2022 ᠣᠨ ᠤ 1 ᠰᠠᠷ᠎ᠠ ᠶᠢᠨ 8 ᠤ ᠡᠳᠦᠷ ᠯᠢᠶᠠᠩᠴᠧᠩ ᠰᠢᠶᠠᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ | | ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠵᠧᠩ ᠳ᠋ᠦᠩ ᠫᠢᠩ | | ᠲᠥᠯᠥᠭᠡᠯᠡᠭᠴᠢᠳ ᠡ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | | ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ | | ᠰᠢᠶᠠᠨ ᠤ ᠠᠷᠠᠳ ᠤᠨ ᠲᠥᠯᠥᠭᠡᠯᠡᠭᠴᠢᠳ ᠤᠨ ᠠᠷᠪᠠᠨ ᠲᠠᠪᠤᠳᠤᠭᠠᠷ ᠶᠡᠭᠡ ᠬᠤᠷᠠᠯ ᠤᠨ ᠠᠩᠬᠠᠳᠤᠭᠠᠷ | ᠬᠤᠷᠠᠯᠳᠤᠭᠠᠨ ᠠᠴᠠ ᠨᠠᠰᠢ᠂ ᠬᠤᠷᠸ᠎ᠠ ᠠᠵᠤ ᠠᠬᠤᠶ ᠶᠢᠨ ᠦᠷᠭᠦᠯᠵᠢᠯᠡᠨ ᠪᠠᠭᠤᠷᠠᠬᠤ᠂ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠲᠠ ᠵᠡᠷᠭᠡ ᠠᠯᠢ ᠣᠯᠠᠨ ᠠᠰᠢᠭ ᠦᠭᠡᠶ | ᠨᠥᠯᠥᠭᠡ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ︽ᠵᠢᠷᠭᠤᠭ᠎ᠠ ᠶᠢ ᠲᠣᠭᠲᠠᠭᠤᠨ︾ ︽ | ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠠ ᠲᠣᠬᠢᠶᠠᠯ ᠢ ᠠᠮᠵᠢᠬᠤ ᠶᠢᠨ | ᠳᠤᠮᠳᠠ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠥᠷᠢᠰᠥᠯᠳᠦᠭᠡᠨ ᠢ ᠠᠷᠭᠠᠴᠠᠬᠤ ᠶᠢᠨ ᠳᠤᠮᠳᠠ ᠰᠥᠷᠭᠡᠦ | ᠪᠠᠶᠢᠳᠠᠯ ᠢ ᠰᠥᠷᠥᠨ ᠰᠢᠪᠲᠤᠯᠵᠤ᠂ ᠲᠣᠭᠲᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠶᠡᠷᠦᠩᠬᠡᠢ ᠳᠡᠭᠡᠨ ᠲᠣᠭᠲᠠᠭᠤᠨ᠂ | ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠵᠡᠢ᠃ 2021 ᠣᠨ ᠳᠤ᠂ ᠵᠢᠱᠢᠯᠲᠡ ᠪᠠᠷ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 48.87 ᠳ᠋ᠦᠩᠰᠢᠭᠤᠷ ᠲᠥᠭᠦᠷᠢᠭ ᠢ ᠪᠡᠶᠡᠯᠡᠭᠦᠯᠦᠨ᠎ᠡ︔ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2 ᠳ᠋ᠦᠩᠰᠢᠭᠤᠷ ᠲᠥᠭᠦᠷᠢᠭ ᠪᠡᠶᠡᠯᠡᠭᠦᠯᠪᠡ︔ | ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 11᠂ 85 ᠳ᠋ᠦᠩᠰᠢᠭᠤᠷ | ᠲᠥᠭᠦᠷᠢᠭ ᠲᠤ ᠬᠦᠷᠴᠡᠶ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 16 ᠳ᠋ᠦᠩᠰᠢᠭᠤᠷ ᠲᠥᠭᠦᠷᠢᠭ ᠲᠤ | ᠬᠦᠷᠴᠡᠢ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠲᠣᠰ ᠲᠣᠰ 34090 ᠲᠥᠭᠦᠷᠢᠭ ᠪᠠ 15880 ᠲᠥᠭᠦᠷᠢᠭ ᠪᠡᠶᠡᠯᠡᠭᠦᠯᠪᠡ᠃ ᠭᠤᠷᠪᠠᠨ ᠠᠵᠤ | ᠦᠢᠯᠡᠰ ᠤᠨ ᠪᠦᠲᠦᠴᠡ ᠶᠢ 2017 ᠣᠨ ᠤ 27.2᠄ 38.1᠄ 34.7 ᠪᠠᠶᠢᠭᠰᠠᠨ ᠠᠴᠠ 2021 ᠣᠨ ᠤ 19. | 3᠄ 29.8᠄ 50.9 ᠪᠣᠯᠭᠠᠨ ᠲᠤᠬᠢᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠡᠷᠴᠢ ᠵᠣᠷᠢᠭ ᠨᠡᠩ | ᠲᠡᠭᠦᠯᠳᠡᠷ ᠪᠣᠯᠵᠠᠢ᠃ ︽ᠭᠤᠷᠪᠠᠨ ᠠᠵᠤ ᠦᠢᠯᠡᠰ ᠤᠨ ᠪᠦᠲᠦᠴᠡ ᠶᠢ 2017 ᠣᠨ ᠤ 27.2᠄ 38.1᠄ | 34.7 ᠪᠠᠶᠢᠭᠰᠠᠨ ᠠᠴᠠ 2021 ᠣᠨ ᠤ 19.3᠄ 29.8᠄ 50.9 ᠪᠣᠯᠭᠠᠨ ᠲᠤᠬᠢᠷᠠᠭᠤᠯᠵᠤ᠂ ᠠᠵᠤ | ᠠᠬᠤᠢ ᠶᠢᠨ ᠬᠥᠭᠵᠢᠯᠲᠡ ᠶᠢᠨ ᠡᠷᠴᠢ ᠵᠣᠷᠢᠭ ᠨᠡᠩ ᠲᠡᠭᠦᠯᠳᠡᠷ ᠪᠣᠯᠵᠠᠢ᠃ | — — ᠭᠤᠷᠪᠠᠨ ᠶᠡᠭᠡ ᠪᠡᠷᠬᠡ ᠰᠡᠳᠦᠪ ᠢ ᠰᠢᠢᠳᠪᠤᠷᠢᠯᠡᠬᠦ ᠳᠠᠶᠢᠯᠠᠯᠳᠤᠭᠠᠨ ᠰᠢᠢᠳᠪᠤᠷᠢᠯᠡᠭᠴᠢ | ᠴᠢᠨᠠᠷᠲᠠᠶ ᠠᠮᠵᠢᠯᠲᠠ ᠪᠦᠲᠦᠮᠵᠢ ᠤᠯᠪᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠬᠦ | ᠠᠵᠢᠯ ᠪᠦᠬᠦ ᠲᠠᠯ᠎ᠠ ᠪᠠᠷ ᠢᠯᠠᠯᠲᠠ ᠤᠯᠪᠠ᠃ ᠢᠮᠠᠭᠲᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ | ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠨᠢᠭᠡᠳᠦᠭᠡᠷ ᠢᠨᠵᠧᠨᠧᠷᠢᠩ | ᠪᠣᠯᠭᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠦᠨ ᠡᠷᠡᠯᠬᠡᠭᠯᠡᠨ ᠪᠠᠶᠢᠯᠳᠤᠵᠤ᠂ 9639 | ᠡᠷᠤᠭᠡ ᠶᠢᠨ 21205 ᠨᠡᠷ᠎ᠡ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠢ ᠬᠥᠮᠦᠨ | ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 51 ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠢ ᠲᠣᠰᠬᠤᠨ | ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 2019 ᠣᠨ ᠳᠤ ᠶᠠᠳᠠᠭᠤ ᠬᠦᠴᠢᠷᠳᠡᠯᠲᠡᠢ ᠰᠢᠶᠠᠨ ᠤ ᠮᠠᠯᠠᠭᠠᠢ ᠶᠢ | ᠲᠠᠶᠠᠭᠳᠠᠵᠤ᠂ ᠲᠦᠢᠯ ᠤᠨ ᠶᠠᠳᠠᠭᠤ ᠬᠦᠴᠢᠷᠳᠡᠯ ᠢ ᠠᠷᠢᠯᠭᠠᠬᠤ ᠬᠠᠲᠠᠭᠤ ᠪᠡᠷᠬᠡ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ᠰᠢᠶᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ | ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠠᠮᠲᠤ︾ ᠭᠡᠬᠦ | ᠢᠷᠠᠭᠤ ᠠᠯᠳᠠᠷ ᠤᠨ ᠴᠣᠯᠠ ᠶᠢ ᠬᠦᠷᠳᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ ᠠᠵᠢᠯ ᠶᠠᠭ ᠲᠣᠭᠲᠠᠭᠤᠨ ᠢᠶᠠᠷ ᠶᠠᠪᠤᠭᠳᠠᠵᠤ ᠪᠠᠶᠢᠨ᠎ᠠ᠃ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠤᠬᠠᠮᠰᠠᠷ ᠠᠴᠠ ᠪᠠᠨ ︽ᠬᠤᠶᠠᠷ ᠬᠠᠮᠠᠭᠠᠯᠠᠯᠲᠠ︾ ᠶᠢ ᠦᠢᠯᠡᠳᠦᠯᠭᠡᠵᠢᠭᠦᠯᠵᠦ᠂ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾ ᠳᠤ ᠬᠠᠷᠢᠭᠤ | ᠲᠤᠰᠬᠠᠭᠰᠠᠨ 20 ᠵᠦᠢᠯ ᠤᠨ ᠠᠰᠠᠭᠤᠳᠠᠯ ᠢ ᠪᠦᠬᠦᠨ ᠢ ᠬᠦᠴᠦᠨ ᠦᠭᠡᠢ ᠪᠣᠯᠭᠠᠪᠠ᠃ ᠲᠠᠭ᠎ᠠ ᠶᠢᠨ ᠨᠠᠭᠤᠷ ᠤᠨ | ᠵᠠᠰᠠᠯᠲᠠ ᠱᠠᠲᠤ ᠦᠶ᠎ᠡ ᠶᠢᠨ ᠴᠢᠨᠠᠷᠲᠠᠶ ᠠᠬᠢᠴᠠ ᠲᠠᠢ ᠪᠣᠯᠵᠣ᠂ ᠨᠡᠶᠢᠲᠡ 56 ᠳ᠋ᠦᠩᠰᠢᠭᠤᠷ ᠲᠥᠭᠦᠷᠢᠭ ᠤᠨ ᠪᠠᠯᠠ | ᠮᠥᠩᠭᠦ ᠣᠷᠣᠭᠤᠯᠵᠤ᠂ ︽ᠨᠢᠭᠡ ᠳᠤ ᠨᠢᠭᠡ ᠶᠢ ᠪᠤᠶᠢᠵᠢᠭᠤᠯᠵᠤ ᠨᠢᠭᠡ ᠶᠢ ᠴᠠᠭᠠᠵᠠᠯᠠᠬᠤ᠂ ᠬᠤᠶᠠᠷ ᠢ ᠪᠠᠭᠠᠰᠬᠠᠵᠤ | ᠬᠤᠶᠠᠷ ᠢ ᠨᠥᠬᠦᠪᠥᠷᠢᠯᠡᠵᠦ ᠬᠤᠶᠠᠷ ᠢ ᠰᠡᠷᠭᠦᠭᠡᠬᠦ᠂ ᠬᠤᠶᠠᠷ ᠢ ᠥᠭᠡᠷᠡᠴᠢᠯᠡᠵᠦ ᠳᠥᠷᠪᠡ ᠶᠢ ᠬᠢᠵᠠᠭᠠᠷᠯᠠᠵᠤ ᠭᠤᠷᠪᠠ ᠶᠢ | ᠰᠢᠢᠳᠪᠤᠷᠢᠯᠡᠬᠦ︾ 18 ᠵᠦᠢᠯ ᠤᠨ ᠵᠠᠰᠠᠯᠲᠠ ᠶᠢᠨ ᠠᠷᠭ᠎ᠠ ᠬᠡᠮᠵᠢᠶ᠎ᠡ ᠠᠪᠴᠤ᠂ ᠨᠠᠭᠤᠷ ᠤᠨ ᠲᠠᠯᠠᠪᠠᠶ ᠶᠢᠨ ᠪᠠᠭᠠᠰᠬᠤ | ᠬᠠᠨᠳᠤᠰᠢ ᠤᠳᠠᠭᠠᠰᠢᠷᠠᠵᠤ᠂ ᠤᠰᠤᠨ ᠤ ᠴᠢᠨᠠᠷ ᠤᠨ ᠮᠠᠭᠤᠳᠠᠯ ᠢ ᠪᠦᠲᠦᠮᠵᠢᠲᠡᠶ ᠨᠠᠮᠳᠠᠭᠤᠯᠵᠤ᠂ ᠡᠷᠬᠢᠨ | ᠲᠣᠭᠤᠷᠢᠨ ᠤ ᠭᠠᠵᠠᠷ ᠳᠣᠤᠷᠠᠬᠢ ᠤᠰᠤᠨ ᠤ ᠲᠦᠪᠰᠢᠨ ᠢ ᠵᠢᠯ ᠳᠠᠷᠠᠭᠠᠯᠠᠨ ᠳᠡᠭᠡᠭᠰᠢᠯᠡᠭᠦᠯᠵᠦ᠂ ᠲᠠᠭ᠎ᠠ ᠶᠢᠨ | ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠥᠷᠢᠯᠡᠬᠦ ᠢᠨᠵᠧᠨᠧᠷᠢᠩ ᠢ ᠶᠠᠭ | ᠲᠦᠷᠭᠡᠳᠬᠡᠨ ᠠᠬᠢᠭᠤᠯᠵᠤ ᠪᠠᠶᠢᠨ᠎ᠠ᠃ ᠠᠭᠠᠷ ᠮᠠᠨᠳᠠᠯ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ | ᠦᠷᠭᠦᠯᠵᠢᠯᠡᠨ ᠳᠡᠭᠡᠭᠰᠢᠯᠡᠭᠦᠯᠵᠦ᠂ ᠢᠯᠴᠢ ᠴᠠᠬᠢᠯᠭᠠᠨ ᠢ ᠵᠡᠷᠭᠡᠪᠡᠷ ᠦᠢᠯᠡᠳᠪᠦᠷᠢᠯᠡᠬᠦ ᠨᠢᠭᠡᠳᠦᠭᠡᠷ ᠬᠤᠭᠤᠴᠠᠭ᠎ᠠ ᠶᠢ | ᠠᠰᠢᠭᠯᠠᠯᠲᠠ ᠳᠤ ᠣᠷᠣᠭᠤᠯᠵᠤ᠂ ᠪᠠᠶᠢᠭᠤᠯᠤᠭᠰᠠᠨ ᠲᠣᠭᠤᠷᠢᠭ ᠤᠨ 10 ᠲᠣᠨ ᠠᠭᠤᠷᠰᠢᠭᠤᠯᠬᠤ ᠵᠢᠴᠢ | ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠢᠵᠢᠭ ᠭᠦᠸᠧᠯᠦ ᠶᠢ ᠪᠦᠬᠦᠨ ᠢ ᠬᠦᠴᠦᠨ ᠥᠬᠡᠶ ᠪᠣᠯᠭᠠᠵᠤ᠂ | ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠡᠳᠦᠷ ᠤᠨ ᠲᠤᠭ᠎ᠠ ᠶᠢ 2017 ᠣᠨ ᠤ 222 ᠡᠳᠦᠷ ᠠᠴᠠ | 2021 ᠣᠨ ᠤ 315 ᠡᠳᠦᠷ ᠪᠣᠯᠭᠠᠨ ᠳᠡᠭᠡᠭᠰᠢᠯᠡᠭᠦᠯᠵᠦ᠂ ᠰᠢᠯᠢᠳᠡᠭ ᠰᠠᠶᠢᠨ ᠨᠣᠷᠮ᠎ᠠ ᠶᠢ 91% ᠳᠤ | ᠬᠦᠷᠦᠭᠦᠯᠦᠨ᠎ᠡ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠪᠠᠶᠢᠯᠭᠠᠵᠤ᠂ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠨᠣᠷᠮ᠎ᠠ᠂ ᠬᠡᠪᠴᠢᠶᠡᠲᠦ | ᠲᠡᠵᠢᠭᠡᠨ ᠦᠷᠡᠵᠢᠭᠦᠯᠬᠦ ᠲᠠᠯᠠᠪᠠᠶ ᠶᠢᠨ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠴᠥᠮ | 85% ᠠᠴᠠ ᠳᠡᠭᠡᠭᠰᠢ ᠳᠤ ᠬᠦᠷᠦᠭᠦᠯᠵᠦ᠂ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠬᠠᠲᠠᠭᠤ ᠪᠡᠶᠡᠲᠦ | ᠬᠠᠶᠠᠭᠳᠠᠮᠠᠯ ᠪᠣᠳᠠᠰ᠂ ᠠᠶᠤᠯᠲᠠᠶ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠤᠷᠢᠯᠡᠬᠦ | ᠨᠣᠷᠮ᠎ᠠ ᠶᠢ ᠴᠥᠮ 100% ᠳᠤ ᠬᠦᠷᠦᠭᠦᠯᠦᠨ᠎ᠡ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ | ᠲᠣᠭᠲᠠᠭᠤᠨ ᠢᠶᠠᠷ ᠠᠬᠢᠭᠤᠯᠵᠤ᠂ ᠭᠤᠷᠪᠠᠨ ᠱᠠᠲᠤᠨ ᠤ ︽ᠣᠶ ᠰᠢᠭᠤᠶ ᠡᠪᠡᠰᠦ ᠪᠡᠯᠴᠢᠭᠡᠷ ᠤᠨ ᠣᠷᠳᠣ | ᠬᠤᠭᠤᠴᠠᠭ᠎ᠠ ᠶᠢᠨ ᠲᠦᠷᠢᠮ︾ ᠤᠨ ᠰᠢᠰᠲ᠋ᠧᠮᠵᠢ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠥᠪᠡᠷᠲᠡᠭᠡᠨ ᠵᠠᠰᠠᠬᠤ | ᠣᠷᠣᠨ ᠤ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ | ᠪᠠᠶᠢᠭᠠᠯᠢ ᠶᠢᠨ ᠣᠶ ᠶᠢ ᠬᠠᠮᠠᠭᠠᠯᠠᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ | ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠭᠤᠷᠪᠠᠨ ᠶᠡᠭᠡ ᠢᠨᠵᠧᠨᠧᠷᠢᠩ ᠢ ᠬᠡᠷᠡᠭᠵᠢᠭᠦᠯᠦᠨ᠂ | ᠨᠡᠶᠢᠲᠡ 17.4 ᠲᠦᠮᠡᠨ ᠮᠥ ᠮᠣᠳᠣ ᠳᠠᠷᠢᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 35.6% | ᠬᠦᠷᠲᠡᠯ᠎ᠡ ᠳᠡᠭᠡᠭᠰᠢᠯᠡᠭᠦᠯᠵᠦ᠂ ᠨᠣᠭᠤᠭᠠᠨ ᠥᠩᠭᠡ ᠨᠢ ᠯᠢᠶᠠᠩᠴᠧᠩ ᠰᠢᠶᠠᠨ ᠤ ᠬᠠᠮᠤᠭ ᠤᠨ ᠭᠤᠶᠣ ᠰᠠᠶᠢᠬᠠᠨ | ᠨᠡᠷ᠎ᠡ ᠶᠢᠨ ᠬᠠᠭᠤᠳᠠᠰᠤ ᠪᠣᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠶᠡᠷᠦᠩᠬᠡᠶ ᠳᠡᠭᠡᠨ ᠡᠵᠡᠮᠳᠡᠵᠦ ᠪᠣᠯᠤᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠴᠦᠰ ᠲᠤᠨᠢ ᠲᠤᠯᠲᠠᠯ᠎ᠠ ᠬᠢᠴᠢᠶᠡᠨ ᠰᠠᠶᠢᠲᠤᠷ ᠠᠳᠬᠤᠵᠤ᠂ | ᠡᠩ ᠤᠨ ᠪᠠ ᠪᠠᠴᠢᠮ ᠪᠠᠶᠢᠳᠠᠯ ᠢ ᠨᠢᠭᠡ ᠴᠤᠭᠴᠠᠵᠢᠭᠤᠯᠤᠭᠰᠠᠨ ᠵᠢᠯᠣᠭᠤᠳᠬᠤ ᠰᠢᠰᠲ᠋ᠧᠮ ᠢ ᠪᠠᠶᠢᠭᠤᠯᠤᠨ᠂ ︽ | ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠪᠠ ︽ᠲᠦᠷᠪᠡᠨ ᠡᠷᠲᠡ︾ ᠶᠢᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠡᠳ᠋ ᠪᠣᠳᠠᠰ᠂ ᠭᠤᠣᠯᠳᠠᠯᠭ᠎ᠠ ᠲᠠᠢ | ᠣᠷᠴᠢᠨ ᠠᠬᠤᠶ ᠶᠢᠨ ᠪᠥᠭᠡᠮ ᠬᠦᠴᠢᠯ ᠤᠨ ᠦᠯᠢᠭᠡᠷ ᠢ ᠨᠡᠶᠢᠳᠡ 12 ᠲᠦᠮᠡ ᠴᠤᠭᠯᠠᠭᠤᠯᠵᠤ᠂ ︽ᠭᠠᠳᠠᠨ᠎ᠠ ᠠᠴᠠ | ᠣᠷᠣᠭᠤᠯᠬᠤ ᠶᠢ ᠰᠡᠷᠭᠡᠶᠢᠯᠡᠬᠦ︾ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ︽ᠣᠷᠣᠭᠤᠯᠬᠤ ᠦᠭᠡᠢ ᠪᠠᠷ | ᠣᠨᠣᠰᠢᠯᠠᠭᠤᠯᠬᠤ ᠦᠭᠡᠢ︾ ᠶᠢ ᠪᠡᠶᠡᠯᠡᠭᠦᠯᠪᠡ᠃ ᠠᠷᠠᠳ ᠨᠡᠶᠢᠲᠡ ᠶᠢᠨ ᠡᠭᠡᠯᠢᠯᠡᠭᠡ ᠶᠢᠨ ᠬᠠᠯᠬᠠᠪᠴᠢ ᠶᠢ | ᠲᠦᠷᠭᠡᠪᠴᠢᠯᠡᠨ ᠪᠠᠶᠢᠭᠤᠯᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ | ᠳᠡᠭᠡᠳᠦ ᠱᠠᠲᠤᠨ ᠠᠴᠠ ᠪᠠᠭᠤᠯᠭᠠᠭᠰᠠᠨ 9᠂ 8 ᠲᠦᠮᠡᠨ ᠬᠥᠮᠦᠨ ᠤ ᠠᠩᠬᠠᠳᠠᠭᠴᠢ ᠲᠠᠷᠢᠯᠭ᠎ᠠ ᠶᠢᠨ ᠡᠭᠦᠷᠭᠡ ᠶᠢ | ᠲᠡᠭᠦᠰ ᠠᠮᠵᠢᠯᠲᠠ ᠲᠠᠢ ᠪᠠᠷ ᠪᠡᠶᠡᠯᠡᠭᠦᠯᠪᠡ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠦᠢᠯ ᠤᠨ | ᠲᠤᠪᠤᠶᠢᠮ᠎ᠠ ᠪᠠᠶᠢᠭ᠎ᠠ ᠯᠤᠲᠤ ᠶᠡᠭᠡ ᠳᠠᠷᠤᠯᠲᠠ ᠶᠢ ᠲᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ 23 | ᠳ᠋ᠦᠩᠰᠢᠭᠤᠷ ᠲᠥᠭᠦᠷᠢᠭ ᠠᠷᠢᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠤᠷᠮ᠎ᠠ ᠶᠢ 151% | ᠪᠣᠯᠲᠠᠯ᠎ᠠ ᠪᠠᠭᠤᠷᠠᠭᠤᠯᠪᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠬᠠᠤᠯᠢ ᠪᠤᠰᠤ ᠪᠠᠷ ᠢᠨᠲ᠋ᠤᠷ ᠰᠦᠯᠵᠢᠶᠡᠨ ᠤ | ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ | ᠪᠠᠲᠤ ᠰᠠᠬᠢᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢᠯᠡᠳᠲᠡ ᠦᠷ᠎ᠡ | ᠪᠦᠲᠦᠮᠵᠢ ᠣᠯᠵᠤ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠲᠠᠰᠤᠷᠠᠯᠳᠡ ᠦᠭᠡᠢ ᠴᠢᠩᠭᠠᠷᠠᠪᠠ᠃ | ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠠᠯᠬᠤᠮ ᠠᠯᠬᠤᠮ ᠢᠶᠠᠷ ᠰᠠᠶᠢᠵᠢᠷᠠᠵᠤ᠂ ᠨᠢᠭᠡ ᠪᠦᠯᠦᠭ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠤᠷᠢᠯᠡᠵᠤ᠂ ᠣᠨᠴᠠ ᠵᠠᠷᠢᠮ ᠬᠠᠤᠯᠢ ᠶᠢ ᠵᠥᠷᠢᠴᠡᠭᠰᠡᠨ ᠵᠠᠬᠢᠳᠠᠯ | ᠰᠤᠷᠪᠤᠯᠵᠢᠯᠠᠭ᠎ᠠ ᠬᠢᠭᠰᠡᠳ ᠢ ᠬᠠᠤᠯᠢ ᠶᠣᠰᠣᠭᠠᠷ ᠰᠢᠢᠳᠪᠤᠷᠢᠯᠡᠪᠡ᠃ ᠠᠶᠤᠯᠭᠦᠶ ᠦᠢᠯᠡᠳᠪᠦᠷᠢᠯᠡᠯ ᠤᠨ ᠪᠠᠶᠢᠳᠠᠯ | ᠲᠣᠭᠲᠠᠭᠤᠨ ᠪᠠᠶᠢᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ | ᠯᠠᠪᠳᠠᠭᠤᠨ ᠢᠶᠠᠷ ᠠᠬᠢᠪᠠ᠃ | — — ᠭᠤᠷᠪᠠᠨ ᠠᠵᠤ ᠦᠢᠯᠡᠰ ᠤᠨ ᠪᠦᠲᠦᠴᠡ ᠶᠢ ᠲᠠᠰᠤᠷᠠᠯᠳᠠ ᠦᠭᠡᠢ ᠰᠢᠯᠢᠳᠡᠭᠵᠢᠭᠦᠯᠪᠡ᠃ | ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠦᠨ᠎ᠡ᠃ | 6 ᠲᠦᠮᠡᠨ ᠮᠥ ᠣᠷᠭᠠᠨᠢᠭ ᠬᠠᠭᠤᠷᠠᠶ ᠪᠠᠷ ᠳᠠᠷᠢᠬᠤ ᠲᠠᠷᠢᠶᠠᠯᠠᠩ ᠢ ᠨᠠᠷᠢᠯᠢᠭ ᠪᠣᠶ ᠪᠣᠯᠭᠠᠵᠤ᠂ ᠡᠯᠳᠡᠪ ᠠᠮᠤ ᠡᠯᠳᠡᠪ | ᠪᠤᠷᠴᠠᠭ ᠳᠠᠷᠢᠬᠤ ᠲᠠᠯᠠᠪᠠᠶ ᠶᠢ 53 ᠲᠦᠮᠡᠨ ᠮᠥ ᠪᠣᠯᠲᠠᠯ᠎ᠠ ᠨᠡᠮᠡᠭᠳᠡᠭᠦᠯᠦᠨ᠂ ᠡᠷᠳᠡᠨᠢ ᠰᠢᠰᠢ ᠶᠢᠨ ᠦᠷ᠎ᠡ ᠳᠠᠷᠢᠬᠤ | ᠲᠠᠯᠠᠪᠠᠶ ᠶᠢ 25.7 ᠲᠦᠮᠡᠨ ᠮᠥ ᠪᠣᠯᠲᠠᠯ᠎ᠠ ᠪᠠᠭᠠᠰᠬᠠᠵᠤ᠂ ᠲᠠᠷᠢᠮᠠᠯ ᠤᠨ ᠦᠢᠯᠡᠰ ᠤᠨ ᠪᠦᠲᠦᠴᠡ ᠡᠳᠦᠷ ᠢᠷᠡᠬᠦᠶ᠎ᠡ | ᠵᠦᠶ ᠵᠣᠬᠢᠰᠲᠠᠶ ᠪᠣᠯᠪᠠ︔ 9᠂97 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠳᠦᠭᠡᠨ | ᠪᠠᠶᠢᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠮᠧᠬᠠᠨᠢᠭᠵᠢᠭᠤᠯᠤᠯᠲᠠ ᠶᠢᠨ ᠬᠢᠷᠢ ᠬᠡᠮᠵᠢᠶ᠎ᠡ ᠶᠢ 77% ᠪᠣᠯᠲᠠᠯ᠎ᠠ | ᠳᠡᠭᠡᠭᠰᠢᠯᠡᠭᠦᠯᠵᠦ᠂ ᠠᠮᠤ ᠪᠤᠳᠠᠭᠠᠨ ᠤ ᠤᠨᠠᠯᠲᠠ ᠶᠢ 4 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ | ᠲᠣᠭᠲᠠᠪᠤᠷᠢᠵᠢᠭᠤᠯᠪᠠ᠃ ᠠᠵᠢᠨᠠᠶ ᠢᠮᠠᠭᠠᠨ ᠤ ᠮᠠᠯ ᠠᠵᠤ ᠠᠬᠤᠶ ᠶᠢᠨ 5 ᠰᠠᠭᠤᠷᠢ ᠪᠠᠷᠢᠮᠵᠢᠶᠠᠵᠢᠭᠤᠯᠤᠭᠰᠠᠨ | ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠶ᠂ ᠬᠠᠶ ᠭᠤᠤ ᠮᠠᠯ ᠠᠵᠤ ᠠᠬᠤᠶ ᠶᠢᠨ ᠳᠥᠷᠪᠡᠳᠦᠭᠡᠷ | ᠬᠤᠭᠤᠴᠠᠭ᠎ᠠ ᠵᠡᠷᠭᠡ ᠲᠣᠮᠣ ᠬᠡᠯᠪᠡᠷᠢ ᠶᠢᠨ ᠲᠡᠵᠢᠭᠡᠨ ᠦᠷᠡᠵᠢᠭᠦᠯᠬᠦ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ | ᠡᠵᠡᠩᠨᠡᠯᠲᠡ ᠳᠤ ᠣᠷᠣᠭᠤᠯᠪᠠ︔ ᠪᠥᠬᠦ ᠰᠢᠶᠠᠨ ᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠦᠢᠯᠡᠰ | ᠲᠣᠭᠲᠠᠭᠤᠨ ᠢᠶᠠᠷ ᠬᠥᠭᠵᠢᠵᠦ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ ᠤᠨ ᠲᠤᠭ᠎ᠠ ᠲᠣᠰ ᠲᠣᠰ 3 ᠲᠦᠮᠡ᠂ | 6.38 ᠲᠦᠮᠡ ᠳᠤ ᠬᠦᠷᠴᠦ᠂ ᠠᠯᠠᠰᠢᠨ ᠬᠤᠨᠢ᠂ ᠰᠠᠭᠠᠯᠢ ᠶᠢᠨ ᠢᠮᠠᠭᠠᠨ ᠤ ᠲᠤᠭ᠎ᠠ ᠲᠣᠰ ᠲᠣᠰ 54.2 ᠲᠦᠮᠡ᠂ | 3 ᠲᠦᠮᠡ ᠳᠤ ᠬᠦᠷᠴᠦ᠂ ᠥᠨᠳᠡᠭᠡᠨ ᠲᠠᠬᠢᠶ᠎ᠠ᠂ ᠠᠯᠠᠰᠢᠨ ᠲᠠᠬᠢᠶ᠎ᠠ ᠶᠢᠨ ᠲᠤᠭ᠎ᠠ ᠲᠣᠰ ᠲᠣᠰ 39.8 ᠲᠦᠮᠡᠨ | ᠥᠲᠥ᠂ 2.3 ᠲᠦᠮᠡᠨ ᠥᠲᠥ ᠬᠦᠷᠴᠡᠶ︔ ᠴᠢᠨᠠᠷ ᠰᠠᠶᠢᠲᠠᠶ ᠮᠠᠯ ᠤᠨ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ | 95% ᠳᠤ ᠬᠦᠷᠴᠦ᠂ ᠮᠠᠯ ᠠᠵᠤ ᠠᠬᠤᠶ ᠶᠢᠨ ᠦᠢᠯᠡᠳᠭᠦᠨ ᠤ ᠥᠷᠲᠡᠭ ᠨᠢ ᠲᠠᠷᠢᠶᠠᠯᠠᠩ ᠤᠨ ᠦᠢᠯᠡᠳᠭᠦᠨ ᠤ | ᠶᠡᠷᠦᠩᠬᠡᠶ ᠥᠷᠲᠡᠭ ᠦᠢᠯᠡᠳᠪᠦᠷᠢ ᠶᠢᠨ ᠬᠥᠭᠵᠢᠯᠲᠡ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠪᠠ᠃ ︽ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ︾ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠦᠮᠡᠨ ᠲᠥᠭᠦᠷᠢᠭ ᠤᠨ GDP ᠶᠢᠨ ᠡᠨᠧᠷᠭᠢ ᠶᠢᠨ ᠬᠤᠷᠣᠭᠳᠠᠭᠤᠯᠤᠯ ᠢ 2᠂97% ᠪᠠᠷ | ᠪᠠᠭᠤᠷᠠᠭᠤᠯᠪᠠ᠃ ᠲᠠᠭ᠎ᠠ ᠶᠢᠨ ᠨᠠᠭᠤᠷ ᠤᠨ ᠴᠠᠬᠢᠯᠭᠠᠨ ᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢ | ᠤᠷᠤᠭᠰᠢᠲᠠᠢ ᠳᠠᠭᠤᠰᠬᠠᠵᠤ᠂ ᠬᠤᠩ ᠮᠤᠤ ᠡᠮ ᠤᠨ ᠦᠢᠯᠡᠰ ᠤᠨ ᠬᠡᠷᠡᠭᠯᠡᠭᠡᠨ ᠤ ᠵᠠᠬ᠎ᠠ ᠳᠡᠯᠭᠡᠭᠦᠷ ᠠᠯᠬᠤᠮ | ᠠᠯᠬᠤᠮ ᠢᠶᠠᠷ ᠰᠠᠶᠢᠵᠢᠷᠠᠵᠤ᠂ ᠮᠧᠩ ᠳ᠋ᠢ ᠬᠠᠭᠠᠨ ᠤ ᠰᠦᠨ ᠦᠢᠯᠡᠰ᠂ ᠮᠠᠷᠲᠠᠯ ᠤᠨ ᠬᠡᠯᠪᠡᠷᠢ ᠶᠢᠨ ᠲᠠᠷᠢᠶᠠᠯᠠᠩ ᠵᠡᠷᠭᠡ | ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠠᠩᠬ᠎ᠠ | ᠠᠯᠬᠤᠮ ᠬᠡᠪᠴᠢᠶᠡᠵᠢᠪᠡ᠃ ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠲᠦᠷᠭᠡᠪᠴᠢᠯᠡᠨ | ᠪᠠᠶᠢᠷᠢᠯᠠᠭᠤᠯᠵᠤ᠂ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ 5᠂5 ᠲᠦᠮᠡᠨ | ᠺᠢᠯᠣᠸᠠᠲ ᠤᠨ ᠲᠠᠷᠬᠠᠯᠲᠠ ᠶᠢᠨ ᠮᠠᠶ᠋ᠢᠭ ᠤᠨ ᠭᠡᠷᠡᠯ ᠢᠶᠠᠷ ᠴᠠᠬᠢᠯᠭᠠᠨ ᠭᠠᠷᠭᠠᠬᠤ ᠵᠦᠢᠯᠡᠰ ᠢ ᠬᠢᠨᠠᠨ ᠵᠥᠪᠰᠢᠶᠡᠷᠡᠬᠦ | ᠱᠠᠲᠤᠨ ᠳᠤ ᠣᠷᠣᠭᠤᠯᠪᠠ᠃ ᠪᠠᠷᠠᠭᠤᠨ ᠲᠣᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠵᠤ ᠦᠢᠯᠡᠰ ᠤᠨ | ᠬᠦᠷᠢᠶᠡᠯᠡᠩ᠂ ᠲᠢᠶᠠᠨ ᠴᠧᠩ ᠠᠵᠤ ᠦᠢᠯᠡᠰ ᠤᠨ ᠰᠠᠭᠤᠷᠢᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠵᠢᠭᠤᠯᠴᠢᠯᠠᠯ ᠠᠷᠠᠯᠵᠢᠶ᠎ᠠ ᠬᠤᠳᠠᠯᠳᠤᠭᠠᠨ ᠤ | ᠠᠮᠢᠵᠢᠷᠠᠯ ᠤᠨ ᠬᠦᠴᠦᠨ ᠣᠷᠭᠢᠯᠣᠨ ᠪᠠᠳᠠᠷᠠᠵᠤ ᠪᠠᠶᠢᠨ᠎ᠠ᠃ ᠰᠦᠢᠶᠤᠸᠠᠨ ᠥᠪᠥᠷ ᠮᠣᠩᠭᠤᠯ ᠤᠨ ᠬᠤᠪᠢᠰᠬᠠᠯ ᠤᠨ | ᠳᠤᠷᠠᠰᠬᠠᠯ ᠤᠨ ᠬᠦᠷᠢᠶᠡᠯᠡᠩ ᠭᠤᠷᠪᠠᠳᠤᠭᠠᠷ ᠪᠦᠯᠦᠭ ᠤᠨ ᠪᠦᠬᠦ ᠤᠯᠤᠰ ᠤᠨ ᠬᠠᠤᠯᠢᠵᠢᠯ ᠤᠨ ᠤᠬᠠᠭᠤᠯᠭ᠎ᠠ | ᠬᠥᠮᠦᠵᠢᠯ ᠤᠨ ᠰᠠᠭᠤᠷᠢᠨ ᠳᠤ ᠰᠣᠩᠭᠤᠭᠳᠠᠵᠤ᠂ ᠾᠧ ᠯᠦᠩ ᠤᠨ ᠬᠤᠪᠢᠰᠬᠠᠯ ᠤᠨ ᠠᠵᠢᠯᠯᠠᠭ᠎ᠠ ᠶᠢᠨ ᠬᠠᠭᠤᠴᠢᠨ | ᠪᠠᠭᠤᠷᠢ ᠶᠢ ᠥᠭᠡᠷᠡᠴᠢᠯᠡᠨ ᠲᠡᠰ ᠳᠡᠪᠰᠢᠭᠦᠯᠪᠡ᠃ ᠬᠠᠭᠠᠨ ᠤ ᠮᠠᠰᠢᠨ ᠲᠡᠷᠭᠡᠨ ᠤ ᠪᠠᠭᠤᠴᠠ᠂ ᠵᠤᠤ ᠵᠢᠶᠠ ᠼᠦᠨ | ᠲᠣᠰᠬᠤᠨ ᠤ ᠰᠣᠳᠣᠨ ᠠᠷᠠᠳ ᠤᠨ ᠣᠷᠣᠨ ᠰᠠᠭᠤᠴᠠ ᠶᠢ ᠪᠠᠶᠢᠭᠤᠯᠤᠨ ᠡᠵᠡᠩᠨᠡᠯᠲᠡ ᠳᠤ ᠣᠷᠣᠭᠤᠯᠵᠤ᠂ | ᠲᠠᠭ᠎ᠠ ᠶᠢᠨ ᠨᠠᠭᠤᠷ ᠤᠨ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤ ᠬᠤᠶᠠᠳᠤᠭᠠᠷ ᠪᠦᠯᠦᠭ ᠤᠨ | ᠪᠦᠬᠦ ᠤᠯᠤᠰ ᠤᠨ ᠣᠨᠴᠠᠯᠢᠭ ᠲᠠᠢ ᠵᠢᠵᠢᠭ ᠪᠠᠯᠭᠠᠰᠤ ᠶᠢ ᠵᠥᠪᠰᠢᠶᠡᠷᠡᠵᠡᠢ᠃ ᠲᠠᠭ᠎ᠠ ᠶᠢᠨ ᠨᠠᠭᠤᠷ ᠤᠨ ᠤᠯᠠᠨ | ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠨᠢ ᠤᠯᠤᠰ ᠤᠨ 4A ᠲᠡᠰ ᠤᠨ ᠦᠵᠡᠮᠵᠢ ᠶᠢᠨ ᠣᠷᠣᠨ ᠢᠶᠠᠷ | ᠦᠨᠡᠯᠡᠭᠳᠡᠵᠦ᠂ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ | ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠪᠡᠶᠡᠯᠡᠭᠦᠯᠵᠦ᠂ ︽ᠨᠢᠭᠡ ᠪᠦᠰᠡ ᠨᠢᠭᠡ ᠵᠠᠮ︾ ᠤᠨ ᠠᠷᠠᠳ ᠤᠨ | ᠣᠯᠢᠮᠫᠢᠺ ᠤᠨ ᠲᠠᠮᠢᠷ ᠤᠨ ᠴᠤᠭᠯᠠᠭᠠᠨ᠂ ᠪᠦᠬᠦ ᠤᠯᠤᠰ ᠤᠨ ︽ᠬᠤᠶᠠᠳᠤᠭᠠᠷ ᠵᠠᠯᠠᠭᠤᠴᠤᠳ ᠤᠨ ᠪᠡᠶ᠎ᠡ ᠶᠢᠨ | ᠲᠠᠮᠢᠷ ᠤᠨ ᠴᠤᠭᠯᠠᠭᠠᠨ︾ ᠵᠡᠷᠭᠡ ᠲᠤᠮᠤ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠤᠷᠤᠭᠰᠢᠲᠠᠢ | ᠳᠠᠭᠠᠭᠠᠴᠢᠯᠠᠨ ᠡᠷᠬᠢᠯᠡᠵᠦ᠂ ᠭᠠᠵᠠᠷ ᠣᠷᠣᠨ ᠤ ᠠᠯᠳᠠᠷᠰᠢᠯ᠂ ᠠᠯᠳᠠᠷᠰᠢᠯ ᠢᠯᠡᠳᠲᠡ ᠳᠡᠭᠡᠭᠰᠢᠯᠡᠵᠡᠢ᠃ ᠡᠯᠧᠺᠲᠷᠣᠨ | ᠬᠤᠳᠠᠯᠳᠤᠭᠠᠨ ᠤ ᠠᠵᠤ ᠦᠢᠯᠡᠰ ᠲᠦᠷᠭᠡᠨ ᠢᠶᠠᠷ ᠬᠥᠭᠵᠢᠵᠦ᠂ ᠰᠦᠯᠵᠢᠶᠡᠨ ᠳᠡᠭᠡᠷᠡᠬᠢ ᠠᠷᠠᠯᠵᠢᠶᠠᠨ ᠤ ᠲᠤᠭ᠎ᠠ | ᠨᠡᠶᠢᠲᠡ 4.3 ᠳ᠋ᠦᠩᠰᠢᠭᠤᠷ ᠲᠥᠭᠦᠷᠢᠭ ᠲᠤ ᠬᠥᠷᠪᠡ᠃ ᠬᠤᠭᠤᠯᠠ ᠤᠮᠳᠠ ᠬᠤᠨᠤᠭ ᠪᠠᠭᠤᠳᠠᠯ᠂ ᠲᠦᠷᠭᠡᠨ | ᠬᠦᠷᠭᠡᠯᠲᠡ ᠡᠳ᠋ ᠪᠠᠷᠠᠭᠠᠨ ᠤ ᠭᠦᠢᠯᠭᠡᠭᠡ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠥᠷᠨᠢᠩᠭᠦᠶ ᠪᠠᠷ | ᠬᠥᠭᠵᠢᠪᠡ᠃ | — — ᠬᠤᠳᠠ ᠬᠥᠳᠡᠭᠡ ᠶᠢᠨ ᠰᠠᠭᠤᠷᠢ ᠪᠥᠳᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠥᠯᠬᠢᠨ | ᠠᠬᠢᠭᠤᠯᠪᠠ᠃ ᠬᠤᠲᠠ ᠪᠠᠯᠭᠠᠰᠤᠨ ᠤ ᠶᠠᠰᠤ ᠴᠢᠨᠠᠷ ᠶᠡᠭᠡ ᠪᠠᠷ ᠳᠡᠭᠡᠭᠰᠢᠯᠡᠪᠡ᠃ ᠰᠢᠨ᠎ᠡ ᠪᠠᠷ ᠪᠠᠶᠢᠭᠤᠯᠤᠭᠰᠠᠨ ᠬᠡᠷ | ᠪᠦᠯᠢ᠂ ᠰᠢᠨ᠎ᠡ ᠪᠠᠷ ᠪᠠᠶᠢᠭᠤᠯᠤᠭᠰᠠᠨ ᠬᠡᠷ ᠪᠦᠯᠢ ᠵᠡᠷᠭᠡ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ | ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠤᠷᠤᠭᠰᠢᠲᠠᠶ ᠳᠠᠭᠤᠰᠬᠠᠵᠤ᠂ 25 ᠬᠠᠭᠤᠴᠢᠨ ᠵᠢᠵᠢᠭ ᠲᠣᠭᠤᠷᠢᠭ ᠢ | ᠥᠭᠡᠷᠡᠴᠢᠯᠡᠨ ᠪᠠᠶᠢᠭᠤᠯᠵᠤ᠂ 189 ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠪᠢᠶᠠᠷᠢᠯᠠᠨ᠂ 78 | ᠲᠦᠮᠡᠨ ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠵᠤ᠂ ︽ᠰᠠᠭᠤᠬᠤ ᠠᠴᠠ | ᠣᠷᠣᠨ ᠰᠠᠭᠤᠴᠠ ᠲᠠᠢ︾ ᠪᠠᠶᠢᠬᠤ ᠶᠢ ︽ᠰᠠᠭᠤᠬᠤ ᠳᠤ ᠲᠣᠬᠢᠷᠠᠮᠵᠢᠲᠠᠶ︾ ᠲᠡᠶᠢᠰᠢ ᠠᠯᠬᠤᠮ ᠠᠯᠬᠤᠮ ᠢᠶᠠᠷ | ᠤᠷᠤᠭᠰᠢᠯᠠᠭᠤᠯᠪᠠ᠃ ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ | ᠭᠤᠸᠠᠩ ᠮᠢᠩ ᠵᠠᠮ᠂ ᠲᠣᠭᠲᠠᠭᠠᠯ ᠲᠤᠯᠤᠭᠠᠨ ᠵᠠᠮ ᠢ ᠪᠦᠬᠦ ᠱᠤᠭᠤᠮ ᠢᠶᠠᠷ ᠨᠡᠪᠲᠡᠷᠡᠭᠦᠯᠵᠦ᠂ ᠪᠦᠳᠦᠭᠡᠨ | ᠪᠠᠶᠢᠭᠤᠯᠤᠭᠰᠠᠨ ᠣᠷᠣᠨ ᠤ ᠲᠠᠯᠠᠪᠠᠢ ᠶᠢ 10᠂5 ᠲᠡᠭᠰᠢ ᠳᠥᠷᠪᠡᠯᠵᠢᠨ ᠺᠢᠯᠣᠮᠧᠲᠷ ᠬᠦᠷᠲᠡᠯ᠎ᠡ ᠥᠷᠭᠡᠳᠬᠡᠪᠡ᠃ | ᠬᠤᠳᠠ ᠬᠥᠳᠡᠭᠡ ᠶᠢᠨ ᠪᠣᠬᠢᠷ ᠤᠰᠤᠨ ᠤ ᠬᠤᠭᠤᠯᠠᠶ ᠶᠢᠨ ᠲᠣᠣᠷ ᠢ 206 ᠺᠢᠯᠣᠮᠧᠲᠷ ᠳᠡᠪᠢᠰᠴᠦ᠂ ᠭᠤᠣᠯ ᠪᠣᠯᠬᠤ | ᠵᠡᠭᠡᠯᠢ ᠭᠤᠳᠤᠮᠵᠢ ᠶᠢᠨ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ ᠶᠢᠨ ᠲᠣᠣᠷ ᠢ ᠪᠦᠬᠦᠨ ᠢ | ᠬᠦᠮᠦᠨᠲ᠋ᠤᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠶ 15.25 ᠲᠡᠭᠰᠢ ᠳᠥᠷᠪᠡᠯᠵᠢᠨ | ᠮᠧᠲᠷ ᠲᠤ ᠬᠦᠷᠴᠦ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 35.7% | ᠂ ᠨᠣᠭᠤᠭᠠᠷᠠᠭᠤᠯᠤᠭᠰᠠᠨ ᠭᠠᠵᠠᠷ ᠤᠨ ᠨᠣᠷᠮ᠎ᠠ 33% ᠳᠤ ᠬᠦᠷᠴᠦ᠂ ᠣᠯᠠᠨ ᠲᠦᠮᠡᠨ ᠤ ︽ᠪᠣᠬᠢᠷᠲᠤᠯ ᠥᠬᠡᠶ ᠵᠣᠯ | ᠵᠢᠷᠭᠠᠯ ᠤᠨ ᠰᠡᠳᠬᠢᠭᠳᠡᠯ︾ ᠢᠯᠡᠳᠲᠡ ᠨᠡᠮᠡᠭᠳᠡᠪᠡ᠃ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ | ᠬᠥᠬᠡᠬᠤᠲᠠ ᠶᠢᠨ ᠯᠢᠶᠠᠩᠹᠤᠩ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠯᠢᠶᠠᠩᠴᠧᠩ ᠤᠨ ᠬᠡᠰᠡᠭ ᠪᠥᠬᠦ | ᠱᠤᠭᠤᠮ ᠢᠶᠠᠷ ᠲᠡᠷᠭᠡ ᠨᠡᠪᠲᠡᠷᠡᠵᠦ᠂ ᠮᠤᠵᠢ ᠶᠢᠨ ᠵᠠᠮ ᠤᠨ 209 ᠱᠤᠭᠤᠮ ᠢ ᠤᠳᠠᠯ ᠥᠬᠡᠶ ᠪᠥᠬᠦ ᠲᠠᠯ᠎ᠠ ᠪᠠᠷ | ᠳᠠᠭᠤᠰᠬᠠᠵᠤ᠂ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤᠨ ᠤ ︽ᠬᠤᠶᠠᠷ ᠭᠤᠯᠳᠤ ᠨᠢᠭᠡ | ᠬᠥᠨᠳᠡᠯᠡᠨ︾ ᠵᠠᠮ ᠤᠨ ᠲᠣᠤᠷ ᠢ ᠪᠠᠶᠢᠭᠤᠯᠤᠨ ᠳᠠᠭᠤᠰᠬᠠᠵᠤ᠂ 82 ᠺᠢᠯᠣᠮᠧᠲᠷ ︽ᠳᠥᠷᠪᠡᠨ ᠰᠠᠶᠢᠨᠲᠠᠶ ᠬᠥᠳᠡᠭᠡ | ᠲᠣᠰᠬᠤᠨ ᠤ ᠵᠠᠮ︾ ᠢ ᠲᠠᠰ ᠳᠡᠪᠰᠢᠭᠦᠯᠦᠨ ᠲᠠᠰ ᠳᠡᠪᠰᠢᠭᠦᠯᠵᠦ᠂ ᠬᠤᠲᠠ ᠬᠥᠳᠡᠭᠡ ᠶᠢᠨ ᠵᠠᠮ ᠤᠨ ᠲᠣᠤᠷ ᠤᠨ | ᠰᠠᠭᠠᠳ ᠥᠬᠡᠶ ᠨᠡᠪᠲᠡᠷᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ | ᠲᠡᠷᠭᠡ ᠶᠢ ᠠᠰᠢᠭᠯᠠᠯᠲᠠ ᠳᠤ ᠣᠷᠣᠭᠤᠯᠵᠤ᠂ ᠯᠢᠶᠠᠩᠴᠧᠩ ᠠᠴᠠ ᠵᠢᠨᠢᠩ ᠬᠦᠷᠬᠦ ᠬᠡᠰᠡᠭ ᠤᠨ ᠠᠶᠠᠨᠴᠢᠳ ᠤᠨ | ᠲᠡᠭᠡᠭᠡᠪᠦᠷᠢ ᠶᠢᠨ ᠵᠠᠮ ᠱᠤᠭᠤᠮ ᠢ ᠨᠡᠶᠢᠲᠡ ᠶᠢᠨ ᠮᠠᠰᠢᠨ ᠲᠡᠷᠭᠡᠨ ᠳᠤ ᠣᠷᠣᠭᠤᠯᠬᠤ ᠥᠭᠡᠷᠡᠴᠢᠯᠡᠯᠲᠡ ᠶᠢ ᠪᠡᠶᠡᠯᠡᠭᠦᠯᠪᠡ | ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠠᠬᠤᠶ ᠶᠢ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭ᠎ᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠭᠡᠷ ᠳᠣᠲᠣᠷᠠᠬᠢ ᠵᠣᠷᠯᠣᠩ ᠢ 3943 | ᠡᠷᠦᠬᠡ ᠳᠤ ᠥᠭᠡᠷᠡᠴᠢᠯᠡᠵᠦ᠂ 7 ᠬᠤᠭ ᠨᠣᠪᠰᠢ ᠰᠢᠲᠠᠭᠠᠬᠤ ᠦᠷᠳᠡᠭᠡ᠂ 5 ᠳᠠᠮᠵᠢᠭᠤᠯᠬᠤ ᠦᠷᠳᠡᠭᠡ ᠶᠢ | ᠪᠠᠶᠢᠭᠤᠯᠵᠤ᠂ 75 ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ᠂ 2668 ᠬᠤᠭ ᠨᠣᠪᠰᠢ ᠶᠢᠨ | ᠠᠪᠳᠠᠷ᠎ᠠ ᠶᠢ ᠲᠣᠬᠢᠷᠠᠭᠤᠯᠵᠤ᠂ ᠬᠤᠳᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠡᠳᠦᠷ ᠲᠤ | ᠦᠢᠯᠡᠳᠪᠦᠷᠢᠯᠡᠵᠦ ᠡᠳᠦᠷ ᠲᠤ ᠴᠡᠪᠡᠷᠯᠡᠬᠦ ᠶᠢ ᠪᠡᠶᠡᠯᠡᠭᠦᠯᠪᠡ᠃ ᠬᠥᠳᠡᠭᠡ ᠲᠣᠰᠬᠤᠨ ᠤ ᠴᠠᠬᠢᠯᠭᠠᠨ ᠤ ᠲᠣᠣᠷ ᠤᠨ | ᠥᠭᠡᠷᠡᠴᠢᠯᠡᠯᠲᠡ ᠶᠢᠨ 540 ᠺᠢᠯᠣᠮᠧᠲᠷ᠂ ᠯᠢᠦ ᠵᠢᠶᠠ ᠶᠣᠣ ᠠᠴᠠ ᠲᠢᠶᠠᠨ ᠴᠧᠩ ᠬᠦᠷᠬᠦ 35 ᠺᠢᠯᠣᠸᠠᠲ ᠤᠨ | ᠴᠠᠬᠢᠯᠭᠠᠨ ᠬᠦᠷᠭᠡᠬᠦ ᠱᠤᠭᠤᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠳᠦᠭᠡᠨ ᠪᠠᠶᠢᠭᠤᠯᠵᠤ᠂ ᠴᠠᠬᠢᠯᠭᠠᠨ | ᠬᠦᠴᠦᠨ ᠤ ᠪᠠᠲᠤᠯᠠᠭ᠎ᠠ ᠶᠢ ᠪᠦᠬᠦ ᠲᠠᠯ᠎ᠠ ᠪᠠᠷ ᠲᠡᠰ ᠳᠡᠪᠰᠢᠭᠦᠯᠪᠡ᠃ | — — ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠪᠠᠲᠤ ᠴᠢᠩᠭ᠎ᠠ ᠠᠷᠠᠳ ᠤᠨ ᠠᠮᠢᠳᠤᠷᠠᠯ ᠤᠨ ᠡᠯ᠎ᠡ ᠲᠦᠷᠦᠯ ᠤᠨ | ᠣᠷᠣᠭᠤᠯᠤᠯᠲᠠ ᠨᠢ ᠡᠳ᠋ ᠤᠨ ᠵᠠᠰᠠᠭ ᠤᠨ ᠶᠡᠷᠦᠩᠬᠡᠶ ᠵᠠᠷᠤᠯᠭ᠎ᠠ ᠶᠢᠨ 50% ᠠᠴᠠ ᠳᠡᠭᠡᠭᠰᠢᠬᠢ ᠶᠢ ᠡᠵᠡᠯᠡᠵᠦ᠂ | ᠠᠷᠠᠳ ᠤᠨ ᠠᠮᠢᠳᠤᠷᠠᠯ ᠤᠨ 23 ᠪᠣᠳᠠᠲᠤ ᠶᠠᠪᠤᠳᠠᠯ ᠤᠨ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠤᠯᠪᠠ᠃ ᠬᠤᠳᠠ ᠪᠠᠯᠭᠠᠰᠤᠨ ᠤ 3879 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4᠂2% ᠤᠨ ᠳᠣᠲᠣᠷ᠎ᠠ ᠬᠢᠵᠠᠭᠠᠷᠯᠠᠪᠠ᠃ ᠬᠤᠳᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠰ ᠲᠤᠰ 17% ᠪᠠ | 15% ᠪᠠᠷ ᠳᠡᠭᠡᠭᠰᠢᠯᠡᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ ᠲᠤᠰ ᠲᠤᠰ 95% ᠪᠠ 98% ᠳᠤ ᠬᠦᠷᠭᠡᠵᠦ᠂ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠬᠦ ᠬᠠᠨᠳᠤᠰᠢ ᠲᠠᠢ ᠪᠣᠯᠭᠠᠪᠠ᠃ ᠣᠷᠣᠰᠢᠭᠤᠯᠭ᠎ᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠰᠢᠶᠠᠨ ᠰᠢᠶᠠᠩ ᠤᠨ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠨᠡᠶᠢᠲᠡ ᠶᠢᠨ ᠤᠡᠭᠭᠤᠨ ᠢ ᠦᠨᠳᠦᠰᠦᠨ ᠳᠡᠭᠡᠨ ᠪᠠᠷᠢᠵᠤ ᠳᠠᠭᠤᠰᠬᠠᠪᠠ᠃ ᠨᠢᠭᠡ ᠪᠦᠯᠦᠭ ᠭᠡᠷ ᠪᠠᠶᠢᠰᠢᠩ | ᠭᠠᠵᠠᠷ ᠰᠢᠷᠣᠶ ᠶᠢᠨ ᠬᠦᠷᠦᠩᠭᠡ ᠶᠢᠨ ᠬᠦᠷᠢᠶᠡᠨ ᠳᠠᠬᠢ ︽ᠦᠨᠡᠮᠯᠡᠯ ᠠᠪᠬᠤ ᠳᠤ ᠬᠦᠴᠢᠷᠲᠡᠶ᠂ ᠣᠷᠣᠵᠤ | ᠰᠠᠭᠤᠬᠤ ᠳᠤ ᠬᠦᠴᠢᠷᠲᠡᠶ᠂ ᠪᠤᠴᠠᠵᠤ ᠨᠡᠭᠦᠬᠦ ᠳᠤ ᠬᠦᠴᠢᠷᠲᠡᠶ︾ ᠲᠡᠦᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠪᠦᠲᠦᠮᠵᠢᠲᠡᠶ ᠪᠠᠷ ᠰᠢᠢᠳᠪᠤᠷᠢᠯᠡᠪᠡ᠃ ᠨᠡᠶᠢᠭᠡᠮ ᠤᠨ ᠦᠢᠯᠡᠰ ᠲᠦᠷᠭᠡᠨ ᠬᠥᠭᠵᠢᠪᠡ᠃ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ᠂ ᠵᠢᠷᠭᠤᠳᠤᠭᠠᠷ ᠬᠡᠤᠬᠡᠳ ᠤᠨ ᠴᠡᠴᠡᠷᠯᠢᠭ ᠵᠡᠷᠭᠡ | ᠭᠤᠤᠯᠳᠠᠯᠭ᠎ᠠ ᠲᠠᠢ ᠲᠥᠷᠥᠯ ᠵᠦᠢᠯ ᠢ ᠠᠰᠢᠭᠯᠠᠯᠲᠠ ᠳᠤ ᠣᠷᠣᠭᠤᠯᠪᠠ᠃ ᠲᠦᠭᠡᠮᠡᠯ ᠬᠠᠷᠠᠭᠠᠯᠵᠠᠯ ᠤᠨ ᠴᠢᠨᠠᠷᠲᠠᠶ | ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 91% ᠳᠤ ᠬᠦᠷᠴᠦ᠂ ᠠᠯᠪᠠᠨ ᠠᠴᠠ ᠡᠷᠭᠢᠯᠡᠭᠰᠡᠨ | ᠬᠡᠤᠬᠡᠳ ᠤᠨ ᠴᠡᠴᠡᠷᠯᠢᠭ ᠲᠤ ᠪᠠᠶᠢᠭ᠎ᠠ ᠬᠡᠤᠬᠡᠳ ᠤᠨ ᠴᠡᠴᠡᠷᠯᠢᠭ ᠤᠨ ᠬᠠᠷᠢᠴᠠᠯ 61% ᠳᠤ ᠬᠦᠷᠴᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 98.45% ᠳᠤ ᠬᠥᠷᠪᠡ᠃ 2 ᠰᠢᠯᠢᠳᠡᠭ | ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠣᠷᠣᠭᠤᠯᠤᠨ ᠠᠪᠴᠢᠷᠠᠵᠤ᠂ ᠰᠤᠷᠭᠠᠨ ᠬᠥᠮᠦᠵᠢᠯ ᠤᠨ ᠠᠮᠢᠵᠢᠷᠠᠯ ᠤᠨ | ᠬᠦᠴᠦᠨ ᠢ ᠤᠯᠠᠮ ᠨᠢᠭᠡ ᠠᠯᠬᠤᠮ ᠬᠥᠭᠵᠢᠭᠡᠨ᠂ ᠰᠢᠯᠢᠳᠡᠭ ᠰᠣᠷᠣᠭᠴᠢ ᠶᠢᠨ ᠢᠷᠡᠯᠲᠡ ᠶᠢᠨ ᠭᠠᠳᠠᠭᠰᠢ ᠤᠷᠤᠰᠬᠤ | ᠦᠵᠡᠭᠳᠡᠯ ᠢ ᠪᠦᠲᠦᠮᠵᠢᠲᠡᠶ ᠬᠤᠷᠢᠭᠯᠠᠨ᠎ᠠ᠃ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠵᠢᠷᠤᠮᠵᠢᠭᠤᠯᠤᠨ ᠵᠠᠰᠠᠪᠠ᠃ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ | ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ | ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ | ᠲᠠᠰᠤᠷᠠᠯᠲᠠ ᠦᠭᠡᠢ ᠳᠡᠭᠡᠭᠰᠢᠯᠡᠵᠦ᠂ ᠰᠢᠶᠠᠨ ᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ | ᠠᠰᠠᠷ᠂ ᠬᠠᠯᠳᠠᠪᠤᠷᠢᠲᠤ ᠡᠪᠡᠳᠴᠢᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠤᠷᠤᠭᠰᠢᠲᠠᠶ ᠠᠬᠢᠵᠤ᠂ | ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠰᠢᠨ᠎ᠡ ᠲᠥᠪ ᠢ ᠠᠰᠢᠭᠯᠠᠯᠲᠠ ᠳᠤ ᠣᠷᠣᠭᠤᠯᠪᠠ᠃ | ᠤᠯᠠᠭᠠᠨᠮᠥ᠋ᠴᠢᠷ ᠤᠨ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ︽ᠬᠤᠪᠢᠰᠬᠠᠯᠲᠤ | ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠨᠠᠩ ᠭᠦᠢᠴᠡᠳ ᠪᠠᠳᠠᠷᠠᠭᠤᠯᠵᠤ᠂ | ᠬᠥᠳᠡᠭᠡ ᠲᠣᠰᠬᠤᠨ ᠤ ᠰᠣᠶᠣᠯ ᠤᠨ ᠥᠷᠲᠡᠭᠡ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠂ ᠮᠦᠽᠧᠶ᠂ | ᠲᠥᠯᠥᠪᠵᠢᠭᠦᠯᠭᠡ ᠶᠢᠨ ᠣᠷᠳᠣᠨ᠂ ᠨᠠᠰᠤᠲᠠᠶᠢᠴᠤᠳ ᠤᠨ ᠠᠵᠢᠯᠯᠠᠭᠠᠨ ᠤ ᠲᠥᠪ ᠢ ᠪᠠᠶᠢᠭᠤᠯᠤᠨ ᠠᠵᠢᠯᠯᠠᠭᠤᠯᠵᠤ᠂ | ᠣᠯᠠᠨ ᠲᠦᠮᠡᠨ ᠤ ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠪᠠ᠃ | — ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠢᠯᠡᠳᠲᠡ ᠴᠢᠩᠭᠠᠷᠠᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠰᠢᠪᠲᠤᠯᠤᠯᠲᠠ ᠲᠠᠢ ᠪᠣᠯᠪᠠ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠲᠦᠷᠢᠮ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ | ᠲᠠᠰᠤᠷᠠᠯᠳᠠ ᠦᠭᠡᠢ ᠭᠦᠨᠵᠡᠭᠡᠶᠢᠷᠡᠭᠦᠯᠪᠡ᠃ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ᠂ ᠰᠢᠶᠠᠩ | ᠪᠠᠯᠭᠠᠰᠤᠨ ᠤ ᠥᠭᠡᠷᠡᠴᠢᠯᠡᠯᠲᠡ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ | ᠪᠦᠬᠦ ᠲᠠᠯ᠎ᠠ ᠪᠠᠷ ᠪᠡᠶᠡᠯᠡᠭᠦᠯᠪᠡ᠃ ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ᠂ | ᠬᠥᠳᠡᠭᠡ ᠲᠣᠰᠬᠤᠨ ᠤ ︽ᠭᠤᠷᠪᠠᠨ ᠡᠷᠬᠡ ᠶᠢ ᠰᠠᠯᠭᠠᠬᠤ︾ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ | ᠪᠦᠳᠦᠭᠡᠨ ᠪᠠᠶᠢᠭᠤᠯᠤᠯᠲᠠ ᠶᠢ ᠰᠢᠯᠭᠠᠨ ᠠᠪᠬᠤ ᠪᠠᠷ ᠥᠩᠭᠡᠷᠡᠭᠡᠵᠦ᠂ ᠭᠠᠵᠠᠷ ᠰᠢᠷᠣᠶ ᠶᠢᠨ ᠡᠷᠬᠡ ᠶᠢ ᠨᠤᠲᠠᠯᠠᠨ | ᠲᠠᠩᠰᠠᠯᠠᠵᠤ ᠦᠨᠡᠮᠯᠡᠯ ᠣᠯᠭᠤᠬᠤ ᠠᠵᠢᠯ ᠤᠨ ᠨᠢᠭᠡᠨᠲᠡ ᠲᠣᠭᠲᠠᠭᠠᠭᠰᠠᠨ ᠡᠭᠦᠷᠭᠡ ᠶᠢ ᠪᠡᠶᠡᠯᠡᠭᠦᠯᠵᠦ᠂ ᠬᠥᠳᠡᠭᠡ | ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ︽ᠭᠡᠷ ᠪᠠᠶᠢᠰᠢᠩ ᠭᠠᠵᠠᠷ ᠰᠢᠷᠣᠶ ᠶᠢ ᠨᠢᠭᠡ ᠴᠤᠭᠴᠠᠵᠢᠭᠤᠯᠬᠤ︾ | ᠪᠠ ᠬᠠᠮᠲᠤ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ | ᠦᠨᠳᠦᠰᠦᠨ ᠳᠡᠭᠡᠨ ᠪᠡᠶᠡᠯᠡᠭᠦᠯᠪᠡ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠥᠭᠡᠷᠡᠴᠢᠯᠡᠯᠲᠡ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ︽ᠪᠠᠭᠤᠯᠭᠠᠬᠤ | ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ︽ᠭᠤᠷᠪᠠ ᠶᠢ | ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠯ ᠪᠦᠷᠢ ᠳᠤᠮᠳᠠᠴᠢ ᠪᠠᠷ | ᠪᠠᠷᠤᠭ 30 ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠪᠡ᠃ ᠪᠠᠷᠢᠯᠭ᠎ᠠ ᠶᠢᠨ | ᠪᠥᠲᠥᠭᠡᠨ ᠪᠠᠶᠢᠭᠤᠯᠤᠯᠲᠠ ᠶᠢ ᠬᠢᠨᠠᠨ ᠵᠥᠪᠰᠢᠶᠡᠷᠡᠬᠦ᠂ ᠥᠯᠥ ᠬᠥᠳᠡᠯᠬᠦ ᠬᠥᠷᠥᠩᠭᠡ ᠶᠢ ᠳᠠᠩᠰᠠᠯᠠᠬᠤ᠂ ᠠᠵᠤ | ᠠᠬᠤᠶᠢᠯᠠᠯ ᠡᠷᠭᠢᠯᠡᠬᠦ ᠴᠠᠭ ᠤᠨ ᠬᠢᠵᠠᠭᠠᠷ ᠢ ᠲᠣᠰ ᠲᠣᠰ 60᠂ 3᠂ 1 ᠠᠵᠢᠯᠯᠠᠬᠤ ᠡᠳᠦᠷ ᠪᠣᠯᠭᠠᠨ | ᠪᠣᠭᠤᠨᠢᠰᠬᠠᠨ᠎ᠠ᠃ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠳᠡᠭᠡᠷ᠎ᠡ ᠭᠦᠶᠦᠬᠦ︾ ᠤᠴᠢᠷ ᠶᠠᠪᠤᠳᠠᠯ | 179 ᠳᠤ ᠬᠦᠷᠴᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠤᠴᠢᠷ ᠶᠠᠪᠤᠳᠠᠯ ᠢ 77 ᠬᠦᠴᠦᠨ ᠦᠭᠡᠢ | ᠪᠣᠯᠭᠠᠵᠤ᠂ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠡᠷᠬᠡ ᠶᠢᠨ ᠤᠴᠢᠷ ᠶᠠᠪᠤᠳᠠᠯ ᠢ 99 ᠳᠣᠷᠣᠭᠰᠢ ᠪᠠᠭᠤᠯᠭᠠᠪᠠ | ᠃ ︽ᠢᠨᠲ᠋ᠤᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠲᠠᠰᠤᠷᠠᠯᠲᠠ ᠥᠬᠡᠶ ᠲᠡᠭᠦᠯᠳᠡᠷᠵᠢᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠣᠭᠲᠠᠴᠠ ᠶᠢ ᠬᠡᠷᠡᠭᠵᠢᠭᠦᠯᠦᠨ᠂ 36 | ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠵᠦᠢᠯᠡᠰ ᠢ ᠡᠮᠬᠢᠯᠡᠨ ᠳᠢᠭᠯᠡᠵᠦ᠂ ᠨᠠᠷᠢᠯᠢᠭ | ᠣᠨᠣᠴᠠᠲᠠᠶ ᠪᠠᠷ ᠥᠨᠳᠥᠷ ᠪᠦᠲᠦᠮᠵᠢᠲᠡᠶ ᠪᠠᠷ ᠠᠵᠤ ᠠᠬᠤᠶᠢᠯᠠᠯ ᠪᠠ ᠣᠯᠠᠨ ᠲᠦᠮᠡᠨ ᠳᠤ ᠦᠢᠯᠡᠴᠢᠯᠡᠪᠡ᠃ ︽ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ᠢ | ᠨᠡᠶᠢᠲᠡᠯᠡᠵᠦ᠂ ᠨᠡᠶᠢᠳᠡ 4᠂7 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠨ ᠰᠦᠢᠳᠬᠡᠯ ᠢ ᠪᠠᠭᠤᠷᠠᠭᠤᠯᠵᠤ᠂ | 3380 ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠰᠢᠨ᠎ᠡ ᠪᠠᠷ ᠨᠡᠮᠡᠭᠳᠡᠭᠦᠯᠦᠭᠡᠳ᠂ ᠵᠠᠬ᠎ᠠ ᠳᠡᠯᠭᠡᠭᠦᠷ ᠤᠨ | ᠠᠮᠢᠳᠤᠯᠢᠭ ᠬᠦᠴᠦᠨ ᠢ ᠭᠦᠢᠴᠡᠳ ᠬᠥᠭᠵᠢᠭᠡᠪᠡ᠃ | — — ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ︽ᠨᠢᠭᠡ | ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ | ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠵᠠᠰᠠᠭ ᠤᠨ | ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ | ᠰᠢᠨ᠎ᠡ ᠦᠷ᠎ᠡ ᠪᠦᠲᠦᠮᠵᠢ ᠤᠯᠪᠠ᠃ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ | ᠪᠠᠷᠢᠮᠲᠠᠯᠠᠵᠤ᠂ ︽ᠬᠤᠶᠠᠷ ᠢ ᠰᠤᠷᠤᠯᠴᠠᠵᠦ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠤᠨ ᠥᠷᠨᠢᠭᠦᠯᠵᠦ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠪᠠ᠃ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠬᠡᠷᠡᠭ ᠵᠥᠪᠯᠡᠬᠦ ᠰᠢᠶ᠋ᠳᠪᠦᠷᠢᠲᠦ ᠪᠤᠳᠤᠯᠭ᠎ᠠ ᠲᠣᠭᠲᠠᠭᠠᠬᠤ | ᠲᠦᠷᠢᠮ ᠢ ᠲᠡᠭᠦᠯᠳᠡᠷᠵᠢᠭᠦᠯᠵᠦ᠂ ᠳᠣᠯᠣᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠲᠥᠰᠦᠪ ᠤᠨ ᠬᠠᠤᠯᠢ ᠶᠢ | ᠴᠢᠩᠭ᠎ᠠ ᠬᠡᠷᠡᠭᠵᠢᠭᠦᠯᠵᠦ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠨᠡᠩ ᠵᠢᠷᠤᠮᠵᠢᠭᠤᠯᠪᠠ᠃ ᠭᠤᠣᠯᠳᠠᠯᠭ᠎ᠠ ᠲᠠᠢ | ᠬᠦᠷᠢᠶᠡᠨ ᠳᠠᠬᠢ ᠬᠢᠨᠠᠨ ᠪᠤᠳᠤᠯᠳᠠ ᠶᠢᠨ ᠰᠢᠪᠠᠳᠠᠨ ᠪᠠᠶᠢᠴᠠᠭᠠᠯᠲᠠ ᠶᠢ ᠴᠢᠩᠭᠠᠳᠬᠠᠵᠤ᠂ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠢ ᠵᠢᠯ ᠳᠠᠷᠠᠭᠠᠯᠠᠨ ᠪᠠᠭᠠᠰᠬᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠰᠠᠨᠠᠯ ᠵᠥᠪᠯᠡᠯᠭᠡ ᠪᠠ ᠰᠠᠨᠠᠭᠤᠯᠭ᠎ᠠ ᠶᠢ 312 ᠬᠤᠪᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠵᠥᠪᠯᠡᠯᠭᠡ ᠶᠢ 363 ᠬᠤᠪᠢ ᠴᠢᠨᠠᠷ ᠰᠠᠶᠢᠲᠠᠶ ᠰᠢᠶ᠋ᠳᠪᠦᠷᠢᠯᠡᠵᠦ᠂ ᠰᠢᠢᠳᠪᠤᠷᠢᠯᠡᠵᠤ ᠬᠠᠷᠢᠭᠤᠯᠲᠠ ᠥᠭᠭᠦᠭᠰᠡᠨ | ᠨᠤᠷᠮ᠎ᠠ ᠨᠢ 100% ᠪᠣᠯᠪᠠ᠃ | ᠡᠭᠦᠨ ᠠᠴᠠ ᠭᠠᠳᠠᠨ᠎ᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠦᠨᠳᠦᠰᠦᠲᠡᠨ ᠱᠠᠰᠢᠨ ᠰᠤᠷᠲᠠᠬᠤᠨ᠂ | ᠵᠡᠮᠳᠡᠭᠴᠦᠳ ᠤᠨ ᠬᠤᠯᠪᠣᠭᠠᠨ ᠤ ᠠᠵᠢᠯᠴᠢᠨ ᠤ ᠡᠪᠯᠡᠯ᠂ ᠴᠡᠷᠢᠭ ᠠᠴᠠ ᠬᠠᠯᠠᠭᠳᠠᠭᠰᠠᠳ᠂ ᠲᠡᠤᠬᠡ ᠣᠶᠢᠯᠠᠯᠭ᠎ᠠ ᠶᠢᠨ | ᠲᠠᠩᠰᠠ ᠡᠪᠬᠡᠮᠡᠯ᠂ ᠭᠠᠯ ᠤᠨᠲᠠᠷᠠᠭᠠᠬᠤ᠂ ᠴᠠᠭ ᠠᠭᠤᠷ ᠵᠡᠷᠭᠡ ᠡᠭᠦᠷᠭᠡ ᠴᠢᠳᠠᠪᠤᠷᠢ ᠶᠢᠨ ᠦᠶ᠋ᠯᠡᠳᠦᠯ ᠢᠶᠠᠨ ᠭᠦᠶ᠋ᠴᠡᠳ | ᠪᠠᠳᠠᠷᠠᠭᠤᠯᠵᠤ᠂ ᠵᠠᠰᠠᠭ ᠤᠨ ᠣᠷᠳᠣᠨ ᠤ ᠠᠵᠢᠯ ᠤᠨ ᠪᠥᠬᠦ ᠲᠠᠯ᠎ᠠ ᠶᠢᠨ ᠳᠠᠪᠰᠢᠯᠲᠠ ᠶᠢ ᠬᠠᠮᠲᠤ ᠪᠠᠷ ᠳᠥᠯᠭᠢᠨ | ᠠᠬᠢᠭᠤᠯᠪᠠ᠃ | ᠲᠥᠯᠥᠭᠡᠯᠡᠭᠴᠢᠳ ᠡ᠂ ᠬᠥᠭᠵᠢᠯᠲᠡ ᠶᠢᠨ ᠥᠩᠭᠡᠷᠡᠯᠲᠡ ᠪᠠᠨ ᠡᠷᠭᠢᠴᠡᠭᠦᠯᠬᠦᠶ᠎ᠡ᠂ ᠤᠷᠢᠳᠤ ᠡᠮᠦᠨ᠎ᠡ ᠪᠠᠶᠢᠭ᠎ᠠ | ᠦᠭᠡᠢ ᠥᠷᠢᠰᠥᠯᠳᠦᠭᠡᠨ ᠳᠤ ᠲᠤᠯᠭᠠᠷᠠᠵᠤ᠂ ᠲᠡᠮᠡᠴᠡᠯ ᠨᠢ ᠬᠠᠲᠠᠭᠤ ᠪᠡᠷᠬᠡᠰᠢᠶᠡᠯ ᠢᠶᠠᠷ ᠳᠦᠭᠦᠷᠴᠦ᠂ ᠦᠷ᠎ᠡ | ᠪᠦᠲᠦᠮᠵᠢ ᠨᠢ ᠵᠢᠱᠢᠭᠰᠡᠨ ᠠᠴᠠ ᠰᠠᠶᠢᠨ ᠪᠠᠶᠢᠨ᠎ᠠ᠃ ᠡᠳᠡᠭᠡᠷ ᠠᠮᠵᠢᠯᠲᠠ ᠶᠢ ᠣᠯᠤᠭᠰᠠᠨ ᠨᠢ ᠥᠪᠡᠷᠲᠡᠭᠡᠨ ᠵᠠᠰᠠᠬᠤ | ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢᠨ ᠵᠠᠮᠴᠢᠯᠠᠬᠤ ᠴᠢᠭᠯᠡᠯ ᠤᠨ ᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠠ ᠶᠢᠨ | ᠪᠠᠲᠤ ᠴᠢᠩᠭ᠎ᠠ ᠤᠳᠤᠷᠢᠳᠤᠯᠭ᠎ᠠ ᠶᠢᠨ ᠠᠴᠢ ᠪᠠᠷ᠂ ᠪᠦᠬᠦ ᠰᠢᠶᠠᠨ ᠤ ᠳᠡᠭᠡᠷ᠎ᠡ ᠳᠣᠣᠷ᠎ᠠ ᠱᠠᠲᠤᠨ ᠤ ᠴᠢᠷᠮᠠᠶᠢᠨ | ᠲᠡᠮᠡᠴᠡᠭᠰᠡᠨ ᠤ ᠠᠴᠢ ᠪᠠᠷ᠂ ᠥᠩᠭᠡᠷᠡᠭᠰᠡᠨ ᠤ ᠤᠳᠤᠷᠢᠳᠬᠤ ᠪᠠᠭ᠂ ᠥᠩᠭᠡᠷᠡᠭᠰᠡᠨ ᠤ ᠲᠤᠰᠢᠶᠠᠯ ᠡᠭᠦᠷᠭᠡᠯᠡᠵᠦ | ᠪᠠᠶᠢᠭᠰᠠᠨ ᠤᠳᠤᠷᠢᠳᠤᠯᠭ᠎ᠠ ᠶᠢᠨ ᠲᠠᠯᠪᠢᠭᠰᠠᠨ ᠪᠠᠲᠤ ᠪᠠᠬᠢ ᠰᠠᠭᠤᠷᠢ ᠶᠢᠨ ᠠᠴᠢ ᠪᠠᠷ᠂ ᠠᠳᠡ ᠰᠠᠭᠤᠭ᠎ᠠ | ᠲᠥᠯᠥᠭᠡᠯᠡᠭᠴᠢᠳ ᠪᠣᠯᠤᠨ ᠰᠤᠯᠠ ᠣᠷᠣᠯᠴᠠᠭᠰᠠᠳ ᠤᠨ ᠳᠡᠮᠵᠢᠯᠭᠡ ᠪᠣᠯᠤᠨ ᠬᠢᠨᠠᠯᠲᠠ ᠶᠢᠨ ᠠᠴᠢ ᠪᠠᠷ ᠪᠣᠯᠵᠠᠢ ᠭᠡᠵᠦ | ᠵᠢᠭᠠᠵᠤ ᠭᠠᠷᠭᠠᠪᠠ᠃ ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠰᠢᠶᠠᠨ ᠤ | ᠠᠵᠤ ᠠᠬᠤᠶ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠲᠡᠭᠦᠨ ᠳᠤ | ᠣᠷᠣᠯᠴᠠᠭᠰᠠᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠡᠲᠡᠭᠡᠳ ᠤᠨ ᠨᠠᠶᠢᠵᠠ ᠨᠠᠷ ᠪᠠ ᠨᠥᠬᠦᠳ ᠲᠤ | ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠬᠦ ᠶᠢᠨ ᠬᠠᠮᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | | ᠠᠮᠵᠢᠯᠲᠠ ᠪᠠᠨ ᠭᠦᠢᠴᠡᠳ ᠨᠤᠲᠠᠯᠠᠬᠤ ᠶᠢᠨ ᠵᠡᠷᠭᠡᠴᠡᠭᠡᠪᠡᠷ ᠰᠢᠶᠠᠨ ᠤ ᠬᠠᠮᠤᠭ ᠤᠨ ᠦᠨᠳᠦᠰᠦᠨ ᠪᠠᠶᠢᠳᠠᠯ ᠪᠣᠯ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠦᠢᠯ ᠤᠨ ᠲᠡᠩᠴᠡᠭᠦᠷᠢ ᠦᠭᠡᠢ᠂ ᠰᠢᠨ᠎ᠡ ᠭᠠᠶᠢᠯᠢ ᠶᠢᠨ ᠢᠷᠡᠯᠳᠡ ᠶᠢ | ᠪᠤᠶᠢᠵᠢᠭᠤᠯᠬᠤ ᠬᠤᠷᠳᠤᠴᠠ ᠤᠳᠠᠭᠠᠨ᠂ ᠠᠷᠠᠳ ᠤᠨ ᠠᠮᠢᠳᠤᠷᠠᠯ ᠢ ᠪᠠᠲᠤᠯᠠᠬᠤ ᠵᠠᠷᠤᠯᠭ᠎ᠠ ᠶᠢᠨ ᠳᠠᠷᠤᠯᠲᠠ ᠨᠡᠯᠢᠶᠡᠳ | ᠶᠡᠭᠡ ᠪᠠᠶᠢᠬᠤ︔ ᠬᠠᠮᠤᠭ ᠤᠨ ᠲᠤᠯᠭᠠᠮ᠎ᠠ ᠠᠰᠠᠭᠤᠳᠠᠯ ᠪᠣᠯ ᠠᠵᠤ ᠦᠢᠯᠡᠰ ᠤᠨ ᠰᠠᠭᠤᠷᠢ ᠨᠢᠮᠭᠡᠨ᠂ ᠲᠤᠯᠭᠠᠭᠤᠷᠢᠯᠠᠨ | ᠳᠠᠶᠢᠴᠢᠯᠠᠬᠤ ᠴᠢᠳᠠᠪᠤᠷᠢ ᠴᠢᠩᠭ᠎ᠠ ᠪᠢᠰᠢ᠂ ᠬᠥᠭᠵᠢᠯᠲᠡ ᠶᠢ ᠲᠦᠷᠭᠡᠳᠬᠡᠬᠦ ᠶᠢᠨ ᠰᠡᠯᠭᠦᠬᠦ ᠬᠦᠴᠦᠨ ᠬᠦᠷᠦᠯᠴᠡᠬᠦ | ᠦᠭᠡᠢ ᠪᠠᠶᠢᠬᠤ ᠶᠠᠪᠤᠳᠠᠯ ᠪᠣᠯᠤᠨ᠎ᠠ︔ ᠬᠠᠮᠤᠭ ᠤᠨ ᠲᠤᠪᠤᠶᠢᠮ᠎ᠠ ᠳᠤᠲᠠᠭᠤᠳᠠᠯ ᠪᠣᠯ ᠬᠥᠭᠵᠢᠯᠲᠡ ᠶᠢ ᠤᠷᠳᠤ | ᠬᠤᠭᠤᠴᠠᠭ᠎ᠠ ᠪᠠᠷ ᠬᠢᠵᠠᠭᠠᠷᠯᠠᠵᠤ ᠪᠠᠶᠢᠭᠰᠠᠨ ᠵᠠᠮ ᠬᠠᠷᠢᠯᠴᠠᠭᠠᠨ ᠤ ᠪᠣᠭᠤᠮᠢ ᠶᠢ ᠲᠦᠷᠭᠡᠨ ᠰᠢᠢᠳᠪᠦᠷᠢᠯᠡᠵᠦ᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠲᠦᠷᠭᠡᠨ ᠰᠢᠯᠢᠳᠡᠭᠵᠢᠭᠦᠯᠬᠦ ᠴᠢᠬᠤᠯᠠᠲᠠᠢ ᠪᠠᠶᠢᠬᠤ ᠶᠠᠪᠤᠳᠠᠯ ᠪᠣᠯᠤᠨ᠎ᠠ | ︔ ᠭᠡᠬᠦ ᠮᠡᠲᠦ᠃ ᠡᠭᠦᠨ ᠳᠤ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠬᠦᠴᠦᠲᠡᠶ ᠠᠷᠭ᠎ᠠ ᠬᠡᠮᠵᠢᠶ᠎ᠡ ᠠᠪᠴᠤ | ᠪᠠᠶᠢᠭᠠᠳ ᠦᠨᠡᠨ ᠬᠦ ᠰᠢᠢᠳᠪᠤᠷᠢᠯᠡᠨ᠎ᠡ᠃ | | ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠬᠠᠷᠠᠯᠲᠠ ᠪᠠ ᠠᠵᠢᠯ ᠤᠨ ᠡᠭᠦᠷᠭᠡ | | ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ | ᠰᠢᠶᠠᠨ ᠤ ᠨᠠᠮ ᠤᠨ ᠬᠤᠷᠢᠶ᠎ᠠ ᠶᠢᠨ ᠰᠢᠶ᠋ᠳᠪᠦᠷᠢᠲᠦ ᠪᠣᠳᠣᠯᠭ᠎ᠠ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠬᠤᠶᠠᠷ ᠰᠠᠪᠠ ᠭᠠᠵᠠᠷ ᠢ ᠴᠢᠩᠭ᠎ᠠ ᠠᠵᠢᠵᠤ | ᠭᠤᠷᠪᠠᠨ ᠶᠡᠭᠡ ᠠᠵᠤ ᠦᠢᠯᠡᠰ ᠢ ᠬᠥᠭᠵᠢᠭᠦᠯᠦᠨ ᠮᠠᠨᠳᠤᠭᠤᠯᠵᠤ᠂ ᠳᠥᠷᠪᠡᠨ ᠵᠦᠢᠯ ᠤᠨ ᠳᠤᠲᠠᠭᠤᠳᠠᠯ ᠢ | ᠨᠥᠬᠦᠪᠥᠷᠢᠯᠡᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠰᠠᠶᠢᠲᠤᠷ ᠵᠠᠮᠨᠠᠵᠤ᠂ ︽ | ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢ ᠲᠦᠷᠭᠡᠳᠬᠡᠨ ᠪᠥᠲᠥᠭᠡᠨ | ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠯᠢᠶᠠᠩᠴᠧᠩ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ᠃ | ᠬᠤᠶᠢᠰᠢᠳᠠ ᠶᠢᠨ ᠲᠠᠪᠤᠨ ᠵᠢᠯ ᠤᠨ ᠲᠡᠮᠡᠴᠡᠬᠦ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠦᠷᠳᠡᠭ ᠢ ᠵᠢᠯ ᠪᠦᠷᠢ ᠳᠤᠮᠳᠠᠴᠢ ᠪᠠᠷ 7% ᠣᠷᠴᠢᠮ ᠢᠶᠠᠷ ᠨᠡᠮᠡᠭᠳᠡᠭᠦᠯᠦᠨ᠎ᠡ︔ ᠡᠩ ᠤᠨ ᠤᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 10% ᠣᠷᠴᠢᠮ ᠬᠦᠷᠦᠩᠭᠡ ᠶᠢᠨ ᠪᠡᠯᠡ | ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 10% ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠪᠦᠬᠦ ᠲᠤᠭ᠎ᠠ ᠶᠢ ᠵᠢᠯ ᠪᠦᠷᠢ ᠳᠤᠮᠳᠠᠴᠢ ᠪᠠᠷ 8% ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ ᠳᠤᠰ ᠳᠤᠰ 7% ᠪᠠ 9% | ᠣᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4᠂ | 5% ᠶᠢᠨ ᠳᠣᠲᠣᠷ᠎ᠠ ᠬᠢᠵᠠᠭᠠᠷᠯᠠᠨ᠎ᠠ᠃ | ᠪᠢᠳᠡ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ | ᠲᠣᠭᠲᠠᠭᠠᠭᠰᠠᠨ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠬᠥᠭᠵᠢᠯᠲᠡ ᠶᠢᠨ ᠪᠠᠶᠢᠷᠢᠰᠢᠭᠤᠯᠤᠯᠲᠠ᠂ | ᠬᠥᠭᠵᠢᠯᠲᠡ ᠶᠢᠨ ᠠᠷᠭ᠎ᠠ ᠵᠠᠮ ᠲᠠᠢ ᠨᠢᠭᠲᠠ ᠤᠶᠠᠯᠳᠤᠭᠤᠯᠤᠨ᠂ ᠲᠤᠯᠤᠭᠠᠨ ᠲᠠᠯ᠎ᠠ ᠶᠢᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ | ᠨᠢᠭᠡ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠵᠤ᠂ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠰᠠᠭᠤᠷᠢ ᠶᠢ ᠪᠠᠬᠢᠵᠢᠭᠦᠯᠦᠨ᠎ᠡ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ | ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ | ᠡᠪᠡᠰᠦ ᠪᠡᠯᠴᠢᠭᠡᠷ︾ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠭᠡ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ | ᠲᠥᠯᠥᠭᠡ ᠴᠥᠬᠦᠷᠡᠰᠢ ᠦᠭᠡᠢ ᠴᠢᠷᠮᠠᠶᠢᠨ᠎ᠠ᠃ | ᠲᠠᠭ᠎ᠠ ᠶᠢᠨ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠪᠦᠬᠦ ᠬᠦᠴᠦᠨ ᠢᠶᠠᠷ ᠢᠶᠠᠨ ᠲᠦᠯᠬᠢᠨ | ᠠᠬᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠬᠠᠮᠠᠭᠠᠯᠠᠯᠲᠠ ᠵᠠᠰᠠᠯᠲᠠ ᠶᠢᠨ ᠬᠡᠷᠡᠭᠵᠢᠭᠦᠯᠬᠦ ᠲᠥᠰᠦᠯ︾ ᠢ ᠴᠢᠩᠭ᠎ᠠ | ᠨᠠᠶᠢᠳᠠᠪᠤᠷᠢᠵᠢᠭᠤᠯᠵᠤ᠂ ︽ᠨᠢᠭᠡ ᠬᠤᠪᠢ ᠨᠢᠭᠡ ᠶᠢ ᠪᠤᠶᠢᠵᠢᠭᠤᠯᠵᠤ ᠨᠢᠭᠡ ᠶᠢ ᠴᠠᠭᠠᠵᠠᠯᠠᠬᠤ᠂ ᠬᠤᠶᠠᠷ ᠢ ᠪᠠᠭᠠᠰᠬᠠᠵᠤ | ᠬᠤᠶᠠᠷ ᠢ ᠨᠥᠬᠦᠪᠥᠷᠢᠯᠡᠵᠦ ᠬᠤᠶᠠᠷ ᠢ ᠰᠡᠷᠭᠦᠭᠡᠬᠦ᠂ ᠬᠤᠶᠠᠷ ᠢ ᠥᠭᠡᠷᠡᠴᠢᠯᠡᠵᠦ ᠳᠥᠷᠪᠡ ᠶᠢ ᠡᠵᠡᠮᠳᠡᠵᠦ ᠭᠤᠷᠪᠠ ᠶᠢ | ᠰᠢᠢᠳᠪᠤᠷᠢᠯᠡᠬᠦ︾ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠨᠠᠭᠤᠷ ᠤᠨ | ᠲᠠᠯᠠᠪᠠᠶ ᠶᠢ 50 — 70 ᠲᠡᠭᠰᠢ ᠳᠥᠷᠪᠡᠯᠵᠢᠨ ᠺᠢᠯᠣᠮᠧᠲᠷ ᠲᠤ ᠪᠠᠶᠢᠯᠭᠠᠬᠤ ᠪᠠᠷ ᠴᠢᠷᠮᠠᠶᠢᠵᠤ᠂ ᠰᠠᠭᠤᠷᠢ | ᠲᠠᠯ᠎ᠠ ᠶᠢᠨ ᠨᠥᠯᠥᠭᠡ ᠶᠢ ᠭᠥᠷᠳᠡᠭᠰᠡᠨ ᠳᠡᠭᠡᠳᠦ ᠮᠠᠩᠭᠠᠨ ᠬᠦᠴᠢᠯ ᠤᠨ ᠳᠠᠪᠤᠰᠤᠨ ᠤ ᠭᠦᠢᠴᠡᠳᠬᠡᠯ ᠲᠤᠭ᠎ᠠ᠂ | ᠹᠯᠣᠷᠲᠤ ᠨᠢᠭᠡᠳᠪᠦᠷᠢ᠂ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ ᠶᠢᠨ ᠭᠤᠤᠯ ᠭᠦᠢᠴᠡᠳᠬᠡᠯ ᠲᠤᠭ᠎ᠠ ᠶᠢ | ᠭᠠᠷᠭᠠᠪᠠᠯ᠂ ᠪᠤᠰᠤᠳ ᠭᠦᠢᠴᠡᠳᠬᠡᠯ ᠲᠤᠭ᠎ᠠ ᠶᠢ ᠭᠠᠵᠠᠷ ᠳᠡᠭᠡᠷᠡᠬᠢ ᠤᠰᠤᠨ ᠤ V ᠲᠥᠷᠥᠯ ᠤᠨ ᠪᠠᠷᠢᠮᠵᠢᠶ᠎ᠠ ᠳᠤ | ᠬᠦᠷᠦᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠠᠯ᠎ᠠ ᠪᠠᠷ ᠦᠷ᠎ᠡ ᠪᠦᠲᠦᠮᠵᠢ ᠤᠯᠪᠠ᠃ | ᠲᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠥᠷᠢᠯᠡᠬᠦ ᠠᠵᠢᠯ ᠢ | ᠲᠣᠭᠲᠠᠭᠤᠨ ᠢᠶᠠᠷ ᠶᠠᠪᠤᠭᠳᠠᠭᠤᠯᠵᠤ᠂ ᠢᠨᠵᠧᠨᠧᠷᠢᠩ ᠤᠨ ᠣᠷᠳᠣ ᠬᠤᠭᠤᠴᠠᠭ᠎ᠠ ᠪᠠᠷ ᠦᠷ᠎ᠡ ᠠᠰᠢᠭᠲᠠᠷᠢᠮᠠᠯ ᠤᠨ | ᠦᠢᠯᠡᠰ ᠤᠨ ᠪᠦᠲᠦᠴᠡ ᠶᠢᠨ ᠳᠤᠬᠢᠷᠠᠭᠤᠯᠤᠯᠳᠠ ᠶᠢᠨ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠤᠨ ᠤᠰᠤ | ᠬᠤᠷᠣᠭᠳᠠᠭᠤᠯᠬᠤ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ ᠱᠠᠲᠤᠯᠢᠭ ᠬᠡᠯᠪᠡᠷᠢ ᠶᠢᠨ ᠤᠰᠤᠨ ᠤ ᠦᠨ᠎ᠡ ᠶᠢ ᠠᠯᠬᠤᠮ | ᠠᠯᠬᠤᠮ ᠢᠶᠠᠷ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠡᠴᠦᠰ ᠪᠣᠯᠬᠤ ᠳᠤ᠂ ᠲᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ᠭᠠᠵᠠᠷ ᠳᠣᠤᠷᠠᠬᠢ | ᠤᠰᠤᠨ ᠤ ᠲᠦᠪᠰᠢᠨ ᠨᠡᠶᠢᠲᠡ 15 ᠰᠠᠨᠲ᠋ᠢᠮᠧᠲᠷ ᠳᠡᠭᠡᠭᠰᠢᠯᠡᠵᠦ᠂ ᠲᠦᠮᠡᠨ ᠲᠥᠭᠦᠷᠢᠭ ᠤᠨ GDP ᠶᠢᠨ ᠤᠰᠤ | ᠬᠡᠷᠡᠭᠯᠡᠬᠦ ᠬᠡᠮᠵᠢᠶ᠎ᠡ 2020 ᠣᠨ ᠤ ᠬᠢ ᠠᠴᠠ 12% ᠪᠠᠭᠤᠷᠠᠪᠠ᠃ ᠤᠰᠤᠨ ᠤ ᠣᠷᠴᠢᠨ ᠲᠣᠭᠤᠷᠢᠨ ᠤ | ᠵᠠᠰᠠᠯᠲᠠ ᠶᠢᠨ ᠲᠠᠯ᠎ᠠ ᠪᠠᠷ ᠪᠣᠳᠠᠲᠠᠶ ᠦᠷ᠎ᠡ ᠪᠦᠲᠦᠮᠵᠢ ᠤᠯᠬᠤ ᠬᠡᠷᠡᠭᠲᠡᠶ᠃ ᠲᠠᠷᠢᠶᠠᠯᠠᠩ ᠤᠨ ᠣᠯᠠᠨ ᠡᠬᠢᠲᠦ | ᠪᠣᠬᠢᠷᠲᠤᠯ ᠢ ᠪᠥᠬᠦ ᠲᠠᠯ᠎ᠠ ᠪᠠᠷ ᠪᠠᠭᠠᠰᠬᠠᠵᠤ᠂ ᠨᠠᠭᠤᠷ ᠲᠤ ᠴᠢᠳᠬᠤᠬᠤ ᠭᠤᠤᠯ ᠤᠨ ᠵᠠᠮ ᠤᠨ ᠠᠮᠢ ᠠᠬᠤᠶ ᠶᠢ | ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂ ᠨᠠᠭᠤᠷ ᠲᠤ ᠴᠢᠳᠬᠤᠬᠤ ᠭᠤᠤᠯ ᠮᠥᠷᠡᠨ ᠤ | ᠤᠰᠤᠨ ᠤ ᠬᠠᠷᠢᠴᠠᠯ ᠢ 80% ᠳᠤ ᠬᠦᠷᠦᠭᠦᠯᠦᠨ᠎ᠡ᠃ ᠠᠮᠢᠳᠤᠷᠠᠯ ᠤᠨ ᠪᠣᠬᠢᠷ ᠤᠰᠤ᠂ ᠠᠮᠢᠳᠤᠷᠠᠯ ᠤᠨ ᠬᠤᠭ | ᠨᠣᠪᠰᠢ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠰᠢᠢᠳᠪᠤᠷᠢᠯᠡᠬᠦ ︽ᠪᠠᠶᠢᠭᠤᠯᠬᠤ᠂ ᠬᠡᠷᠡᠭᠯᠡᠬᠦ᠂ ᠬᠠᠮᠢᠶᠠᠷᠬᠤ︾ | ᠲᠣᠭᠲᠠᠴᠠ ᠶᠢ ᠪᠦᠷᠢᠨᠰᠢᠬᠦᠯᠦᠨ᠎ᠠ᠃ ᠰᠠᠪᠠ ᠭᠠᠵᠠᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠨᠠᠭᠤᠷ ᠴᠥᠭᠦᠷᠥᠮ ᠢ ᠵᠠᠰᠠᠬᠤ ᠬᠢᠷᠢ ᠲᠦᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ ᠤᠰᠤᠨ ᠤ ᠠᠮᠢ ᠠᠬᠤᠶ ᠶᠢ ᠰᠡᠷᠭᠦᠭᠡᠬᠦ ᠲᠠᠯ᠎ᠠ ᠪᠠᠷ ᠶᠠᠰᠤ ᠴᠢᠨᠠᠷ ᠪᠠ ᠦᠷ᠎ᠡ ᠠᠰᠢᠭ ᠢ | ᠳᠡᠭᠡᠭᠰᠢᠯᠡᠭᠦᠯᠦᠨ᠎ᠡ᠃ ᠲᠠᠭ᠎ᠠ ᠶᠢᠨ ᠨᠠᠭᠤᠷ ᠤᠨ ᠬᠥᠪᠡᠭᠡᠨ ᠤ ᠨᠠᠮᠬᠠᠳᠬᠠᠯ ᠪᠦᠰᠡ ᠶᠢ ᠬᠠᠮᠠᠭᠠᠯᠠᠬᠤ᠂ ᠣᠶ ᠰᠢᠭᠤᠶ | ᠡᠪᠡᠰᠦ ᠪᠡᠯᠴᠢᠭᠡᠷ ᠢ ᠪᠤᠶᠢᠵᠢᠭᠤᠯᠤᠨ ᠰᠡᠷᠭᠦᠭᠡᠬᠦ᠂ ᠤᠰᠤᠨ ᠤ ᠠᠮᠢ ᠠᠬᠤᠶ ᠶᠢ ᠰᠡᠷᠭᠦᠭᠡᠬᠦ ᠲᠤᠷᠰᠢᠯᠲᠠ ᠶᠢᠨ ᠴᠢᠬ ᠤᠨ | ᠢᠨᠵᠧᠨᠧᠷᠢᠩ ᠢ ᠬᠡᠷᠡᠭᠵᠢᠭᠦᠯᠵᠦ᠂ ᠨᠤᠭᠤ ᠭᠠᠵᠠᠷ ᠤᠨ ᠬᠡᠪᠴᠢᠶᠡᠨ ᠳᠠᠬᠢ ᠡᠳᠦᠷ ᠲᠤᠲᠤᠮ ᠤᠨ ᠬᠠᠮᠢᠶᠠᠷᠴᠤ | ᠬᠠᠮᠠᠭᠠᠯᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠨᠠᠭᠤᠷ ᠤᠨ ᠬᠥᠪᠡᠭᠡᠨ ᠤ ᠪᠢᠲᠡᠭᠦᠦ ᠠᠮᠢ ᠠᠬᠤᠶ ᠶᠢᠨ | ᠪᠦᠰᠡ ᠶᠢ ᠪᠠᠶᠢᠭᠤᠯᠵᠤ᠂ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠰᠠᠶᠢᠨ ᠡᠷᠭᠢᠯᠲᠡ ᠶᠢ ᠠᠬᠢᠭᠤᠯᠤᠨ᠎ᠠ | ᠃ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ | ᠰᠢᠨᠲᠠᠷᠠᠰᠢ ᠥᠬᠡᠶ ᠰᠠᠶᠢᠲᠤᠷ ᠠᠳᠬᠤᠨ᠎ᠠ᠃ ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠠᠮᠠᠭᠠᠯᠠᠯᠲᠠ ᠪᠠ ᠬᠥᠭᠵᠢᠯᠲᠡ ᠶᠢᠨ ᠬᠠᠮᠤᠭ ᠤᠨ ᠰᠠᠶᠢᠨ ᠲᠡᠩᠴᠡᠭᠦᠷᠢ ᠶᠢᠨ ᠴᠡᠭ ᠢ | ᠣᠨᠣᠪᠴᠢᠲᠠᠶ ᠡᠷᠢᠨ ᠣᠯᠵᠤ᠂ ᠬᠠᠮᠠᠭᠠᠯᠠᠯᠲᠠ ᠪᠠ ᠬᠥᠭᠵᠢᠯᠲᠡ ᠶᠢ ᠨᠢᠭᠡ ᠴᠤᠭᠴᠠᠵᠢᠭᠤᠯᠤᠨ ᠲᠥᠯᠥᠪᠵᠢᠭᠦᠯᠵᠦ᠂ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢ ᠴᠢᠩᠭ᠎ᠠ ᠱᠠᠭᠠᠷᠳᠠᠵᠤ ᠰᠠᠶᠢᠲᠤᠷ | ᠠᠳᠬᠤᠨ᠎ᠠ᠃ ︽ᠨᠢᠭᠡ ᠭᠤᠣᠯ ᠨᠢᠭᠡ ᠪᠤᠳᠤᠯᠭ᠎ᠠ︾ ᠶᠢᠨ ᠲᠥᠰᠦᠯ ᠢ ᠲᠣᠭᠲᠠᠭᠠᠵᠤ᠂ ᠭᠤᠣᠯ ᠤᠨ ᠵᠠᠮ ᠤᠨ ︽ | ᠲᠦᠷᠪᠡᠨ ᠳᠤᠷ᠎ᠠ ᠪᠠᠷ ᠢᠶᠠᠨ ᠪᠠᠶᠢᠬᠤ︾ ᠶᠢ ᠴᠡᠪᠡᠷᠯᠡᠬᠦ ᠲᠤᠰᠬᠠᠶ ᠴᠡᠭᠴᠡᠯᠡᠯᠲᠡ ᠶᠢ ᠬᠡᠷᠡᠭᠵᠢᠭᠦᠯᠪᠡ᠃ ︽ᠳᠥᠷᠪᠡᠨ | ᠤᠰᠤ ᠶᠢ ᠳᠥᠷᠪᠡᠨ ᠲᠠᠯ᠎ᠠ ᠪᠠᠷ ᠲᠣᠭᠲᠠᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ | ᠲᠥᠷᠥᠯ ᠬᠤᠪᠢᠶᠠᠨ ᠤᠰᠤ ᠬᠡᠷᠡᠭᠯᠡᠬᠦ ᠦᠷ᠎ᠡ ᠪᠦᠲᠦᠮᠵᠢ ᠶᠢᠨ ᠨᠣᠷᠮ᠎ᠠ ᠶᠢᠨ ᠪᠠᠷᠢᠮᠵᠢᠶ᠎ᠠ ᠶᠢ ᠬᠡᠷᠡᠭᠵᠢᠭᠦᠯᠦᠨ᠂ ᠤᠰᠤ | ᠶᠡᠭᠡ ᠬᠤᠷᠣᠭᠳᠠᠭᠤᠯᠬᠤ ᠠᠵᠤ ᠦᠢᠯᠡᠳᠪᠤᠷᠢ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢ ᠴᠢᠩᠭ᠎ᠠ | ᠬᠢᠵᠠᠭᠠᠷᠯᠠᠵᠤ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠥᠭᠡᠳ ᠦᠷ᠎ᠡ ᠠᠰᠢᠭ ᠢᠶᠠᠷ ᠳᠣᠤᠷ᠎ᠠ | ᠪᠠᠶᠢᠭᠰᠠᠨ ᠠᠴᠠ ᠡᠷᠴᠢᠮᠯᠢᠭ ᠪᠥᠭᠡᠳ ᠥᠨᠳᠥᠷ ᠦᠷ᠎ᠡ ᠠᠰᠢᠭ ᠲᠠᠢ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ | ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ᠂ 4 ᠲᠦᠮᠡᠨ ᠮᠥ ᠤᠰᠤᠨ ᠤ ᠡᠬᠢ | ᠰᠤᠷᠪᠤᠯᠵᠢ ᠶᠢ ᠬᠠᠳᠠᠭᠠᠯᠠᠬᠤ ᠣᠶ ᠶᠢ ᠳᠠᠷᠢᠵᠤ᠂ 1 ᠲᠦᠮᠡᠨ ᠮᠥ ᠳᠣᠤᠷ᠎ᠠ ᠠᠰᠢᠭᠯᠠᠮᠵᠢ ᠲᠠᠢ ᠣᠶ ᠶᠢ ᠥᠭᠡᠷᠡᠴᠢᠯᠡᠨ᠂ | ᠰᠠᠪᠠ ᠭᠠᠵᠠᠷ ᠤᠨ ᠣᠶ ᠰᠢᠭᠤᠶ ᠶᠢᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ 100 ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠶ ᠶᠢ ᠬᠠᠮᠠᠭᠠᠯᠠᠨ ᠵᠠᠰᠠᠵᠤ᠂ ᠶᠦᠩ | ᠰᠢᠩ ᠭᠧᠤ ᠵᠡᠷᠭᠡ 5 ᠭᠤᠣᠯ ᠤᠨ ᠵᠠᠮ ᠢ ᠶᠡᠷᠦᠩᠬᠡᠶᠢᠯᠡᠨ ᠵᠠᠰᠠᠵᠤ᠂ ᠰᠠᠪᠠ ᠭᠠᠵᠠᠷ ᠤᠨ ᠠᠮᠢ ᠠᠬᠤᠶ ᠶᠢᠨ ᠳᠦᠷᠰᠦ | ᠪᠠᠶᠢᠳᠠᠯ ᠢ ᠬᠦᠴᠦᠯᠡᠨ ᠰᠠᠶᠢᠵᠢᠷᠠᠭᠤᠯᠤᠨ᠎ᠠ᠃ ᠤᠯᠠᠨ ᠠᠷᠭ᠎ᠠ ᠬᠡᠮᠵᠢᠶ᠎ᠡ ᠪᠠᠷ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ ︽ᠲᠡᠵᠢᠭᠡᠬᠦ ᠶᠢᠨ ᠲᠥᠯᠥᠭᠡ ᠳᠠᠷᠢᠵᠤ᠂ ᠳᠠᠷᠢᠵᠤ ᠲᠡᠵᠢᠭᠡᠬᠦ ᠶᠢ ᠤᠶᠠᠯᠳᠤᠭᠤᠯᠬᠤ︾ ᠶᠢᠨ | ᠲᠣᠭᠤᠷᠢᠨ ᠳᠤ᠂ ᠬᠥᠬᠡ ᠳᠠᠷᠤᠰᠢ ᠶᠢᠨ ᠡᠷᠳᠡᠨᠢ ᠰᠢᠰᠢ ᠵᠡᠷᠭᠡ ᠡᠪᠡᠰᠦ ᠪᠣᠷᠳᠤᠭ᠎ᠠ ᠶᠢᠨ ᠳᠠᠷᠢᠯᠲᠠ ᠶᠢ ᠠᠵᠤ | ᠦᠶᠢᠯᠡᠰᠵᠢᠭᠦᠯᠦᠨ ᠬᠥᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠣᠷᠭᠠᠨᠢᠭ ᠬᠠᠭᠤᠷᠠᠶ ᠲᠠᠷᠢᠶᠠᠯᠠᠩ ᠢ | ᠬᠥᠭᠵᠢᠭᠦᠯᠵᠦ᠂ ᠰᠢᠰᠢ ᠪᠠᠷ ᠭᠤᠤᠯ ᠪᠣᠯᠭᠠᠭᠰᠠᠨ ᠴᠢᠨᠠᠷ ᠰᠠᠶᠢᠲᠠᠶ ᠡᠯᠳᠡᠪ ᠠᠮᠤ ᠡᠯᠳᠡᠪ ᠪᠤᠷᠴᠠᠭ ᠤᠨ ᠠᠵᠤ | ᠦᠢᠯᠡᠰ ᠤᠨ ᠪᠦᠰᠡ ᠶᠢ ᠪᠣᠶ ᠪᠣᠯᠭᠠᠨ᠎ᠠ︔ ᠰᠠᠭᠠᠯᠢ ᠶᠢᠨ ᠦᠨᠢᠶ᠎ᠡ ᠢᠳᠡᠰᠢᠨ ᠦᠬᠡᠷ ᠤᠨ ᠠᠮᠢ ᠠᠬᠤᠶ ᠶᠢᠨ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠲᠠᠰᠤᠷᠠᠯᠲᠠ | ᠥᠬᠡᠶ ᠥᠷᠭᠡᠳᠬᠡᠨ᠎ᠡ᠃ ᠠᠮᠢ ᠠᠬᠤᠶ ᠶᠢᠨ ᠵᠢᠭᠤᠯᠴᠢᠯᠠᠯ ᠤᠨ ᠦᠢᠯᠡᠰ ᠢ ᠬᠥᠭᠵᠢᠭᠦᠯᠵᠦ᠂ ᠬᠠᠳᠤᠨ ᠭᠤᠣᠯ ᠤᠨ | ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠮᠠᠨ ᠬᠠᠨ ᠱᠠᠨ᠂ ᠮᠢᠩ ᠤᠯᠤᠰ ᠤᠨ ᠤᠷᠳᠤ ᠴᠠᠭᠠᠨ | ᠬᠡᠷᠡᠮ᠂ ᠬᠤᠪᠢᠰᠬᠠᠯ ᠤᠨ ᠳᠤᠷᠠᠰᠬᠠᠯᠲᠤ ᠬᠠᠭᠤᠴᠢᠳ ᠵᠡᠷᠭᠡ ᠶᠢ ᠭᠤᠣᠯᠳᠠᠯᠭ᠎ᠠ ᠲᠠᠢ ᠪᠠᠷ ᠨᠡᠭᠡᠭᠡᠨ ᠠᠰᠢᠭᠯᠠᠵᠤ᠂ | ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠬᠤ ᠵᠦᠢᠯᠡᠰ ᠢ ᠭᠠᠷᠭᠠᠨ᠎ᠠ | ᠃ | ᠬᠤᠶᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠲᠤᠯᠭᠠᠭᠤᠷᠢᠯᠠᠯ ᠢ ᠴᠣᠭᠴᠠᠯᠠᠨ ᠪᠠᠶᠢᠭᠤᠯᠤᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ︽ᠬᠤᠷᠢᠨ ᠦᠰᠦᠭ︾ | ᠤᠨ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠣᠳᠣᠬᠢᠴᠢᠯᠠᠯᠲᠠ ᠶᠢᠨ ᠠᠯᠬᠤᠴᠠ ᠶᠢ ᠲᠠᠰᠤᠷᠠᠯᠲᠠ ᠦᠭᠡᠢ ᠲᠦᠷᠭᠡᠳᠬᠡᠬᠦ ᠬᠡᠷᠡᠭᠲᠡᠢ᠃ | ᠲᠠᠷᠢᠶᠠᠯᠠᠩ ᠤᠨ ︽ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ︾ ᠪᠠᠶᠢᠬᠤ ᠶᠢ ᠬᠦᠴᠦᠯᠡᠨ ᠠᠬᠢᠭᠤᠯᠤᠨ᠎ᠠ | ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠲᠠᠷᠢᠶᠠᠨ ᠭᠠᠵᠠᠷ ᠢ ︽ | ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ | ᠰᠡᠷᠭᠡᠶᠢᠯᠡᠵᠦ᠂ ᠠᠮᠤ ᠪᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ | ᠲᠠᠷᠢᠮᠠᠯ ᠤᠨ ᠶᠡᠷᠦᠩᠬᠡᠶ ᠲᠠᠯᠠᠪᠠᠢ ᠶᠢ 90 ᠲᠦᠮᠡᠨ ᠮᠤ᠋ ᠠᠴᠠ ᠳᠡᠭᠡᠭᠰᠢ ᠲᠣᠭᠲᠠᠪᠤᠷᠢᠵᠢᠭᠤᠯᠬᠤ᠂ ᠠᠮᠤ ᠪᠤᠳᠠᠭᠠᠨ ᠤ | ᠶᠡᠷᠦᠩᠬᠡᠶ ᠤᠨᠠᠯᠲᠠ ᠶᠢ 4 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠬᠤ ᠶᠢ ᠦᠨᠡᠨ ᠬᠦ | ᠪᠠᠲᠤᠯᠠᠨ᠎ᠠ᠃ ᠴᠢᠷᠮᠠᠶᠢᠨ ᠨᠥᠬᠦᠴᠡᠯ ᠪᠦᠷᠢᠯᠳᠦᠭᠦᠯᠵᠦ ᠪᠠᠶᠢᠭᠠᠳ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ | ᠣᠷᠴᠢᠯ ᠲᠠᠷᠢᠶᠠᠯᠠᠩ ᠢ ᠠᠯᠬᠤᠮ ᠠᠯᠬᠤᠮ ᠢᠶᠠᠷ ᠬᠥᠭᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ︽ ᠯᠢᠶᠠᠩᠴᠧᠩ ᠰᠢᠶᠠᠨ ᠤ ᠬᠠᠭᠤᠷᠠᠶ ᠠᠮᠤ︾ ᠶᠢᠨ | ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ | ᠬᠡᠷᠡᠭᠵᠢᠭᠦᠯᠵᠦ᠂ ᠰᠢᠯᠢᠳᠡᠭ ᠡᠭᠦᠯᠳᠡᠷ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ︽ᠤᠰᠤ ᠶᠢ ᠭᠠᠩ | ᠬᠠᠭᠤᠷᠠᠶ ᠪᠣᠯᠭᠠᠨ ᠥᠭᠡᠷᠡᠴᠢᠯᠡᠬᠦ︾ 26 ᠲᠦᠮᠡᠨ ᠮᠥ ᠣᠷᠣᠨ ᠪᠦᠰᠡ ᠪᠠᠷ ᠭᠤᠤᠯ ᠴᠣᠭᠴᠠ ᠪᠣᠯᠭᠠᠨ᠂ ᠣᠷᠭᠠᠨᠢᠭ | ᠬᠠᠭᠤᠷᠠᠶ ᠠᠮᠤ ᠳᠠᠷᠢᠬᠤ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠵᠤ᠂ ᠬᠠᠭᠤᠷᠠᠶ ᠠᠮᠤ ᠪᠤᠳᠠᠭᠠᠨ ᠤ | ᠲᠥᠷᠥᠯ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠪᠣᠶ | ᠪᠣᠯᠭᠠᠬᠤ ᠶᠢ ᠠᠬᠢᠭᠤᠯᠤᠨ᠎ᠠ᠃ ᠡᠷᠬᠢᠨ ᠲᠣᠭᠤᠷᠢᠨ ᠤ ᠴᠢᠴᠠᠷᠭᠠᠨ᠎ᠠ ᠶᠢᠨ ᠠᠵᠤ ᠦᠢᠯᠡᠰ ᠲᠠᠢ ᠢᠳᠡᠪᠬᠢᠲᠡᠶ ᠪᠠᠷ | ᠵᠣᠯᠭᠠᠭᠤᠯᠵᠤ᠂ ᠳᠠᠷᠢᠬᠤ ᠲᠠᠯᠠᠪᠠᠶ ᠶᠢ ᠤᠯᠠᠮ ᠨᠢᠭᠡ ᠠᠯᠬᠤᠮ ᠥᠷᠭᠡᠳᠬᠡᠨ᠂ ᠡᠳ᠋ᠰᠢᠭᠦᠯᠬᠦ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ︽ᠰᠦ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠠᠬᠢᠭᠤᠯᠤᠨ᠎ᠠ᠃ ᠰᠠᠭᠠᠯᠢ ᠶᠢᠨ ᠦᠨᠢᠶ᠎ᠡ ᠶᠢᠨ ᠠᠮᠢ | ᠠᠬᠤᠶ ᠶᠢᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ᠂ ᠰᠠᠭᠠᠯᠢ ᠶᠢᠨ ᠢᠮᠠᠭ᠎ᠠ ᠶᠢ ᠪᠠᠷᠢᠮᠵᠢᠶᠠᠵᠢᠭᠤᠯᠤᠨ | ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠡᠭᠡᠳᠦ | ᠲᠠᠰ ᠤᠨ ᠪᠣᠬᠢᠷᠲᠤᠯ ᠥᠬᠡᠶ ᠰᠠᠭᠠᠯᠢ ᠶᠢᠨ ᠢᠷᠡᠯᠲᠡ ᠶᠢᠨ ᠰᠠᠭᠤᠷᠢᠨ 2026 ᠣᠨ ᠪᠣᠯᠬᠤ ᠳᠤ᠂ ᠰᠠᠭᠠᠯᠢ ᠶᠢᠨ | ᠦᠨᠢᠶ᠎ᠡ᠂ ᠰᠠᠭᠠᠯᠢ ᠶᠢᠨ ᠢᠮᠠᠭ᠎ᠠ ᠶᠢ ᠲᠣᠰ ᠲᠣᠰ 4 ᠲᠦᠮᠡᠨ ᠲᠣᠯᠣᠭᠠᠶ᠂ 5 ᠲᠦᠮᠡ ᠠᠴᠠ ᠳᠡᠭᠡᠭᠰᠢ ᠳᠤ | ᠬᠦᠷᠦᠭᠦᠯᠵᠦ᠂ ᠵᠢᠯ ᠳᠤ 30 ᠲᠦᠮᠡᠨ ᠲᠣᠨ ᠰᠠᠭᠠᠯᠢ ᠶᠢᠨ ᠰᠦ ᠶᠢᠨ ᠭᠠᠷᠤᠯᠲᠠ ᠲᠠᠢ ᠪᠣᠯᠭᠠᠨ᠎ᠠ᠃ ︽ᠠᠯᠠᠰᠢᠨ | ᠦᠬᠡᠷ ᠢ ᠲᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠬᠡᠷᠡᠭᠵᠢᠭᠦᠯᠦᠨ᠎ᠡ᠃ ︽ᠨᠢᠭᠡ ᠵᠢᠯ ᠳᠤ ᠰᠠᠭᠤᠷᠢ ᠲᠠᠯᠪᠢᠵᠤ᠂ | ᠬᠤᠶᠠᠷ ᠵᠢᠯ ᠳᠤ ᠰᠢᠰᠲ᠋ᠧᠮᠵᠢ ᠶᠢ ᠴᠢᠩᠭᠠᠳᠬᠠᠨ᠂ ᠭᠤᠷᠪᠠᠨ ᠵᠢᠯ ᠳᠤ ᠶᠡᠭᠡ ᠪᠠᠷ ᠳᠡᠭᠡᠭᠰᠢᠯᠡᠭᠦᠯᠬᠦ︾ ᠰᠡᠳᠬᠢᠮᠵᠢ | ᠶᠣᠰᠣᠭᠠᠷ᠂ ︽ᠵᠠᠰᠠᠭ ᠪᠠᠩᠬᠢ ᠠᠵᠤ ᠠᠬᠤᠶᠢᠯᠠᠯ ᠡᠷᠦᠬᠡ ᠶᠢᠨ ᠳᠠᠭᠠᠳᠬᠠᠯ︾ ᠤᠨ ᠲᠠᠪᠴᠠᠩ ᠢ ᠪᠠᠶᠢᠭᠤᠯᠵᠤ᠂ ︽ | ᠱᠡᠭᠡᠯᠡᠭᠡ ᠪᠠᠷ ᠪᠠᠭ᠎ᠠ ᠶᠢ ᠶᠡᠭᠡ ᠪᠣᠯᠭᠠᠬᠤ︾ ︽ᠬᠡᠰᠡᠭ ᠬᠤᠪᠢᠶᠠᠨ ᠣᠷᠣᠯᠠᠨ ᠲᠡᠵᠢᠭᠡᠬᠦ︾ ᠵᠡᠷᠭᠡ ᠵᠠᠭᠪᠤᠷ ᠢᠶᠠᠷ | ᠳᠠᠮᠵᠢᠭᠤᠯᠤᠨ᠂ ᠬᠡᠪᠴᠢᠶᠡᠲᠦ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠤᠨ ᠬᠥᠭᠵᠢᠭᠦᠯᠦᠨ᠎ᠡ᠃ | 2024 ᠣᠨ ᠪᠣᠯᠬᠤ ᠳᠤ᠂ ᠦᠷᠡᠵᠢᠵᠦ ᠳᠡᠶᠢᠯᠬᠦ ᠡᠬᠡ ᠮᠠᠯ ᠤᠨ ᠲᠤᠭ᠎ᠠ ᠲᠣᠯᠣᠭᠠᠶ ᠶᠢ ᠬᠤᠶᠠᠷ ᠳᠠᠬᠢᠨ | ᠨᠡᠮᠡᠭᠳᠡᠭᠦᠯᠵᠦ᠂ 5 ᠲᠦᠮᠡ ᠳᠤ ᠬᠦᠷᠦᠭᠦᠯᠵᠦ᠂ 2026 ᠣᠨ ᠪᠣᠯᠬᠤ ᠳᠤ᠂ ᠲᠤᠭ᠎ᠠ ᠲᠣᠯᠣᠭᠠᠶ ᠶᠢ 11 | ᠲᠦᠮᠡ ᠳᠤ ᠬᠦᠷᠦᠭᠦᠯᠬᠦ ᠬᠡᠷᠡᠭᠲᠡᠶ᠃ | ᠬᠥᠳᠡᠭᠡ ᠲᠣᠰᠬᠤᠨ ᠤ ︽ᠣᠷᠣᠰᠢᠨ ᠰᠠᠭᠤᠬᠤ ᠳᠤ ᠲᠣᠬᠢᠷᠠᠮᠵᠢᠲᠠᠶ︾ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ᠃ | ᠠᠶᠢᠯ ᠲᠣᠰᠬᠤᠨ ᠤ ᠲᠥᠯᠥᠪᠵᠢᠭᠦᠯᠭᠡ ᠶᠣᠰᠣᠭᠠᠷ᠂ ᠭᠤᠤᠯ ᠴᠣᠭᠴᠠ ᠶᠢᠨ ᠴᠢᠳᠠᠮᠵᠢᠵᠢᠭᠰᠠᠨ | ᠪᠠᠶᠢᠷᠢᠰᠢᠭᠤᠯᠤᠯᠲᠠ ᠶᠢ ᠵᠦᠶ ᠵᠣᠬᠢᠰᠲᠠᠶ ᠳᠣᠭᠢᠷᠠᠭᠤᠯᠵᠤ᠂ ᠬᠤᠲᠠ ᠬᠥᠳᠡᠭᠡ ᠶᠢ ᠠᠭᠤᠰᠤᠯᠴᠠᠭᠤᠯᠬᠤ᠂ | ᠲᠥᠪᠯᠡᠷᠡᠭᠦᠯᠦᠨ ᠳᠡᠭᠡᠭᠰᠢᠯᠡᠭᠦᠯᠬᠦ᠂ ᠬᠠᠰᠤᠵᠤ ᠨᠡᠶᠢᠯᠡᠭᠦᠯᠬᠦ᠂ ᠤᠨᠴᠠᠯᠢᠭᠳᠤ ᠬᠠᠮᠠᠭᠠᠯᠠᠯᠲᠠ ᠶᠢᠨ ᠲᠥᠷᠥᠯ ᠤᠨ | ᠱᠠᠭᠠᠷᠳᠠᠯᠭ᠎ᠠ ᠶᠣᠰᠣᠭᠠᠷ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠥᠳᠡᠭᠡ ᠲᠣᠰᠬᠤᠨ ᠤ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠵᠢᠬᠦᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢ ᠪᠠᠬᠢᠵᠢᠭᠦᠯᠦᠨ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠲᠥᠪᠯᠡᠷᠡᠭᠦᠯᠦᠨ ᠤᠰᠤ ᠬᠠᠩᠭᠠᠬᠤ ᠶᠢ ᠲᠦᠭᠡᠮᠡᠯᠵᠢᠭᠦᠯᠬᠦ ᠨᠤᠷᠮ᠎ᠠ ᠶᠢ | 88% ᠠᠴᠠ ᠳᠡᠭᠡᠭᠰᠢ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ ︽ᠵᠠᠮ ᠤᠨ ᠳᠠᠷᠤᠭ᠎ᠠ ᠶᠢᠨ ᠲᠦᠷᠢᠮ︾ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾ ᠤᠨ ᠪᠥᠲᠥᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠠᠶᠢᠭᠤᠯᠤᠯᠳᠤ ᠲᠣᠰᠬᠤᠨ ᠳᠤ ᠬᠤᠤᠰ ᠲᠡᠷᠭᠡᠨ ᠵᠠᠮ ᠨᠡᠪᠲᠡᠷᠡᠭᠦᠯᠬᠦ ᠶᠢ | ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠲᠣᠭᠠᠴᠢᠯᠠᠭᠰᠠᠨ ᠬᠥᠳᠡᠭᠡ ᠲᠣᠰᠬᠤᠨ ᠤ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ 