ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 7 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/6
  7 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢᠦ ᠶᠢᠨ ᠲᠤᠤ ᠰᠢᠶᠠᠨ ᠤ ᠨᠠᠮ ‍ᠤᠨ‌ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 7 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠰᠧᠴᠤᠸᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠵᠢᠶᠠᠨ ᠵᠢᠶᠦ᠋ᠨ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃
     ᠬᠤᠷᠠᠯ ᠠᠴᠠ ᠴᠢᠬᠤᠯᠠᠴᠢᠯᠠᠭᠰᠠᠨ ᠨᠢ    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠬᠦᠴᠦᠨ ᠢᠶᠠᠨ ᠲᠥᠪᠯᠡᠷᠡᠭᠦᠯᠦᠨ᠂ ᠡᠬᠢ ᠪᠠᠶᠠᠯᠢᠭ ᠢ ᠲᠥᠪᠯᠡᠷᠡᠭᠦᠯᠵᠦ᠂ ᠴᠢᠬᠤᠯᠠ ᠶᠡᠭᠡ ᠵᠦᠢᠯᠡᠰ ᠤᠨ ᠪᠦᠳᠦᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠴᠢᠩᠭᠠᠳᠬᠠᠵᠤ᠂ ᠠᠵᠤ ᠠᠬᠤᠶ ᠶᠢᠨ ᠶᠡᠭᠡ ᠪᠠᠶᠢᠳᠠᠯ ᠢ ᠡᠷᠡᠰ ᠲᠣᠭᠲᠠᠭᠤᠨ ᠪᠠᠶᠢᠯᠭᠠᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠲᠠᠷᠢᠶᠠᠯᠠᠩ᠂ ᠠᠮᠢ ᠠᠬᠤᠢ ᠶᠢᠨ ᠲᠠᠷᠢᠶᠠᠯᠠᠩ᠂ ᠥᠨᠳᠥᠷ ᠦᠷ᠎ᠡ ᠠᠰᠢᠭ ᠲᠠᠢ ᠲᠠᠷᠢᠶᠠᠯᠠᠩ ᠢ ᠢᠳᠡᠪᠬᠢᠲᠡᠢ ᠬᠥᠭᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠬᠦ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠢᠮᠠᠭᠲᠠ ᠪᠠᠷᠢᠮᠲᠠᠯᠠᠵᠤ᠂ ᠠᠷᠠᠳ ᠤᠯᠠᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ  ᠰᠢᠢᠳᠪᠤᠷᠢᠯᠡᠵᠦ᠂ ᠠᠵᠢᠯ ᠣᠯᠭᠤᠯᠲᠠ ᠶᠢᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠮᠠᠨ ᠤ ᠰᠢᠶᠠᠨ ᠤ ᠲᠡᠦᠬᠡ ᠰᠣᠶᠣᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠠᠰᠢᠭᠯᠠᠵᠤ᠂ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ  ᠭᠡᠵᠠᠢ᠃    ᠬᠤᠷᠠᠯ ᠤᠨ ᠱᠠᠭᠠᠷᠳᠠᠯᠭ᠎ᠠ    ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠶᠢᠨ ᠠᠵᠢᠯ ᠤᠨ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂  ᠲᠠᠭ᠎ᠠ ᠶᠢᠨ ᠨᠠᠭᠤᠷ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠮᠠᠨ ᠤ ᠰᠢᠶᠠᠨ ᠳᠤ ᠦᠨᠳᠦᠰᠦᠯᠡᠭᠦᠯᠵᠦ᠂ ᠴᠡᠴᠡᠭᠯᠡᠭᠦᠯᠦᠨ ᠵᠢᠮᠢᠰᠯᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠲᠦᠷᠦᠯ ᠤᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠬᠤ ᠶᠢ ᠴᠢᠬᠤᠯᠠᠴᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶ ᠲᠦᠯᠬᠢᠨ ᠠᠬᠢᠭᠤᠯᠵᠤ᠂ ᠠᠷᠠᠳ ᠨᠡᠶᠢᠲᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠬᠤᠶᠠᠷ ᠢ ᠬᠦᠷᠢᠶᠡᠯᠡᠬᠦ ᠵᠢᠱᠢᠶᠡᠴᠢ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ ᠴᠡᠷᠢᠭ ᠠᠴᠠ ᠬᠠᠯᠠᠭᠳᠠᠭᠰᠠᠳ ᠢ ᠬᠠᠷᠠᠭᠠᠯᠵᠠᠨ ᠲᠥᠪᠬᠢᠨᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠠᠷᠠᠳ ᠢᠶᠠᠷ ᠢᠶᠠᠨ ᠣᠷᠣᠯᠴᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ  ᠭᠡᠵᠠᠢ᠃    ᠬᠤᠷᠠᠯ ᠠᠴᠠ ᠪᠠᠰᠠ ᠰᠤᠳᠤᠯᠤᠨ ᠶᠠᠷᠢᠯᠴᠠᠵᠤ ᠰᠣᠯᠢᠯᠴᠠᠬᠤ᠂ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠬᠤ ᠪᠠ ᠲᠥᠪᠯᠡᠷᠡᠭᠦᠯᠦᠨ ᠥᠪᠡᠷ ᠢᠶᠠᠨ ᠰᠤᠷᠤᠯᠴᠠᠪᠠ᠃                                         ᠨᠠᠶᠢᠷᠠᠭᠤᠯᠤᠭᠴᠢ᠄  ᠯᠢ ᠬᠤᠩ ᠢᠦᠢ                                           ᠤᠷᠴᠢᠭᠤᠯᠤᠭᠴᠢ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2