠳ ᠬᠠᠤᠯᠢ ᠪᠤᠰᠤ ᠮᠥᠩᠭᠦᠨ | ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠤᠬᠠᠶ ᠲᠣᠳᠣᠷᠬᠠᠶ | ᠲᠣᠭᠲᠠᠭᠠᠯ ᠦᠭᠡᠢ ᠪᠠᠶᠢᠪᠠᠯ᠂ ᠲᠤᠰ ᠲᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ | ᠬᠡᠷᠡᠭᠵᠢᠭᠦᠯᠦᠨ᠎ᠡ᠃ ᠪᠤᠰᠤᠳ ᠬᠠᠤᠯᠢ ᠪᠤᠰᠤ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢᠨ | ᠪᠣᠳᠠᠲᠠᠶ ᠲᠦᠷᠦᠯ ᠵᠦᠢᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠳᠡ ᠶᠢᠨ | ᠰᠠᠯᠠᠭ᠎ᠠ ᠮᠦᠴᠢᠷ ᠲᠤᠭᠳᠠᠭᠠᠨ᠎ᠠ᠃ | ᠳᠥᠴᠢᠳᠦᠭᠡᠷ ᠵᠦᠢᠯ ᠲᠤᠰ ᠲᠦᠷᠢᠮ ᠢ 2021 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ 1998 ᠣᠨ ᠤ 7 ᠰᠠᠷ᠎ᠠ ᠶᠢᠨ 13 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠠᠴᠠ | ᠨᠡᠶᠢᠲᠡᠯᠡᠭᠰᠡᠨ ︽ᠬᠠᠤᠯᠢ ᠪᠤᠰᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠬᠠᠤᠯᠢ ᠪᠤᠰᠤ ᠮᠥᠩᠭᠦᠨ | ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠴᠠᠭᠠᠵᠠᠯᠠᠬᠤ ᠠᠷᠭ᠎ᠠ︾ ᠶᠢ ᠳᠠᠭᠠᠤ ᠳᠤᠨᠢ ᠬᠦᠴᠦᠨ | ᠦᠬᠡᠢ ᠪᠤᠯᠭᠠᠨ᠎ᠠ᠃ | | ᠢᠷᠡᠯᠲᠡ᠄ ᠰᠢᠨᠬᠤᠸᠠ ᠬᠤᠷᠢᠶ᠎ᠠ |