5G ᠶᠢᠨ ᠰᠦᠯᠵᠢᠶᠡᠨ ᠤ ᠲᠤᠷᠰᠢᠯᠲᠠ ᠶᠢᠨ ᠴᠡᠭ ᠤᠨ ᠪᠠᠶᠢᠷᠢᠯᠠᠭᠤᠯᠤᠯᠲᠠ ᠶᠢ ᠲᠦᠷᠭᠡᠳᠬᠡᠨ᠎ᠡ | ᠃ ᠬᠥᠳᠡᠭᠡ ᠲᠣᠰᠬᠤᠨ ᠤ ᠭᠦᠢᠯᠭᠡᠭᠡᠨ ᠤ ᠲᠣᠣᠷ ᠰᠦᠯᠵᠢᠶᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠠᠷᠠᠭᠠᠨ ᠤ | ᠭᠦᠢᠯᠭᠡᠭᠡᠨ ᠤ ᠶᠡᠷᠦᠩᠬᠡᠶᠢᠯᠡᠭᠰᠡᠨ ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠤ ᠲᠥᠪ ᠢ ᠪᠠᠶᠢᠭᠤᠯᠵᠤ᠂ ︽ | ᠲᠠᠷᠢᠶᠠᠯᠠᠩ ᠤᠨ ᠪᠦᠲᠦᠭᠡᠭᠳᠡᠬᠦᠨ ᠢ ᠬᠤᠳᠠ ᠳᠤ ᠣᠷᠣᠭᠤᠯᠬᠤ᠂ ᠠᠵᠤ ᠦᠢᠯᠡᠳᠪᠦᠷᠢ ᠶᠢᠨ ᠦᠢᠯᠡᠳᠬᠦᠨ ᠢ ᠬᠥᠳᠡᠭᠡ | ᠪᠠᠭᠤᠯᠭᠠᠬᠤ︾ ᠬᠤᠣᠰ ᠴᠢᠭᠯᠡᠯ ᠤᠨ ᠭᠦᠢᠯᠭᠡᠭᠡᠨ ᠤ ᠠᠷᠭ᠎ᠠ ᠵᠠᠮ ᠢ ᠦᠨᠡᠨ ᠬᠦ ᠨᠡᠪᠲᠡᠷᠡᠭᠦᠯᠦᠨ᠎ᠡ᠃ ᠰᠢᠨ᠎ᠡ ᠨᠢᠭᠡᠨ | ᠡᠭᠡᠯᠵᠢ ᠶᠢᠨ ᠬᠥᠳᠡᠭᠡ ᠲᠣᠰᠬᠤᠨ ᠤ ᠴᠠᠬᠢᠯᠭᠠᠨ ᠲᠣᠣᠷ ᠢ ᠲᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ | ᠬᠡᠷᠡᠭᠵᠢᠭᠦᠯᠵᠦ᠂ 110 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠵᠦᠢᠯᠡᠰ ᠢ ᠪᠠᠶᠢᠭᠤᠯᠤᠨ | ᠪᠦᠲᠦᠭᠡᠵᠦ᠂ ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠪᠠᠲᠤᠯᠠᠭ᠎ᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ | ᠲᠦᠯᠬᠢᠨᠬᠦᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠠᠬᠤᠶ ᠶᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠥᠳᠡᠭᠡ ᠲᠣᠰᠬᠤᠨ ᠤ ᠵᠣᠷᠯᠣᠩ ᠢ | ᠥᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠶᠢ ᠴᠤᠭᠯᠠᠭᠤᠯᠤᠨ ᠰᠢᠢᠳᠪᠤᠷᠢᠯᠡᠬᠦ ᠠᠵᠢᠯ ᠢ | ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠡᠴᠦᠰ ᠪᠣᠯᠬᠤ ᠳᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ | ᠰᠢᠢᠳᠪᠤᠷᠢᠯᠡᠬᠦ ᠰᠢᠰᠲ᠋ᠧᠮ ᠢ ᠨᠡᠶᠢᠳᠡᠮ ᠬᠠᠮᠤᠷᠤᠭᠤᠯᠵᠤ᠂ ᠠᠮᠢᠳᠤᠷᠠᠯ ᠤᠨ ᠪᠣᠬᠢᠷ ᠤᠰᠤ ᠶᠢ ᠵᠠᠰᠠᠬᠤ ᠨᠤᠷᠮ᠎ᠠ ᠶᠢ | ᠪᠦᠲᠦᠮᠵᠢᠲᠡᠶ ᠪᠠᠷ ᠳᠡᠭᠡᠭᠰᠢᠯᠡᠭᠦᠯᠦᠨ᠎ᠡ᠃ ᠲᠣᠰᠬᠤᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ | ᠳᠤᠷ᠎ᠠ ᠪᠠᠷ ᠢᠶᠠᠨ ᠪᠠᠶᠢᠭᠤᠯᠵᠤ ᠳᠤᠷ᠎ᠠ ᠪᠠᠷ ᠢᠶᠠᠨ ᠪᠠᠶᠢᠭᠤᠯᠬᠤ ᠶᠠᠪᠤᠳᠠᠯ ᠢ ᠴᠡᠪᠡᠷᠯᠡᠵᠦ᠂ ᠲᠣᠰᠬᠤᠨ ᠤ ᠣᠷᠴᠢᠨ | ᠨᠥᠬᠦᠴᠡᠯ ᠢ ᠪᠦᠲᠦᠮᠵᠢᠲᠡᠶ ᠪᠠᠷ ᠰᠠᠶᠢᠵᠢᠷᠠᠭᠤᠯᠤᠨ᠎ᠠ᠃ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ | ᠠᠵᠢᠯᠯᠠᠭ᠎ᠠ ᠶᠢ ᠥᠷᠨᠢᠭᠦᠯᠵᠦ᠂ ᠪᠠᠯᠭᠠᠰᠤ ᠲᠣᠰᠬᠤᠨ ᠤ ᠡᠷᠬᠢᠨ ᠲᠣᠭᠤᠷᠢᠨ᠂ ᠵᠠᠰᠠᠮᠠᠯ ᠵᠠᠮ ᠤᠨ ᠬᠤᠶᠠᠷ ᠬᠠᠵᠠᠭᠤ | ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠠᠬᠢᠭᠤᠯᠤᠨ᠎ᠠ᠃ ᠬᠥᠳᠡᠭᠡ ᠲᠣᠰᠬᠤᠨ ᠤ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠬᠦᠯᠵᠦ᠂ ᠲᠣᠰᠬᠤᠨ ᠤ ᠠᠷᠠᠳ ᠤᠨ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ | ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠬᠤ ᠶᠢ ᠠᠬᠢᠭᠤᠯᠤᠨ᠎ᠠ ᠃ | ᠲᠠᠷᠢᠶᠠᠴᠢᠳ ᠤᠨ ︽ᠪᠠᠶᠠᠨ ᠴᠢᠨᠡᠭᠡᠯᠢᠭ︾ ᠢ ᠦᠨᠡᠨ ᠬᠦ ᠲᠦᠯᠬᠢᠨ ᠠᠬᠢᠭᠤᠯᠤᠨ᠎ᠠ᠃ ᠠᠷᠭ᠎ᠠ ᠪᠦᠬᠦᠨ ᠢ | ᠰᠦᠪᠡᠭᠴᠢᠯᠡᠨ ᠲᠠᠷᠢᠶᠠᠴᠢᠳ ᠤᠨ ᠡᠳ᠋ ᠬᠦᠷᠦᠩᠭᠡ ᠶᠢᠨ ᠴᠢᠨᠠᠷᠲᠠᠶ ᠣᠷᠣᠯᠭ᠎ᠠ ᠶᠢ ᠨᠡᠮᠡᠭᠳᠡᠭᠦᠯᠵᠦ᠂ ᠭᠠᠵᠠᠷ ᠰᠢᠷᠣᠶ ᠶᠢ | ᠡᠷᠭᠢᠯᠲᠡ ᠳᠤ ᠣᠷᠣᠭᠤᠯᠬᠤ ᠠᠬᠢᠴᠠ ᠶᠢ ᠲᠦᠷᠭᠡᠳᠬᠡᠨ᠂ ᠲᠠᠷᠢᠶᠠᠴᠢᠳ ᠤᠨ ᠬᠠᠮᠲᠤ ᠶᠢᠨ ᠡᠳ᠋ ᠬᠦᠷᠦᠩᠭᠡ ᠶᠢᠨ | ᠠᠰᠢᠭ ᠣᠷᠣᠯᠭ᠎ᠠ ᠶᠢ ᠬᠤᠪᠢᠶᠠᠷᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ | ᠪᠡᠷᠬᠡ ᠰᠡᠳᠦᠪ ᠢ ᠰᠢᠢᠳᠪᠤᠷᠢᠯᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ︽ | ᠳᠥᠷᠪᠡ ᠶᠢ ᠰᠠᠯᠭᠠᠬᠤ ᠥᠬᠡᠶ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠣᠲᠣ ᠶᠢᠨ ᠪᠠᠶᠢᠭ᠎ᠠ | ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ | ᠪᠠᠲᠤᠯᠠᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠵᠦ ᠶᠠᠳᠠᠭᠤᠷᠠᠬᠤ ᠶᠢ ᠬᠥᠳᠡᠯᠦᠩᠭᠦᠶ ᠪᠠᠷ ᠬᠢᠨᠠᠨ ᠬᠡᠮᠵᠢᠬᠦ ᠪᠠ | ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠤ᠂ ᠠᠵᠤ ᠦᠢᠯᠡᠰ᠂ ᠠᠵᠢᠯ ᠣᠯᠭᠤᠯᠲᠠ | ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠬᠡᠪᠴᠢᠶᠡᠵᠢᠭᠰᠡᠨ ᠴᠢᠨᠠᠷᠲᠠᠶ ᠲᠠᠬᠢᠨ ᠶᠠᠳᠠᠭᠤᠷᠠᠬᠤ | ᠶᠠᠪᠤᠳᠠᠯ ᠦᠯᠦ ᠡᠭᠦᠰᠬᠦ ᠬᠢᠵᠠᠭᠠᠷ ᠱᠤᠭᠤᠮ ᠢ ᠡᠷᠡᠰ ᠰᠠᠬᠢᠨ᠎ᠠ᠃ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ | ᠲᠡᠳᠬᠦᠮᠵᠢ ᠶᠢ ᠰᠠᠶᠢᠲᠤᠷ ᠬᠢᠵᠦ᠂ ᠨᠡᠭᠦᠯᠭᠡᠵᠦ ᠲᠥᠪᠬᠢᠨᠡᠭᠦᠯᠬᠦ ᠴᠡᠭ ᠤᠨ ᠰᠠᠭᠤᠷᠢ ᠪᠡᠯᠡᠳᠬᠡᠮᠵᠢ ᠪᠠ ᠣᠯᠠᠨ | ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠵᠦ᠂ ᠨᠡᠭᠦᠯᠭᠡᠭᠰᠡᠨ ᠣᠯᠠᠨ ᠲᠦᠮᠡᠨ ᠤ ︽ | ᠲᠣᠭᠲᠠᠪᠤᠷᠢᠲᠠᠶ᠂ ᠠᠵᠢᠯ ᠤᠯᠬᠤ᠂ ᠠᠯᠬᠤᠮ ᠠᠯᠬᠤᠮ ᠢᠶᠠᠷ ᠪᠠᠶᠠᠵᠢᠵᠤ ᠳᠡᠶᠢᠯᠬᠦ︾ ᠶᠢ ᠦᠨᠡᠨᠬᠦ ᠪᠠᠲᠤᠯᠠᠨ᠎ᠠ᠃ | ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠡᠵᠡᠩᠨᠡᠯᠲᠡ᠂ ᠬᠠᠮᠢᠶᠠᠷᠤᠯᠲᠠ ᠪᠠ ᠬᠢᠨᠠᠯᠲᠠ | ᠲᠠᠯᠪᠢᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠶᠢ ᠦᠨᠡᠨᠬᠦ | ᠪᠠᠲᠤᠯᠠᠨ᠎ᠠ᠃ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠠᠰᠢᠭ | ᠲᠤᠰᠠ ᠶᠢᠨ ᠬᠤᠯᠪᠣᠭᠠᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠠᠷᠢᠶᠠᠴᠢᠳ ᠲᠤ ᠨᠡᠩ ᠤᠯᠠᠨ | ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠡᠳ᠋ᠯᠡᠭᠦᠯᠦᠨ᠎ᠡ᠃ | ᠭᠤᠷᠪᠠ᠂ ᠪᠣᠬᠢᠷᠲᠤᠯ ᠦᠭᠡᠢ ᠠᠵᠤ ᠦᠢᠯᠡᠰ ᠤᠨ ᠰᠢᠰᠲ᠋ᠧᠮ ᠢ ᠲᠦᠷᠭᠡᠨ ᠪᠤᠶᠢᠵᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠨᠢᠭᠲᠠᠷᠠᠭᠤᠯᠤᠨ᠎ᠠ | ᠤᠯᠤᠰ ᠤᠨ ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ︾ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯᠯᠠᠬᠤ ᠠᠵᠤ ᠦᠢᠯᠡᠰ ᠢ | ᠬᠦᠴᠦᠷᠬᠡᠭᠵᠢᠭᠦᠯᠦᠨ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠪᠤᠵᠠᠭᠠᠶᠢᠷᠠᠭᠤᠯᠵᠤ᠂ ᠪᠣᠬᠢᠷᠲᠤᠯ ᠥᠬᠡᠶ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ | ᠲᠦᠷᠭᠡᠳᠬᠡᠨ ᠪᠠᠶᠢᠭᠤᠯᠤᠨ᠎ᠠ᠃ | ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠴᠡᠪᠡᠷ ᠡᠨᠧᠷᠭᠢ | ᠭᠠᠷᠭᠠᠬᠤ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ ᠡᠨᠧᠷᠭᠢ ᠬᠡᠷᠡᠭᠯᠡᠬᠦ ᠪᠦᠲᠦᠴᠡ ᠶᠢ ᠦᠷᠭᠦᠯᠵᠢᠯᠡᠨ | ᠰᠠᠶᠢᠵᠢᠷᠠᠭᠤᠯᠵᠤ᠂ ᠰᠠᠯᠬᠢ᠂ ᠬᠡᠷᠡᠯ ᠤᠨ ᠡᠬᠢ ᠪᠠᠶᠠᠯᠢᠭ ᠢ ᠬᠠᠮᠤᠭ ᠤᠨ ᠶᠡᠭᠡ ᠪᠠᠷ ᠨᠡᠭᠡᠭᠡᠨ ᠠᠰᠢᠭᠯᠠᠵᠤ᠂ 2026 | ᠣᠨ ᠪᠣᠯᠬᠤ ᠳᠤ᠂ ᠵᠢᠩ ᠨᠤᠩ ᠪᠦᠯᠦᠭᠯᠡᠯ ᠤᠨ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ | ᠲᠥᠷᠥᠯ ᠵᠦᠢᠯ᠂ 5.5 ᠲᠦᠮᠡᠨ ᠺᠢᠯᠣᠸᠠᠲ ᠤᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠦᠢᠯ | ᠂ 23 ᠲᠦᠮᠡᠨ ᠺᠢᠯᠣᠸᠠᠲ ᠤᠨ ᠪᠥᠬᠦ ᠰᠢᠶᠠᠨ ᠤ ᠬᠡᠷ ᠤᠨ ᠣᠷᠣᠶ ᠶᠢᠨ ᠬᠡᠷᠡᠯ ᠴᠡᠨᠡᠭ ᠤᠨ ᠲᠥᠷᠥᠯ ᠵᠦᠢᠯ ᠢ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ 2.5 ᠳ᠋ᠦᠩᠰᠢᠭᠤᠷ ᠲᠥᠭᠦᠷᠢᠭ ᠤᠨ ᠭᠠᠶᠢᠯᠢ ᠶᠢᠨ | ᠣᠷᠣᠯᠭ᠎ᠠ ᠶᠢ ᠪᠡᠶᠡᠯᠡᠭᠦᠯᠵᠦ᠂ ᠪᠥᠬᠦ ᠰᠢᠶᠠᠨ ᠤ ᠥᠩᠭᠡ ᠦᠵᠡᠮᠵᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ | ᠲᠣᠰ ᠲᠣᠰ 155 ᠲᠦᠮᠡᠨ ᠺᠢᠯᠣᠸᠠᠲ ᠲᠤ ᠬᠦᠷᠭᠡᠵᠦ᠂ 35.5 ᠲᠦᠮᠡᠨ ᠺᠢᠯᠣᠸᠠᠲ ᠲᠤ ᠬᠦᠷᠦᠭᠦᠯᠦᠨ᠎ᠡ᠃ ᠡᠬᠢ | ᠪᠠᠶᠠᠯᠢᠭ ᠢ ᠣᠷᠴᠢᠯᠳᠤᠭᠤᠯᠤᠨ ᠠᠰᠢᠭᠯᠠᠬᠤ ᠠᠵᠤ ᠦᠢᠯᠡᠰ ᠢ ᠬᠥᠭᠵᠢᠭᠦᠯᠦᠨ᠎ᠡ᠃ ᠲᠠᠭ᠎ᠠ ᠶᠢᠨ ᠨᠠᠭᠤᠷ ᠤᠨ | ᠴᠠᠬᠢᠯᠭᠠᠨ ᠤ ᠦᠢᠯᠡᠳᠪᠦᠷᠢ ᠶᠢᠨ ᠵᠢᠯ ᠳᠤ 120 ᠲᠦᠮᠡᠨ ᠲᠣᠨ ᠨᠤᠨᠲᠠᠭ ᠨᠡᠭᠦᠷᠡᠰᠦᠨ ᠤ ᠦᠨᠡᠰᠦᠨ ᠤ ᠡᠬᠢ | ᠪᠠᠶᠠᠯᠢᠭ ᠢ ᠶᠡᠷᠦᠩᠬᠡᠶᠢᠯᠡᠨ ᠨᠡᠭᠡᠭᠡᠨ ᠬᠥᠭᠵᠢᠭᠦᠯᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠡᠭᠡᠭᠦᠯᠦᠨ ᠬᠤᠷᠢᠶᠠᠵᠤ ᠲᠠᠬᠢᠨ ᠠᠰᠢᠭᠯᠠᠬᠤ ᠶᠢ ᠲᠦᠯᠬᠢᠨ ᠠᠬᠢᠭᠤᠯᠵᠤ᠂ ᠣᠷᠴᠢᠯ ᠠᠵᠤ ᠠᠬᠤᠶ ᠶᠢ | ᠬᠥᠭᠵᠢᠭᠦᠯᠬᠦ ᠳᠤ ᠰᠢᠨ᠎ᠡ ᠬᠥᠳᠡᠯᠭᠡᠭᠴᠢ ᠡᠨᠧᠷᠭᠢ ᠶᠢ ᠨᠡᠮᠡᠷᠢᠯᠡᠨ᠎ᠡ᠃ 2026 ᠣᠨ ᠪᠣᠯᠬᠤ ᠳᠤ᠂ ᠦᠢᠯᠡᠳᠬᠦᠨ ᠤ | ᠦᠷᠳᠡᠭ ᠢ 10 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠵᠤ᠂ 1 ᠳ᠋ᠦᠩᠰᠢᠭᠤᠷ ᠲᠥᠭᠦᠷᠢᠭ ᠤᠨ | ᠭᠠᠶᠢᠯᠢ ᠶᠢᠨ ᠣᠷᠣᠯᠭ᠎ᠠ ᠶᠢ ᠪᠡᠶᠡᠯᠡᠭᠦᠯᠦᠨ᠎ᠡ᠃ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠦᠢᠯᠡᠰ ᠤᠨ ᠬᠥᠭᠵᠢᠯᠲᠡ ᠶᠢ | ᠲᠥᠯᠬᠢᠨ ᠠᠬᠢᠭᠤᠯᠤᠨ᠎ᠠ᠃ ᠪᠣᠬᠢᠷᠲᠤᠯ ᠥᠬᠡᠶ᠂ ᠪᠠᠶᠢᠭᠠᠯᠢᠯᠢᠭ᠂ ᠣᠷᠭᠠᠨᠢᠭ ᠵᠡᠷᠭᠡ ᠶᠠᠰᠤ ᠴᠢᠨᠠᠷ ᠤᠨ ᠣᠨᠴᠠᠯᠢᠭ ᠢ | ᠳᠣᠪᠤᠶᠢᠯᠭᠠᠵᠤ᠂ ᠬᠥᠲᠥᠴᠢ ᠠᠵᠤ ᠠᠬᠤᠶᠢᠯᠠᠯ ᠪᠠ ᠨᠠᠷᠠᠲᠤ ᠲᠥᠷᠥᠯ ᠲᠡᠮᠳᠡᠭᠲᠦ ᠶᠢᠨ ᠬᠥᠲᠥᠯᠦᠨ ᠳᠠᠭᠠᠭᠤᠯᠬᠤ | ᠦᠢᠯᠡᠳᠦᠯ ᠢ ᠪᠠᠳᠠᠷᠠᠭᠤᠯᠤᠨ᠂ ᠣᠯᠠᠨ ᠡᠰᠢᠵᠢᠭᠦᠯᠦᠨ ᠨᠡᠭᠡᠭᠡᠨ ᠬᠥᠭᠵᠢᠭᠦᠯᠵᠦ᠂ ᠣᠯᠠᠨ ᠲᠠᠰ ᠳᠠᠪᠬᠤᠷᠭ᠎ᠠ ᠪᠠᠷ | ᠠᠰᠢᠭᠯᠠᠵᠤ᠂ ᠣᠯᠠᠨ ᠭᠤᠭᠴᠤᠭ᠎ᠠ ᠪᠠᠷ ᠥᠷᠲᠡᠭ ᠨᠡᠮᠡᠭᠳᠡᠭᠦᠯᠦᠨ᠂ ᠤᠨᠴᠠᠯᠢᠬᠳᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ | ᠪᠤᠵᠠᠭᠠᠶᠢᠷᠠᠭᠤᠯᠤᠨ᠎ᠠ᠃ ᠡᠯᠳᠡᠪ ᠠᠮᠤ ᠡᠯᠳᠡᠪ ᠪᠤᠷᠴᠠᠭ ᠤᠨ ᠠᠵᠤ ᠦᠢᠯᠡᠰ ᠤᠨ ᠬᠡᠯᠬᠢᠶ᠎ᠡ ᠶᠢ ᠴᠢᠩᠭᠠᠷᠠᠭᠤᠯᠤᠨ᠎ᠠ᠃ | ᠣᠷᠭᠠᠨᠢᠭ ᠭᠠᠩᠳᠠᠭᠰᠠᠨ ᠠᠮᠤ ᠪᠤᠳᠠᠭ᠎ᠠ ᠶᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ | ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠤᠳᠤᠯᠤᠨ ᠨᠡᠭᠡᠭᠡᠬᠦ ᠡᠷᠴᠢᠮ ᠢᠶᠠᠨ | ᠴᠢᠩᠭᠠᠷᠠᠭᠤᠯᠵᠤ᠂ ᠡᠯᠳᠡᠪ ᠠᠮᠤ ᠡᠯᠳᠡᠪ ᠪᠤᠷᠴᠠᠭ ᠤᠨ ᠪᠦᠷᠢᠨ ᠰᠢᠮ᠎ᠡ ᠲᠡᠵᠢᠭᠡᠯ ᠤᠨ ᠠᠰᠢᠭᠯᠠᠯᠲᠠ ᠬᠢᠭᠡᠳ ᠥᠨᠳᠥᠷ | ᠨᠡᠮᠡᠯᠲᠡ ᠥᠷᠲᠡᠭ ᠤᠨ ᠬᠤᠪᠢᠷᠠᠭᠤᠯᠤᠯᠲᠠ ᠶᠢ ᠠᠬᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠥᠷᠲᠡᠭ | ᠨᠡᠮᠡᠭᠳᠡᠯ ᠤᠨ ᠣᠷᠣᠨ ᠵᠠᠶ ᠶᠢ ᠳᠡᠭᠡᠭᠰᠢᠯᠡᠭᠦᠯᠦᠨ᠎ᠡ᠃ ᠮᠢᠬᠠᠨ ᠢᠳᠡᠭᠡᠨ ᠤ ᠠᠵᠤ ᠦᠢᠯᠡᠰ ᠤᠨ ᠬᠡᠯᠬᠢᠶᠡᠰᠦ ᠶᠢ | ᠤᠷᠲᠤᠳᠬᠠᠨ᠎ᠠ᠃ ᠠᠮᠢᠳᠤ ᠮᠠᠯ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠢ ᠪᠥᠲᠥᠭᠡᠨ ᠪᠠᠶᠢᠭᠤᠯᠵᠤ᠂ ᠠᠯᠠᠵᠤ | ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠳᠡᠭᠡᠳᠦ ᠳᠣᠤᠷᠠᠳᠤ ᠤᠷᠤᠰᠬᠠᠯ ᠤᠨ | ᠪᠦᠲᠦᠭᠡᠭᠳᠡᠬᠦᠨ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠶᠢ ᠨᠡᠮᠡᠭᠳᠡᠭᠦᠯᠦᠨ᠂ ᠮᠠᠯ ᠵᠢᠭᠦᠷᠲᠡᠨ ᠤ ᠮᠢᠬᠠᠨ ᠤ | ᠲᠥᠷᠥᠯ ᠢ ᠠᠯᠠᠵᠤ ᠨᠢᠲᠤᠯᠵᠤ ᠪᠣᠷᠣᠯᠠᠭᠤᠯᠬᠤ ᠠᠴᠠ ᠥᠨᠳᠥᠷ ᠨᠡᠮᠡᠯᠲᠡ ᠥᠷᠲᠡᠭ ᠲᠠᠢ ᠡᠳ᠋ᠰᠢᠭᠦᠯᠬᠦ ᠳᠠᠰᠢ | ᠬᠤᠪᠢᠷᠠᠭᠤᠯᠬᠤ ᠶᠢ ᠶᠡᠬᠡᠪᠡᠷ ᠠᠬᠢᠭᠤᠯᠤᠨ᠎ᠠ᠃ 2026 ᠣᠨ ᠪᠣᠯᠬᠤ ᠳᠤ᠂ ᠵᠢᠯ ᠳᠤ ᠮᠢᠬᠠᠨ ᠤ ᠵᠦᠢᠯ | ᠪᠣᠯᠪᠠᠰᠤᠷᠠᠭᠤᠯᠬᠤ ᠴᠢᠳᠠᠪᠤᠷᠢ ᠶᠢ 10 ᠲᠦᠮᠡᠨ ᠲᠣᠨ ᠠᠴᠠ ᠳᠡᠭᠡᠭᠰᠢ ᠳᠤ ᠬᠦᠷᠦᠭᠦᠯᠦᠨ᠎ᠡ᠃ ᠴᠠᠭᠠᠨ ᠢᠳᠡᠭᠡᠨ ᠤ | ᠠᠵᠤ ᠦᠢᠯᠡᠰ ᠤᠨ ᠬᠡᠯᠬᠢᠶ᠎ᠡ ᠶᠢ ᠨᠥᠬᠦᠪᠥᠷᠢᠯᠡᠨ᠎ᠡ᠃ ᠮᠤᠩ ᠳ᠋ᠢ ᠬᠠᠭᠠᠨ ᠤ ᠰᠦ ᠶᠢᠨ ᠦᠢᠯᠡᠰ᠂ ᠱᠤᠨ ᠨᠢᠦ | ᠰᠦ᠋ ᠶᠢᠨ ᠦᠢᠯᠡᠰ ᠤᠨ ᠦᠢᠯᠡᠳᠪᠤᠷᠢᠯᠡᠯ ᠤᠨ ᠬᠡᠪᠴᠢᠶ᠎ᠡ ᠪᠠᠨ ᠥᠷᠭᠡᠳᠬᠡᠬᠦ ᠶᠢ ᠲᠡᠳᠬᠦᠨ ᠳᠡᠮᠵᠢᠵᠦ᠂ ᠳᠣᠤᠷ᠎ᠠ | ᠳᠤᠯᠠᠭᠠᠨ ᠳᠤ ᠢᠰᠬᠡᠭᠰᠡᠨ ᠰᠦ ᠵᠡᠷᠭᠡ ᠤᠨᠴᠠᠯᠢᠬᠳᠤ ᠰᠦᠨ ᠪᠦᠲᠦᠭᠡᠭᠳᠡᠬᠦᠨ ᠡᠳ᠋ᠰᠢᠭᠦᠯᠬᠦ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ᠂ ᠤᠯᠠᠮᠵᠢᠯᠠᠯᠲᠤ ᠠᠵᠤ ᠦᠢᠯᠡᠰ ᠠᠴᠠ ᠨᠠᠷᠢᠯᠢᠭ ᠭᠦᠨᠵᠡᠭᠡᠶ ᠡᠳ᠋ᠰᠢᠭᠦᠯᠬᠦ ᠳᠠᠰᠢ | ᠤᠷᠤᠭᠰᠢᠯᠠᠬᠤ ᠶᠢ ᠪᠡᠶᠡᠯᠡᠭᠦᠯᠦᠨ᠎ᠡ᠃ 2026 ᠣᠨ ᠪᠣᠯᠬᠤ ᠳᠤ᠂ ᠰᠢᠨ᠎ᠡ ᠰᠦ ᠶᠢ ᠡᠳ᠋ᠰᠢᠭᠦᠯᠦᠨ ᠬᠤᠪᠢᠷᠠᠭᠤᠯᠬᠤ | ᠴᠢᠳᠠᠪᠤᠷᠢ ᠶᠢ ᠦᠨᠳᠦᠰᠦᠨ ᠳᠡᠭᠡᠨ ᠰᠢᠨ᠎ᠡ ᠰᠦ ᠶᠢᠨ ᠭᠠᠷᠤᠯᠲᠠ ᠲᠠᠢ ᠲᠣᠬᠢᠷᠠᠯᠴᠠᠭᠤᠯᠤᠨ᠎ᠠ᠃ | ᠳᠥᠷᠪᠡ᠂ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠦᠴᠦᠯᠡᠨ | ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠪᠣᠶ ᠪᠣᠯᠭᠠᠨ᠎ᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠴᠢᠨᠠᠷ ᠰᠠᠶᠢᠲᠠᠶ | ᠵᠢᠭᠤᠯᠴᠢᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠵᠢᠭᠤᠯᠴᠢᠯᠠᠯ ᠤᠨ ᠬᠥᠭᠵᠢᠯᠲᠡ ᠶᠢᠨ ᠶᠠᠰᠤ | ᠴᠢᠨᠠᠷ ᠪᠠ ᠶᠡᠷᠦᠩᠬᠡᠶᠢᠯᠡᠭᠰᠡᠨ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠪᠣᠳᠠᠲᠤ ᠬᠦᠴᠦᠨ ᠲᠠᠢ ᠠᠵᠤ ᠠᠬᠤᠶᠢᠯᠠᠯ ᠢ ᠣᠷᠣᠭᠤᠯᠤᠨ | ᠠᠪᠴᠢᠷᠠᠵᠤ᠂ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠨᠡᠭᠡᠭᠡᠨ ᠬᠥᠭᠵᠢᠭᠦᠯᠵᠦ᠂ | ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ 2026 ᠣᠨ ᠪᠣᠯᠬᠤ ᠳᠤ᠂ | ᠪᠦᠬᠦ ᠰᠢᠶᠠᠨ ᠤ ᠵᠤᠭᠠᠴᠠᠯ ᠤᠨ ᠦᠢᠯᠡᠰ ᠤᠨ ᠶᠡᠷᠦᠩᠬᠡᠢ ᠣᠷᠣᠯᠭ᠎ᠠ 10 ᠳ᠋ᠦᠩᠰᠢᠭᠤᠷ ᠲᠥᠭᠦᠷᠢᠭ ᠢ ᠳᠠᠪᠠᠵᠤ᠂ | ᠵᠢᠯ ᠳᠤ 200 ᠲᠦᠮᠡᠨ ᠬᠥᠮᠦᠨ ᠤᠳᠠᠭ᠎ᠠ ᠠᠴᠠ ᠳᠡᠭᠡᠭᠰᠢ ᠵᠤᠭᠠᠴᠠᠭᠰᠠᠳ ᠢ ᠬᠦᠯᠢᠶᠡᠨ ᠠᠪᠤᠨ᠎ᠠ᠃ ᠰᠣᠶᠣᠯ | ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ︽ᠲᠠᠪᠤᠨ ᠶᠡᠭᠡ ᠰᠣᠶᠣᠯ︾ ᠤᠨ | ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠡᠯᠪᠡᠭ ᠪᠠᠶᠠᠯᠢᠭ ᠰᠣᠶᠣᠯ ᠤᠨ ᠡᠯᠧᠮᠧᠨ᠋ᠲ ᠢ ︽ᠢᠳᠡᠵᠦ ᠤᠤᠭᠤᠬᠤ | ᠬᠤᠨᠣᠵᠤ ᠬᠡᠪᠲᠡᠬᠦ ᠵᠤᠭᠠᠴᠠᠵᠤ ᠬᠤᠳᠠᠯᠳᠤᠨ ᠠᠪᠬᠤ ᠵᠤᠭ᠎ᠠ ᠴᠡᠩᠭᠡᠯ︾ ᠤᠨ ᠵᠢᠷᠭᠤᠭᠠᠨ ᠶᠡᠭᠡ ᠵᠢᠭᠤᠯᠴᠢᠯᠠᠯ ᠤᠨ | ᠡᠯᠧᠮᠧᠨ᠋ᠲ ᠲᠤ ᠭᠦᠢᠴᠡᠳ ᠨᠡᠪᠴᠢᠭᠦᠯᠦᠨ᠎ᠡ᠃ ᠵᠤᠭᠠᠴᠠᠯ ᠤᠨ ᠦᠵᠡᠭᠳᠡᠯᠲᠦ ᠵᠦᠴᠦᠭᠡ ᠶᠢᠨ ᠲᠠᠯᠠᠪᠠᠢ ᠶᠢ | ᠪᠠᠶᠢᠭᠤᠯᠵᠤ᠂ ︽ᠪᠠᠷᠠᠭᠤᠨ ᠠᠮᠠᠰᠠᠷ ᠲᠤ ᠰᠣᠭᠲᠣᠭᠰᠠᠨ ᠨᠢ︾ ᠵᠡᠷᠭᠡ ᠦᠵᠡᠭᠳᠡᠯᠲᠦ ᠵᠦᠴᠦᠭᠡ ᠶᠢ ᠦᠷᠦᠵᠦ | ᠲᠡᠭᠦᠯᠳᠡᠷᠵᠢᠭᠦᠯᠦᠨ᠂ ᠪᠣᠳᠠᠰ ᠤᠨ ᠪᠤᠰᠤ ᠰᠣᠶᠣᠯ ᠤᠨ ᠥᠪ ᠤᠨ ᠤᠷᠠᠯᠢᠭ ᠤᠨ ᠪᠦᠲᠦᠭᠡᠯ ᠢ ᠦᠵᠡᠮᠵᠢ ᠶᠢᠨ | ᠣᠷᠣᠨ ᠳᠤ ᠣᠷᠣᠭᠤᠯᠵᠤ᠂ ᠦᠵᠡᠰᠬᠦᠯᠡᠩ ᠡᠷᠬᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠰ ᠤᠨ | ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠰᠦᠪᠡᠭᠴᠢᠯᠡᠨ ᠬᠡᠷᠡᠭᠵᠢᠭᠦᠯᠵᠦ᠂ | ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠠᠮᠠᠭᠠᠯᠠᠵᠤ᠂ ᠨᠠᠢᠮᠠᠨ ᠵᠣᠪᠬᠢᠰ ᠠᠴᠠ ᠢᠷᠡᠭᠰᠡᠨ ᠵᠣᠴᠢᠳ ᠢ ᠨᠡᠩ | ᠰᠠᠶᠢᠨ ᠰᠠᠶᠢᠬᠠᠨ ᠪᠡᠶᠡᠴᠢᠯᠡᠨ ᠣᠶᠢᠯᠠᠭᠠᠬᠤ᠂ ᠨᠡᠩ ᠲᠠᠭᠠᠲᠠᠢ ᠵᠢᠷᠭᠠᠬᠤ᠂ ᠨᠡᠩ ᠮᠠᠷᠲᠠᠭᠳᠠᠰᠢ ᠦᠭᠡᠢ | ᠡᠷᠭᠢᠴᠡᠭᠦᠯᠦᠯ ᠲᠠᠢ ᠪᠣᠯᠭᠠᠨ᠎ᠠ᠃ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠤᠨ ᠳᠣᠲᠣᠭᠠᠳᠤ ᠶᠢᠨ ᠨᠠᠷᠠᠲᠠᠶ | ᠵᠢᠭᠤᠯᠴᠢᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠲᠠᠢ ᠬᠠᠮᠲᠤᠷᠠᠯᠴᠠᠵᠤ᠂ ᠡᠷᠬᠢᠨ ᠲᠣᠭᠤᠷᠢᠨ ᠤ ᠠᠯᠳᠠᠷᠲᠤ | ᠵᠢᠭᠤᠯᠴᠢᠯᠠᠯ ᠤᠨ ᠦᠵᠡᠮᠵᠢ ᠶᠢᠨ ᠴᠡᠭ ᠲᠠᠢ ᠬᠤᠯᠪᠣᠭᠠᠯᠠᠨ᠂ ᠠᠮᠢ ᠠᠬᠤᠶ ᠶᠢᠨ ᠵᠢᠭᠤᠯᠴᠢᠯᠠᠯ᠂ ᠰᠣᠶᠣᠯ ᠤᠨ | ᠣᠶᠢᠯᠠᠭᠠᠯᠲᠠ᠂ ᠬᠥᠳᠡᠭᠡ ᠲᠣᠰᠬᠤᠨ ᠤ ᠰᠡᠯᠡᠭᠦᠴᠡᠯ᠂ ᠮᠥᠰᠥ ᠴᠠᠰᠤᠨ ᠤ ᠪᠡᠶ᠎ᠡ ᠴᠢᠭᠢᠷᠠᠭᠵᠢᠭᠤᠯᠤᠯᠲᠠ ᠵᠡᠷᠭᠡ ᠶᠢ | ᠨᠢᠭᠡ ᠴᠤᠭᠴᠠᠵᠢᠭᠤᠯᠤᠭᠰᠠᠨ ᠰᠣᠳᠣᠨ ᠰᠣᠶᠣᠯ ᠤᠨ ᠵᠢᠭᠤᠯᠴᠢᠯᠠᠯ ᠤᠨ ᠵᠠᠮ ᠱᠤᠭᠤᠮ ᠢ ᠵᠢᠷᠤᠭᠯᠠᠨ ᠲᠥᠯᠥᠪᠯᠡᠨ᠎ᠡ᠃ | ᠲᠠᠭ᠎ᠠ ᠶᠢᠨ ᠨᠠᠭᠤᠷ ᠤᠨ ᠴᠡᠴᠡᠭ ᠡᠪᠡᠰᠦᠨ ᠤ ᠪᠠᠶᠠᠷ᠂ ᠴᠢᠭᠢᠭᠯᠢᠭ ᠭᠠᠵᠠᠷ ᠤᠨ ᠰᠢᠪᠠᠭᠤ ᠰᠣᠨᠢᠷᠬᠠᠬᠤ ᠪᠠᠶᠠᠷ᠂ | ᠬᠠᠯᠠᠭᠤᠨ ᠷᠠᠰᠢᠶᠠᠨ ᠤ ᠡᠷᠡᠭᠦᠯᠵᠢᠯ ᠰᠤᠪᠢᠯᠠᠯᠲᠠ ᠶᠢᠨ ᠪᠠᠶᠠᠷ ᠵᠡᠷᠭᠡ ᠤᠨᠴᠠᠯᠢᠬᠳᠤ ᠵᠢᠭᠤᠯᠴᠢᠯᠠᠯ ᠤᠨ ᠪᠠᠶᠠᠷ | ᠳᠤᠷᠠᠰᠬᠠᠯ ᠤᠨ ᠠᠵᠢᠯᠯᠠᠭ᠎ᠠ ᠵᠢᠴᠢ ᠨᠠᠭᠤᠷ ᠲᠣᠭᠤᠷᠢᠭᠰᠠᠨ ᠮᠠᠷᠠᠰᠤᠨ ᠤᠷᠤᠯᠳᠤᠭᠠᠨ᠂ ᠳᠤᠭᠤᠶ ᠲᠡᠷᠭᠡᠨ ᠤ | ᠤᠷᠤᠯᠳᠤᠭᠠᠨ᠂ ᠣᠶ ᠰᠢᠭᠤᠶ ᠶᠢᠨ ᠬᠦᠴᠢᠯᠲᠥ᠋ᠷᠥᠭᠴᠢᠲᠦ ᠠᠭᠤᠯᠠ ᠠᠪᠠᠷᠢᠬᠤ ᠤᠷᠤᠯᠳᠤᠭᠠᠨ ᠵᠡᠷᠭᠡ ᠲᠣᠮᠣ | ᠬᠡᠯᠪᠡᠷᠢ ᠶᠢᠨ ᠤᠷᠤᠯᠳᠤᠭᠠᠨ ᠤ ᠠᠵᠢᠯᠯᠠᠭ᠎ᠠ ᠶᠢ ᠨᠠᠷᠢᠨ ᠨᠢᠮᠪᠠᠶ ᠡᠷᠭᠢᠯᠡᠵᠦ᠂ ᠵᠢᠭᠤᠯᠴᠢᠯᠠᠯ ᠤᠨ ᠨᠠᠷᠠᠲᠤ ᠲᠥᠷᠥᠯ | ᠲᠡᠮᠳᠡᠭᠲᠦ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ᠎ᠠ᠃ ︽ᠠᠷᠠᠳ ᠤᠨ ᠣᠷᠣᠨ ᠰᠠᠭᠤᠴᠠ | ︾ ᠶᠢᠨ ᠠᠵᠤ ᠦᠢᠯᠡᠰ ᠢ ᠨᠠᠷᠢᠯᠢᠭ ᠬᠢᠨ᠎ᠠ᠃ ︽ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠵᠠᠬ᠎ᠠ | ᠳᠡᠯᠭᠡᠭᠦᠷ ᠣᠷᠣᠯᠴᠠᠬᠤ᠂ ᠭᠤᠤᠯᠳᠠᠯᠭ᠎ᠠ ᠲᠠᠢ ᠰᠢᠪᠲᠤᠯᠤᠯᠲᠠ ᠬᠢᠬᠦ︾ ᠵᠠᠷᠴᠢᠮ ᠶᠣᠰᠣᠭᠠᠷ᠂ ᠲᠠᠭ᠎ᠠ ᠶᠢᠨ | ᠨᠠᠭᠤᠷ ᠤᠨ ᠠᠮᠢ ᠠᠬᠤᠶ ᠶᠢᠨ ᠣᠷᠣᠨ᠂ ᠮᠠᠨ ᠬᠠᠨ ᠠᠭᠤᠯᠠᠷᠬᠠᠭ ᠣᠷᠣᠨ᠂ ᠬᠥᠬᠡᠬᠤᠲᠠ ᠶᠢᠨ ᠵᠠᠰᠠᠮᠠᠯ ᠵᠠᠮ | ᠳᠠᠭᠠᠤ ᠳᠤ ᠰᠤᠯᠠ ᠪᠠᠶᠢᠭ᠎ᠠ ᠠᠷᠠᠳ ᠤᠨ ᠬᠡᠷ ᠪᠠᠶᠢᠰᠢᠩ ᠢ ᠥᠭᠡᠷᠡᠴᠢᠯᠡᠬᠦ᠂ ᠪᠠᠭ᠎ᠠ ᠬᠡᠰᠡᠭ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠤᠳᠠᠯᠳᠤᠬᠤ᠂ ᠬᠥᠳᠡᠭᠡ ᠲᠣᠰᠬᠤᠨ ᠤ ᠬᠠᠮᠲᠤ ᠶᠢᠨ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠠᠷᠠᠳ ᠤᠨ | ᠣᠷᠣᠨ ᠰᠠᠭᠤᠴᠠ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ 2026 ᠣᠨ ᠪᠣᠯᠬᠤ ᠳᠤ᠂ 50 ᠰᠣᠳᠣᠨ | ᠠᠷᠠᠳ ᠤᠨ ᠣᠷᠣᠨ ᠰᠠᠭᠤᠴᠠ ᠶᠢ ᠪᠠᠶᠢᠭᠤᠯᠵᠤ᠂ ᠠᠷᠠᠳ ᠤᠨ ᠣᠷᠣᠨ ᠰᠠᠭᠤᠴᠠ ᠶᠢᠨ ᠴᠤᠭᠯᠠᠷᠠᠯ ᠤᠨ ᠦᠢᠯᠡᠳᠦᠯ | ᠢ ᠤᠯᠠᠮ ᠢᠶᠠᠷ ᠲᠣᠪᠤᠶᠢᠮ᠎ᠠ ᠪᠣᠯᠵᠣ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠲᠦᠷᠭᠡᠨ | ᠬᠥᠭᠵᠢᠯᠲᠡ ᠶᠢ ᠳᠠᠶᠢᠴᠢᠯᠠᠨ᠎ᠠ᠃ ︽ᠮᠥᠰᠥ ᠴᠠᠰᠤ︾ ᠶᠢᠨ ᠠᠵᠤ ᠦᠢᠯᠡᠰ ᠢ ᠠᠮᠢᠳᠤᠯᠢᠭ ᠪᠣᠯᠭᠠᠨ᠎ᠠ᠃ | ᠤᠯᠤᠰ ᠤᠨ ︽ᠭᠤᠷᠪᠠᠨ ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ | ᠣᠷᠣᠯᠴᠠᠭᠤᠯᠬᠤ︾ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ 2022 ᠣᠨ ᠳᠤ ᠡᠪᠦᠯ ᠤᠨ ᠣᠯᠧᠮᠫᠢᠺ ᠴᠤᠭᠯᠠᠭᠠᠨ | ᠬᠤᠲᠠ ᠳᠤ ᠥᠷᠨᠢᠭᠦᠯᠦᠭᠰᠡᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠠᠯᠠᠭᠤᠨ ᠥᠷᠨᠢᠯᠲᠡ ᠶᠢ ᠠᠰᠢᠭᠯᠠᠨ᠂ | ᠲᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ ᠶᠢᠨ ᠴᠠᠰᠤᠨ ᠳᠡᠭᠡᠷᠡᠬᠢ ᠲᠠᠮᠢᠷ ᠤᠨ | ᠬᠥᠳᠡᠯᠭᠡᠭᠡᠨ ᠤ ᠲᠥᠷᠥᠯ ᠵᠦᠢᠯ ᠢ ᠪᠠᠶᠠᠯᠢᠭᠵᠢᠭᠤᠯᠵᠤ᠂ ᠪᠥᠬᠦ ᠤᠯᠤᠰ ᠤᠨ ᠴᠢᠬᠤᠯᠠ ᠶᠡᠭᠡ ᠴᠠᠰᠤᠨ ᠳᠡᠭᠡᠷᠡᠬᠢ | ᠲᠠᠮᠢᠷ ᠤᠨ ᠤᠷᠤᠯᠳᠤᠭᠠᠨ ᠢ ᠳᠠᠭᠠᠭᠠᠴᠢᠯᠠᠨ ᠡᠷᠭᠢᠯᠡᠬᠦ ᠴᠢᠳᠠᠪᠤᠷᠢ ᠪᠠᠨ ᠨᠡᠮᠡᠭᠳᠡᠭᠦᠯᠦᠨ᠎ᠡ᠃ ᠲᠠᠭ᠎ᠠ ᠶᠢᠨ ᠨᠠᠭᠤᠷ ᠤᠨ | ᠦᠵᠡᠮᠵᠢ ᠶᠢᠨ ᠣᠷᠣᠨ ᠤ ᠮᠥᠰᠥᠨ ᠳᠡᠭᠡᠷᠡᠬᠢ ᠬᠥᠯ ᠪᠥᠮᠪᠦᠭᠡ᠂ ᠮᠥᠰᠥᠨ ᠳᠡᠭᠡᠷᠡᠬᠢ ᠯᠤᠤᠲᠤ ᠣᠩᠭᠤᠴᠠ᠂ | ᠮᠥᠰᠥᠨ ᠳᠡᠭᠡᠷᠡᠬᠢ ᠮᠠᠰᠢᠨ ᠲᠡᠷᠭᠡ ᠬᠥᠪᠪᠥᠨ ᠰᠢᠯᠵᠢᠬᠦ ᠵᠡᠷᠭᠡ ᠤᠨᠴᠠᠯᠢᠬᠳᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠨᠠᠩ ᠣᠯᠠᠨ ᠵᠤᠭᠠᠴᠠᠭᠰᠠᠳ ᠢ ᠯᠢᠶᠠᠩᠴᠧᠩ ᠳᠤ ᠢᠷᠡᠭᠦᠯᠵᠦ ᠮᠥᠰᠥ | ᠴᠠᠰᠤᠨ ᠳᠤ ᠨᠠᠭᠠᠳᠤᠭᠤᠯᠤᠨ᠎ᠠ᠃ ︽ᠡᠷᠡᠭᠦᠯᠵᠢᠯ ᠰᠤᠪᠢᠯᠠᠯᠲᠠ︾ ᠶᠢᠨ ᠠᠵᠤ ᠦᠢᠯᠡᠰ ᠢ ᠪᠤᠵᠠᠭᠠᠶᠢᠷᠠᠭᠤᠯᠤᠨ᠎ᠠ᠃ | ᠯᠢᠶᠠᠩᠴᠧᠩ ᠰᠢᠶᠠᠨ ᠤ ︽ᠡᠪᠦᠯ ᠳᠡᠭᠡᠨ ᠬᠠᠬᠢᠷ ᠬᠦᠢᠲᠡᠨ ᠦᠭᠡᠶ᠂ ᠵᠤᠨ ᠳᠠᠭᠠᠨ ᠠᠭᠠᠭᠢᠮ᠎ᠠ ᠬᠠᠯᠠᠭᠤᠨ ᠦᠭᠡᠶ︾ | ᠠᠭᠤᠷ ᠠᠮᠢᠰᠬᠤᠯ ᠤᠨ ᠳᠠᠪᠠᠭᠤᠯᠢᠭ ᠪᠠ ︽ᠠᠭᠤᠯᠠ᠂ ᠤᠰᠤ᠂ ᠪᠤᠯᠠᠭ᠂ ᠨᠣᠭᠤᠭᠠᠨ︾ ᠠᠮᠢ ᠠᠬᠤᠶ ᠶᠢᠨ | ᠳᠠᠪᠠᠭᠤᠯᠢᠭ ᠲᠤ ᠰᠠᠭᠤᠷᠢᠯᠠᠨ᠂ ᠬᠠᠯᠠᠭᠤᠨ ᠷᠠᠰᠢᠶᠠᠨ ᠤ ᠵᠢᠵᠢᠭ ᠪᠠᠯᠭᠠᠰᠤᠨ ᠤ ᠣᠳᠣ ᠪᠠᠶᠢᠭ᠎ᠠ ᠭᠤᠣᠯᠳᠠᠯᠭ᠎ᠠ ᠲᠠᠢ | ᠵᠢᠭᠤᠯᠴᠢᠯᠠᠯ ᠤᠨ ᠲᠥᠷᠥᠯ ᠨᠢᠭᠡᠳᠦᠯᠲᠡᠶ ᠲᠥᠯᠥᠪᠵᠢᠭᠦᠯᠵᠦ᠂ ᠬᠡᠰᠡᠭ ᠬᠤᠪᠢᠶᠠᠨ ᠬᠤᠳᠠᠯᠳᠤᠭᠠᠴᠢᠨ ᠤᠷᠢᠵᠤ᠂ | ᠪᠦᠬᠦᠯᠢ ᠶᠢ ᠰᠠᠯᠭᠠᠵᠤ᠂ ᠶᠡᠭᠡ ᠪᠠᠭ᠎ᠠ ᠪᠣᠯᠭᠠᠵᠤ᠂ ᠲᠣᠰ ᠭᠠᠵᠠᠷ ᠣᠷᠣᠨ ᠵᠢᠴᠢ ᠯᠢᠶᠠᠩᠴᠧᠩ ᠰᠢᠶᠠᠨ ᠤ ᠭᠠᠳᠠᠨ᠎ᠠ | ᠠᠮᠵᠢᠯᠲᠠ ᠣᠯᠤᠭᠰᠠᠨ ᠬᠥᠮᠦᠰ ᠢ ᠲᠡᠳᠡᠨ ᠡᠷᠡᠭᠦᠯ ᠮᠡᠨᠳᠦ ᠠᠰᠠᠷᠠᠨ ᠲᠡᠵᠢᠭᠡᠬᠦ ᠠᠵᠤ ᠦᠢᠯᠡᠰ ᠲᠤ ᠪᠠᠯᠠ | ᠣᠷᠣᠭᠤᠯᠵᠤ᠂ ᠨᠠᠰᠤᠲᠠᠶᠢᠴᠤᠳ ᠤᠨ ᠠᠰᠠᠷᠠᠨ ᠰᠤᠪᠢᠯᠠᠬᠤ ᠬᠦᠷᠢᠶᠡᠯᠡᠩ᠂ ᠡᠷᠡᠭᠦᠯ ᠮᠡᠨᠳᠦ ᠨᠠᠰᠤᠵᠢᠯ ᠤᠨ | ᠠᠰᠠᠷᠠᠮᠵᠢ ᠶᠢᠨ ᠲᠥᠪ᠂ ᠠᠷᠠᠳ ᠤᠨ ᠣᠷᠣᠨ ᠰᠠᠭᠤᠴᠠ ᠶᠢᠨ ᠠᠰᠠᠷᠠᠨ ᠲᠡᠵᠢᠭᠡᠬᠦ ᠬᠦᠷᠢᠶᠡᠯᠡᠩ ᠢ ᠪᠥᠲᠥᠭᠡᠨ | ᠪᠠᠶᠢᠭᠤᠯᠵᠤ᠂ ᠲᠠᠭ᠎ᠠ ᠶᠢᠨ ᠨᠠᠭᠤᠷ ᠤᠨ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤ ᠶᠢ ᠡᠷᠡᠭᠦᠯ | ᠮᠡᠨᠳᠦ ᠪᠡᠶ᠎ᠡ ᠰᠤᠪᠢᠯᠠᠬᠤ᠂ ᠡᠮᠨᠡᠨ ᠰᠤᠪᠢᠯᠠᠬᠤ᠂ ᠴᠠᠭ ᠬᠤᠪᠢᠶᠠᠨ ᠠᠮᠠᠷᠠᠯᠲᠠ ᠥᠩᠭᠡᠷᠡᠭᠡᠬᠦ᠂ ᠬᠥᠳᠡᠯᠭᠡᠭᠡᠨ ᠵᠤᠭ᠎ᠠ | ᠴᠡᠩᠭᠡᠯ ᠢ ᠨᠢᠭᠡ ᠴᠣᠭᠴᠠᠵᠢᠭᠤᠯᠤᠭᠰᠠᠨ ᠤᠯᠤᠰ ᠤᠨ ᠲᠠᠰ ᠤᠨ ᠡᠷᠡᠭᠦᠯ ᠮᠡᠨᠳᠦ ᠠᠰᠠᠷᠠᠨ ᠲᠡᠵᠢᠭᠡᠬᠦ ᠰᠡᠯᠡᠭᠦᠴᠡᠯ ᠤᠨ | ᠠᠮᠠᠷᠠᠯᠲᠠ ᠶᠢᠨ ᠣᠷᠣᠨ ᠪᠣᠯᠭᠠᠨ ᠪᠥᠲᠥᠭᠡᠨ ᠪᠠᠶᠢᠭᠤᠯᠤᠨ᠎ᠠ᠃ | ᠲᠠᠪᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠠᠯᠳᠠ ᠬᠦᠴᠦᠨ ᠢ ᠪᠠᠳᠠᠷᠠᠭᠤᠯᠤᠨ᠎ᠠ | ᠥᠭᠡᠷᠡᠴᠢᠯᠡᠯᠲᠡ ᠶᠢᠨ ᠲᠣᠭᠲᠠᠯ ᠬᠦᠴᠦᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠢᠮᠠᠭᠲᠠ | ᠪᠠᠲᠤᠯᠠᠵᠤ᠂ ᠦᠷ᠎ᠡ ᠪᠦᠲᠦᠮᠵᠢ ᠪᠠᠷ ᠬᠠᠮᠤᠭ ᠤᠨ ᠥᠨᠳᠥᠷ᠂ ᠦᠢᠯᠡᠴᠢᠯᠡᠭᠡ ᠪᠠᠷ ᠬᠠᠮᠤᠭ ᠤᠨ ᠰᠠᠶᠢᠨ᠂ ᠠᠵᠤ | ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢᠶᠠᠷ ᠬᠠᠮᠤᠭ ᠤᠨ ᠴᠢᠩᠭ᠎ᠠ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ | ᠵᠠᠰᠠᠭᠰᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠨ᠎ᠠ᠃ | ᠥᠭᠡᠷᠡᠴᠢᠯᠡᠯᠲᠡ ᠬᠥᠭᠵᠢᠯᠲᠡ ᠶᠢ ᠭᠦᠨ ᠳᠡᠰ ᠳᠠᠪᠬᠤᠷᠭ᠎ᠠ ᠠᠴᠠ ᠲᠦᠯᠬᠢᠨ ᠠᠬᠢᠭᠤᠯᠪᠠ᠃ ︽ᠥᠪᠥᠷ | ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ · ᠳᠥᠷᠪᠡ ᠶᠢ ᠭᠦᠢᠴᠡᠳᠬᠡᠬᠦ︾ ᠶᠢᠨ ᠠᠵᠢᠯ ᠢ ᠶᠡᠬᠡᠪᠡᠷ | ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠰᠢᠭᠤᠳ | ᠭᠦᠢᠴᠡᠳᠬᠡᠬᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠥᠨᠳᠥᠷ ᠳᠠᠪᠲᠠᠮᠵᠢ ᠪᠠᠷ ᠰᠢᠯᠵᠢᠭᠦᠯᠦᠨ | ᠭᠦᠢᠴᠡᠳᠬᠡᠵᠤ ᠪᠣᠯᠬᠤ᠂ ᠠᠷᠠᠳ ᠲᠤ ᠲᠥᠬᠦᠮ ᠦᠵᠡᠭᠦᠯᠬᠦ ᠨᠠᠩ ᠣᠯᠠᠨ ᠵᠦᠢᠯᠡᠰ ᠢ ᠨᠢᠭᠡ ᠯᠡ ᠤᠳᠠᠭ᠎ᠠ ᠳᠤ | ᠭᠦᠢᠴᠡᠳᠬᠡᠵᠤ ᠪᠣᠯᠬᠤ᠂ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠠᠪᠰᠤᠷᠤᠨ | ᠭᠦᠢᠴᠡᠳᠬᠡᠵᠤ ᠣᠷᠣᠯᠠᠨ ᠭᠦᠢᠴᠡᠳᠬᠡᠬᠦ ᠶᠢ ᠪᠡᠶᠡᠯᠡᠭᠦᠯᠵᠦ᠂ ︽ᠢᠯᠡ ᠲᠣᠳᠣ ᠵᠠᠰᠠᠭ ᠤᠨ ᠶᠠᠪᠤᠳᠠᠯ᠂ ᠰᠡᠳᠬᠢᠯ ᠢ | ᠳᠤᠯᠠᠭᠠᠴᠠᠭᠤᠯᠬᠤ ᠦᠢᠯᠡᠴᠢᠯᠡᠭᠡ︾ ᠶᠢᠨ ᠵᠠᠰᠠᠭ ᠤᠨ ᠶᠠᠪᠤᠳᠠᠯ ᠤᠨ ᠨᠠᠷᠠᠲᠤ ᠲᠥᠷᠥᠯ ᠲᠡᠮᠳᠡᠭᠲᠦ ᠶᠢ ᠪᠥᠬᠦ | ᠬᠦᠴᠦᠨ ᠢᠶᠠᠷ ᠢᠶᠠᠨ ᠪᠣᠶ ᠪᠣᠯᠭᠠᠵᠤ᠂ ᠦᠢᠯᠡᠴᠢᠯᠡᠭᠡᠨ ᠤ ︽ᠵᠠᠶ ᠥᠬᠡᠶ︾ ᠪᠠᠶᠢᠬᠤ ᠶᠢ ᠪᠡᠶᠡᠯᠡᠭᠦᠯᠦᠨ᠎ᠡ᠃ ︽ | ᠰᠠᠶᠢᠨ ᠮᠠᠭᠤ ᠶᠢᠨ ᠦᠨᠡᠯᠡᠯᠲᠡ︾ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠪᠠ ᠤᠯᠠᠨ | ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠦᠨ᠎ᠡ᠃ ᠲᠤᠭᠠᠵᠢᠭᠤᠯᠤᠭᠰᠠᠨ | ᠵᠠᠰᠠᠭ ᠤᠨ ᠶᠠᠪᠤᠳᠠᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠰᠢᠶᠠᠩ ᠭᠠᠴᠠᠭᠠᠨ ᠤ ︽ | ᠭᠤᠷᠪᠠ ᠶᠢ ᠨᠢᠭᠡ ᠴᠤᠭᠴᠠᠵᠢᠭᠤᠯᠤᠭᠰᠠᠨ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠦᠨ᠎ᠡ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠵᠡᠷᠭᠡ ᠵᠠᠭᠪᠤᠷ ᠢ ᠶᠡᠬᠡᠪᠡᠷ ᠳᠥᠯᠭᠢᠨ | ᠠᠬᠢᠭᠤᠯᠵᠤ᠂ ︽ᠴᠠᠭᠠᠵᠠᠯᠠᠬᠤ ᠥᠬᠡᠶ ᠪᠣᠯ ᠳᠠᠷᠤᠶ ᠣᠷᠣᠭᠤᠯᠬᠤ︾ ᠶᠢ ᠨᠡᠶᠢᠳᠡᠮ ᠨᠠᠶᠢᠳᠠᠪᠤᠷᠢᠵᠢᠭᠤᠯᠬᠤ ᠶᠢ | ᠳᠥᠯᠭᠢᠨ ᠠᠬᠢᠭᠤᠯᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠪᠠᠭᠲᠠᠭᠠᠮᠵᠢᠲᠠᠶ | ᠬᠢᠨᠠᠭᠤᠷ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠡᠷᠴᠢᠮ ᠲᠠᠢ | ᠮᠥᠷᠲᠡᠭᠡᠨ ᠳᠤᠯᠠᠭᠠᠨ ᠤ ᠬᠡᠮᠵᠢᠶ᠎ᠡ ᠲᠠᠢ ᠪᠣᠯᠭᠠᠨ᠎ᠠ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠵᠡᠷᠭᠡ | ᠬᠦᠷᠢᠶᠡᠨ ᠳᠠᠬᠢ ᠥᠭᠡᠷᠡᠴᠢᠯᠡᠯᠲᠡ ᠶᠢ ᠲᠦᠷᠭᠡᠳᠬᠡᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠵᠤ᠂ ᠰᠢᠶᠠᠨ ᠤ ᠱᠠᠲᠤᠨ ᠤ ᠪᠡᠯᠡ | ᠣᠷᠣᠭᠤᠯᠵᠤ ᠪᠡᠯᠡ ᠲᠣᠬᠢᠷᠠᠭᠤᠯᠬᠤ ᠶᠢ ᠠᠬᠢᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ | ᠵᠠᠭᠪᠤᠷ ᠤᠨ ᠰᠢᠨ᠎ᠡ ᠶᠢ ᠡᠭᠦᠳᠴᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠷᠭ᠎ᠠ ᠵᠠᠮ ᠢ ᠥᠷᠭᠡᠳᠬᠡᠨ᠂ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠴᠢᠳᠠᠪᠤᠷᠢᠲᠠᠨ ᠤ ᠪᠠᠶᠢᠭᠤᠯᠤᠯᠲᠠ ᠶᠢᠨ ᠠᠵᠢᠯ ᠢ ᠴᠢᠩᠭᠠᠳᠬᠠᠨ᠎ᠠ᠃ ︽ | ᠡᠤ ᠳ᠋ᠡ ᠵᠠᠩ︾ ︽ᠬᠥᠬᠡᠬᠤᠲᠠ ᠪᠤᠭᠤᠲᠤ ᠣᠷᠳᠣᠰ ᠦᠬᠠᠢ︾ ᠶᠢ ᠨᠢᠭᠡ ᠴᠣᠠᠠᠴᠠᠵᠢᠭᠤᠯᠥᠨ ᠬᠥᠭᠵᠢᠭᠦᠯᠬᠦ ᠠᠵᠠ | ᠲᠣᠬᠢᠶᠠᠯ ᠢ ᠠᠰᠢᠭᠯᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠰᠢᠨ᠎ᠡ | ᠡᠨᠧᠷᠭᠢ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ᠂ ᠬᠥᠳᠡᠯᠮᠦᠷᠢ ᠨᠢᠭᠲᠠᠷᠠᠭᠰᠠᠨ ᠬᠡᠯᠪᠡᠷᠢ ᠵᠡᠷᠭᠡ ᠠᠵᠤ | ᠦᠢᠯᠡᠰ ᠤᠨ ᠲᠣᠭᠤᠷᠢᠨ ᠳᠤ᠂ ᠨᠢᠭᠡ ᠪᠦᠯᠦᠭ ᠬᠥᠲᠥᠴᠢ ᠬᠡᠯᠪᠡᠷᠢ ᠶᠢᠨ᠂ ᠰᠠᠭᠤᠷᠢᠨ ᠭᠠᠵᠠᠷ ᠤᠨ ᠬᠡᠯᠪᠡᠷᠢ ᠶᠢᠨ᠂ | ᠰᠢᠨ᠎ᠡ ᠶᠢ ᠡᠭᠦᠳᠬᠦ ᠬᠡᠯᠪᠡᠷᠢ ᠶᠢᠨ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠨᠠᠷᠢᠯᠢᠭ ᠣᠨᠣᠴᠠᠲᠠᠶ ᠪᠠᠷ | ᠣᠷᠣᠭᠤᠯᠤᠨ ᠠᠪᠴᠢᠷᠠᠵᠤ᠂ ᠲᠠᠪᠤᠨ ᠵᠢᠯ ᠳᠤ 10 ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ | ᠪᠠᠯᠠ ᠣᠷᠣᠭᠤᠯᠤᠯᠲᠠ ᠶᠢᠨ ᠲᠤᠭ᠎ᠠ ᠶᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃ | ᠲᠥᠷᠥᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ | ᠬᠥᠮᠥᠷᠭᠡ ᠶᠢᠨ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠂ ︽ᠨᠢᠭᠡ ᠪᠦᠯᠦᠭ ᠢ ᠲᠥᠯᠥᠪᠵᠢᠭᠦᠯᠵᠦ᠂ ᠨᠢᠭᠡ | ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠪᠥᠲᠥᠭᠡᠨ ᠪᠠᠶᠢᠭᠤᠯᠵᠤ᠂ ᠨᠢᠭᠡ ᠪᠦᠯᠦᠭ ᠢ ᠦᠷ᠎ᠡ ᠪᠦᠲᠦᠮᠵᠢ ᠳᠤ | ᠬᠦᠷᠦᠭᠦᠯᠬᠦ︾ ᠱᠠᠲᠤᠯᠠᠨ ᠠᠬᠢᠭᠤᠯᠬᠤ ᠪᠠᠶᠢᠷᠢᠰᠢᠯ ᠢ ᠪᠣᠶ ᠪᠣᠯᠭᠠᠵᠤ᠂ ᠵᠢᠯ ᠪᠦᠷᠢ ᠶᠢᠨ ᠨᠥᠭᠡᠴᠡᠯᠡᠬᠦ | ᠭᠤᠤᠯᠳᠠᠯᠭ᠎ᠠ ᠲᠠᠢ ᠲᠥᠷᠥᠯ ᠵᠦᠢᠯ ᠢ 30 ᠠᠴᠠ ᠳᠤᠲᠠᠭᠤ ᠥᠬᠡᠶ ᠪᠠᠶᠢᠯᠭᠠᠨ᠎ᠠ᠃ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠨ᠎ᠠ᠃ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠢᠮ︾ ᠢ ᠴᠢᠩᠭ᠎ᠠ | ᠬᠡᠷᠡᠭᠵᠢᠭᠦᠯᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠬᠤ ᠪᠠ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠤ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ︽ᠳᠤᠮᠳᠠᠬᠢ | ᠲᠦᠭᠵᠢᠷᠡᠯ︾ ᠢ ᠴᠢᠩᠭ᠎ᠠ ᠰᠢᠳᠬᠡᠨ᠎ᠡ᠃ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ︽ᠨᠢᠭᠡ ᠥᠷᠲᠡᠭᠡᠨ ᠤ | ᠮᠠᠶ᠋ᠢᠭ︾ ᠤᠨ ᠦᠢᠯᠡᠴᠢᠯᠡᠭᠡ ᠶᠢ ᠪᠠᠶᠢᠭᠤᠯᠵᠤ᠂ ᠡᠮᠦᠨᠡᠬᠢ ᠬᠤᠭᠤᠴᠠᠭᠠᠨ ᠤ ᠵᠣᠯᠭᠠᠭᠤᠯᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ᠂ ᠳᠤᠮᠳᠠ ᠬᠤᠭᠤᠴᠠᠭᠠᠨ ᠤ ᠵᠣᠬᠢᠴᠠᠭᠤᠯᠤᠨ ᠬᠤᠷᠳᠤᠴᠠ ᠶᠢ ᠳᠡᠭᠡᠭᠰᠢᠯᠡᠭᠦᠯᠵᠦ᠂ ᠰᠡᠭᠦᠯᠴᠢ ᠶᠢᠨ | ᠬᠤᠭᠤᠴᠠᠭᠠᠨ ᠤ ᠮᠥᠷᠳᠡᠨ ᠳᠠᠭᠠᠵᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠯᠢᠶᠠᠩᠴᠧᠩ ᠢ | ᠬᠤᠳᠠᠯᠳᠤᠭ᠎ᠠ ᠡᠵᠡᠩᠨᠡᠬᠦ ᠥᠨᠳᠦᠷᠯᠢᠭ ᠭᠠᠵᠠᠷ᠂ ᠪᠠᠯᠠ ᠣᠷᠣᠭᠤᠯᠤᠯᠲᠠ ᠶᠢᠨ ᠬᠤᠲᠣᠭᠤᠷ ᠭᠠᠵᠠᠷ᠂ ᠬᠥᠭᠵᠢᠯᠲᠡ ᠶᠢᠨ | ᠵᠢᠷᠭᠠᠯᠠᠩᠲᠤ ᠭᠠᠵᠠᠷ ᠪᠣᠯᠭᠠᠨ ᠪᠥᠲᠥᠭᠡᠨ ᠪᠠᠶᠢᠭᠤᠯᠤᠨ᠎ᠠ᠃ | ᠵᠢᠷᠭᠤᠭ᠎ᠠ᠂ ᠬᠤᠲᠠ ᠶᠢᠨ ᠶᠡᠷᠦᠩᠬᠡᠶᠢᠯᠡᠭᠰᠡᠨ ᠴᠢᠳᠠᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠲᠠᠪᠴᠠᠩ ᠢ ᠪᠠᠶᠢᠭᠤᠯᠤᠨ᠎ᠠ | ᠬᠤᠳᠠ ᠶᠢᠨ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠬᠤᠳᠠ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠬᠤᠳᠠ ᠶᠢᠨ ᠴᠢᠳᠠᠪᠬᠢ ᠶᠢ ᠳᠡᠭᠡᠭᠰᠢᠯᠡᠭᠦᠯᠵᠦ᠂ ᠭᠤᠶᠤ ᠰᠠᠶᠢᠬᠠᠨ ᠲᠠᠢ᠂ ᠥᠨᠳᠥᠷ ᠤᠨ | ᠬᠡᠮᠵᠢᠶ᠎ᠡ ᠲᠠᠢ᠂ ᠳᠤᠯᠠᠭᠠᠨ ᠤ ᠬᠡᠮᠵᠢᠶ᠎ᠡ ᠲᠠᠢ ᠵᠣᠯ ᠵᠢᠷᠭᠠᠯᠲᠤ ᠦᠵᠡᠰᠬᠦᠯᠡᠩᠲᠦ ᠰᠠᠶᠢᠬᠠᠨ ᠰᠢᠨ᠎ᠡ ᠯᠢᠶᠠᠩᠴᠧᠩ ᠶᠢ | ᠪᠦᠳᠦᠭᠡᠨ ᠪᠠᠶᠢᠭᠤᠯᠤᠨ᠎ᠠ᠃ | ᠬᠤᠳᠠ ᠶᠢ ᠰᠢᠨᠡᠳᠬᠡᠬᠦ ᠠᠵᠢᠯᠯᠠᠭ᠎ᠠ ᠶᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ᠂ | ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠵᠡᠷᠭᠡ ᠭᠤᠷᠪᠠᠨ ᠶᠡᠭᠡ ᠣᠷᠣᠨ ᠵᠠᠶ ᠶᠢᠨ ᠪᠠᠶᠢᠷᠢᠰᠢᠯ ᠢ | ᠰᠢᠯᠢᠳᠡᠭᠵᠢᠭᠦᠯᠵᠦ᠂ ᠬᠤᠲᠠ ᠪᠠᠯᠭᠠᠰᠤᠨ ᠤ ᠵᠣᠬᠢᠴᠠᠩᠭᠤᠶ ᠪᠥᠭᠡᠳ ᠦᠷᠭᠦᠯᠵᠢᠯᠡᠬᠦ ᠬᠥᠭᠵᠢᠯᠲᠡ ᠶᠢᠨ ᠰᠠᠭᠤᠷᠢ ᠶᠢ | ᠲᠠᠯᠪᠢᠨ᠎ᠠ᠃ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠬᠤᠲᠠ ᠶᠢᠨ | ᠠᠵᠢᠯᠯᠠᠭᠠᠨ ᠤ ︽ᠨᠢᠭᠡ ᠲᠣᠤᠷ ᠢᠶᠠᠷ ᠨᠢᠭᠡᠳᠦᠯᠲᠡᠶ ᠬᠠᠮᠢᠶᠠᠷᠬᠤ︾᠂ ᠠᠮᠢᠳᠤᠷᠠᠯ ᠤᠨ ᠦᠢᠯᠡᠴᠢᠯᠡᠭᠡᠨ ᠤ ︽ᠨᠢᠭᠡ | ᠨᠣᠮᠧᠷ ᠢᠶᠠᠷ ᠬᠤᠲᠠ ᠶᠢ ᠨᠡᠪᠲᠡᠷᠡᠭᠦᠯᠬᠦ︾᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ︽ᠨᠢᠭᠡ ᠴᠤᠭᠴᠠᠵᠢᠭᠤᠯᠤᠨ | ᠬᠤᠯᠪᠣᠭᠠᠯᠠᠨ ᠬᠥᠳᠡᠯᠦᠯᠴᠡᠬᠦ︾ ᠶᠢ ᠪᠡᠶᠡᠯᠡᠭᠦᠯᠵᠦ᠂ ᠬᠤᠲᠠ ᠶᠢ ᠨᠠᠩ ᠤᠬᠠᠭᠠᠯᠢᠭ᠂ ᠵᠠᠰᠠᠯᠲᠠ ᠶᠢ ᠨᠠᠩ ᠥᠨᠳᠥᠷ | ᠪᠦᠲᠦᠮᠵᠢᠲᠡᠶ᠂ ᠠᠮᠢᠳᠤᠷᠠᠯ ᠢ ᠨᠠᠩ ᠳᠥᠭᠦᠮ ᠳᠥᠲᠡ ᠪᠣᠯᠭᠠᠨ᠎ᠠ᠃ ᠬᠤᠲᠠ ᠪᠠᠯᠭᠠᠰᠤ ᠶᠢᠨ ᠳᠥᠭᠦᠮ ᠪᠦᠳᠦᠭᠦᠯᠢᠭ | ᠣᠷᠣᠨ ᠰᠠᠭᠤᠴᠠᠳᠤ ᠲᠣᠭᠤᠷᠢᠭ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠥᠯᠬᠢᠨ ᠠᠬᠢᠭᠤᠯᠵᠤ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ᠂ 2005 | ᠣᠨ ᠠᠴᠠ ᠡᠮᠦᠨ᠎ᠡ ᠪᠠᠶᠢᠭᠤᠯᠤᠭᠰᠠᠨ ᠬᠠᠭᠤᠴᠢᠨ ᠪᠠ ᠬᠠᠭᠤᠴᠢᠨ ᠪᠠᠭ᠎ᠠ ᠲᠣᠭᠤᠷᠢᠭ ᠤᠨᠥᠭᠡᠷᠡᠴᠢᠯᠡᠯᠲᠡ ᠶᠢ | ᠦᠨᠳᠦᠰᠦᠨ ᠲᠤᠨᠢ ᠪᠡᠶᠡᠯᠡᠭᠦᠯᠦᠨ᠎ᠡ᠃ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠪᠠᠲᠤᠯᠠᠭ᠎ᠠ ᠪᠠ | ᠲᠦᠷᠢᠶᠡᠰᠦᠯᠡᠯ ᠤᠨ ᠨᠥᠬᠦᠪᠥᠷᠢ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠳᠤᠮᠳᠠ ᠳᠣᠣᠷ᠎ᠠ | ᠣᠷᠣᠯᠭ᠎ᠠ ᠲᠠᠢ ᠭᠡᠷ ᠪᠦᠯᠢ ᠶᠢᠨ ᠣᠷᠣᠨ ᠰᠠᠭᠤᠴᠠ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ᠃ | ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠡᠭᠦᠨ | ᠪᠠᠷᠠᠭᠤᠨ ᠮᠡᠯᠡᠷᠡᠭ ᠭᠤᠤᠯ ᠤᠨ ᠦᠵᠡᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ᠪᠠᠶᠢᠭᠤᠯᠤᠭᠰᠠᠨ | ᠲᠣᠭᠤᠷᠢᠭ ᠤᠨ ᠨᠣᠭᠤᠭᠠᠷᠠᠭᠤᠯᠤᠯᠲᠠ ᠶᠢᠨ ᠨᠣᠷᠮ᠎ᠠ ᠶᠢ 40% ᠳᠤ ᠬᠦᠷᠦᠭᠦᠯᠵᠦ᠂ ᠬᠥᠮᠦᠨ ᠪᠦᠷᠢ ᠶᠢᠨ ᠳᠤᠮᠳᠠᠴᠢ | ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠶ ᠶᠢ 25 ᠲᠡᠭᠰᠢ ᠳᠥᠷᠪᠡᠯᠵᠢᠨ ᠮᠧᠲᠷ ᠲᠤ ᠬᠦᠷᠦᠭᠦᠯᠬᠦ ᠪᠠᠷ ᠴᠢᠷᠮᠠᠶᠢᠨ᠎ᠠ | ᠃ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠰᠢᠲᠠᠮᠠᠬᠠᠶ ᠬᠡᠶ ᠶᠢᠨ ᠲᠦᠭᠡᠮᠡᠯᠵᠢᠭᠦᠯᠦᠯᠲᠡ ᠶᠢᠨ ᠨᠣᠷᠮ᠎ᠠ ᠶᠢ 90% ᠠᠴᠠ ᠳᠡᠭᠡᠭᠰᠢ ᠳ᠋ᠦ᠋ᠬᠤᠲᠠ | ᠪᠠᠯᠭᠠᠰᠤ ᠶᠢᠨ ᠪᠣᠷᠣᠭᠠᠨ ᠤ ᠪᠣᠬᠢᠷᠲᠤᠯ ᠢ ᠰᠠᠯᠭᠠᠬᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠠᠮᠢᠳᠤᠷᠠᠯ ᠤᠨ | ᠪᠣᠬᠢᠷ ᠤᠰᠤ ᠶᠢ ᠬᠤᠷᠢᠶᠠᠨ ᠴᠤᠭᠯᠠᠭᠤᠯᠬᠤ ᠨᠣᠷᠮ᠎ᠠ ᠶᠢ 75% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠬᠦ ᠶᠢ | ᠦᠨᠡᠨᠬᠦ ᠪᠠᠲᠤᠯᠠᠨ᠎ᠠ ᠂ ᠠᠴᠢᠶᠠᠯᠠᠪᠤᠷᠢ ᠶᠢᠨ ᠴᠢᠳᠠᠮᠵᠢ ᠶᠢ ᠴᠢᠩᠭᠠᠷᠠᠭᠤᠯᠵᠤ᠂ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠴᠠᠬᠢᠯᠭᠠᠨ ᠴᠡᠨᠡᠭᠯᠡᠬᠦ ᠱᠣᠩ᠂ ᠲᠣᠮᠣ ᠬᠡᠯᠪᠡᠷᠢ ᠶᠢᠨ ᠲᠠᠷᠢᠶᠠᠯᠠᠩ ᠤᠨ ᠴᠤᠭᠯᠠᠭ᠎ᠠ ᠮᠠᠶᠢᠮᠠᠶ ᠶᠢᠨ ᠵᠠᠬ᠎ᠠ | ᠳᠡᠯᠭᠡᠭᠦᠷ᠂ ᠠᠷᠠᠳ ᠲᠤ ᠲᠥᠬᠦᠮ ᠦᠵᠡᠭᠦᠯᠬᠦ ᠬᠤᠯᠪᠣᠯᠳᠤᠭᠰᠠᠨ ᠦᠢᠯᠡᠴᠢᠯᠡᠭᠡᠨ ᠤ ᠲᠥᠪ ᠵᠡᠷᠭᠡ ᠠᠮᠢᠳᠤᠷᠠᠯ ᠤᠨ | ᠢᠵᠢ ᠪᠥᠷᠢᠳᠦᠭᠦᠯᠬᠦ ᠪᠡᠯᠡᠳᠬᠡᠮᠵᠢ ᠶᠢ ᠪᠥᠲᠥᠭᠡᠨ ᠪᠠᠶᠢᠭᠤᠯᠵᠤ᠂ ︽15 ᠮᠢᠨᠦ᠋ᠲ ᠤᠨ ᠠᠮᠢᠳᠤᠷᠠᠯ ᠤᠨ ᠬᠦᠷᠢᠶ᠎ᠡ︾ | ᠶᠢ ᠪᠠᠶᠢᠭᠤᠯᠤᠨ᠎ᠠ᠃ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ | ᠪᠠᠶᠢᠭᠤᠯᠤᠯ ᠢ ᠲᠡᠭᠦᠯᠳᠡᠷᠵᠢᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠲᠡᠭᠡᠭᠰᠢᠯᠡᠭᠦᠨᠡ᠃ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠶᠡᠭᠡ ᠡᠷᠴᠢᠮ ᠢᠶᠠᠷ ᠪᠠᠶᠢᠭᠤᠯᠤᠨ᠎ᠠ᠃ | ᠬᠥᠬᠡᠬᠤᠲᠠ ᠶᠢᠨ ᠬᠡᠰᠡᠭ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠢᠳᠡᠪᠬᠢᠲᠡᠶ ᠪᠠᠷ ᠵᠣᠬᠢᠴᠠᠭᠤᠯᠤᠨ | ᠠᠬᠢᠭᠤᠯᠵᠤ᠂ ᠣᠷᠣᠨ ᠤ ᠲᠥᠪ ᠤᠨ ︽1 ᠴᠠᠭ ᠤᠨ ᠠᠵᠤ ᠠᠬᠤᠶ ᠶᠢᠨ ᠲᠣᠭᠤᠷᠢᠭ︾ ᠲᠤ ᠲᠦᠷᠭᠡᠬᠡᠨ | ᠠᠭᠤᠰᠤᠯᠴᠠᠭᠤᠯᠬᠤ ᠬᠡᠷᠡᠭᠲᠡᠶ᠃ G512 ᠯᠢᠶᠠᠩᠴᠧᠩ ᠠᠴᠠ ᠬᠤᠷᠢᠨ ᠭᠡᠷ ᠬᠥᠷᠬᠦ ᠬᠡᠰᠡᠭ᠂ ᠮᠧᠶ ᠳ᠋ᠠᠶ | ᠱᠤᠭᠤᠮ ᠤᠨ ᠰᠢᠨ᠎ᠡ ᠪᠠᠷ ᠨᠡᠮᠡᠭᠰᠡᠨ ᠨᠢᠭᠡᠳᠦᠭᠡᠷ ᠳᠡᠰ ᠤᠨ ᠨᠢᠭᠡ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ | ᠪᠡᠶᠡᠯᠡᠭᠦᠯᠵᠦ᠂ ᠰᠢᠶᠠᠨ ᠤ ᠬᠤᠶᠢᠲᠤ ᠭᠠᠷᠬᠤ ᠡᠭᠦᠳᠡ ᠬᠢᠭᠡᠳ S209 ᠬᠤᠯᠪᠣᠬᠤ ᠱᠤᠭᠤᠮ ᠢ ᠵᠠᠰᠠᠨ | ᠪᠠᠶᠢᠭᠤᠯᠵᠤ᠂ ᠡᠮᠦᠨ᠎ᠡ ᠭᠠᠳᠠᠷ ᠲᠣᠭᠤᠷᠢᠯ ᠵᠠᠮ ᠢ ᠥᠭᠡᠷᠡᠴᠢᠯᠡᠨ ᠰᠠᠶᠢᠵᠢᠷᠠᠭᠤᠯᠵᠤ᠂ S102 ᠯᠢᠶᠠᠩᠴᠧᠩ ᠠᠴᠠ | ᠱᠠ ᠬᠤ ᠺᠸᠦ ᠬᠥᠷᠬᠦ ᠬᠡᠰᠡᠭ᠂ S209 ᠯᠢᠶᠠᠩᠴᠧᠩ ᠠᠴᠠ ᠽᠦᠸᠧ ᠶᠦᠨ ᠬᠥᠷᠬᠦ ᠬᠡᠰᠡᠭ ᠤᠨ ᠲᠥᠷᠥᠯ | ᠵᠦᠢᠯ ᠢ ᠪᠣᠳᠠᠲᠠᠶ ᠪᠠᠷ ᠠᠵᠢᠯ ᠡᠬᠢᠯᠡᠭᠦᠯᠬᠦ ᠪᠠᠷ ᠴᠢᠷᠮᠠᠶᠢᠵᠤ᠂ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ᠭᠤᠤᠯ ᠰᠤᠳᠠᠰᠤ ᠶᠢ ᠲᠦᠢᠯᠪᠤᠷᠢᠲᠠᠶ ᠨᠡᠪᠲᠡᠷᠡᠭᠦᠯᠦᠨ᠎ᠡ᠃ ᠠᠭᠠᠷ ᠤᠨ ᠠᠶᠠᠯᠠᠯ ᠤᠨ ᠤᠢ ᠰᠢᠭᠤᠶ ᠶᠢ | ᠬᠠᠮᠠᠭᠠᠯᠠᠬᠤ ᠦᠷᠳᠡᠭᠡ ᠶᠢ ᠪᠠᠶᠢᠭᠤᠯᠵᠤ᠂ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠠᠬᠤᠶ | ᠨᠡᠶᠢᠭᠡᠮ ᠤᠨ ᠬᠥᠭᠵᠢᠯᠲᠡ ᠶᠢ ᠳᠠᠶᠢᠴᠢᠯᠠᠬᠤ ᠪᠠ ᠲᠡᠭᠦᠨ ᠳᠤ ᠦᠢᠯᠡᠴᠢᠯᠡᠨ᠎ᠡ᠃ ᠬᠤᠲᠠ ᠶᠢᠨ ᠶᠠᠪᠤᠳᠠᠯ ᠤᠨ ᠵᠠᠮ | ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠵᠢᠵᠢᠭ ᠵᠡᠭᠡᠯᠢ ᠵᠢᠵᠢᠭ ᠭᠤᠳᠤᠮᠵᠢ ᠶᠢ | ᠬᠠᠲᠠᠭᠤᠷᠠᠭᠤᠯᠤᠨ ᠵᠠᠰᠠᠬᠤ ᠶᠢ ᠬᠡᠷᠡᠭᠵᠢᠭᠦᠯᠦᠨ᠂ ᠳᠣᠲᠣᠭᠠᠳᠤ ᠡᠷᠭᠢᠯᠲᠡ ᠶᠢ ᠲᠡᠭᠦᠯᠳᠡᠷᠵᠢᠭᠦᠯᠵᠦ᠂ ᠪᠢᠴᠢᠯ | ᠡᠷᠭᠢᠯᠲᠡ ᠶᠢ ᠰᠠᠭᠠᠳ ᠥᠬᠡᠶ ᠨᠡᠪᠲᠡᠷᠡᠭᠦᠯᠦᠨ᠎ᠡ᠃ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢ ᠪᠥᠬᠦ ᠲᠠᠯ᠎ᠠ ᠪᠠᠷ | ᠲᠠᠰ ᠳᠡᠪᠰᠢᠭᠦᠯᠵᠦ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠨᠡᠶᠢᠲᠡ ᠶᠢᠨ ᠮᠠᠰᠢᠨᠴᠢᠯᠠᠬᠤ | ᠥᠭᠡᠷᠡᠴᠢᠯᠡᠯᠲᠡ ᠶᠢ ᠠᠬᠢᠭᠤᠯᠤᠨ᠂ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠶᠢ ᠰᠠᠶᠢᠵᠢᠷᠠᠭᠤᠯᠤᠨ᠎ᠠ᠃ | ᠲᠤᠯᠤᠭ᠎ᠠ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠵᠤ᠂ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ | ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ | ᠠᠷᠠᠳ ᠤᠨ ᠠᠮᠢᠳᠤᠷᠠᠯ ᠤᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠶᠢ ᠪᠠᠷᠢᠮᠲᠠᠯᠠᠵᠤ᠂ ᠤᠯᠠᠨ | ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ︽ᠬᠠᠩᠭᠠᠮᠵᠢᠲᠠᠶ︾ ᠪᠣᠯᠭᠠᠵᠤ᠂ ᠵᠣᠯ ᠵᠢᠷᠭᠠᠯ ᠤᠨ ᠲᠦᠷᠦᠭᠳᠡᠯ ᠢ | ᠨᠡᠩ ︽ᠤᠯᠠᠨ︾᠂ ᠠᠮᠤᠷ ᠲᠦᠪᠰᠢᠨ ᠤ ᠲᠦᠷᠦᠭᠳᠡᠯ ᠢ ᠨᠡᠩ ︽ᠴᠢᠩᠭ᠎ᠠ︾ ᠪᠣᠯᠭᠠᠨ᠎ᠠ᠃ | ᠠᠷᠠᠳ ᠤᠨ ᠠᠮᠢᠳᠤᠷᠠᠯ ᠤᠨ ︽ᠪᠠᠲᠤᠯᠠᠭ᠎ᠠ ᠶᠢᠨ ᠲᠣᠣᠷ︾ ᠢ ᠨᠢᠭᠲᠠ ᠰᠦᠯᠵᠢᠨ᠎ᠡ᠃ ᠵᠢᠯ ᠪᠦᠷᠢ ᠨᠢᠭᠡ | ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠰᠠᠶᠢᠲᠤᠷ ᠡᠷᠬᠢᠯᠡᠬᠦ ᠶᠢ ᠪᠠᠷᠢᠮᠲᠠᠯᠠᠵᠤ᠂ | ᠠᠷᠠᠳ ᠤᠯᠠᠨ ᠳᠤ ᠦᠨᠡᠨ ᠬᠦ ᠬᠤᠪᠢᠷᠠᠯᠲᠠ ᠶᠢ ᠬᠠᠷᠠᠭᠤᠯᠵᠤ᠂ ᠪᠣᠳᠠᠲᠤ ᠠᠰᠢᠭ ᠬᠦᠷᠲᠡᠭᠡᠨ᠎ᠡ᠃ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠵᠤ᠂ ᠲᠡᠭᠡᠳᠤ ᠰᠤᠷᠭᠠᠭᠤᠯᠢ ᠲᠡᠭᠦᠰᠦᠭᠰᠡᠳ᠂ ᠨᠤᠲᠤᠭ ᠲᠠᠭᠠᠨ ᠪᠤᠴᠠᠭᠰᠠᠨ | ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ᠂ ᠬᠥᠳᠡᠭᠡ ᠲᠣᠰᠬᠤᠨ ᠠᠴᠠ ᠰᠢᠯᠵᠢᠭᠰᠡᠨ ᠬᠥᠳᠡᠯᠮᠦᠷᠢ ᠶᠢᠨ | ᠬᠦᠴᠦᠨ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠰᠠᠶᠢᠲᠤᠷ ᠠᠳᠬᠤᠨ᠎ᠠ᠃ ᠪᠥᠬᠦᠳᠡ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ | ᠬᠡᠷᠡᠭᠵᠢᠭᠦᠯᠵᠦ᠂ ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ ᠬᠦᠷᠢᠶᠡᠯᠡᠩ ᠤᠨ ᠲᠠᠪᠴᠠᠩ ᠤᠨ ᠦᠢᠯᠡᠳᠦᠯ ᠢ | ᠪᠠᠳᠠᠷᠠᠭᠤᠯᠤᠨ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ︽ᠳᠠᠬᠢᠨ ᠢᠶᠠᠷ | ᠨᠡᠮᠡᠭᠳᠡᠭᠦᠯᠬᠦ ᠦᠢᠯᠡᠳᠦᠯ︾ ᠢ ᠪᠠᠳᠠᠷᠠᠭᠤᠯᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠥᠭᠡᠷᠡᠴᠢᠯᠡᠨ ᠪᠠᠶᠢᠭᠤᠯᠵᠤ᠂ ᠨᠢᠭᠡ ᠪᠦᠯᠦᠭ ᠰᠢᠨ᠎ᠡ ᠴᠠᠭ ᠦᠶ᠎ᠡ ᠶᠢᠨ | ᠬᠥᠳᠡᠭᠡ ᠲᠣᠰᠬᠤᠨ ᠤ ᠮᠡᠷᠭᠡᠵᠢᠯ ᠤᠷ᠎ᠠ ᠴᠢᠳᠠᠪᠤᠷᠢᠲᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ᠃ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ︾ ᠶᠢ ᠭᠦᠨᠵᠡᠭᠡᠶ | ᠬᠡᠷᠡᠭᠵᠢᠭᠦᠯᠵᠦ᠂ ᠬᠤᠲᠠ ᠪᠠᠯᠭᠠᠰᠤ ᠶᠢᠨ ᠠᠵᠢᠯᠲᠠᠨ ᠠᠵᠢᠯᠴᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠢ ᠨᠡᠶᠢᠳᠡᠮ ᠬᠡᠷᠡᠭᠵᠢᠭᠦᠯᠦᠭᠰᠡᠨ ᠦᠷ᠎ᠡ ᠪᠦᠲᠦᠭᠡᠯ ᠢ | ᠪᠠᠬᠢᠵᠢᠭᠦᠯᠵᠦ᠂ ᠡᠯ᠎ᠡ ᠵᠦᠢᠯ ᠤᠨ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠬᠠᠷᠢᠯᠴᠠᠨ ᠵᠣᠯᠭᠠᠯᠳᠤᠬᠤ ᠶᠢ | ᠠᠬᠢᠭᠤᠯᠤᠨ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠡᠳ᠋ᠯᠡᠬᠦ ᠶᠣᠰᠣᠲᠠᠶ ᠶᠢ ᠨᠢ ᠴᠥᠮ ᠡᠳ᠋ᠯᠡᠬᠦ ᠶᠢ | ᠪᠡᠶᠡᠯᠡᠭᠦᠯᠦᠨ᠎ᠡ᠃ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ | ᠪᠦᠷᠢᠨᠰᠢᠬᠦᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ | ᠲᠤᠰᠠᠯᠠᠵᠤ ᠠᠰᠠᠷᠠᠨ ᠲᠡᠵᠢᠭᠡᠬᠦ ᠵᠡᠷᠭᠡ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠲᠦᠷᠢᠮ ᠢ | ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠯᠲᠠ ᠶᠢ ᠠᠳᠠᠯᠢ ᠲᠡᠭᠰᠢ ᠪᠣᠯᠭᠠᠬᠤ ᠶᠢ | ᠪᠡᠶᠡᠯᠡᠭᠦᠯᠦᠨ᠎ᠡ᠃ | ᠣᠯᠠᠨ ᠨᠡᠶᠢᠲᠡ ᠶᠢᠨ ︽ ᠦᠢᠯᠡᠴᠢᠯᠡᠭᠡᠨ ᠤ ᠲᠣᠤᠷ︾ ᠢ ᠰᠠᠶᠢᠲᠤᠷ ᠰᠦᠯᠵᠢᠨ᠎ᠡ᠃ ᠰᠤᠷᠭᠠᠨ ᠬᠥᠮᠦᠵᠢᠯ ᠢ | ᠤᠷᠢᠳᠠᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠥᠷᠭᠡᠳᠬᠡᠵᠦ᠂ ᠠᠰᠠᠷᠠᠨ ᠬᠥᠮᠦᠵᠢᠭᠦᠯᠬᠦ ᠠᠰᠠᠷᠠᠨ | ᠬᠥᠮᠦᠵᠢᠭᠦᠯᠬᠦ ᠠᠭᠤᠯᠤᠭᠳᠠᠬᠤᠨ ᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ | ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠪᠣᠯᠭᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠠᠯᠪᠠᠨ ᠠᠴᠠ | ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠤᠷᠭᠠᠨ ᠬᠥᠮᠦᠵᠢᠯ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠣᠨᠴᠠᠯᠢᠬᠵᠢᠭᠤᠯᠤᠭᠰᠠᠨ ᠰᠤᠷᠭᠠᠭᠤᠯᠢ ᠡᠷᠭᠢᠯᠡᠬᠦ ᠵᠠᠭᠪᠤᠷ ᠲᠤ ᠰᠢᠨ᠎ᠡ ᠶᠢ | ᠡᠭᠦᠳᠴᠦ᠂ ᠯᠢᠶᠠᠩᠴᠧᠩ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠵᠢᠯ | ᠮᠡᠷᠭᠡᠵᠢᠯ ᠤᠨ ᠠᠭᠤᠰᠤᠯᠴᠠᠨ ᠨᠡᠪᠲᠡᠷᠡᠯᠴᠡᠬᠦ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ 2 — 3 ᠲᠣᠭᠤᠷᠢᠭ ᠬᠤᠲᠠ ᠶᠢᠨ ᠲᠠᠰ ᠤᠨ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ | ᠰᠤᠷᠭᠠᠭᠤᠯᠢ ᠶᠢᠨ ᠰᠣᠳᠣᠨ ᠲᠤᠰᠬᠠᠶ ᠮᠡᠷᠭᠡᠵᠢᠯ ᠢ ᠪᠣᠶ ᠪᠣᠯᠭᠠᠨ᠎ᠠ᠃ ᠠᠷᠠᠳ ᠠᠴᠠ ᠡᠷᠭᠢᠯᠡᠭᠰᠡᠨ ᠰᠤᠷᠭᠠᠨ | ᠬᠥᠮᠦᠵᠢᠯ ᠢ ᠶᠡᠬᠡᠪᠡᠷ ᠳᠡᠮᠵᠢᠨ ᠵᠢᠷᠤᠮᠵᠢᠭᠤᠯᠵᠤ᠂ ᠠᠷᠠᠳ ᠣᠯᠠᠨ ᠤ ᠣᠯᠠᠨ ᠲᠠᠰ ᠳᠠᠪᠬᠤᠷᠭ᠎ᠠ ᠣᠯᠠᠨ ᠶᠠᠩᠵᠤ ᠶᠢᠨ | ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠎ᠠ᠃ ︽ᠬᠤᠶᠠᠷ ᠢ | ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭᠰᠢ ᠰᠤᠷᠤᠭᠴᠢᠳ ᠤᠨ | ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ | ᠴᠣᠭᠴᠠᠯᠠᠨ ᠪᠠᠶᠢᠭᠤᠯᠬᠤ ᠤᠬᠠᠮᠰᠠᠷ ᠢ ᠴᠢᠩᠭᠠᠷᠠᠭᠤᠯᠤᠨ᠎ᠠ᠃ ᠡᠷᠡᠭᠦᠯ ᠰᠠᠷᠠᠭᠤᠯ ᠯᠢᠶᠠᠩᠴᠧᠩ ᠶᠢ ᠪᠠᠶᠢᠭᠤᠯᠤᠨ᠎ᠠ᠃ | ᠪᠠᠶᠢᠩᠭᠤᠵᠢᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠥᠬᠦ ᠶᠠᠪᠤᠴᠠ ᠶᠢᠨ ᠪᠠᠴᠢᠮ ᠪᠠᠶᠢᠳᠠᠯ ᠢ | ᠠᠷᠭᠠᠴᠠᠨ ᠰᠢᠢᠳᠪᠤᠷᠢᠯᠡᠬᠦ ᠰᠢᠰᠲ᠋ᠧᠮᠵᠢ ᠶᠢ ᠪᠦᠷᠢᠨᠰᠢᠬᠦᠯᠵᠦ᠂ ︽ᠭᠠᠳᠠᠨ᠎ᠠ ᠠᠴᠠ ᠰᠡᠷᠭᠡᠶᠢᠯᠡᠨ ᠣᠷᠣᠭᠤᠯᠬᠤ︾ ᠶᠢᠨ | ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠮᠡᠳᠡᠷᠡᠯ ᠤᠨ ᠡᠪᠡᠳᠴᠢᠨ ᠤ | ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢ | ᠬᠤᠶᠠᠳᠤᠭᠠᠷᠰᠢᠶᠠᠨ ᠤ ᠬᠡᠪᠴᠢᠶᠡᠨ ᠤ ︽ᠡᠮᠴᠢᠯᠡᠭᠡᠨ ᠤ ᠬᠠᠮᠲᠤ ᠶᠢᠨ ᠴᠣᠭᠴᠠ︾ ᠶᠢᠨ ᠪᠠᠶᠢᠭᠤᠯᠤᠯᠲᠠ ᠶᠢ | ᠲᠦᠷᠭᠡᠳᠬᠡᠵᠦ᠂ ᠡᠮᠴᠢᠯᠡᠭᠡᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ | ᠬᠥᠮᠦᠵᠢᠭᠦᠯᠬᠦ ᠶᠢ ᠴᠢᠩᠭᠠᠳᠬᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠡᠷ ᠪᠦᠯᠢ ᠶᠢᠨ ᠡᠮᠴᠢ ᠶᠢᠨ | ᠭᠡᠷ᠎ᠡ ᠲᠣᠭᠲᠠᠬᠤ ᠦᠢᠯᠡᠴᠢᠯᠡᠭᠡ ᠶᠢ ᠰᠠᠶᠢᠵᠢᠷᠠᠭᠤᠯᠤᠨ᠎ᠠ᠃ ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ | ᠵᠢᠴᠢ ᠢᠵᠢ ᠪᠥᠷᠢᠳᠦᠭᠦᠯᠦᠨ ᠳᠡᠮᠵᠢᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠮᠦᠨ ᠠᠮᠠ ᠶᠢᠨ | ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠰᠣᠶᠣᠯ ᠲᠠᠮᠢᠷ ᠤᠨ ᠦᠢᠯᠡᠰ ᠢ | ᠴᠡᠴᠡᠭᠯᠡᠭᠦᠯᠦᠨ ᠬᠥᠭᠵᠢᠭᠦᠯᠦᠨ᠎ᠡ᠃ ︽ᠤᠯᠠᠭᠠᠨᠮᠥ᠋ᠴᠢᠷ ᠤᠨ ᠲᠦᠷᠢᠮ︾ ᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠤᠯᠠᠭᠠᠨᠮᠥ᠋ᠴᠢᠷ ᠤᠨ ᠠᠵᠢᠯ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠬᠥᠳᠡᠭᠡ ᠲᠣᠰᠬᠤᠨ ᠤ ᠰᠣᠶᠣᠯ ᠤᠨ ᠦᠷᠲᠡᠭᠡ ︵ᠦᠷᠦᠭᠡ︶ ᠶᠢᠨ ᠪᠠᠶᠢᠭᠤᠯᠤᠯᠲᠠ ᠬᠠᠮᠢᠶᠠᠷᠤᠯᠲᠠ ᠶᠢ | ᠴᠢᠩᠭᠠᠳᠬᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ | ᠬᠥᠳᠡᠭᠡ ᠲᠣᠰᠬᠤᠨ ᠤ ᠰᠣᠶᠣᠯ ᠤᠨ ᠳᠠᠭᠠᠭᠤᠯᠤᠭᠴᠢ ᠶᠢᠨ ᠡᠩᠨᠡᠭᠡ ᠶᠢ ᠬᠥᠮᠦᠵᠢᠭᠦᠯᠵᠦ᠂ ᠪᠠᠶᠢᠩᠭᠤ ᠰᠠᠭᠤᠭ᠎ᠠ | ᠡᠷᠦᠬᠡ 120 ᠡᠷᠦᠬᠡ ᠠᠴᠠ ᠳᠡᠭᠡᠭᠰᠢᠬᠢ ᠲᠣᠰᠬᠤᠨ ᠳᠤ ᠠᠳᠠᠭ ᠲᠠᠭᠠᠨ 1 ᠨᠡᠷᠡᠰ ᠰᠣᠶᠣᠯ ᠤᠨ | ᠳᠠᠭᠠᠭᠤᠯᠤᠭᠴᠢ ᠲᠠᠢ ᠪᠠᠶᠢᠬᠤ ᠶᠢ ᠪᠡᠶᠡᠯᠡᠭᠦᠯᠦᠨ᠎ᠡ᠃ ᠤᠷᠳᠤ ᠴᠠᠭᠠᠨ ᠬᠡᠷᠡᠮ ᠤᠨ ᠤᠯᠤᠰ ᠤᠨ ᠰᠣᠶᠣᠯ ᠤᠨ | ᠴᠡᠴᠡᠷᠯᠢᠭ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠰᠣᠶᠣᠯ ᠤᠨ ᠵᠦᠢᠯᠡᠰ ᠰᠢᠶᠠᠨ ᠰᠢᠶᠠᠩ ᠲᠣᠰᠬᠤᠨ ᠤ ᠣᠯᠠᠨ | ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ︽10 ᠮᠢᠨᠦ᠋ᠲ ᠤᠨ ᠪᠡᠶ᠎ᠡ | ᠴᠢᠭᠢᠷᠠᠭᠵᠢᠭᠤᠯᠬᠤ ᠲᠣᠭᠤᠷᠢᠭ︾ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ︽ᠲᠦᠮᠡᠨ ᠰᠣᠷᠣᠭᠴᠢ ᠶᠢᠨ | ᠮᠥᠰᠥ ᠴᠠᠰᠤᠨ ᠳᠤ ᠣᠷᠣᠬᠤ · ᠤᠮᠪᠠᠯᠲᠠ ᠶᠢᠨ ᠴᠥᠭᠦᠷᠥᠮ ᠳᠤ ᠪᠠᠭᠤᠬᠤ︾ ︽ᠠᠭᠤᠯᠠ ᠤᠰᠤᠨ ᠤ ᠠᠶᠠᠯᠠᠯ︾ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠤ | ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠬᠤ ᠶᠢ ᠰᠠᠨᠠᠭᠠᠴᠢᠯᠠᠨ᠎ᠠ᠃ | ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠤᠷ︾ ᠢ ᠪᠠᠲᠤ ᠪᠠᠬᠢ ᠪᠠᠶᠢᠭᠤᠯᠤᠨ᠎ᠠ᠃ ᠠᠶᠤᠯᠭᠦᠶ | ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠲᠠᠯᠳᠠ ᠭᠡᠮ ᠢ ᠳᠠᠷᠠᠭᠠᠯᠠᠨ ᠪᠠᠶᠢᠴᠠᠭᠠᠬᠤ ᠳᠠᠪᠬᠤᠷ ᠤᠷᠢᠳᠴᠢᠯᠠᠨ | ᠰᠡᠷᠭᠡᠶᠢᠯᠡᠬᠦ ᠰᠢᠰᠲ᠋ᠧᠮ ᠢ ᠪᠠᠶᠢᠭᠤᠯᠵᠤ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ | ᠢᠳᠡᠭᠡᠨ ᠪᠠ ᠡᠮ ᠤᠨ ᠵᠦᠢᠯ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠮᠤᠷ | ᠠᠮᠤᠭᠤᠯᠠᠩ ᠯᠢᠶᠠᠩᠴᠧᠩ ᠶᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ︽ | ᠴᠢᠶᠤᠤ ᠹᠧᠩ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠡᠬᠢ ᠡᠭᠦᠰᠦᠯ ᠠᠴᠠ ᠨᠢ ᠰᠡᠷᠭᠡᠶᠢᠯᠡᠨ | ᠡᠵᠡᠮᠳᠡᠬᠦ᠂ ᠵᠢᠭᠰᠠᠭᠠᠨ ᠪᠠᠶᠢᠴᠠᠭᠠᠵᠤ ᠡᠮᠬᠢᠯᠡᠬᠦ᠂ ᠵᠢᠭᠤᠷᠠᠯᠳᠤᠭᠠᠨ ᠢ ᠰᠢᠢᠳᠪᠤᠷᠢᠯᠡᠬᠦ᠂ ᠪᠠᠴᠢᠮ ᠪᠠᠶᠢᠳᠠᠯ ᠢ | ᠠᠷᠭᠠᠴᠠᠨ ᠰᠢᠢᠳᠪᠤᠷᠢᠯᠡᠬᠦ ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ ᠲᠣᠭᠲᠠᠴᠠ ᠶᠢ ᠪᠠᠶᠢᠭᠤᠯᠤᠨ᠂ ᠣᠯᠠᠨ | ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠲᠣᠬᠢᠲᠠᠶ ᠰᠢᠢᠳᠪᠤᠷᠢᠯᠡᠨ᠎ᠡ᠃ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ | ᠶᠡᠷᠦᠩᠬᠡᠶᠢᠯᠡᠭᠰᠡᠨ ᠥᠷᠢ ᠥᠭᠴᠡᠭᠡ ᠶᠢᠨ ᠨᠤᠷᠮ᠎ᠠ ᠶᠢ 120% ᠠᠴᠠ ᠳᠣᠭᠤᠭᠰᠢ ᠪᠣᠯᠲᠠᠯ᠎ᠠ ᠪᠠᠭᠤᠷᠠᠭᠤᠯᠤᠨ᠎ᠠ᠃ ︽ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — | 2025 ᠣᠨ︶︾ ᠶᠢ ᠰᠠᠶᠢᠲᠤᠷ ᠲᠤᠤᠱᠯᠠᠭᠤᠯᠤᠨ ᠬᠡᠷᠡᠭᠵᠢᠭᠦᠯᠵᠦ᠂ ︽ ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠠᠵᠢᠯ ᠢ ᠴᠢᠨᠠᠷ ᠰᠠᠶᠢᠲᠠᠶ ᠠᠬᠢᠭᠤᠯᠵᠤ᠂ ᠪᠥᠬᠦ ᠠᠷᠠᠳ ᠤᠨ ᠬᠠᠤᠯᠢ ᠪᠠᠷ ᠵᠠᠰᠠᠬᠤ ᠬᠡᠪ | ᠪᠣᠯᠪᠠᠰᠤᠷᠠᠯ ᠢ ᠳᠡᠭᠡᠭᠰᠢᠯᠡᠭᠦᠯᠦᠨ᠎ᠡ᠃ | ᠡᠭᠦᠨ ᠤ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ | ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ ᠦᠨᠳᠦᠰᠦᠲᠡᠨ | ᠱᠠᠰᠢᠨ ᠰᠤᠷᠲᠠᠬᠤᠨ᠂ ᠠᠮᠤ ᠪᠤᠳᠠᠭᠠᠨ ᠤ ᠨᠥᠭᠡᠴᠡᠯᠡᠯ᠂ ᠴᠠᠭ ᠠᠭᠤᠷ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ | ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠬᠤ ᠶᠢ ᠶᠡᠬᠡᠪᠡᠷ ᠳᠡᠮᠵᠢᠵᠦ᠂ ᠡᠯ᠎ᠡ ᠵᠦᠢᠯ ᠤᠨ ᠨᠡᠶᠢᠭᠡᠮ ᠤᠨ | ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠠᠲᠤᠯᠠᠨ᠎ᠠ᠃ | | 2022 ᠣᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ | | ᠡᠨᠡ ᠵᠢᠯ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ ᠮᠥᠨ | ᠪᠣᠯᠬᠤᠷ ᠪᠦᠬᠦ ᠵᠢᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠥᠬᠦ | ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠤᠷᠢᠯᠡᠯ ᠤᠨ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 6.5% ᠣᠷᠴᠢᠮ ᠨᠡᠮᠡᠭᠳᠡᠪᠡ︔ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 6% ᠣᠷᠴᠢᠮ | ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10% | ᠣᠷᠴᠢᠮ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ | ᠬᠤᠭᠤᠴᠠᠭᠠᠨ ᠤ ᠬᠢ ᠠᠴᠠ 8% ᠣᠷᠴᠢᠮ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 7% ᠪᠠ | 9% ᠣᠷᠴᠢᠮ ᠨᠡᠮᠡᠭᠳᠡᠪᠡ︔ ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ ᠶᠢᠨ ᠬᠤᠷᠣᠭᠳᠠᠯ ᠤᠨ ᠬᠤᠤᠰ | ᠡᠵᠡᠮᠳᠡᠯ ᠤᠨ ᠬᠠᠷᠠᠯᠲᠠᠲᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ ᠪᠢᠳᠡ ᠳᠣᠣᠷᠠᠬᠢ ᠲᠠᠪᠤᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠨ᠎ᠡ᠄ | ᠨᠢᠭᠡ᠂ ᠠᠮᠢ ᠠᠬᠤᠢ ᠶᠢᠨ ᠬᠠᠮᠠᠭᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ | ᠬᠥᠭᠵᠢᠯᠲᠡ ᠶᠢ ᠦᠢᠯᠡᠳᠦᠯᠭᠡᠵᠢᠭᠦᠯᠬᠦ ᠳᠡᠭᠡᠷ᠎ᠡ ᠳᠠᠬᠢᠨᠲᠠ ᠬᠦᠴᠦᠯᠡᠬᠦ ᠬᠡᠷᠡᠭᠲᠡᠢ | ᠲᠠᠭ᠎ᠠ ᠵᠢᠨᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ | ᠰᠢ ᠶᠢᠨ ᠫᠢᠩ ᠶᠡᠷᠦᠩᠬᠡᠶ ᠱᠦᠵᠢ ᠶᠢᠨ ︽ᠨᠢᠭᠡ ᠨᠠᠭᠤᠷ ᠬᠤᠶᠠᠷ ᠲᠠᠩᠭᠢᠰ︾ ᠤᠨ ᠲᠤᠬᠠᠶ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ 3᠂ 1 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ 14 ᠵᠦᠢᠯ ᠤᠨ ᠵᠦᠢᠯᠡᠰ ᠢ ᠬᠡᠷᠡᠭᠵᠢᠭᠦᠯᠦᠨ᠂ ᠤᠰᠤᠨ ᠤ ᠬᠡᠮᠵᠢᠶ᠎ᠡ᠂ | ᠤᠰᠤᠨ ᠤ ᠴᠢᠨᠠᠷ ᠤᠨ ᠭᠦᠢᠴᠡᠳᠬᠡᠬᠦ ᠲᠤᠭ᠎ᠠ ᠶᠢ ᠵᠦᠢ ᠵᠣᠬᠢᠰᠲᠠᠶ ᠣᠷᠣᠨ ᠵᠠᠶ ᠶᠢᠨ ᠳᠣᠲᠣᠷ᠎ᠠ ᠪᠠᠶᠢᠯᠭᠠᠬᠤ ᠪᠠᠷ | ᠴᠢᠷᠮᠠᠶᠢᠪᠠ᠃ ︽ᠤᠰᠤᠨ ᠤ ᠬᠡᠮᠵᠢᠶ᠎ᠡ ᠶᠢ ᠨᠡᠮᠡᠭᠳᠡᠭᠦᠯᠬᠦ︾ ᠲᠠᠯ᠎ᠠ ᠪᠠᠷ᠂ ᠪᠥᠬᠦ ᠰᠢᠶᠠᠨ ᠤ ᠬᠦᠴᠦᠨ ᠢᠶᠠᠷ ᠪᠠᠴᠢᠮ | ᠪᠠᠶᠢᠳᠠᠯ ᠢ ᠠᠷᠭᠠᠴᠠᠬᠤ ᠤᠰᠤ ᠨᠥᠬᠦᠪᠥᠷᠢᠯᠡᠬᠦ ᠢᠨᠵᠧᠨᠧᠷᠢᠩ ᠤᠨ ᠲᠣᠭᠲᠠᠭᠰᠠᠨ ᠬᠤᠭᠤᠴᠠᠭᠠᠨ ᠳᠤ ᠤᠰᠤ | ᠨᠡᠪᠲᠡᠷᠡᠭᠦᠯᠬᠦ ᠶᠢ ᠪᠠᠲᠤᠯᠠᠵᠤ᠂ ᠲᠠᠭ᠎ᠠ ᠶᠢᠨ ᠨᠠᠭᠤᠷ ᠲᠤ ᠡᠬᠢ ᠡᠭᠦᠰᠦᠯ ᠤᠨ ᠤᠰᠤ᠂ ᠬᠥᠭᠵᠢᠯᠲᠡ ᠶᠢᠨ ᠤᠰᠤ ᠶᠢ | ᠣᠷᠣᠭᠤᠯᠵᠤ ᠥᠭᠭᠦᠨ᠎ᠡ︔ ᠠᠵᠢᠯ ᠤᠨ ᠬᠤᠭᠤᠴᠠᠭᠠᠨ ᠳᠤ᠂ ᠭᠦᠩ ᠪᠠ ᠾᠧ ᠭᠤᠤᠯ ᠤᠨ ᠠᠳᠠᠭ ᠤᠨ ᠬᠠᠰᠢᠵᠤ | ᠴᠡᠪᠡᠷᠰᠢᠭᠦᠯᠬᠦ ᠢᠨᠵᠧᠨᠧᠷᠢᠩ ᠤᠨ ᠠᠬᠢᠴᠠ ᠶᠢ ᠭᠤᠤᠷᠰᠤ ᠳᠠᠷᠤᠵᠤ ᠳᠥᠯᠭᠢᠨ ᠠᠬᠢᠭᠤᠯᠵᠤ᠂ ᠬᠠᠲᠤᠨ ᠭᠤᠤᠯ ᠤᠨ | ᠤᠰᠤ ᠶᠢ ᠲᠠᠭ᠎ᠠ ᠶᠢᠨ ᠨᠠᠭᠤᠷ ᠲᠤ ᠤᠷᠤᠭᠰᠢᠲᠠᠶ ᠬᠦᠷᠭᠡᠵᠦ᠂ ᠲᠠᠭ᠎ᠠ ᠶᠢᠨ ᠤᠰᠤᠨ ᠤ ᠬᠡᠮᠵᠢᠶ᠎ᠡ ᠶᠢ ᠬᠠᠮᠤᠭ ᠤᠨ | ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ ︽ᠤᠰᠤᠨ ᠤ ᠴᠢᠨᠠᠷ ᠢ ᠰᠠᠶᠢᠵᠢᠷᠠᠭᠤᠯᠬᠤ︾ ᠲᠠᠯ᠎ᠠ ᠪᠠᠷ᠂ ᠬᠢᠮᠢ ᠶᠢᠨ | ᠪᠤᠷᠳᠤᠭᠤᠷ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠷᠭᠠᠨᠢᠭ ᠪᠤᠷᠳᠤᠭᠤᠷ ᠢ | 15 ᠲᠦᠮᠡᠨ ᠮᠦ ᠬᠡᠷᠡᠭᠯᠡᠬᠦ ᠶᠢ ᠳᠡᠯᠭᠡᠷᠡᠭᠦᠯᠵᠦ᠂ ᠬᠤᠣᠷ ᠶᠡᠬᠡᠲᠡᠶ᠂ ᠦᠯᠡᠳᠡᠭᠳᠡᠯ ᠶᠡᠬᠡᠲᠡᠶ ᠲᠠᠷᠢᠶᠠᠨ ᠡᠮ | ᠣᠷᠣᠭᠤᠯᠬᠤ ᠶᠢ ᠴᠠᠭᠠᠵᠠᠯᠠᠵᠤ᠂ ᠨᠠᠭᠤᠷ ᠲᠤ ᠴᠢᠳᠬᠤᠬᠤ ᠪᠣᠬᠢᠷᠲᠤᠯ ᠪᠣᠳᠠᠰ ᠢ ᠪᠦᠲᠦᠮᠵᠢᠲᠡᠶ ᠪᠠᠷ ᠪᠠᠭᠠᠰᠬᠠᠨ᠎ᠠ᠃ | ᠤᠰᠤᠨ ᠳᠤ ᠵᠢᠪᠦᠭᠰᠡᠨ ᠣᠷᠣᠨ ᠤ ᠬᠦᠨᠳᠦ ᠪᠣᠬᠢᠷᠲᠤᠯᠳᠤ ᠣᠷᠣᠨ ᠤ ᠢᠷᠣᠭᠠᠷ ᠰᠢᠪᠠᠷ ᠢ 25 ᠲᠦᠮᠡᠨ ᠪᠣᠰᠤᠭ᠎ᠠ | ᠳᠥᠷᠪᠡᠯᠵᠢᠨ ᠮᠧᠲᠷ ᠴᠡᠪᠡᠷᠯᠡᠵᠦ᠂ ᠶᠤᠸᠠᠨ ᠱᠠᠨ ᠭᠧᠦ᠂ ᠴᠠᠩ ᠬᠤᠸᠠ ᠾᠧ ᠭᠤᠣᠯ᠂ ᠰᠦᠩ ᠱᠦ᠋ ᠭᠧᠤ ᠶᠢᠨ | ᠭᠤᠣᠯ ᠤᠨ ᠵᠠᠮ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠦᠰᠡ ᠶᠢ 1025 ᠮᠤ᠋ ᠪᠠᠶᠢᠭᠤᠯᠵᠤ᠂ ᠭᠤᠣᠯ ᠤᠨ | ᠵᠠᠮ ᠤᠨ ᠬᠤᠨᠭ᠍ᠬᠢᠯ ᠤᠨ ᠴᠢᠭᠢᠭᠯᠢᠭ ᠭᠠᠵᠠᠷ ᠢ 483 ᠮᠤ᠋ ᠰᠡᠷᠭᠦᠭᠡᠵᠦ᠂ ᠵᠢᠭᠠᠰᠤᠨ ᠤ ᠲᠦᠷᠦᠯ ᠢ ᠲᠠᠯᠪᠢᠵᠤ | ᠲᠡᠵᠢᠭᠡᠬᠦ ᠲᠤᠷᠰᠢᠯᠲᠠ ᠶᠢ ᠥᠷᠨᠢᠭᠦᠯᠦᠨ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠶᠠᠯᠠᠯ ᠤᠨ ᠰᠤᠮᠤ ᠶᠢ | ᠵᠢᠭᠰᠠᠭᠠᠨ ᠪᠠᠶᠢᠴᠠᠭᠠᠵᠤ᠂ ᠤᠰᠤᠨ ᠤ ᠴᠢᠨᠠᠷ ᠤᠨ ᠪᠣᠬᠢᠷᠲᠤᠯ ᠢ ᠤᠯᠠᠮ ᠨᠢᠭᠡ ᠠᠯᠬᠤᠮ ᠪᠠᠭᠠᠰᠬᠠᠨ᠎ᠠ᠃ ︽ | ᠤᠰᠤᠨ ᠤ ᠠᠮᠢ ᠠᠬᠤᠶ ᠶᠢ ᠰᠡᠷᠭᠦᠭᠡᠬᠦ︾ ᠲᠠᠯ᠎ᠠ ᠪᠠᠷ᠂ ᠨᠠᠭᠤᠷ ᠤᠨ ᠬᠥᠪᠡᠭᠡᠨ ᠤ ᠪᠦᠰᠡ ᠶᠢᠨ ᠭᠠᠵᠠᠷ ᠤᠨ | ᠭᠠᠳᠠᠷᠭᠤ ᠶᠢ 1.5 ᠲᠦᠮᠡᠨ ᠮᠥ ᠴᠡᠪᠡᠷᠯᠡᠵᠦ᠂ ᠤᠤᠯ ᠤᠨ ᠪᠠᠶᠢᠷᠢ ᠶᠢᠨ ᠠᠮᠢ ᠠᠬᠤᠶ ᠶᠢ ᠰᠡᠷᠭᠦᠭᠡᠬᠦ ᠤᠰᠤᠨ ᠤ | ᠤᠷᠭᠤᠮᠠᠯ ᠢ 2100 ᠮᠥ᠂ ᠨᠠᠭᠤᠷ ᠤᠨ ᠬᠥᠪᠡᠭᠡᠨ ᠤ ᠨᠤᠭᠤ ᠭᠠᠵᠠᠷ ᠢ 1.2 ᠲᠦᠮᠡᠨ ᠮᠥ ᠰᠡᠷᠭᠦᠭᠡᠪᠡ᠃ | ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠶ ᠶᠢ ᠬᠠᠮᠠᠭᠠᠯᠠᠬᠤ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠵᠢᠯ ᠤᠨ ᠳᠣᠲᠣᠷ᠎ᠠ 1.5 ᠲᠦᠮᠡᠨ ᠮᠥ ᠣᠶ ᠰᠢᠭᠤᠶ ᠡᠪᠡᠰᠦ ᠪᠡᠯᠴᠢᠭᠡᠷ ᠢ ᠠᠷᠠᠴᠢᠯᠠᠨ | ᠪᠤᠶᠢᠵᠢᠭᠤᠯᠵᠤ ᠰᠡᠯᠪᠢᠨ ᠵᠠᠰᠠᠵᠤ᠂ 3000 ᠮᠥ ᠲᠠᠷᠢᠶᠠᠯᠠᠬᠤ ᠶᠢ ᠵᠣᠭᠰᠣᠭᠠᠵᠤ ᠴᠢᠭᠢᠭᠲᠦᠭᠦᠯᠬᠦ ᠶᠢ ᠪᠡᠶᠡᠯᠡᠭᠦᠯᠦᠨ᠎ᠡ᠃ | ᠲᠠᠭ᠎ᠠ ᠶᠢᠨ ᠨᠠᠭᠤᠷ ᠤᠨ ᠴᠢᠭᠢᠭᠯᠢᠭ ᠭᠠᠵᠠᠷ ᠵᠢᠴᠢ ᠡᠷᠬᠢᠨ ᠲᠣᠭᠤᠷᠢᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ᠂ | ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠰᠠᠶᠢᠲᠤᠷ ᠠᠳᠬᠤᠨ᠎ᠠ᠃ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠂ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠠᠶᠠᠭᠳᠠᠮᠠᠯ ᠬᠠᠭᠤᠴᠢᠨ ᠰᠦᠯᠢᠶᠣᠣ | ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠡᠷᠴᠢᠮ ᠢ ᠴᠢᠩᠭᠠᠷᠠᠭᠤᠯᠵᠤ᠂ ᠵᠢᠯ ᠤᠨ ᠬᠤᠷᠢᠶᠠᠨ ᠠᠪᠴᠤ | ᠠᠰᠢᠭᠯᠠᠬᠤ ᠨᠣᠷᠮ᠎ᠠ ᠶᠢ 85% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ︔ ᠤᠰᠤᠨ ᠤ ᠴᠢᠨᠠᠷ ᠤᠨ ᠠᠦ᠋ᠲ᠋ᠣ᠋ | ᠬᠢᠨᠠᠨ ᠬᠡᠮᠵᠢᠬᠦ ᠥᠷᠲᠡᠭᠡ ᠶᠢ 2 ᠰᠢᠨ᠎ᠡ ᠪᠠᠷ ᠪᠠᠶᠢᠭᠤᠯᠵᠤ᠂ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ︔ ᠭᠤᠣᠯ ᠮᠥᠷᠡᠨ ᠨᠠᠭᠤᠷ | ᠴᠥᠭᠦᠷᠥᠮ ᠤᠨ ︽ᠲᠦᠷᠪᠡᠨ ᠳᠤᠷ᠎ᠠ ᠪᠠᠷ ᠢᠶᠠᠨ ᠰᠠᠮᠠᠭᠤᠷᠠᠬᠤ︾ ᠶᠢ ᠪᠠᠶᠢᠩᠭᠤᠵᠢᠭᠤᠯᠤᠨ ᠲᠦᠯᠬᠢᠨ ᠠᠬᠢᠭᠤᠯᠵᠤ᠂ | ᠶᠦᠩ ᠰᠢᠩ ᠭᠧᠤ ᠭᠤᠣᠯ ᠤᠨ ᠵᠠᠮ ᠢ 12᠂5 ᠺᠢᠯᠣᠮᠧᠲᠷ ᠴᠡᠪᠡᠷᠯᠡᠨ ᠨᠡᠪᠲᠡᠷᠡᠭᠦᠯᠵᠦ᠂ 20 ᠲᠡᠭᠰᠢ ᠳᠥᠷᠪᠡᠯᠵᠢᠨ | ᠺᠢᠯᠣᠮᠧᠲᠷ ᠬᠥᠷᠥᠰᠥ ᠰᠢᠷᠣᠶ ᠶᠢ ᠬᠠᠮᠠᠭᠠᠯᠠᠨ ᠵᠠᠰᠠᠪᠠ᠃ ︽ᠣᠶ ᠰᠢᠭᠤᠶ ᠡᠪᠡᠰᠦ ᠪᠡᠯᠴᠢᠭᠡᠷ ᠤᠨ ᠣᠷᠳᠣ | ᠬᠤᠭᠤᠴᠠᠭᠠᠨ ᠤ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠤ ᠰᠠᠯᠬᠢ | ᠡᠯᠡᠰᠦᠨ ᠤ ᠡᠬᠢ ᠰᠤᠷᠪᠤᠯᠵᠢ ᠶᠢ 1.3 ᠲᠦᠮᠡᠨ ᠮᠥ ᠵᠠᠰᠠᠵᠤ᠂ ᠪᠠᠶᠢᠭᠠᠯᠢ ᠶᠢᠨ ᠣᠶ ᠰᠢᠭᠤᠶ ᠶᠢ 0.2 ᠲᠦᠮᠡᠨ ᠮᠥ | ᠬᠠᠮᠠᠭᠠᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ 1 ᠲᠦᠮᠡᠨ ᠮᠥ ᠵᠠᠰᠠᠨ ᠰᠡᠷᠭᠦᠭᠡᠪᠡ᠃ ᠪᠣᠬᠢᠷᠲᠤᠯ ᠢ | ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠤᠷᠢᠯᠡᠭᠦ ᠲᠠᠶᠢᠨ ᠢ ᠭᠦᠨᠵᠡᠭᠡᠶ ᠰᠠᠶᠢᠲᠤᠷ ᠬᠢᠨ᠎ᠠ᠃ ᠨᠡᠶᠢᠭᠡᠮ ᠤᠨ | ᠬᠥᠷᠥᠩᠭᠡ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ | ᠬᠠᠮᠢᠶᠠᠷᠴᠤ ᠬᠠᠮᠠᠭᠠᠯᠠᠬᠤ ᠵᠡᠷᠭᠡ ᠪᠥᠬᠦ ᠶᠠᠪᠤᠴᠠ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠨ᠎ᠡ᠃ ᠡᠰᠢ | ᠰᠦᠷᠡᠯ ᠢ ᠰᠢᠲᠠᠭᠠᠬᠤ᠂ ᠲᠦᠭᠦᠬᠡᠶ ᠨᠡᠭᠦᠷᠡᠰᠦ ᠶᠢ ᠰᠤᠯᠠ ᠰᠢᠲᠠᠭᠠᠬᠤ ᠵᠡᠷᠭᠡ ᠪᠣᠬᠢᠷᠲᠤᠯ ᠢ ᠬᠠᠮᠢᠶᠠᠷᠤᠨ ᠡᠵᠡᠮᠳᠡᠵᠦ | ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠭᠠᠵᠠᠷ ᠤᠨ ᠲᠣᠭᠤᠰᠣ | ᠰᠢᠷᠣᠶ ᠵᠡᠷᠭᠡ ᠠᠭᠠᠷ ᠮᠠᠨᠳᠠᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠢᠯᠴᠢ | ᠴᠠᠬᠢᠯᠭᠠᠨ ᠢ ᠵᠡᠷᠭᠡᠪᠡᠷ ᠦᠢᠯᠡᠳᠪᠤᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠵᠦ᠂ | ᠠᠭᠠᠷ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠭᠤᠷᠬᠠᠶ ᠶᠢ ᠴᠡᠭᠴᠡᠯᠡᠨ ᠵᠠᠰᠠᠵᠤ | ᠰᠡᠷᠭᠦᠭᠡᠬᠦ ᠠᠵᠢᠯ ᠢ ᠴᠢᠩᠭᠠᠳᠬᠠᠵᠤ᠂ ᠪᠦᠬᠦ ᠰᠢᠶᠠᠨ ᠤ ︽ᠭᠤᠷᠪᠠᠨ ᠣᠷᠣᠨ ᠬᠤᠶᠠᠷ ᠱᠤᠭᠤᠮ︾ ᠤᠨ ᠳᠣᠲᠣᠷᠠᠬᠢ | ᠬᠠᠶᠠᠭᠳᠠᠮᠠᠯ ᠮᠠᠯᠲᠠᠯᠲᠠ ᠶᠢᠨ ᠨᠦᠬᠡ ᠶᠢ ᠵᠠᠰᠠᠨ᠎ᠠ᠃ | ᠬᠤᠶᠠᠷ᠂ ᠪᠦᠲᠦᠮᠵᠢᠲᠡᠶ ᠪᠠᠷ ᠵᠣᠯᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠬᠥᠳᠡᠭᠡ | ᠲᠣᠰᠬᠤᠨ ᠤ ᠬᠥᠭᠵᠢᠯᠲᠡ ᠶᠢ ᠠᠬᠢᠭᠤᠯᠬᠤ ᠲᠠᠯ᠎ᠠ ᠪᠠᠷ ᠳᠠᠬᠢᠨᠲᠠ ᠬᠦᠴᠦᠯᠡᠬᠦ ᠬᠡᠷᠡᠭᠲᠡᠶ | ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠤᠨ ᠠᠯᠬᠤᠴᠠ ᠶᠢ ᠲᠦᠷᠭᠡᠳᠬᠡᠨ᠎ᠡ᠃ ᠣᠲᠣ | ᠦᠶ᠎ᠡ ᠶᠢᠨ ᠲᠠᠷᠢᠮᠠᠯ ᠤᠨ ᠦᠢᠯᠡᠰ ᠢ ᠰᠢᠯᠢᠳᠡᠭᠵᠢᠭᠦᠯᠦᠨ᠎ᠡ᠃ ︽ᠠᠮᠤ ᠪᠤᠳᠠᠭ᠎ᠠ ᠶᠢ ᠲᠠᠷᠢᠶᠠᠨ ᠭᠠᠵᠠᠷ ᠲᠤ | ᠬᠠᠳᠠᠭᠠᠯᠠᠵᠤ᠂ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠠᠭᠤᠷᠠᠶ ᠪᠠᠷ | ᠳᠠᠷᠢᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 5.5 ᠲᠦᠮᠡᠨ ᠮᠥ ᠪᠥᠲᠥᠭᠡᠨ ᠪᠠᠶᠢᠭᠤᠯᠵᠤ᠂ ᠡᠯᠳᠡᠪ ᠠᠮᠤ | ᠡᠯᠳᠡᠪ ᠪᠤᠷᠴᠠᠭ ᠤᠨ ᠳᠠᠷᠢᠬᠤ ᠲᠠᠯᠠᠪᠠᠶ ᠶᠢ 50 ᠲᠦᠮᠡᠨ ᠮᠥ ᠠᠴᠠ ᠳᠡᠭᠡᠭᠰᠢ ᠲᠣᠭᠲᠠᠪᠤᠷᠢᠵᠢᠭᠤᠯᠤᠨ᠂ ᠭᠠᠵᠠᠷ | ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠥᠬᠡ ᠳᠠᠷᠤᠰᠢ ᠶᠢᠨ ᠡᠷᠳᠡᠨᠢ ᠰᠢᠰᠢ᠂ ᠰᠢᠨ᠎ᠡ ᠰᠣᠷᠭᠤᠭ ᠢᠳᠡᠭᠡᠨ ᠤ | ᠡᠷᠳᠡᠨᠢ ᠰᠢᠰᠢ ᠶᠢ 10 ᠲᠦᠮᠡᠨ ᠮᠥ ᠳᠠᠷᠢᠨ᠎ᠠ᠃ 6 ᠲᠦᠮᠡᠨ ᠮᠥ ᠣᠷᠭᠠᠨᠢᠭ ᠬᠠᠭᠤᠷᠠᠶ ᠲᠠᠷᠢᠶᠠᠯᠠᠩ ᠤᠨ ᠦᠷ᠎ᠡ | ᠪᠦᠲᠦᠭᠡᠯ ᠢ ᠪᠠᠬᠢᠵᠢᠭᠦᠯᠵᠦ᠂ ᠵᠢᠯ ᠤᠨ ᠳᠣᠲᠣᠷ᠎ᠠ ︽ ᠯᠢᠶᠠᠩᠴᠧᠩ ᠶᠢᠨ ᠬᠠᠭᠤᠷᠠᠶ ᠠᠮᠤ︾ ᠶᠢᠨ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠪᠡᠶᠡᠯᠡᠭᠦᠯᠵᠦ᠂ | ︽ᠠᠵᠤ ᠦᠢᠯᠡᠰ ᠤᠨ ᠬᠡᠯᠬᠢᠶ᠎ᠡ︾ ᠠᠴᠠ ︽ᠥᠷᠲᠡᠭ ᠤᠨ ᠬᠡᠯᠬᠢᠶ᠎ᠡ︾ ᠬᠦᠷᠲᠡᠯᠡᠬᠢ ᠪᠦᠬᠦᠯᠢ ᠴᠣᠭᠴᠠ ᠶᠢᠨ | ᠳᠡᠭᠡᠭᠰᠢᠯᠡᠯᠲᠡ ᠶᠢ ᠪᠡᠶᠡᠯᠡᠭᠦᠯᠦᠨ᠎ᠡ᠃ ︽ᠰᠢᠭᠤᠳ ᠨᠡᠪᠲᠡᠷᠡᠭᠦᠯᠭᠡ + ᠡᠯᠧᠺᠲᠷᠣᠨ ᠬᠤᠳᠠᠯᠳᠤᠭ᠎ᠠ︾ ᠶᠢᠨ | ᠬᠡᠯᠪᠡᠷᠢ ᠪᠠᠷ᠂ ᠣᠷᠭᠠᠨᠢᠭ ᠬᠠᠭᠤᠷᠠᠶ ᠲᠠᠷᠢᠶᠠᠯᠠᠩ ᠤᠨ ᠦᠢᠯᠡᠳᠪᠤᠷᠢᠯᠡᠯ ᠤᠨ ᠪᠥᠬᠦ ᠶᠠᠪᠤᠴᠠ ᠶᠢ ᠰᠢᠭᠤᠳ | ᠨᠡᠪᠲᠡᠷᠡᠭᠦᠯᠵᠦ᠂ ᠬᠡᠷᠡᠭᠯᠡᠭᠴᠢᠳ ᠤᠨ ᠢᠲᠡᠭᠡᠯ ᠢ ᠨᠡᠮᠡᠭᠳᠡᠭᠦᠯᠦᠨ᠂ ︽ ᠯᠢᠶᠠᠩᠴᠧᠩ ᠤᠨ ᠬᠠᠭᠤᠷᠠᠶ ᠠᠮᠤ︾ ᠶᠢ ︽ | ᠡᠭᠦᠯᠡᠨ ᠦᠵᠦᠭᠦᠷ︾ ᠲᠤ ᠭᠠᠷᠭᠠᠨ᠎ᠠ᠃ ᠤᠳᠤ ᠦᠶ᠎ᠡ ᠶᠢᠨ ᠮᠠᠯ ᠠᠵᠤ ᠠᠬᠤᠶ ᠶᠢ ᠬᠦᠴᠦᠷᠬᠡᠭᠵᠢᠭᠦᠯᠦᠨ᠎ᠡ᠃ ᠬᠠᠶ | ᠭᠤᠤ᠂ ᠱᠧᠩ ᠲᠢᠶᠠᠨ ᠵᠡᠷᠭᠡ ᠬᠥᠲᠥᠴᠢ ᠠᠵᠤ ᠠᠬᠤᠶᠢᠯᠠᠯ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ | ᠪᠠᠳᠠᠷᠠᠭᠤᠯᠵᠤ᠂ ᠲᠡᠵᠢᠭᠡᠨ ᠦᠷᠡᠵᠢᠭᠦᠯᠬᠦ ᠲᠣᠮᠣ ᠡᠷᠦᠬᠡ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ | ᠴᠣᠭᠴᠠ ᠶᠢ ᠲᠦᠷᠭᠡᠳᠬᠡᠨ ᠪᠤᠶᠢᠵᠢᠭᠤᠯᠵᠤ᠂ ᠵᠢᠯ ᠤᠨ ᠳᠣᠲᠣᠷ᠎ᠠ ᠰᠢᠶᠠᠩ ᠪᠠᠯᠭᠠᠰᠤ ᠨᠢᠭᠡᠪᠦᠷᠢ ᠳᠤ ᠠᠳᠠᠭ ᠲᠠᠭᠠᠨ | 2 ᠠᠯᠠᠰᠢᠨ ᠦᠬᠡᠷ ᠲᠡᠵᠢᠭᠡᠨ ᠦᠷᠡᠵᠢᠭᠦᠯᠬᠦ ᠬᠤᠷᠰᠢᠶ᠎ᠠ᠂ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ 2 ᠰᠢᠨ᠎ᠡ ᠪᠠᠷ | ᠪᠠᠶᠢᠭᠤᠯᠵᠤ᠂ ᠪᠥᠬᠦ ᠰᠢᠶᠠᠨ ᠳᠤ 2 ᠠᠴᠠ ᠳᠡᠭᠡᠭᠰᠢ ᠦᠷᠡᠵᠢᠪᠦᠷᠢ ᠲᠠᠢ ᠡᠬᠡ ᠮᠠᠯ ᠲᠡᠵᠢᠭᠡᠨ ᠦᠷᠡᠵᠢᠭᠦᠯᠬᠦ ᠡᠷᠦᠬᠡ ᠶᠢ | 3500 ᠡᠷᠦᠬᠡ ᠠᠴᠠ ᠳᠡᠭᠡᠭᠰᠢ ᠳᠤ ᠬᠦᠷᠦᠭᠦᠯᠵᠦ᠂ ᠠᠯᠠᠰᠢᠨ ᠦᠬᠡᠷ ᠤᠨ ᠲᠤᠭ᠎ᠠ ᠲᠣᠯᠣᠭᠠᠶ ᠶᠢ ᠰᠢᠨ᠎ᠡ ᠪᠠᠷ 1 | ᠲᠦᠮᠡ ᠨᠡᠮᠡᠭᠳᠡᠭᠦᠯᠦᠨ᠎ᠡ᠃ ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠶᠢ ︽ᠰᠠᠭᠤᠷᠢᠨ | ᠭᠠᠵᠠᠷ ᠪᠣᠯᠭᠠᠬᠤ︾ ᠶᠢ ᠪᠠᠷᠢᠮᠲᠠᠯᠠᠵᠤ᠂ ᠵᠢᠯ ᠤᠨ ᠳᠣᠲᠣᠷ᠎ᠠ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ | ᠲᠠᠯᠠᠪᠠᠶ ᠶᠢ 3 ᠪᠠᠶᠢᠭᠤᠯᠵᠤ᠂ ᠰᠠᠭᠠᠯᠢ ᠶᠢᠨ ᠦᠨᠢᠶ᠎ᠡ ᠶᠢᠨ ᠲᠤᠭ᠎ᠠ ᠶᠢ 4000 ᠰᠢᠨ᠎ᠡ ᠪᠠᠷ ᠨᠡᠮᠡᠭᠳᠡᠭᠦᠯᠵᠦ᠂ | ᠰᠠᠭᠠᠯᠢ ᠶᠢᠨ ᠢᠮᠠᠭ᠎ᠠ ᠶᠢᠨ ᠲᠤᠭ᠎ᠠ ᠶᠢ 1.2 ᠲᠦᠮᠡ ᠰᠢᠨ᠎ᠡ ᠪᠠᠷ ᠨᠡᠮᠡᠭᠳᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠶᠠᠳᠠᠭᠤ ᠠᠴᠠ ᠠᠩᠭᠢᠵᠢᠷᠠᠭᠤᠯᠬᠤ ᠪᠡᠷᠬᠡ | ᠰᠡᠳᠦᠪ ᠢ ᠰᠢᠢᠳᠪᠤᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠠᠯ᠎ᠠ ᠪᠠᠷ ᠦᠷᠭᠦᠯᠵᠢᠯᠡᠨ ᠬᠦᠴᠦᠯᠡᠨ | ᠴᠢᠷᠮᠠᠶᠢᠪᠠ᠃ ᠨᠠᠷᠢᠯᠢᠭ ᠨᠠᠶᠢᠳᠠᠪᠤᠷᠢᠵᠢᠭᠤᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ | ᠪᠠ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠠᠵᠢᠯ ᠤᠨ ᠰᠢᠰᠲ᠋ᠧᠮᠵᠢ᠂ ᠬᠥᠭᠵᠢᠯᠲᠡ ᠶᠢᠨ | ᠲᠥᠯᠥᠪᠵᠢᠭᠦᠯᠭᠡ᠂ ᠬᠢᠨᠠᠨ ᠰᠢᠯᠭᠠᠬᠤ ᠲᠣᠭᠲᠠᠴᠠ ᠵᠡᠷᠭᠡ ᠶᠢ ᠪᠦᠲᠦᠮᠵᠢᠲᠡᠶ ᠵᠣᠯᠭᠠᠭᠤᠯᠬᠤ ᠶᠢ ᠯᠠᠪᠳᠠᠭᠤᠨ ᠢᠶᠠᠷ | ᠠᠬᠢᠭᠤᠯᠵᠤ᠂ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠪᠠᠲᠤᠯᠠᠨ᠂ ᠬᠠᠪᠰᠤᠷᠤᠨ | ᠲᠡᠳᠬᠦᠬᠦ ᠡᠩᠨᠡᠭᠡ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠨ᠎ᠠ᠃ ᠬᠢᠨᠠᠨ ᠬᠡᠮᠵᠢᠭᠳᠡᠬᠦ ᠡᠲᠡᠭᠡᠳ ᠢ ᠬᠠᠪᠰᠤᠷᠤᠨ | ᠲᠡᠳᠬᠦᠬᠦ ᠠᠵᠢᠯ ᠢ ᠰᠠᠶᠢᠲᠤᠷ ᠬᠢᠵᠦ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠂ ᠭᠡᠷ ᠤᠨ ᠣᠷᠣᠢ ᠶᠢᠨ ᠭᠡᠷᠡᠯ ᠢᠶᠠᠷ ᠴᠠᠬᠢᠯᠭᠠᠨ ᠭᠠᠷᠭᠠᠬᠤ᠂ ᠬᠦᠷᠢᠶ᠎ᠡ ᠬᠠᠰᠢᠶ᠎ᠠ ᠶᠢᠨ ᠠᠵᠤ | ᠠᠬᠤᠶ᠂ ᠶᠠᠳᠠᠭᠤ ᠶᠢ ᠰᠡᠷᠭᠡᠶᠢᠯᠡᠵᠦ ᠶᠠᠳᠠᠭᠤ ᠶᠢ ᠪᠠᠲᠤᠯᠠᠬᠤ ᠵᠡᠷᠭᠡ ᠡᠷᠦᠬᠡ ᠳᠤ ᠬᠦᠷᠲᠡᠯ᠎ᠡ 5 ᠵᠦᠢᠯᠡᠰ ᠢ | ᠬᠡᠷᠡᠭᠵᠢᠭᠦᠯᠵᠦ᠂ ᠲᠠᠬᠢᠨ ᠶᠠᠳᠠᠭᠤᠷᠠᠬᠤ ᠲᠦᠭᠰᠢᠭᠦᠷᠢ ᠶᠢ ᠡᠰᠡᠷᠭᠦᠴᠡᠨ ᠬᠤᠷᠢᠭᠯᠠᠬᠤ ᠴᠢᠳᠠᠪᠤᠷᠢ ᠪᠠᠨ ᠪᠦᠬᠦ ᠲᠠᠯ᠎ᠠ ᠪᠠᠷ | ᠨᠡᠮᠡᠭᠳᠡᠭᠦᠯᠦᠨ᠎ᠡ᠃ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠣᠨᠣᠪᠴᠢᠲᠠᠶ ᠳᠣᠭᠢᠷᠠᠭᠤᠯᠵᠤ᠂ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠶᠢᠨ ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ | ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠸᠠᠩ ᠬᠠᠶ | ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ | ᠣᠨᠳᠣᠤ ᠭᠠᠵᠠᠷ ᠲᠤ ᠶᠠᠳᠠᠭᠤ ᠶᠢ ᠲᠡᠳᠬᠦᠵᠦ ᠨᠡᠭᠦᠯᠭᠡᠬᠦ ᠡᠷᠦᠬᠡ ᠳᠤ ᠨᠡᠶᠢᠭᠡᠮ ᠲᠣᠭᠤᠷᠢᠭ ᠤᠨ ᠦᠢᠯᠡᠴᠢᠯᠡᠭᠡ | ᠬᠠᠩᠭᠠᠨ᠎ᠠ᠃ ᠵᠢᠯ ᠤᠨ ᠳᠣᠲᠣᠷ᠎ᠠ 3 ᠵᠢᠱᠢᠶ᠎ᠡ ᠦᠵᠡᠭᠦᠯᠬᠦ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ | 20 ᠲᠦᠮᠡᠨ ᠲᠥᠭᠦᠷᠢᠭ ᠢ ᠳᠠᠪᠠᠵᠤ᠂ 13 ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠲᠣᠰᠬᠤᠨ ᠤ ᠬᠠᠮᠲᠤ ᠶᠢᠨ | ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠨ᠎ᠠ᠃ ᠬᠥᠳᠡᠭᠡ ᠲᠣᠰᠬᠤᠨ ᠤ ᠪᠦᠳᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠬᠦ ᠬᠡᠷᠡᠭᠲᠡᠢ᠃ 94 | ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠪᠡ᠃ | ᠲᠠᠭ᠎ᠠ ᠶᠢᠨ ᠨᠠᠭᠤᠷ ᠤᠨ ᠰᠠᠪᠠ ᠭᠠᠵᠠᠷ ᠤᠨ 447 ᠠᠶᠢᠯ ᠲᠣᠰᠬᠤᠨ ᠤ ᠵᠢᠯ ᠳᠤ 50 ᠪᠣᠰᠤᠭ᠎ᠠ ᠳᠥᠷᠪᠡᠯᠵᠢᠨ | ᠮᠧᠲᠷ ᠠᠴᠠ ᠳᠣᠷᠣᠭᠰᠢ ᠪᠠᠭᠠᠰᠤᠨ ᠪᠣᠬᠢᠷᠲᠤᠯ ᠲᠠᠢ ᠲᠡᠵᠢᠭᠡᠨ ᠦᠷᠡᠵᠢᠭᠦᠯᠬᠦ ᠡᠷᠦᠬᠡ ᠳᠤ ᠪᠣᠷᠲᠣᠭᠤᠷ ᠣᠪᠣᠭᠠᠯᠠᠬᠤ | ᠢᠰᠬᠡᠯᠲᠡ ᠶᠢᠨ ᠲᠠᠲᠠᠭᠠᠯ ᠪᠠᠶᠢᠭᠤᠯᠬᠤ ᠪᠤᠶᠤ ᠢᠰᠬᠡᠯᠲᠡ ᠶᠢᠨ ᠬᠠᠶᠢᠷᠴᠠᠭ ᠲᠣᠬᠢᠷᠠᠭᠤᠯᠵᠤ᠂ ᠪᠣᠬᠢᠷ ᠤᠰᠤᠨ ᠤ | ᠬᠤᠭᠤᠯᠠᠶ ᠶᠢᠨ ᠲᠣᠤᠷ ᠢ 90 ᠺᠢᠯᠣᠮᠧᠲᠷ ᠳᠡᠪᠢᠰᠦᠨ᠎ᠡ᠃ ᠬᠥᠮᠦᠨ ᠮᠠᠯ ᠢ ᠰᠠᠯᠭᠠᠬᠤ ᠲᠤᠷᠰᠢᠯᠲᠠ ᠶᠢᠨ ᠴᠡᠭ ᠤᠨ | ᠲᠥᠷᠥᠯ ᠵᠦᠢᠯ ᠢ ᠬᠡᠷᠡᠭᠵᠢᠭᠦᠯᠵᠦ᠂ ᠠᠮᠢ ᠠᠬᠤᠶ ᠬᠢᠭᠡᠳ ᠲᠡᠵᠢᠭᠡᠨ ᠦᠷᠡᠵᠢᠭᠦᠯᠬᠦ ᠶᠢᠨ ᠬᠠᠷᠢᠯᠴᠠᠨ ᠠᠰᠢᠭ | ᠣᠯᠭᠤᠵᠤ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠰᠢᠢᠳᠪᠤᠷᠢᠯᠡᠬᠦ | ᠥᠷᠲᠡᠭᠡ ᠶᠢ 3 ᠰᠢᠨ᠎ᠡ ᠪᠠᠷ ᠪᠠᠶᠢᠭᠤᠯᠵᠤ᠂ ᠪᠣᠶ ᠪᠥᠬᠦᠶ ᠠᠶᠢᠯ ᠲᠣᠰᠬᠤᠨ ᠤ ᠬᠤᠭ ᠨᠣᠪᠰᠢ ᠶᠢ ᠬᠤᠷᠢᠶᠠᠨ | ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ᠂ ᠰᠢᠲᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠨ᠎ᠠ᠃ | ︽ᠬᠥᠳᠡᠭᠡ ᠲᠣᠰᠬᠤᠨ ᠤ ᠲᠦᠷᠪᠡᠨ ᠰᠠᠶᠢᠨᠲᠠᠶ ᠵᠠᠮ︾ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | 23 ᠺᠢᠯᠣᠮᠧᠲᠷ ᠢ ᠰᠢᠨ᠎ᠡ ᠪᠠᠷ ᠪᠠᠶᠢᠭᠤᠯᠵᠤ᠂ 40 ᠺᠢᠯᠣᠮᠧᠲᠷ ᠢ ᠥᠭᠡᠷᠡᠴᠢᠯᠡᠨ ᠵᠠᠰᠠᠨ᠎ᠠ᠃ 5G ᠶᠢᠨ | ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠵᠦ᠂ ᠰᠢᠶᠠᠩ ᠪᠠᠯᠭᠠᠰᠤᠨ ᠤ ᠪᠠᠶᠢᠭ᠎ᠠ ᠭᠠᠵᠠᠷ ᠤᠨ 5G ᠶᠢᠨ | ᠰᠠᠭᠤᠷᠢ ᠥᠷᠲᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ 2500 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠬᠥᠳᠡᠭᠡ ᠲᠣᠰᠬᠤᠨ ᠤ ᠴᠠᠬᠢᠯᠭᠠᠨ ᠤ ᠲᠣᠣᠷ ᠢ 80 ᠺᠢᠯᠣᠮᠧᠲᠷ ᠳᠡᠰ ᠳᠡᠪᠰᠢᠭᠦᠯᠦᠨ ᠥᠭᠡᠷᠡᠴᠢᠯᠡᠨ᠎ᠡ | ᠃ ᠯᠢᠦ ᠵᠢᠶᠠ ᠶᠣᠣ ᠠᠴᠠ ᠲᠢᠶᠠᠨ ᠴᠧᠩ ᠬᠥᠷᠬᠦ 35 ᠺᠢᠯᠣᠸᠠᠲ ᠤᠨ ᠴᠠᠬᠢᠯᠭᠠᠨ ᠬᠦᠷᠭᠡᠬᠦ ᠱᠤᠭᠤᠮ ᠤᠨ | ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ ᠲᠢᠶᠠᠨ ᠴᠧᠩ ᠬᠤᠪᠢᠷᠠᠬᠤ᠂ ᠾᠧᠦ ᠶᠢᠩ ᠬᠤᠪᠢᠷᠠᠬᠤ ᠬᠤᠶᠠᠷ ᠰᠠᠭᠤᠷᠢ | 35 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢᠨ ᠪᠠᠭᠲᠠᠭᠠᠮᠵᠢ ᠶᠢ ᠨᠡᠮᠡᠭᠳᠡᠭᠦᠯᠦᠨ ᠥᠷᠭᠡᠳᠬᠡᠨ | ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ ᠲᠢᠶᠠᠨ ᠴᠧᠩ ᠠᠵᠤ ᠦᠢᠯᠡᠰ ᠤᠨ ᠰᠠᠭᠤᠷᠢᠨ ᠭᠠᠵᠠᠷ ᠪᠠ ᠲᠡᠵᠢᠭᠡᠨ | ᠦᠷᠡᠵᠢᠭᠦᠯᠬᠦ ᠬᠦᠷᠢᠶᠡᠯᠡᠩ ᠲᠣᠭᠤᠷᠢᠭ ᠤᠨ ᠴᠠᠬᠢᠯᠭᠠᠨ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠶᠡᠭᠡ ᠪᠠᠷ | ᠳᠡᠭᠡᠭᠰᠢᠯᠡᠭᠦᠯᠦᠨ᠎ᠡ᠃ | ᠭᠤᠷᠪᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ | ᠦᠢᠯᠡᠰ ᠤᠨ ᠪᠥᠭᠡᠮᠨᠡᠷᠡᠯ ᠢ ᠪᠤᠵᠠᠭᠠᠶᠢᠷᠠᠭᠤᠯᠬᠤ ᠲᠠᠯ᠎ᠠ ᠪᠠᠷ ᠳᠠᠬᠢᠨᠲᠠ ᠬᠦᠴᠦᠯᠡᠬᠦ ᠬᠡᠷᠡᠭᠲᠡᠶ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠬᠡᠪᠡᠷ ᠰᠢᠯᠢᠳᠡᠭᠵᠢᠭᠦᠯᠦᠨ᠎ᠡ᠃ ᠥᠨᠳᠥᠷ ᠪᠦᠲᠦᠮᠵᠢᠲᠡᠶ | ᠪᠥᠭᠡᠳ ᠳᠥᠭᠦᠮ ᠳᠥᠲᠡ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠬᠢᠨᠠᠨ ᠵᠥᠪᠰᠢᠶᠡᠷᠡᠬᠦ | ᠦᠢᠯᠡᠴᠢᠯᠡᠭᠡᠨ ᠤ ︽ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠠᠭᠠᠨ | ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠭᠦᠨᠵᠡᠭᠡᠶ ᠬᠡᠷᠡᠭᠵᠢᠭᠦᠯᠵᠦ᠂ ᠡᠷᠬᠡ ᠶᠢᠨ ᠵᠦᠢᠯᠡᠰ ᠤᠨ | ᠨᠠᠷᠢᠨ ᠲᠠᠩᠰᠠ ᠪᠠ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ ᠬᠥᠳᠡᠯᠦᠩᠭᠦᠶ ᠪᠠᠷ ᠬᠠᠮᠢᠶᠠᠷᠴᠤ᠂ | ᠬᠥᠳᠡᠯᠦᠩᠭᠦᠶ ᠪᠠᠷ ᠳᠣᠭᠢᠷᠠᠭᠤᠯᠤᠨ᠂ ᠬᠢᠨᠠᠨ ᠵᠥᠪᠰᠢᠶᠡᠷᠡᠬᠦ ᠴᠠᠭ ᠨᠢ ᠣᠷᠳᠣ᠂ ᠭᠤᠶᠤᠴᠢᠯᠠᠭᠴᠢ ᠶᠢᠨ ︽ᠣᠯᠠᠨ | ᠲᠠᠯ᠎ᠠ ᠠᠴᠠ ᠭᠦᠶᠦᠯᠭᠡᠬᠦ︾ ︽ᠣᠯᠠᠨ ᠤᠳᠠᠭ᠎ᠠ ᠭᠦᠶᠦᠯᠭᠡᠬᠦ︾ ᠠᠰᠠᠭᠤᠳᠠᠯ ᠢ ᠰᠢᠢᠳᠪᠤᠷᠢᠯᠡᠵᠤ᠂ ᠠᠵᠢᠯ ᠶᠠᠪᠤᠳᠠᠯ | ᠭᠦᠢᠴᠡᠳᠬᠡᠬᠦ ᠳᠤ ᠬᠤᠷᠳᠤᠴᠠ ᠲᠠᠢ᠂ ᠦᠢᠯᠡᠴᠢᠯᠡᠭᠡᠶᠢ ᠳᠤᠯᠠᠭᠠᠬᠠᠨ ᠪᠠᠶᠢᠯᠭᠠᠨ᠎ᠠ᠃ ᠬᠥᠳᠡᠭᠡ ᠲᠣᠰᠬᠤᠨ ᠤ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠠᠬᠢᠭᠤᠯᠵᠤ᠂ ︽ᠰᠢᠶᠠᠨ ᠰᠢᠶᠠᠩ ᠲᠣᠰᠬᠤᠨ︾ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠨᠢᠭᠡᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠷᠴᠢᠮ ᠢ | ᠴᠢᠩᠭᠠᠷᠠᠭᠤᠯᠤᠨ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠮᠠᠭᠠᠯᠠᠵᠤ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠳᠠᠯᠢ ᠬᠤᠭᠤᠴᠠᠭᠠᠨ ᠤ ᠬᠢ ᠠᠴᠠ 20% ᠠᠴᠠ ᠳᠡᠭᠡᠭᠰᠢᠨᠡᠭᠡᠭᠡᠯᠲᠡᠲᠡᠶ | ᠪᠥᠭᠡᠳ ᠳᠥᠭᠦᠮ ᠳᠥᠲᠡ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠠᠵᠢᠯ ᠤᠨ ᠬᠡᠷᠡᠭᠵᠢᠭᠦᠯᠬᠦ ᠰᠠᠨᠠᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ | ᠲᠣᠭᠲᠠᠭᠠᠯ ᠳᠤ ᠨᠡᠶᠢᠴᠡᠬᠦ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠ ᠬᠠᠷᠠᠭᠠᠯᠵᠠᠯ ᠤᠨ ᠨᠥᠬᠦᠴᠡᠯ ᠢ ᠴᠢᠩᠭ᠎ᠠ | ᠪᠡᠶᠡᠯᠡᠭᠦᠯᠵᠦ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠶᠠᠭᠠᠬᠢᠭᠰᠠᠨ ᠴᠤ ︽ᠡᠴᠦᠰ ᠤᠨ ᠨᠢᠭᠡ ᠺᠢᠯᠣᠮᠧᠲᠷ︾ | ᠲᠤ ᠪᠣᠭᠤᠮᠢᠯᠠᠵᠤ ᠪᠣᠯᠬᠤ ᠥᠬᠡᠶ᠃ ᠪᠡᠯᠡ ᠣᠷᠣᠭᠤᠯᠤᠯᠲᠠ ᠶᠢ ᠠᠬᠢᠭᠤᠯᠬᠤ ᠵᠥᠪᠯᠡᠭᠴᠢ ᠶᠢᠨ ᠲᠦᠷᠢᠮ ᠢ | ᠪᠦᠷᠢᠨᠰᠢᠬᠦᠯᠵᠤ᠂ ᠠᠷᠠᠯᠵᠢᠶᠠᠴᠢᠨ ᠤᠷᠢᠬᠤ ᠪᠣᠭᠤᠮᠲᠠ ᠰᠢᠪᠲᠤᠯᠬᠤ ᠠᠩᠬᠢ᠂ ᠠᠷᠠᠯᠵᠢᠶᠠᠴᠢᠨ ᠤᠷᠢᠬᠤ ᠪᠠᠭ᠎ᠠ | ᠬᠤᠪᠢᠶᠠᠷᠢ ᠠᠩᠬᠢ ᠶᠢ ᠵᠣᠬᠢᠶᠠᠨ ᠪᠠᠶᠢᠭᠤᠯᠵᠤ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ᠂ ᠴᠡᠭ ᠲᠤ ᠰᠠᠭᠤᠵᠤ | ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠤᠯᠠᠷᠢᠯ ᠪᠦᠷᠢ ᠳᠤ ᠠᠳᠠᠭ ᠲᠠᠭᠠᠨ ᠨᠢᠭᠡ ᠤᠳᠠᠭ᠎ᠠ ᠲᠤᠰᠬᠠᠢ | ᠰᠡᠳᠦᠪᠲᠦ ᠠᠷᠠᠯᠵᠢᠶᠠᠴᠢᠨ ᠤᠷᠢᠵᠤ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠂ ᠪᠦᠬᠦ ᠵᠢᠯ ᠳᠤ ᠭᠡᠷ᠎ᠡ ᠲᠣᠭᠲᠠᠨ | ᠨᠠᠶᠢᠳᠠᠪᠤᠷᠢᠵᠢᠭᠤᠯᠬᠤ ᠲᠦᠷᠦᠯ ᠵᠦᠢᠯ ᠤᠨ ᠭᠡᠷ᠎ᠡ ᠶᠢ ᠭᠦᠢᠴᠡᠳᠬᠡᠭᠰᠡᠨ ᠨᠤᠷᠮ᠎ᠠ᠂ ᠠᠵᠢᠯ ᠡᠬᠢᠯᠡᠭᠦᠯᠦᠭᠰᠡᠨ ᠨᠤᠷᠮ᠎ᠠ᠂ | ᠪᠡᠯᠡ ᠮᠥᠩᠭᠦ ᠶᠢᠨ ᠪᠣᠳᠠᠲᠠᠶᠢᠵᠢᠭᠰᠠᠨ ᠨᠤᠷᠮ᠎ᠠ ᠶᠢ ᠲᠤᠰ ᠲᠤᠰ 90%᠂ 80%᠂ 30% ᠠᠴᠠ ᠳᠡᠭᠡᠭᠰᠢ ᠳᠤ | ᠬᠦᠷᠭᠡᠨ᠎ᠡ᠃ ᠰᠢᠶᠠᠨ ᠤ ᠱᠠᠲᠤᠨ ᠤ ᠤᠳᠤᠷᠢᠳᠤᠯᠭ᠎ᠠ᠂ ᠰᠢᠶᠠᠩ ᠪᠠᠯᠭᠠᠰᠤ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠤ ᠭᠤᠣᠯᠳᠠᠯᠭ᠎ᠠ ᠲᠠᠢ ᠵᠦᠢᠯᠡᠰ ᠢ ᠳᠠᠭᠠᠭᠠᠴᠢᠯᠠᠬᠤ | ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠪᠦᠳᠤᠭᠡᠨ ᠪᠠᠶᠢᠭᠤᠯᠬᠤ ᠶᠠᠪᠤᠴᠠ ᠳᠤ ᠲᠣᠬᠢᠶᠠᠯᠳᠤᠭᠰᠠᠨ ᠡᠯ᠎ᠡ | ᠵᠦᠢᠯ ᠤᠨ ᠬᠦᠴᠢᠷᠳᠡᠯ ᠲᠠᠢ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠵᠤ᠂ ᠭᠡᠷ᠎ᠡ ᠲᠣᠭᠲᠠᠪᠠᠯ ᠳᠠᠷᠤᠶ ᠠᠵᠢᠯ | ᠡᠬᠢᠯᠡᠭᠦᠯᠬᠦ᠂ ᠠᠵᠢᠯ ᠡᠬᠢᠯᠡᠭᠦᠯᠪᠡᠯ ᠲᠦᠷᠭᠡᠨ ᠪᠦᠳᠤᠭᠡᠨ ᠪᠠᠶᠢᠭᠤᠯᠬᠤ᠂ ᠪᠦᠳᠤᠭᠡᠨ ᠪᠠᠶᠢᠭᠤᠯᠤᠯᠲᠠ ᠶᠢ ᠡᠷᠲᠡ | ᠠᠰᠢᠭᠯᠠᠯᠲᠠ ᠳᠤ ᠣᠷᠣᠭᠤᠯᠬᠤ ᠰᠠᠶᠢᠨ ᠣᠷᠴᠢᠯ ᠢ ᠪᠤᠢ ᠪᠣᠯᠭᠠᠨ᠎ᠠ᠃ | ᠠᠵᠤ ᠦᠢᠯᠡᠳᠪᠦᠷᠢ ᠤᠨ ᠠᠵᠤ ᠠᠬᠤᠶ ᠶᠢᠨ ᠪᠣᠳᠠᠲᠤ ᠬᠦᠴᠦᠨ ᠢ ᠨᠡᠮᠡᠭᠳᠡᠭᠦᠯᠦᠨ᠎ᠡ᠃ ᠪᠠᠷᠠᠭᠤᠨ | ᠲᠣᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠵᠤ ᠦᠢᠯᠡᠰ ᠤᠨ ᠬᠦᠷᠢᠶᠡᠯᠡᠩ ᠤᠨ ᠢᠵᠢ ᠪᠥᠷᠢᠳᠦᠭᠦᠯᠬᠦ | ᠪᠡᠯᠡᠳᠬᠡᠮᠵᠢ ᠶᠢ ᠲᠡᠭᠦᠯᠳᠡᠷᠵᠢᠭᠦᠯᠵᠦ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠢᠳᠡᠪᠬᠢᠯᠡᠨ ᠣᠯᠵᠤ᠂ | ᠲᠢᠶᠠᠨ ᠴᠧᠩ ᠠᠵᠤ ᠦᠢᠯᠡᠰ ᠤᠨ ᠰᠠᠭᠤᠷᠢᠨ ᠭᠠᠵᠠᠷ ᠤᠨ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠵᠢᠯ ᠤᠨ ᠳᠣᠲᠣᠷ᠎ᠠ ᠬᠤᠲᠠ ᠶᠢᠨ ᠲᠠᠰ ᠤᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠳᠤ ᠤᠷᠤᠬᠤ ᠪᠠᠷ ᠴᠢᠷᠮᠠᠶᠢᠨ᠎ᠠ᠃ ᠤᠳᠤ ᠦᠶ᠎ᠡ ᠶᠢᠨ ᠰᠢᠨ᠎ᠡ | ᠡᠨᠧᠷᠭᠢ ᠶᠢᠨ ᠠᠵᠤ ᠠᠬᠤᠶ ᠶᠢ ᠬᠥᠭᠵᠢᠭᠦᠯᠬᠦ ᠳᠤ 112 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ | ᠪᠡᠭᠡᠵᠢᠩ ᠡᠨᠧᠷᠭᠢ ᠶᠢᠨ ᠪᠦᠯᠦᠭᠯᠡᠯ ᠤᠨ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ | ᠵᠦᠢᠯ᠂ 5.5 ᠲᠦᠮᠡᠨ ᠺᠢᠯᠣᠸᠠᠲ ᠤᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠦᠢᠯ ᠢ ᠠᠵᠢᠯ | ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠢᠳᠡᠪᠬᠢᠲᠡᠶ ᠴᠢᠷᠮᠠᠶᠢᠨ᠎ᠠ᠃ ᠲᠠᠭ᠎ᠠ ᠶᠢᠨ ᠨᠠᠭᠤᠷ ᠤᠨ ᠴᠠᠬᠢᠯᠭᠠᠨ ᠤ | ᠦᠢᠯᠡᠳᠪᠦᠷᠢ ᠶᠢᠨ ᠨᠤᠨᠲᠠᠭ ᠨᠡᠭᠦᠷᠡᠰᠦᠨ ᠤ ᠦᠨᠡᠰᠦ ᠶᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ | ᠵᠦᠢᠯᠡᠰ ᠢ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠵᠢᠨᠢᠲᠤᠯᠵᠤ ᠡᠳ᠋ᠰᠢᠭᠦᠯᠬᠦ ᠲᠥᠷᠥᠯ ᠵᠦᠢᠯ ᠢ ᠠᠵᠢᠯ ᠡᠬᠢᠯᠡᠭᠦᠯᠦᠨ | ᠪᠥᠲᠥᠭᠡᠨ ᠪᠠᠶᠢᠭᠤᠯᠵᠤ᠂ ᠳᠦᠷᠰᠦ ᠪᠠᠨ ᠮᠠᠷᠲᠠᠭᠰᠠᠨ ᠲᠠᠷᠢᠶᠠᠯᠠᠩ ᠤᠨ ᠬᠤᠶᠠᠳᠤᠭᠠᠷ ᠬᠤᠭᠤᠴᠠᠭᠠᠨ ᠤ ᠲᠥᠷᠥᠯ | ᠵᠦᠢᠯ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ | ᠯᠢᠶᠠᠩᠴᠧᠩ ᠤᠨ ᠪᠣᠬᠢᠷᠲᠤᠯ ᠥᠬᠡᠶ ᠢᠳᠡᠭᠡᠨ ᠤ ᠮᠠᠲ᠋ᠧᠷᠢᠶᠠᠯ ᠢ ︽ᠲᠥᠪ ᠲᠣᠭᠤᠭᠠᠨ ᠬᠡᠷ︾ ᠳᠤ ᠣᠷᠣᠭᠤᠯᠤᠨ᠎ᠠ᠃ | ᠬᠤᠩ ᠮᠤᠤ ᠡᠮ ᠤᠨ ᠦᠢᠯᠡᠰ ᠵᠡᠷᠭᠡ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠶᠡᠬᠡᠪᠡᠷ ᠳᠡᠮᠵᠢᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠮᠠᠨ ᠬᠠᠨ ᠠᠭᠤᠯᠠ ᠶᠢᠨ ᠦᠵᠡᠮᠵᠢ ᠶᠢᠨ ᠣᠷᠣᠨ ᠢ ᠨᠡᠭᠡᠭᠡᠨ | ᠬᠥᠭᠵᠢᠭᠦᠯᠵᠦ ᠪᠥᠲᠥᠭᠡᠨ ᠪᠠᠶᠢᠭᠤᠯᠬᠤ ᠶᠢ ᠳᠥᠯᠭᠢᠨ ᠠᠬᠢᠭᠤᠯᠵᠤ᠂ ᠲᠠᠭ᠎ᠠ ᠶᠢᠨ ᠨᠠᠭᠤᠷ ᠤᠨ ᠵᠢᠭᠤᠯᠴᠢᠯᠠᠯ ᠤᠨ | ᠣᠷᠣᠨ ᠤ ᠰᠡᠯᠢᠭᠦᠷ ᠲᠤᠯᠤᠮ ᠣᠩᠭᠤᠴᠠ᠂ ᠬᠠᠯᠠᠭᠤᠨ ᠬᠡᠶᠢᠲᠦ ᠪᠥᠮᠪᠦᠭᠡ᠂ ᠬᠠᠯᠢᠯ ᠰᠢᠬᠦᠷ᠂ ᠤᠰᠤᠨ ᠳᠡᠭᠡᠷᠡᠬᠢ | ᠯᠤᠤᠲᠤ ᠣᠩᠭᠤᠴᠠ ᠵᠡᠷᠭᠡ ︽ᠣᠬᠤᠷ ᠲᠡᠭᠰᠢ ᠲᠦᠷᠭᠡᠨ︾ ᠤ ᠲᠥᠷᠥᠯ ᠵᠦᠢᠯ ᠢ ᠵᠢᠷᠤᠭᠯᠠᠨ ᠲᠥᠯᠥᠪᠯᠡᠵᠦ᠂ | ᠬᠠᠯᠠᠭᠤᠨ ᠷᠠᠰᠢᠶᠠᠨ ᠤ ᠰᠠᠶᠢᠬᠠᠨ ᠴᠠᠭ᠂ ᠸᠠᠨ ᠳ᠋ᠧᠩ ᠬᠠᠯᠠᠭᠤᠨ ᠷᠠᠰᠢᠶᠠᠨ ᠤ Live ᠰᠣᠶᠣᠯ ᠤᠨ ᠰᠣᠯᠢᠯᠴᠠᠭᠠᠨ ᠤ | ᠶᠡᠷᠦᠩᠬᠡᠶᠢᠯᠡᠭᠰᠡᠨ ᠴᠣᠭᠴᠠ ᠵᠡᠷᠭᠡ ᠪᠠᠶᠢᠭᠤᠯᠵᠤ ᠪᠠᠶᠢᠭ᠎ᠠ ᠲᠥᠷᠥᠯ ᠵᠦᠢᠯ ᠢ ᠡᠵᠡᠩᠨᠡᠯᠲᠡ ᠳᠤ ᠣᠷᠣᠭᠤᠯᠬᠤ ᠶᠢ | ᠬᠦᠴᠦᠯᠡᠨ ᠠᠬᠢᠭᠤᠯᠵᠤ᠂ ᠵᠢᠭᠤᠯᠴᠢᠯᠠᠭᠴᠢᠳ ᠤᠨ ᠣᠶᠢᠯᠠᠭᠠᠬᠤ ᠲᠥᠷᠥᠭᠳᠡᠯ ᠪᠠ ᠲᠠᠭᠠᠯᠠᠮᠵᠢ ᠶᠢᠨ ᠬᠡᠮᠵᠢᠶ᠎ᠡ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠤᠩ ᠮᠤᠤ ᠡᠮ ᠤᠨ ᠦᠢᠯᠡᠰ᠂ ᠡᠷᠡᠨ ᠵᠠᠭᠤᠨ ᠤ ᠠᠮᠤ ᠪᠤᠳᠠᠭᠠᠨ ᠤ | ᠬᠤᠳᠠᠯᠳᠤᠭ᠎ᠠ᠂ ᠮᠤᠩ ᠳ᠋ᠢ ᠰᠦ ᠶᠢᠨ ᠦᠢᠯᠡᠰ ᠵᠡᠷᠭᠡ ᠠᠵᠤ ᠠᠬᠤᠶᠢᠯᠠᠯ ᠲᠠᠢ ᠬᠤᠯᠪᠣᠭᠠᠯᠠᠨ᠂ ᠠᠵᠤ | ᠦᠢᠯᠡᠳᠪᠤᠷᠢ ᠶᠢᠨ ᠵᠢᠭᠤᠯᠴᠢᠯᠠᠯ ᠢ ᠰᠦᠪᠡᠭᠴᠢᠯᠡᠨ ᠬᠥᠭᠵᠢᠭᠦᠯᠵᠦ᠂ ᠵᠢᠭᠤᠯᠴᠢᠯᠠᠯ ᠤᠨ ᠪᠦᠲᠦᠭᠡᠭᠳᠡᠬᠦᠨ ᠢ | ᠪᠠᠶᠠᠯᠢᠭᠵᠢᠭᠤᠯᠬᠤ ᠶᠢᠨ ᠬᠠᠮᠲᠤ᠂ ᠠᠵᠤ ᠦᠢᠯᠡᠳᠪᠤᠷᠢ ᠶᠢᠨ ᠠᠵᠤ ᠠᠬᠤᠶᠢᠯᠠᠯ ᠳᠤ ᠠᠵᠤ ᠠᠬᠤᠶ ᠶᠢᠨ ᠰᠢᠨ᠎ᠡ | ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ ︽ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ | ᠰᠢᠪᠲᠤᠯᠤᠯᠲᠠ ᠶᠢᠨ ᠣᠨ︾ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ 15 ᠥᠪᠡᠷᠮᠢᠴᠡ ᠣᠨᠴᠠᠯᠢᠭ ᠲᠠᠢ | ᠠᠷᠠᠳ ᠤᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠪᠠ᠃ ᠳᠤᠮᠳᠠᠳᠤ ᠤᠯᠤᠰ ᠤᠨ ᠳᠣᠷᠣᠨᠠᠳᠠᠬᠢᠨ ᠤ ᠳᠠᠭᠤᠤ | ᠪᠥᠵᠢᠭ ᠤᠨ ᠪᠦᠯᠬᠦᠮ ᠢ ᠤᠷᠢᠵᠤ᠂ ᠲᠠᠭ᠎ᠠ ᠶᠢᠨ ᠦᠵᠡᠮᠵᠢ ᠶᠢᠨ ᠣᠷᠣᠨ ᠳᠤ ︽ᠳᠤᠮᠳᠠᠳᠤ ᠤᠯᠤᠰ — ᠥᠪᠥᠷ | ᠮᠣᠩᠭᠤᠯ · ᠯᠢᠶᠠᠩᠴᠧᠩ ᠤᠨ ᠲᠠᠯ᠎ᠠ ᠨᠤᠲᠤᠭ ᠤᠨ ᠲᠩᠷᠢ ᠶᠢᠨ ᠡᠭᠡᠰᠢᠭ ᠢ ᠬᠠᠩᠭᠢᠨᠠᠭᠤᠯᠤᠶ᠎ᠠ︾ ᠭᠡᠬᠦ ᠠᠩᠬᠠᠳᠤᠭᠠᠷ | ᠬᠤᠭᠤᠴᠠᠭᠠᠨ ᠤ ᠨᠠᠶᠢᠷᠠᠯ ᠳᠠᠭᠤᠤ ᠶᠢᠨ ᠨᠠᠶᠢᠷ ᠢ ᠡᠷᠭᠢᠯᠡᠵᠦ᠂ ᠵᠢᠭᠤᠯᠴᠢᠯᠠᠯ ᠤᠨ ᠨᠠᠷᠠᠲᠤ ᠲᠡᠮᠳᠡᠭ ᠤᠨ ᠠᠯᠳᠠᠷᠰᠢᠯ ᠢ | ᠳᠡᠭᠡᠭᠰᠢᠯᠡᠭᠦᠯᠦᠨ᠎ᠡ᠃ ᠲᠢᠶᠠᠨ ᠴᠧᠩ ᠤᠨ ᠡᠷᠲᠡᠨ ᠤ ᠰᠦᠮ᠎ᠡ᠂ ᠶᠤᠸᠠᠨ ᠽᠢ ᠭᠧᠦ ᠶᠢᠨ ᠪᠠᠭᠤᠷᠢ ᠵᠡᠷᠭᠡ ᠶᠢ ᠰᠡᠯᠪᠢᠨ | ᠵᠠᠰᠠᠬᠤ ᠠᠵᠢᠯ ᠢ ᠰᠠᠶᠢᠲᠤᠷ ᠬᠢᠵᠦ᠂ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ᠂ ᠵᠢᠭᠤᠯᠴᠢᠯᠠᠯ ᠢᠶᠠᠷ | ᠶᠠᠳᠠᠭᠤ ᠶᠢ ᠲᠡᠳᠬᠦᠬᠦ ᠤᠷᠠᠯᠢᠭ ᠤᠨ ᠲᠥᠪ ᠢ ᠠᠵᠢᠯ ᠡᠬᠢᠯᠡᠭᠦᠯᠦᠨ ᠪᠠᠶᠢᠭᠤᠯᠵᠤ᠂ ︽ᠭᠠᠯ ᠤᠨ ᠠᠶ᠎ᠠ ᠪᠠᠷ | ᠥᠨᠳᠥᠷ ᠲᠤ ᠨᠢᠰᠦᠭᠰᠡᠨ︾ ᠦᠵᠡᠭᠳᠡᠯᠲᠦ ᠵᠦᠴᠦᠭᠡ ᠶᠢ ᠨᠠᠶᠢᠷᠠᠭᠤᠯᠤᠨ ᠵᠣᠬᠢᠶᠠᠨ ᠪᠦᠲᠦᠭᠡᠵᠦ᠂ ᠰᠣᠶᠣᠯ | ᠵᠢᠭᠤᠯᠴᠢᠯᠠᠯ ᠤᠨ ᠠᠭᠤᠯᠬᠤᠨ ᠢ ᠪᠠᠶᠠᠯᠢᠭᠵᠢᠭᠤᠯᠤᠨ ᠥᠷᠭᠡᠳᠬᠡᠨ᠎ᠡ᠃ | ᠲᠦᠷᠪᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ | ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠳᠠᠬᠢᠨᠲᠠ ᠬᠦᠴᠦᠯᠡᠨ᠎ᠡ | ᠬᠤᠲᠠ ᠪᠠᠯᠭᠠᠰᠤ ᠶᠢᠨ ᠬᠥᠭᠵᠢᠯᠲᠡ ᠶᠢᠨ ᠠᠭᠤᠯᠤᠭᠳᠠᠬᠤᠨ ᠤ ᠶᠠᠰᠤ ᠴᠢᠨᠠᠷ ᠢ 1263 ᠡᠷᠦᠬᠡ ᠠᠨ ᠺᠠᠩ ᠬᠡᠷ | ᠣᠷᠣᠨ ᠤ ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠶᠢ ᠬᠡᠷᠡᠭᠵᠢᠭᠦᠯᠵᠦ᠂ 1.5 ᠲᠦᠮᠡᠨ | ᠲᠡᠭᠰᠢ ᠳᠥᠷᠪᠡᠯᠵᠢᠨ ᠮᠧᠲᠷ ᠤᠨ 7 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠵᠠᠰᠠᠬᠤ ᠪᠠᠷ ᠲᠥᠯᠥᠪᠯᠡᠵᠦ᠂ | 31 ᠺᠢᠯᠣᠮᠧᠲᠷ ᠪᠣᠷᠣᠭᠠᠨ ᠤ ᠪᠣᠬᠢᠷᠲᠤᠯ ᠤᠨ ᠬᠤᠭᠤᠯᠠᠶ ᠶᠢᠨ ᠲᠣᠤᠷ ᠢ ᠳᠡᠪᠢᠰᠴᠦ᠂ ᠣᠯᠠᠨ ᠲᠦᠮᠡᠨ ᠤ ᠣᠷᠣᠰᠢᠨ | ᠰᠠᠭᠤᠬᠤ ᠳᠤ ᠲᠣᠬᠢᠷᠠᠮᠵᠢᠲᠠᠶ ᠵᠢᠭᠠᠯᠲᠠ ᠲᠤᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠤᠶᠤᠨᠲᠤ ᠤᠰᠤᠨ ᠤ | ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠵᠦ᠂ ᠤᠰᠤ ᠬᠠᠩᠭᠠᠬᠤ ᠬᠤᠭᠤᠯᠠᠶ ᠶᠢᠨ ᠲᠣᠤᠷ ᠢ 43 ᠺᠢᠯᠣᠮᠧᠲᠷ | ᠥᠷᠭᠡᠳᠬᠡᠨ ᠪᠠᠶᠢᠭᠤᠯᠵᠤ᠂ 8000 ᠤᠰᠤᠨ ᠤ ᠬᠡᠮᠵᠢᠭᠦᠷ ᠢ ᠰᠣᠯᠢᠪᠠ᠃ ᠰᠢᠨ᠎ᠡ ᠡᠨᠧᠷᠭᠢ ᠶᠢᠨ ᠰᠤᠷᠪᠤᠯᠵᠢ | ᠬᠡᠷᠡᠭᠯᠡᠬᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠱᠣᠩ ᠢ 50 ᠪᠠᠶᠢᠭᠤᠯᠬᠤ ᠪᠠᠷ ᠴᠢᠷᠮᠠᠶᠢᠵᠤ᠂ ᠴᠠᠬᠢᠯᠭᠠᠨ | ᠴᠡᠨᠡᠭᠯᠡᠬᠦ ᠬᠦᠴᠢᠷ ᠠᠰᠠᠭᠤᠳᠠᠯ ᠢ ᠦᠨᠡᠨ ᠬᠦ ᠰᠢᠢᠳᠪᠤᠷᠢᠯᠡᠨ᠎ᠡ᠃ ᠠᠭᠠᠷ ᠤᠨ ᠠᠶᠠᠯᠠᠯ ᠤᠨ ᠤᠢ ᠰᠢᠭᠤᠶ | ᠬᠠᠮᠠᠭᠠᠯᠠᠬᠤ ᠥᠷᠳᠡᠭᠡ ᠶᠢ ᠠᠵᠢᠯ ᠡᠬᠢᠯᠡᠭᠦᠯᠦᠨ ᠪᠥᠳᠥᠭᠡᠨ ᠪᠠᠶᠢᠭᠤᠯᠵᠤ᠂ ᠬᠠᠭᠤᠴᠢᠨ ᠬᠥᠬᠡᠬᠤᠲᠠ ᠶᠢᠨ | ᠯᠢᠶᠠᠩᠴᠧᠩᠡᠴᠠ ᠶᠠᠩ ᠱᠤ ᠸᠠᠨ ᠬᠥᠷᠬᠦ ᠬᠡᠰᠡᠭ ᠢ ᠰᠡᠯᠪᠢᠨ ᠵᠠᠰᠠᠬᠤ ᠶᠢ ᠪᠡᠶᠡᠯᠡᠭᠦᠯᠵᠦ᠂ ᠡᠮᠦᠨ᠎ᠡ ᠶᠡᠭᠡ | ᠵᠡᠭᠡᠯᠢ ᠶᠢᠨ 4 ᠵᠤᠷᠪᠤᠰ ᠵᠠᠮ ᠶᠢ ᠥᠷᠭᠡᠳᠬᠡᠨ ᠵᠠᠰᠠᠵᠤ᠂ ᠤᠯᠠᠨ ᠲᠦᠮᠡᠨ ᠢ ᠶᠠᠪᠤᠵᠤ ᠰᠠᠭᠤᠬᠤ ᠲᠤ | ᠲᠠᠭᠠᠰᠢᠶᠠᠭᠳᠠᠭᠰᠠᠨ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠦᠨ᠎ᠡ᠃ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ | ᠬᠦᠷᠢᠶᠡᠨ ᠳᠠᠬᠢ ︽ᠭᠤᠷᠪᠠᠨ ᠪᠡᠷᠬᠡ︾ ᠶᠢᠨ ᠠᠰᠠᠭᠤᠳᠠᠯ ᠢ ᠪᠦᠬᠦ ᠬᠦᠴᠦᠨ ᠠᠭᠤᠴᠢᠯᠠᠬᠤ ᠥᠬᠡᠶ ᠣᠪᠣᠷ ᠢᠶᠠᠷ | ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠬᠠᠤᠯᠢ ᠠᠴᠠ ᠵᠥᠷᠢᠴᠡᠨ ᠭᠠᠵᠠᠷ ᠡᠵᠡᠯᠡᠭᠰᠡᠨ | ᠦᠢᠯᠡᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠦᠢᠯᠪᠤᠷᠢᠲᠠᠶ ᠴᠡᠭᠴᠡᠯᠡᠨ ᠵᠠᠰᠠᠨ᠎ᠠ᠃ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠦᠷᠦᠩᠭᠡ ᠪᠠ ᠤᠢ ᠮᠣᠳᠣᠨ ᠤ ᠡᠷᠬᠡ ᠶᠢᠨ ᠦᠨᠡᠮᠯᠡᠯ ᠢ ᠬᠢᠨᠠᠨ ᠪᠠᠶᠢᠴᠠᠭᠠᠵᠤ ᠳᠠᠩᠰᠠᠯᠠᠵᠤ | ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠡᠮᠬᠢ ᠵᠢᠷᠤᠮ ᠲᠠᠢ ᠶᠠᠪᠤᠭᠳᠠᠭᠤᠯᠤᠨ᠎ᠠ᠃ | ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠶᠠᠰᠤ ᠴᠢᠨᠠᠷ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ | ᠪᠠᠲᠤᠯᠠᠭ᠎ᠠ ᠶᠢ ᠴᠢᠩᠭᠠᠳᠬᠠᠨ᠎ᠠ᠃ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ | ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠲᠠᠢ ᠤᠶᠠᠯᠳᠤᠭᠤᠯᠤᠨ᠂ ᠠᠷᠠᠳ ᠤᠨ ᠠᠮᠢᠳᠤᠷᠠᠯ ᠤᠨ 7 | ᠵᠦᠢᠯ ᠤᠨ ᠪᠣᠳᠠᠲᠤ ᠶᠠᠪᠤᠳᠠᠯ ᠢ ᠴᠢᠷᠮᠠᠶᠢᠨ ᠰᠠᠶᠢᠲᠤᠷ ᠬᠢᠪᠡ᠃ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠠᠵᠢᠯ ᠮᠡᠷᠭᠡᠵᠢᠯ ᠤᠨ ᠵᠢᠯᠤᠭᠤᠳᠤᠯᠭ᠎ᠠ᠂ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠦᠢᠯᠡᠴᠢᠯᠡᠭᠡ ᠶᠢ ᠨᠠᠷᠢᠯᠢᠭ ᠣᠨᠣᠴᠠᠲᠠᠶ ᠪᠠᠷ ᠰᠠᠶᠢᠲᠤᠷ ᠬᠢᠵᠦ᠂ ᠤᠯᠠᠨ | ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠤᠯᠬᠤ ᠶᠢ ᠠᠬᠢᠭᠤᠯᠵᠤ᠂ ᠬᠤᠳᠠ ᠪᠠᠯᠭᠠᠰᠤᠨ ᠤ 500 ᠬᠥᠮᠦᠨ ᠳᠤ | ᠰᠢᠨ᠎ᠡ ᠪᠠᠷ ᠠᠵᠢᠯ ᠣᠯᠭᠤᠵᠤ᠂ ︽ᠠᠵᠢᠯ ᠣᠯᠤᠭᠰᠠᠳ ᠦᠭᠡᠢ︾ ᠭᠡᠷ ᠪᠦᠯᠢ ᠶᠢ ᠬᠥᠳᠡᠯᠦᠩᠭᠦᠶ ᠪᠠᠷ ᠴᠡᠪᠡᠷᠯᠡᠬᠦ ᠶᠢ | ᠦᠨᠡᠨ ᠬᠦ ᠪᠠᠲᠤᠯᠠᠨ᠎ᠠ᠃ ᠥᠷᠢ ᠥᠭᠴᠡᠭᠡ ᠶᠢ ᠵᠠᠰᠠᠵᠤ ᠵᠠᠷᠤᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠡᠯ᠎ᠡ | ᠲᠦᠷᠦᠯ ᠤᠨ ᠠᠵᠢᠯ ᠣᠯᠭᠤᠯᠲᠠ ᠶᠢᠨ ᠬᠠᠮᠲᠤᠯᠢᠭ ᠤᠨ ᠬᠠᠤᠯᠢ ᠶᠣᠰᠣᠨ ᠤ ᠡᠷᠬᠡ ᠂ ᠬᠤᠳᠠ ᠪᠠᠯᠭᠠᠰᠤᠨ ᠤ ᠠᠵᠤ | ᠠᠬᠤᠶᠢᠯᠠᠯ ᠤᠨ ᠠᠵᠢᠯᠳᠠᠨ ᠠᠵᠢᠯᠴᠢᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠳᠠᠭᠠᠳᠬᠠᠯ ᠤᠨ ᠬᠡᠪᠴᠢᠶ᠎ᠡ ᠶᠢ ︽ᠦᠨᠳᠦᠰᠦᠨ ᠡᠮᠴᠢᠯᠡᠭᠡ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ | ᠠᠪᠤᠷᠠᠨ ᠲᠤᠰᠠᠯᠠᠯᠲᠠ︾ ᠶᠢᠨ ᠭᠤᠷᠪᠠᠨ ᠳᠠᠪᠬᠤᠷ ᠪᠠᠲᠤᠯᠠᠭ᠎ᠠ ᠶᠢᠨ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ | ᠣᠷᠣᠰᠢᠭᠤᠯᠭ᠎ᠠ ᠶᠢᠨ ᠭᠠᠵᠠᠷ ᠪᠣᠯᠤᠨ 13 ᠰᠢᠶᠠᠨ ᠰᠢᠶᠠᠩ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠨᠡᠶᠢᠲᠡ ᠶᠢᠨ ᠣᠩᠭᠤᠨ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠤᠨ᠎ᠠ᠃ ᠤᠯᠠᠨ ᠨᠡᠶᠢᠲᠡ ᠶᠢᠨ | ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠵᠢᠯ ᠤᠨ ᠳᠣᠲᠣᠷ᠎ᠠ ᠳᠥᠷᠪᠡᠨ ᠨᠢᠯᠬ᠎ᠠ᠂ ᠲᠠᠪᠤᠨ ᠨᠢᠯᠬ᠎ᠠ ᠶᠢ | ᠠᠰᠢᠭᠯᠠᠯᠲᠠ ᠳᠤ ᠣᠷᠣᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ | ᠲᠦᠭᠡᠮᠡᠯ ᠬᠠᠷᠠᠭᠠᠯᠵᠠᠯ ᠢ ᠦᠨᠡᠯᠡᠨ ᠵᠢᠱᠢᠬᠦ ᠠᠵᠢᠯ ᠢ ᠰᠢᠯᠭᠠᠨ ᠠᠪᠬᠤ ᠳᠤ ᠬᠢᠷᠢ ᠲᠡᠩᠴᠡᠭᠦᠯᠦᠨ᠎ᠡ᠃ ︽ᠬᠤᠶᠠᠷ ᠢ | ᠪᠠᠭᠠᠰᠬᠠᠬᠤ︾ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ︽ᠲᠠᠪᠤᠨ | ᠵᠦᠢᠯ ᠤᠨ ᠬᠠᠮᠢᠶᠠᠷᠤᠯᠲᠠ︾ ᠶᠢ ᠭᠦᠨᠵᠡᠭᠡᠶᠢᠷᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠤᠲᠠ | ᠬᠥᠳᠡᠭᠡ ᠶᠢ ᠨᠢᠭᠡ ᠴᠤᠭᠴᠠᠵᠢᠭᠤᠯᠤᠨ ᠴᠢᠨᠠᠷ ᠰᠠᠶᠢᠲᠠᠶ ᠬᠥᠭᠵᠢᠭᠦᠯᠬᠦ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ | ᠠᠯᠪᠠᠨ ᠠᠴᠠ ᠡᠷᠭᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠣᠨᠴᠠᠯᠢᠬᠵᠢᠭᠤᠯᠤᠭᠰᠠᠨ ᠰᠤᠷᠭᠠᠭᠤᠯᠢ | ᠡᠷᠭᠢᠯᠡᠬᠦ ᠪᠠᠲᠤᠯᠠᠭ᠎ᠠ ᠶᠢ ᠴᠢᠩᠭᠠᠷᠠᠭᠤᠯᠤᠨ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠮᠥᠰᠥ ᠴᠠᠰᠤ ᠪᠠ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠨᠠᠷᠠᠲᠤ ᠲᠦᠷᠦᠯ ᠂ ᠪᠡᠭᠡᠵᠢᠩ | ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠠᠰᠢᠭᠯᠠᠨ᠂ ᠪᠠᠭᠰᠢ ᠶᠢᠨ ᠴᠢᠳᠠᠪᠤᠷᠢ ᠶᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ | ᠪᠠ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠳᠥᠷᠪᠡᠳᠡᠬᠢ ᠡᠭᠡᠯᠵᠢ ᠶᠢᠨ ᠰᠤᠷᠭᠠᠭᠤᠯᠢ ᠶᠢᠨ ᠬᠦᠷᠢᠶᠡᠨ ᠤ ᠳᠠᠷᠤᠭ᠎ᠠ ᠶᠢ ᠤᠷᠢᠨ ᠲᠣᠮᠢᠯᠠᠬᠤ ᠠᠵᠢᠯ ᠢ | ᠰᠠᠶᠢᠲᠤᠷ ᠬᠢᠨ᠎ᠠ᠃ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ | ᠵᠢᠷᠤᠮᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠬᠤᠭᠤᠴᠠᠭᠠᠨ ᠳᠠᠬᠢ ᠠᠷᠠᠳ ᠠᠴᠠ | ᠡᠷᠭᠢᠯᠡᠭᠰᠡᠨ ᠰᠤᠷᠭᠠᠭᠤᠯᠢ ᠶᠢᠨ ᠰᠣᠷᠣᠭᠴᠢ ᠶᠢᠨ ᠲᠤᠭ᠎ᠠ ᠶᠢ ᠵᠢᠰᠢᠨ᠎ᠡ᠃ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ | ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠵᠡᠷᠭᠡᠪᠡᠷ ᠰᠡᠷᠭᠡᠶᠢᠯᠡᠵᠦ ᠵᠡᠷᠭᠡᠪᠡᠷ ᠪᠠᠶᠢᠴᠠᠭᠠᠬᠤ ᠶᠢ | ᠨᠠᠶᠢᠳᠠᠪᠤᠷᠢᠵᠢᠭᠤᠯᠤᠨ᠂ ᠪᠢᠲᠡᠭᠦᠮᠵᠢᠯᠡᠨ ᠡᠵᠡᠮᠳᠡᠬᠦ ᠴᠠᠭᠠᠷᠢᠭ᠂ ᠬᠠᠮᠢᠶᠠᠷᠤᠨ ᠡᠵᠡᠮᠳᠡᠬᠦ ᠴᠠᠭᠠᠷᠢᠭ᠂ ᠰᠡᠷᠭᠡᠶᠢᠯᠡᠬᠦ | ᠴᠠᠭᠠᠷᠢᠭ ᠵᠡᠷᠭᠡ ︽ᠭᠤᠷᠪᠠᠨ ᠴᠠᠭᠠᠷᠢᠭ︾ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ | ᠪᠣᠳᠠᠲᠤ ᠰᠣᠷᠢᠯᠲᠠ ᠶᠢ ᠰᠠᠶᠢᠲᠤᠷ ᠬᠢᠵᠦ᠂ ᠸᠠᠺᠼᠢᠨ ᠤ ᠲᠠᠷᠢᠯᠭ᠎ᠠ᠂ ᠬᠤᠪᠢ ᠬᠥᠮᠦᠨ ᠤ ᠬᠠᠮᠠᠭᠠᠯᠠᠯᠲᠠ᠂ ᠣᠯᠠᠨ | ᠨᠡᠶᠢᠲᠡ ᠶᠢᠨ ᠲᠠᠯᠠᠪᠤᠷ᠂ ᠭᠤᠤᠯᠳᠠᠯᠭ᠎ᠠ ᠲᠠᠢ ᠬᠥᠮᠦᠰ ᠤᠨ ︽ᠳᠥᠷᠪᠡᠨ ᠬᠠᠯᠬᠠᠪᠴᠢ︾ ᠶᠢ ᠪᠥᠬᠦ | ᠬᠦᠴᠦᠨ ᠢᠶᠠᠷ ᠢᠶᠠᠨ ᠪᠠᠬᠢᠵᠢᠭᠦᠯᠦᠨ᠎ᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠴᠢᠳᠠᠪᠤᠷᠢ | ᠪᠠ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠱᠠᠳᠤ ᠬᠤᠪᠢᠶᠠᠨ | ᠣᠨᠣᠰᠢᠯᠠᠨ ᠡᠮᠨᠡᠬᠦ ᠪᠠ ᠰᠡᠷᠭᠡᠶᠢᠯᠡᠬᠦ ᠶᠢ ᠤᠶᠠᠯᠳᠤᠭᠤᠯᠬᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠵᠢᠯ ᠤᠨ | ᠳᠣᠲᠣᠷ᠎ᠠ ᠰᠢᠶᠠᠨ ᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠠᠰᠠᠷ᠂ ᠵᠡᠮᠳᠡᠭᠴᠦᠳ ᠤᠨ | ᠡᠷᠡᠭᠦᠯᠵᠢᠯ ᠤᠨ ᠲᠥᠪ᠂ ᠮᠡᠳᠡᠷᠡᠯ ᠤᠨ ᠡᠪᠡᠳᠴᠢᠨ ᠤ ᠡᠷᠡᠭᠦᠯᠵᠢᠯ ᠤᠨ ᠲᠥᠪ ᠢ ᠪᠠᠶᠢᠭᠤᠯᠵᠤ ᠠᠰᠢᠭᠯᠠᠯᠲᠠ ᠳᠤ | ᠣᠷᠣᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠲᠦᠷᠭᠡᠨ ᠬᠥᠭᠵᠢᠯᠲᠡ ᠶᠢ ᠠᠬᠢᠭᠤᠯᠵᠤ᠂ ᠡᠨᠡ ᠵᠢᠯ ᠤᠨ | ᠳᠣᠲᠣᠷ᠎ᠠ 80% ᠠᠴᠠ ᠳᠡᠭᠡᠭᠰᠢᠬᠢ ᠨᠡᠶᠢᠭᠡᠮ ᠲᠣᠭᠤᠷᠢᠭ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ | ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠬᠢᠲᠠᠳ ᠡᠮᠨᠡᠯᠭᠡ ᠶᠢᠨ ᠣᠷᠳᠣᠨ ᠪᠣᠯᠭᠠᠨ | ᠪᠠᠶᠢᠭᠤᠯᠤᠨ᠎ᠠ᠃ | ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠠᠮᠤᠷ ᠠᠮᠤᠭᠤᠯᠠᠩ ᠬᠤᠳᠠ ᠶᠢᠨ ︽ᠭᠡᠭᠡᠨ ᠰᠠᠷᠠᠭᠤᠯ ᠢᠨᠵᠧᠨᠧᠷᠢᠩ︾ ᠢ | ᠬᠡᠷᠡᠭᠵᠢᠭᠦᠯᠵᠦ᠂ ᠴᠠᠬᠢᠯᠭᠠᠨ ᠬᠤᠯᠪᠣᠭᠠᠨ ᠤ ᠮᠡᠬᠡᠯᠡᠯ ᠵᠡᠷᠭᠡ ᠰᠢᠨ᠎ᠡ ᠬᠡᠯᠪᠡᠷᠢ ᠶᠢᠨ ᠰᠦᠯᠵᠢᠶᠡᠨ ᠤ ᠶᠠᠯᠠᠲᠤ | ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠴᠣᠬᠢᠯᠲᠠ ᠥᠭᠬᠦ ᠰᠡᠷᠭᠡᠶᠢᠯᠡᠬᠦ ᠬᠠᠮᠢᠶᠠᠷᠬᠤ ᠡᠵᠡᠮᠳᠡᠬᠦ ᠪᠦᠬᠦᠯᠢ | ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠠᠮᠤᠷ ᠲᠦᠪᠰᠢᠨ ᠤ ᠰᠡᠳᠬᠢᠯᠭᠡ ᠪᠠ | ᠬᠠᠨᠤᠮᠵᠢ ᠶᠢᠨ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ ᠨᠡᠶᠢᠭᠡᠮ ᠤᠨ ᠵᠥᠷᠢᠴᠡᠯ ᠢ | ᠵᠢᠭᠰᠠᠭᠠᠨ ᠪᠠᠶᠢᠴᠠᠭᠠᠬᠤ ᠪᠠ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠠᠵᠢᠯ ᠢ | ᠦᠷᠭᠦᠯᠵᠢᠯᠡᠨ ᠰᠠᠶᠢᠲᠤᠷ ᠠᠳᠬᠤᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ | ᠬᠠᠤᠯᠢ ᠶᠣᠰᠣᠭᠠᠷ ᠴᠣᠬᠢᠯᠲᠠ ᠥᠭᠭᠦᠨ᠎ᠡ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶᠡᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠶᠤᠯᠭᠦᠶ ᠶᠢᠨ | ᠰᠡᠷᠭᠡᠶᠢᠯᠡᠯᠲᠡ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠲᠦᠷᠢᠮ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠤᠯᠠᠮ ᠨᠢᠭᠡ ᠪᠠᠳᠤᠵᠢᠭᠤᠯᠤᠨ᠎ᠠ᠃ | ᠲᠠᠪᠤ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ | ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠠᠶᠢᠭᠤᠯᠬᠤ ᠳᠡᠭᠡᠷ᠎ᠡ ᠳᠠᠬᠢᠨᠲᠠ ᠬᠦᠴᠦᠯᠡᠬᠦ ᠬᠡᠷᠡᠭᠲᠡᠢ | ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠦᠨᠡᠨᠴᠢ ᠰᠢᠳᠤᠷᠭᠤ ᠵᠠᠰᠠᠭ ᠤᠨ ᠣᠷᠳᠣᠨ ᠢ | ᠪᠠᠶᠢᠭᠤᠯᠤᠨ᠎ᠠ᠃ ︽ᠬᠤᠶᠠᠷ ᠢ ᠲᠣᠭᠲᠠᠭᠠᠬᠤ︾ ᠶᠢᠨ ᠰᠢᠢᠳᠪᠤᠷᠢᠯᠡᠭᠴᠢ ᠠᠴᠢ ᠬᠤᠯᠪᠣᠭᠳᠠᠯ ᠢ ᠭᠦᠨᠵᠡᠭᠡᠶ | ᠣᠶᠢᠯᠠᠭᠠᠵᠤ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠲᠠᠨᠢᠵᠤ᠂ | ᠠᠵᠢᠯ ᠢᠶᠠᠨ ᠠᠬᠢᠭᠤᠯᠬᠤ ᠳᠠᠭᠠᠨ ᠴᠢᠳᠠᠮᠠᠭᠠᠢ ᠪᠠᠶᠢᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ | ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢ᠊ ᠡᠶ᠎ᠡ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠬᠤ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ | ᠲᠦᠷᠢᠮ ᠢ ᠴᠢᠩᠭ᠎ᠠ ᠰᠠᠬᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠵᠢᠴᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ ᠪᠠᠷ ᠨᠠᠮ ᠳᠠᠭᠠᠨ | ᠲᠦᠢᠯ ᠤᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠴᠢᠨᠠᠷ ᠢ ᠲᠠᠶᠢᠯᠪᠤᠷᠢᠯᠠᠨ᠎ᠠ᠃ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠶᠣᠰᠣ ᠲᠦᠷᠢᠮ ᠢ ᠰᠠᠬᠢᠵᠤ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ | ᠭᠦᠨᠵᠡᠭᠡᠶ ᠲᠤᠤᠱᠯᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠷᠬᠡᠪᠰᠢ ᠭᠦᠢᠴᠡᠳᠬᠡᠬᠦ᠂ ᠬᠠᠤᠯᠢ ᠠᠴᠠ ᠡᠷᠬᠡ | ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ︽ᠭᠤᠷᠪᠠᠨ ᠴᠢᠬᠤᠯᠠ ᠨᠢᠭᠡ ᠶᠡᠭᠡ︾ | ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠳᠤ ᠪᠤᠳᠤᠯᠭ᠎ᠠ | ᠲᠣᠭᠲᠠᠭᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠰᠢᠢᠳᠪᠤᠷᠢᠳᠤ | ᠪᠤᠳᠤᠯᠭ᠎ᠠ ᠨᠢ ᠬᠠᠤᠯᠢ ᠪᠠᠷ ᠵᠠᠰᠠᠬᠤ ᠶᠢᠨ ᠪᠣᠳᠣᠯᠬᠢᠯᠠᠯ ᠢ ᠳᠠᠭᠠᠭᠠᠵᠤ᠂ ᠠᠷᠠᠳ ᠤᠨ ᠰᠠᠨᠠᠭᠠᠨ ᠤ ᠬᠠᠨᠳᠤᠰᠢ ᠶᠢ | ᠢᠯᠡᠷᠡᠭᠦᠯᠬᠦ ᠶᠢ ᠦᠨᠡᠨ ᠬᠦ ᠪᠠᠲᠤᠯᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠷᠭᠦᠯᠵᠢᠯᠡᠨ ᠲᠦᠯᠬᠢᠨ | ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠡᠷᠬᠡ ᠶᠢ ᠢᠯᠡ ᠪᠠᠷ ᠥᠨᠳᠥᠷ ᠪᠦᠲᠦᠮᠵᠢᠲᠡᠶ ᠪᠠᠷ ᠠᠵᠢᠯᠯᠠᠭᠤᠯᠤᠨ᠎ᠠ᠃ | ᠡᠭᠦᠷᠭᠡᠯᠡᠨ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠣᠯᠵᠤ᠂ ᠦᠢᠯᠡᠰ ᠪᠦᠲᠦᠭᠡᠯ ᠲᠠᠢ | ᠵᠠᠰᠠᠭ ᠤᠨ ᠣᠷᠳᠣᠨ ᠢ ᠪᠠᠶᠢᠭᠤᠯᠤᠨ᠎ᠠ᠃ ︽ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ︾ ᠶᠢ ᠢᠮᠠᠭᠲᠠ | ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ | ᠠᠷᠠᠳ ᠤᠯᠠᠨ ᠤ ᠬᠠᠯᠠᠮᠵᠢᠯᠠᠨ ᠠᠩᠬᠠᠷᠴᠤ ᠪᠠᠶᠢᠭ᠎ᠠ ᠬᠠᠯᠠᠭᠤᠨ ᠴᠡᠭ ᠤᠨ ᠪᠠ ᠬᠦᠴᠢᠷ ᠠᠰᠠᠭᠤᠳᠠᠯ ᠲᠠᠢ | ᠤᠶᠠᠯᠳᠤᠭᠤᠯᠤᠨ᠂ ᠵᠣᠷᠢᠭᠲᠠᠶ ᠪᠠᠷ ᠳᠠᠷᠤᠯᠲᠠ ᠦᠵᠡᠭᠦᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ | ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠬᠦᠴᠦᠯᠡᠨ ᠴᠢᠷᠮᠠᠶᠢᠵᠤ ᠪᠠᠶᠢᠭᠠᠳ ᠠᠵᠢᠯ ᠦᠢᠯᠡᠰ ᠪᠦᠲᠦᠭᠡᠵᠦ᠂ ︽ | ᠲᠥᠯᠥᠪᠵᠢᠭᠦᠯᠭᠡ ᠶᠢᠨ ᠵᠢᠷᠤᠭ︾ ᠢ ︽ᠪᠠᠷᠢᠯᠭ᠎ᠠ ᠶᠢᠨ ᠵᠢᠷᠤᠭ︾ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ︽ | ᠴᠠᠭ ᠤᠨ ᠬᠦᠰᠦᠨᠦᠭᠲᠦ︾ ᠶᠢ ︽ᠲᠥᠯᠥᠪᠯᠡᠭᠡ ᠶᠢᠨ ᠬᠦᠰᠦᠨᠦᠭᠲᠦ︾ ᠪᠣᠯᠭᠠᠨ ᠬᠤᠪᠢᠷᠠᠭᠤᠯᠵᠤ᠂ ᠠᠤᠭ᠎ᠠ ᠶᠡᠭᠡ | ᠵᠢᠷᠤᠭ ᠲᠥᠰᠦᠪ ᠢ ᠰᠠᠶᠢᠨ ᠰᠠᠶᠢᠬᠠᠨ ᠪᠣᠳᠠᠲᠤ ᠠᠬᠤᠶ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠠᠵᠢᠯ ᠢ ᠦᠨᠡᠨ | ᠬᠦ ᠪᠣᠳᠠᠲᠤ ᠠᠮᠵᠢᠯᠲᠠ ᠪᠠᠷ ᠢᠶᠠᠨ ᠶᠠᠷᠢᠵᠤ᠂ ᠠᠷᠠᠳ ᠤᠯᠠᠨ ᠤ ᠵᠥᠪᠰᠢᠶᠡᠷᠡᠯ ᠢᠶᠠᠷ ᠶᠠᠷᠢᠬᠤ ᠶᠢ ᠪᠡᠶᠡᠯᠡᠭᠦᠯᠬᠦ ᠬᠡᠷᠡᠭᠲᠡᠶ | ᠃ | ᠠᠷᠢᠭᠤᠨ ᠴᠢᠬᠡᠴᠢ ᠪᠠᠷ ᠦᠯᠢᠭᠡᠷ ᠳᠠᠭᠤᠷᠢᠶᠠᠯ ᠪᠤᠯᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ | ᠪᠠᠶᠢᠭᠤᠯᠤᠨ᠎ᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ | ᠪᠠᠶᠢᠷᠢ ᠬᠤᠶᠠᠷ ᠬᠠᠷᠢᠭᠤᠴᠠᠯᠭ᠎ᠠ︾ ᠶᠢ ᠬᠢᠨᠠᠮᠠᠭᠠᠶ ᠭᠦᠢᠴᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠥᠬᠦᠷᠡᠰᠢ ᠦᠭᠡᠢ ᠰᠠᠶᠢᠲᠤᠷ | ᠠᠳᠬᠤᠨ᠎ᠠ᠃ ︽ᠮᠣᠷᠢ ᠡᠮᠡᠭᠡᠯ ᠠᠴᠠ ᠪᠠᠨ ᠰᠠᠯᠬᠤ ᠦᠭᠡᠢ᠂ ᠵᠢᠯᠣᠭᠤ ᠪᠠᠨ ᠲᠠᠯᠪᠢᠬᠤ ᠦᠭᠡᠢ︾ ᠲᠣᠭᠲᠠᠯ | ᠬᠦᠴᠦᠨ ᠢᠶᠠᠷ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ ᠤᠨ ᠠᠷᠬᠠᠭ ᠭᠡᠮ ᠢ ᠡᠷᠡᠰ ᠴᠡᠭᠴᠡᠯᠡᠨ ᠵᠠᠰᠠᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ᠂ ︽ᠡᠩ ᠤᠨ ᠴᠢᠨᠠᠷᠲᠠᠢ ᠵᠠᠷᠤᠯᠭ᠎ᠠ︾ | ᠶᠢ ᠶᠡᠬᠡᠪᠡᠷ ᠪᠠᠭᠠᠰᠬᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ ︽ | ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠴᠢᠩᠭ᠎ᠠ ᠪᠠᠲᠤᠯᠠᠵᠤ᠂ ᠵᠠᠰᠠᠭ ᠤᠨ ᠣᠷᠳᠣᠨ ᠤ ︽ᠭᠠᠮᠲᠠᠢ | ᠠᠮᠢᠳᠤᠷᠠᠯ︾ ᠢᠶᠠᠷ ᠤᠯᠠᠨ ᠲᠦᠮᠡᠨ ᠤ ︽ᠰᠠᠶᠢᠨ ᠠᠮᠢᠳᠤᠷᠠᠯ︾ ᠢ ᠰᠣᠯᠢᠵᠤ ᠠᠪᠤᠨ᠎ᠠ᠃ | ᠲᠥᠯᠥᠭᠡᠯᠡᠭᠴᠢᠳ ᠡ︕ ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠬᠠᠷᠢᠭᠤᠴᠠᠯᠭ᠎ᠠ ᠣᠯᠭᠤᠵᠤ᠂ ᠰᠢᠨ᠎ᠡ | ᠠᠶᠠᠨ ᠵᠠᠮ ᠨᠢ ᠰᠢᠨ᠎ᠡ ᠵᠢᠳᠬᠦᠯ ᠴᠢᠷᠮᠠᠶᠢᠯᠭ᠎ᠠ ᠶᠢ ᠬᠥᠭᠵᠢᠭᠡᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ | ᠬᠤᠷᠢᠶ᠎ᠠ ᠂ ᠬᠤᠳᠠ ᠶᠢᠨ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠴᠤᠭ ᠪᠠᠳᠠᠷᠠᠩᠭᠤᠢ ᠤᠷᠤᠭᠰᠢᠯᠠᠨ ᠲᠠᠪᠰᠢᠬᠤ ᠤᠶᠤᠨ ᠰᠠᠨᠠᠭᠠᠨ ᠤ ᠳᠦᠷᠰᠦ | ᠪᠠᠶᠢᠳᠠᠯ ᠢᠶᠠᠷ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ ᠢᠶᠠᠷ᠂ ᠤᠯᠠᠨ ᠤ ᠵᠣᠷᠢᠭ ᠢᠶᠠᠷ ᠬᠦᠴᠦ ᠪᠠᠨ | ᠬᠠᠮᠲᠤᠳᠬᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢᠶᠠᠷ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ | ᠯᠢᠶᠠᠩᠴᠧᠩ ᠰᠢᠶᠠᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠦ᠂ ᠰᠢᠯᠢᠳᠡᠭ | ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︕ |