ᠪᠥᠬᠦ ᠬᠤᠲᠠ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠰᠣᠯᠢᠯᠴᠠᠭᠠᠨ ᠤ ᠶᠠᠷᠢᠯᠴᠠᠬᠤ ᠬᠤᠷᠠᠯ ᠵᠢᠴᠢ ᠬᠠᠮᠲᠤᠷᠠᠭᠰᠠᠨ ᠭᠤᠤᠯ ᠰᠡᠳᠦᠪᠲᠦ ᠨᠠᠮ ᠡᠪᠯᠡᠯ ᠤᠨ ᠡᠳᠦᠷ ᠤᠨ ᠠᠵᠢᠯᠯᠠᠭ᠎ᠠ ᠮᠠᠨ ᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2022/7/6
  7 ᠰᠠᠷ᠎ᠠ ᠶᠢᠨ 5 ᠤ ᠡᠳᠦᠷ᠂ ᠤᠯᠠᠭᠠᠨᠴᠠᠪ ᠤᠨ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠮᠵᠢ ᠶᠢᠨ 2022 ᠣᠨ ᠤ ᠠᠩᠬᠠᠳᠤᠭᠠᠷ ᠤᠳᠠᠭ᠎ᠠ ᠶᠢᠨ ᠲᠤᠬᠠᠶᠢᠯᠠᠭᠰᠠᠨ ᠠᠵᠢᠯ ᠤᠨ ᠰᠣᠯᠢᠯᠴᠠᠭᠠᠨ ᠤ ᠶᠠᠷᠢᠯᠴᠠᠬᠤ ᠬᠤᠷᠠᠯ ᠵᠢᠴᠢ ᠬᠠᠮᠲᠤᠷᠠᠭᠰᠠᠨ ᠭᠤᠤᠯ ᠰᠡᠳᠦᠪᠲᠦ ᠨᠠᠮ ᠡᠪᠯᠡᠯ ᠤᠨ ᠡᠳᠦᠷ ᠤᠨ ᠠᠵᠢᠯᠯᠠᠭ᠎ᠠ ᠯᠢᠶᠠᠩᠴᠧᠩ ᠰᠢᠶᠠᠨ ᠳᠤ ᠶᠠᠪᠤᠭᠳᠠᠪᠠ᠃ ᠤᠯᠠᠭᠠᠨᠴᠠᠪ ᠬᠤᠲᠠ ᠶᠢᠨ 11 ᠬᠥᠳᠡᠭᠡ ᠲᠣᠰᠬᠤᠨ ᠤ ᠢᠲᠡᠭᠡᠮᠵᠢ ᠶᠢᠨ ᠪᠠᠶᠢᠭᠤᠯᠤᠮᠵᠢ ᠶᠢᠨ ᠤᠳᠤᠷᠢᠳᠤᠯᠭ᠎ᠠ ᠵᠢᠴᠢ ᠡᠯ᠎ᠡ ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢᠨ ᠳᠤᠮᠳᠠ ᠳᠠᠪᠬᠤᠷᠭ᠎ᠠ ᠶᠢᠨ ᠺᠠᠳ᠋ᠷᠴᠤᠳ ᠤᠨ ᠲᠥᠯᠥᠭᠡᠯᠡᠭᠴᠢ ᠶᠠᠷᠢᠯᠴᠠᠬᠤ ᠬᠤᠷᠠᠯ ᠪᠠ ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠠᠲᠤ ᠬᠤᠷᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ᠂ ᠤᠯᠠᠭᠠᠨᠴᠠᠪ ᠬᠤᠳᠠ ᠳᠤ ᠰᠠᠭᠤᠭ᠎ᠠ ᠠᠶᠤᠯ ᠲᠦᠭᠰᠢᠭᠦᠷᠢ ᠶᠢ ᠰᠡᠷᠭᠡᠶᠢᠯᠡᠨ ᠬᠥᠭᠵᠢᠯᠲᠡ ᠶᠢ ᠠᠬᠢᠭᠤᠯᠬᠤ ᠠᠵᠢᠯ ᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠦ ᠰᠢᠶᠤᠤ ᠳ᠋ᠦᠩ ᠨᠡᠷ ᠮᠣᠷᠢᠯᠠᠨ ᠰᠠᠭᠠᠲᠠᠵᠤ ᠵᠢᠭᠠᠨ ᠵᠢᠯᠣᠭᠤᠳᠴᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᡂᠢ ᠵᠢᠶᠠᠨ ᠹᠧᠩ ᠶᠠᠷᠢᠯᠴᠠᠬᠤ ᠬᠤᠷᠠᠯ ᠳᠤ ᠣᠷᠣᠯᠴᠠᠪᠠ᠃
        ᠶᠠᠷᠢᠯᠴᠠᠬᠤ ᠬᠤᠷᠠᠯ ᠳᠡᠭᠡᠷ᠎ᠡ᠂ ᠪᠥᠬᠦ ᠬᠤᠲᠠ ᠶᠢᠨ 11 ᠬᠥᠳᠡᠭᠡ ᠲᠣᠰᠬᠤᠨ ᠤ ᠢᠲᠡᠭᠡᠮᠵᠢ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠣᠰ ᠲᠣᠰ ᠬᠠᠪᠤᠷ ᠤᠨ ᠠᠵᠢᠯᠯᠠᠭᠠᠨ ᠤ ᠲᠥᠯᠥᠪᠯᠡᠭᠡ ᠶᠢ ᠪᠡᠶᠡᠯᠡᠭᠦᠯᠦᠭᠰᠡᠨ ᠪᠠᠶᠢᠳᠠᠯ ᠂ ᠰᠦᠯᠵᠢᠶᠡᠨ ᠤ ᠮᠥᠩᠭᠦᠨ  ᠭᠦᠢᠯᠭᠡᠭᠡᠨ ᠤ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠪᠠᠶᠢᠳᠠᠯ᠂ ᠵᠢᠭᠡᠯᠡᠯᠭᠡ ᠳᠥᠯᠥᠬᠦ ᠡᠳ᠋ ᠬᠥᠷᠥᠩᠭᠡ ᠶᠢ  ᠰᠢᠢᠳᠪᠤᠷᠢᠯᠡᠭᠰᠡᠨ ᠪᠠᠶᠢᠳᠠᠯ ᠵᠢᠴᠢ ᠢᠲᠡᠭᠡᠮᠵᠢᠲᠦ ᠵᠢᠭᠡᠯᠡᠯᠭᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠵᠡᠷᠭᠡ ᠶᠢᠨ ᠲᠣᠭᠤᠷᠢᠨ ᠳᠤ ᠶᠠᠷᠢᠯᠴᠠᠭ᠎ᠠ ᠥᠷᠨᠢᠭᠦᠯᠦᠭᠰᠡᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠰᠣᠯᠢᠯᠴᠠᠭ᠎ᠠ ᠪᠠ ᠶᠠᠷᠢᠯᠴᠠᠭ᠎ᠠ ᠬᠢᠭᠰᠡᠨ ᠪᠠᠶᠢᠨ᠎ᠠ᠃ ᠬᠡᠷᠡᠭᠵᠢᠭᠦᠯᠬᠦ ᠴᠢᠨᠠᠷ ᠢᠶᠠᠷ ᠴᠢᠩᠭ᠎ᠠ ᠰᠠᠨᠠᠭᠤᠯᠭ᠎ᠠ ᠪᠠ ᠰᠠᠨᠠᠯ ᠳᠤᠷᠠᠳᠴᠤ᠂ ᠰᠣᠯᠢᠯᠴᠠᠭ᠎ᠠ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠬᠠᠮᠲᠤᠷᠠᠯᠴᠠᠭ᠎ᠠ ᠪᠠᠨ ᠠᠬᠢᠭᠤᠯᠵᠠᠶ᠃
       ‍ᠤᠤᠢ ᠵᠢᠶᠠᠨ  ᠹᠧᠩ ᠴᠢᠬᠤᠯᠠᠴᠢᠯᠠᠭᠰᠠᠨ ᠨᠢ᠂ ᠪᠥᠬᠦ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠰᠢᠰᠲ᠋ᠧᠮ ᠤᠨ ᠠᠵᠢᠯᠲᠠᠳ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠬ᠎ᠠ ᠳᠡᠭᠦᠤ ᠬᠤᠰᠢᠭᠤ ᠰᠢᠶᠠᠨ ᠤ ᠠᠵᠢᠯ ᠤᠨ ᠲᠤᠷᠰᠢᠯᠭ᠎ᠠ ᠶᠢ ᠰᠤᠷᠤᠯᠴᠠᠨ ᠯᠠᠪᠯᠠᠯᠲᠠ ᠪᠣᠯᠭᠠᠵᠤ᠂ ᠵᠣᠷᠢᠭ ᠰᠠᠨᠠᠭ᠎ᠠ ᠶᠢ ᠨᠢ ᠬᠥᠭᠵᠢᠭᠡᠨ᠂ ᠡᠷᠡᠮᠡᠬᠡᠶᠢᠯᠡᠨ ᠤᠷᠤᠭᠰᠢᠯᠠᠵᠤ᠂ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠳᠤ  ᠤᠶᠢᠯᠡᠴᠢᠯᠡᠬᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠲᠠᠯ᠎ᠠ ᠪᠠᠷ ᠰᠢᠶᠠᠨ ᠤ ᠬᠡᠪᠴᠢᠶᠡᠨ ᠤ ᠮᠥᠩᠭᠦᠨ ᠭᠦᠢᠯᠭᠡᠭᠡᠨ ᠤ ᠭᠤᠤᠯ ᠬᠦᠴᠦᠨ ᠤ ᠤᠶᠢᠯᠡᠳᠤᠯ ᠢ ᠭᠦᠢᠴᠡᠳ ᠪᠠᠳᠠᠷᠠᠭᠤᠯᠬᠤ ᠬᠡᠷᠡᠭᠲᠡᠶ   ᠭᠡᠪᠡ᠃
        ᠬᠤᠷᠠᠯ ᠳᠤ ᠣᠷᠣᠯᠴᠠᠭᠰᠠᠳ  ᠰᠦᠢ ᠮᠧᠩ ᠤᠨ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠳᠤ ︽ᠬᠤᠪᠢᠰᠬᠠᠯ ᠤᠨ ᠢᠷᠠᠭᠤ ᠠᠯᠳᠠᠷ ᠢ ᠲᠠᠬᠢᠨ ᠰᠠᠨᠠᠭᠠᠯᠵᠠᠵᠤ ᠡᠷᠡᠯᠬᠡᠭᠯᠡᠨ ᠤᠷᠤᠭᠰᠢᠯᠠᠬᠤ ᠬᠦᠴᠦᠨ ᠢ ᠬᠥᠭᠵᠢᠭᠡᠶ᠎ᠡ︾ ᠭᠡᠬᠦ ᠭᠤᠣᠯ ᠰᠡᠳᠦᠪᠲᠦ ᠨᠠᠮ ᠡᠪᠯᠡᠯ ᠤᠨ ᠡᠳᠦᠷ ᠤᠨ ᠬᠠᠮᠲᠤᠷᠠᠭᠰᠠᠨ ᠠᠵᠢᠯᠯᠠᠭ᠎ᠠ ᠥᠷᠨᠢᠭᠦᠯᠵᠦ᠂ ᠨᠢᠭᠡ ᠤᠳᠠᠭ᠎ᠠ ᠶᠢᠨ ᠭᠦᠨ ᠭᠦᠨᠵᠡᠭᠡᠢ ᠬᠤᠪᠢᠰᠬᠠᠯ ᠤᠨ ᠤᠯᠠᠮᠵᠢᠯᠠᠯ ᠤᠨ ᠬᠥᠮᠦᠵᠢᠯ ᠢ ᠪᠣᠳᠠᠲᠠᠢ ᠭᠠᠵᠠᠷ ᠲᠤᠨᠢ ᠬᠦᠷᠳᠡᠵᠤ᠂ ᠬᠤᠪᠢᠰᠬᠠᠯ ᠤᠨ ᠭᠧᠨ ᠢ ᠤᠯᠠᠮᠵᠢᠯᠠᠵᠤ᠂ ᠤᠷᠤᠭᠰᠢᠯᠠᠯᠲᠠ ᠶᠢᠨ ᠬᠦᠴᠦᠨ ᠢ ᠰᠢᠩᠭᠡᠭᠡᠨ ᠠᠪᠴᠠᠢ᠃                                          ᠨᠠᠶᠢᠷᠠᠭᠤᠯᠤᠭᠴᠢ᠄  ᠯᠢ ᠬᠤᠩ ᠢᠦᠢ                                            ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2