ᠵᠠᠩ ᠳᠠᠳᠬᠠᠯ ᠢ ᠥᠭᠡᠷᠡᠴᠢᠯᠡᠬᠦ ᠲᠤᠬᠠᠶ ᠪᠦᠬᠦ ᠰᠢᠶᠠᠨ ᠤ ᠥᠷᠭᠡᠨ ᠤᠯᠠᠨ ᠠᠷᠠᠳ ᠲᠦᠮᠡᠨ ᠳᠤ ᠥᠭᠭᠦᠭᠰᠡᠨ ᠨᠢᠭᠡ ᠬᠤᠪᠢ ᠵᠠᠬᠢᠳᠠᠯ
ᠨᠡᠶᠢᠲᠡᠯᠡᠭᠰᠡᠨ ᠴᠠᠭ᠄
2022/8/1
ᠪᠦᠬᠦ ᠰᠢᠶᠠᠨ ᠤ ᠥᠷᠭᠡᠨ ᠤᠯᠠᠨ ᠠᠷᠠᠳ ᠲᠦᠮᠡᠨ ᠳᠤ᠄     ᠣᠷᠣᠰᠢᠭᠤᠯᠭ᠎ᠠ ᠶᠢᠨ ᠥᠭᠡᠷᠡᠴᠢᠯᠡᠯᠲᠡ ᠪᠣᠯ ᠮᠠᠨ ᠤ ᠬᠥᠮᠦᠨ ᠨᠢᠭᠡᠪᠦᠷᠢ ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠥᠭᠡᠳ ᠣᠳᠣ ᠦᠶ᠎ᠡ ᠶᠢᠨ ᠠᠴᠢ ᠲᠤᠰᠠ ᠶᠢ ᠥᠨᠢ ᠡᠭᠦᠷᠢᠳᠡ ᠪᠣᠳᠣᠯᠬᠢᠯᠠᠬᠤ ᠶᠡᠭᠡ ᠶᠠᠪᠤᠳᠠᠯ ᠮᠥᠨ᠃ ᠣᠳᠣᠬᠠᠨ ᠳᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠷᠣᠰᠢᠭᠤᠯᠭ᠎ᠠ ᠶᠢᠨ ᠬᠦᠷᠢᠶᠡᠨ ᠳᠠᠬᠢ ᠰᠤᠯᠠ ᠪᠤᠯᠠᠵᠤ ᠳᠤᠷ᠎ᠠ ᠪᠠᠷ ᠢᠶᠠᠨ ᠣᠷᠣᠰᠢᠭᠤᠯᠬᠤ ᠶᠢ ᠵᠠᠰᠠᠬᠤ ᠪᠠ ᠰᠢᠶᠠᠨ᠂ ᠰᠢᠶᠠᠩ᠂ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠢ ᠲᠥᠪᠯᠡᠷᠡᠭᠦᠯᠦᠨ ᠣᠷᠣᠰᠢᠭᠤᠯᠬᠤ ᠠᠵᠢᠯ ᠢ ᠶᠡᠭᠡ ᠪᠠᠷ ᠳᠥᠯᠭᠢᠨ ᠠᠬᠢᠭᠤᠯᠵᠤ ᠪᠠᠶᠢᠭ᠎ᠠ ᠪᠣᠯᠬᠤᠷ ᠪᠦᠬᠦ ᠰᠢᠶᠠᠨ ᠤ ᠥᠷᠭᠡᠨ ᠣᠯᠠᠨ ᠠᠷᠠᠳ ᠲᠦᠮᠡᠨ ᠤ ᠣᠶᠢᠯᠠᠭᠠᠵᠤ᠂ ᠳᠡᠮᠵᠢᠵᠦ᠂ ᠬᠠᠮᠵᠢᠯᠴᠠᠬᠤ ᠬᠡᠷᠡᠭᠲᠡᠶ ᠪᠠᠶᠢᠨ᠎ᠠ᠃ ᠪᠢᠯᠢᠭ ᠤᠨ ᠤᠯᠠᠷᠢᠯ ᠤᠨ ︽ᠳᠣᠯᠣᠳᠤᠭᠠᠷ ᠰᠠᠷ᠎ᠠ ᠶᠢᠨ ᠠᠷᠪᠠᠨ ᠲᠠᠪᠤᠨ︾ ᠤ ᠡᠳᠦᠷ ᠬᠦᠷᠴᠦ ᠢᠷᠡᠬᠦ ᠲᠠᠰᠢᠷᠠᠮ ᠳᠤ ᠤᠳᠤ ᠪᠦᠬᠦ ᠰᠢᠶᠠᠨ ᠤ ᠠᠷᠠᠳ ᠲᠦᠮᠡᠨ ᠳᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄    ᠨᠢᠭᠡ᠂ ᠬᠡᠷᠰᠡᠦ ᠪᠣᠯᠭᠤᠮᠵᠢᠲᠠᠶ ᠪᠠᠷ ᠣᠷᠣᠰᠢᠭᠤᠯᠬᠤ ᠶᠤᠰᠤ ᠰᠤᠷᠳᠠᠯ ᠢ ᠡᠷᠬᠢᠮᠯᠡᠬᠦ ᠬᠡᠷᠡᠭᠲᠡᠶ᠃ ᠡᠴᠦᠰ ᠤᠨ ᠡᠴᠦᠰ ᠲᠡᠭᠡᠨ ᠠᠯᠤᠰ ᠢ ᠬᠥᠭᠡᠭᠡᠴᠡᠯᠳᠦᠬᠦ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠠᠴᠢᠯᠠᠯ ᠤᠨ ᠰᠣᠶᠣᠯ ᠤᠨ ᠲᠥᠪᠯᠡᠷᠡᠩᠭᠦᠶ ᠢᠯᠡᠷᠡᠯ ᠮᠥᠨ᠂ ᠥᠷᠭᠡᠨ ᠤᠯᠠᠨ ᠲᠦᠮᠡᠨ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠵᠤᠵᠠᠭᠠᠨ ᠰᠤᠪᠢᠯᠠᠵᠤ ᠪᠠᠭ᠎ᠠ ᠣᠷᠣᠰᠢᠭᠤᠯᠬᠤ ᠦᠵᠡᠯᠲᠡ ᠶᠢ ᠪᠤᠢ ᠪᠣᠯᠭᠠᠬᠤ ᠬᠡᠷᠡᠭᠲᠡᠶ᠃ ︽ᠠᠴᠢᠯᠠᠯᠲᠤ ᠬᠡᠦᠬᠡᠳ ᠤᠨ ᠣᠷᠣ ᠶᠢᠨ ᠡᠮᠦᠨ᠎ᠡ ᠨᠢᠭᠡ ᠴᠣᠮᠣ ᠤᠰᠤ ᠤᠤᠭᠤᠪᠠᠯ ᠪᠤᠯᠠᠰᠢᠨ ᠤ ᠡᠮᠦᠨᠡᠬᠢ ᠲᠦᠮᠡᠨ ᠲᠣᠨ ᠤ ᠦᠨᠡᠰᠦ ᠠᠴᠠ ᠳᠡᠭᠡᠷ᠎ᠡ ᠶᠤᠮ︾᠂ ᠨᠠᠰᠤᠲᠠᠨ ᠢ ᠠᠮᠢᠳᠤ ᠰᠡᠷᠡᠭᠦᠨ ᠪᠠᠶᠢᠬᠤ ᠳᠠᠭᠠᠨ ᠦᠷ᠎ᠡ ᠬᠡᠦᠬᠡᠳ ᠢᠶᠠᠨ ᠠᠴᠢᠯᠠᠨ ᠲᠡᠵᠢᠭᠡᠬᠦ ᠡᠭᠦᠷᠭᠡ ᠶᠢ ᠢᠯᠡᠭᠦᠬᠡᠨ ᠭᠦᠢᠴᠡᠳᠬᠡᠵᠦ᠂ ᠠᠮᠢᠳᠤᠷᠠᠯ ᠤᠨ ᠲᠠᠯ᠎ᠠ ᠪᠠᠷ ᠢᠯᠡᠭᠦᠬᠡᠨ ᠬᠠᠷᠠᠭᠠᠯᠵᠠᠵᠤ᠂ ᠤᠶᠤᠨ ᠰᠠᠨᠠᠭᠠᠨ ᠤ ᠲᠠᠯ᠎ᠠ ᠪᠠᠷ ᠢᠯᠡᠭᠦᠬᠡᠨ ᠲᠠᠶᠢᠳᠬᠤᠷᠠᠭᠤᠯᠵᠤ᠂ ᠨᠠᠰᠤᠲᠠᠨ ᠢ ᠨᠠᠰᠤ ᠪᠠᠷᠠᠭᠰᠠᠨ ᠤ ᠳᠠᠷᠠᠭ᠎ᠠ᠂ ᠨᠠᠰᠤᠲᠠᠨ ᠤ ᠠᠮᠢᠳᠤ ᠰᠡᠷᠡᠭᠦᠨ ᠪᠠᠶᠢᠬᠤ ᠦᠶ᠎ᠡ ᠶᠢᠨ ᠡᠭᠡᠯ ᠵᠢᠷ ᠤᠨ ᠪᠠᠭ᠎ᠠ ᠶᠠᠪᠤᠳᠠᠯ ᠢ ᠳᠤᠷᠠᠰᠤᠨ ᠰᠠᠨᠠᠭᠠᠯᠵᠠᠵᠤ᠂ ᠬᠤᠶᠢᠴᠢ ᠦᠶ᠎ᠡ ᠳᠡᠭᠡᠨ ᠭᠡᠷ ᠤᠨ ᠰᠤᠷᠲᠠᠯ ᠵᠠᠩ ᠮᠣᠷᠠᠯ ᠢ ᠤᠯᠠᠮᠵᠢᠯᠠᠵᠤ᠂ ᠨᠥᠭᠴᠢᠭᠰᠡᠳ ᠢ ᠳᠤᠷᠠᠰᠤᠨ ᠰᠠᠨᠠᠭᠠᠯᠵᠠᠵᠤ᠂ ᠡᠩ ᠤᠨ ᠴᠠᠭ ᠲᠠᠭᠠᠨ ᠠᠴᠢᠯᠠᠯ ᠲᠠᠢ ᠪᠠᠶᠢᠵᠤ᠂ ᠪᠡᠯᠪᠡᠰᠦᠷᠡᠯ ᠤᠨ ᠶᠠᠪᠤᠳᠠᠯ ᠳᠤ ᠠᠷᠪᠢᠴᠢ ᠭᠠᠮᠲᠠᠢ ᠪᠠᠶᠢᠬᠤ ᠶᠢ ᠬᠥᠮᠦᠵᠢᠭᠦᠯᠬᠦ ᠶᠢ ᠰᠠᠨᠠᠭᠠᠴᠢᠯᠠᠵᠠᠢ᠃ ︽ᠮᠣᠳᠣ ᠨᠠᠮᠳᠠᠬᠤ ᠶᠢ ᠬᠦᠰᠡᠪᠡᠴᠦ ᠰᠠᠯᠬᠢ ᠵᠣᠭᠰᠣᠬᠤ ᠦᠭᠡᠢ᠂ ᠦᠷ᠎ᠡ ᠬᠡᠦᠬᠡᠳ ᠲᠡᠵᠢᠭᠡᠬᠦ ᠶᠢ ᠬᠦᠰᠡᠪᠡᠴᠦ ᠰᠠᠭᠤᠬᠤ ᠦᠭᠡᠢ︾᠂ ᠣᠷᠣ ᠶᠢᠨ ᠡᠮᠦᠨ᠎ᠡ ᠨᠢᠭᠡ ᠮᠢᠨᠦ᠋ᠲ ᠠᠴᠢᠯᠠᠯ ᠭᠦᠢᠴᠡᠳᠬᠡᠵᠦ᠂ ᠨᠠᠰᠤᠨ ᠲᠤᠷᠰᠢᠳᠠ ᠪᠠᠨ ᠬᠠᠷᠠᠮᠰᠠᠬᠤ ᠬᠡᠷᠡᠭ ᠦᠭᠡᠢ᠃    ᠬᠤᠶᠠᠷ᠂ ᠪᠤᠯᠠᠬᠤ ᠶᠢ ᠴᠠᠭᠠᠵᠠᠯᠠᠬᠤ ᠣᠷᠣᠨ ᠢ ᠵᠦᠶ ᠵᠣᠬᠢᠰᠲᠠᠶ ᠲᠥᠯᠥᠪᠵᠢᠭᠦᠯᠵᠦ ᠲᠣᠳᠣᠷᠬᠠᠶᠢᠯᠠᠨ᠎ᠠ᠃ ︽ᠭᠤᠷᠪᠠᠨ ᠬᠦᠪᠡᠭᠡ ᠲᠤᠯᠤᠭᠠᠨ ᠣᠷᠣᠨ︾ ︵ᠭᠤᠷᠪᠠᠨ ᠬᠦᠪᠡᠭᠡ ᠳᠠᠭᠠᠤ ᠣᠷᠣᠨ᠄ ᠵᠠᠰᠠᠮᠠᠯ ᠵᠠᠮ ᠤᠨ ᠵᠠᠮ ᠬᠠᠷᠢᠯᠴᠠᠭᠠᠨ ᠤ ᠭᠤᠣᠯ ᠱᠤᠭᠤᠮ᠂ ᠲᠡᠮᠤᠷ ᠵᠠᠮ᠂ ᠭᠤᠣᠯ ᠮᠥᠷᠡᠨ ᠤ ᠭᠤᠣᠯ ᠵᠠᠮ ᠤᠨ ᠬᠤᠶᠠᠷ ᠬᠠᠵᠠᠭᠤ ᠪᠠᠷ ᠶᠠᠪᠤᠬᠤ ᠶᠢ ᠴᠢᠩᠭ᠎ᠠ ᠴᠠᠭᠠᠵᠠᠯᠠᠨ᠎ᠠ︔ ᠲᠤᠯᠤᠭᠠᠨ ᠣᠷᠣᠨ᠄ ᠬᠤᠲᠠ ᠪᠠᠯᠭᠠᠰᠤ ᠶᠢᠨ ᠲᠥᠯᠥᠪᠵᠢᠭᠦᠯᠭᠡ ᠶᠢᠨ ᠣᠷᠣᠨ᠂ ᠵᠢᠭᠤᠯᠴᠢᠯᠠᠯ ᠤᠨ ᠣᠷᠣᠨ᠂ ᠲᠡᠤᠬᠡ ᠶᠢᠨ ᠳᠤᠷᠠᠰᠬᠠᠯᠲᠤ  ᠵᠤᠶᠢᠯᠡᠰ ᠤᠨ ᠬᠠᠮᠠᠭᠠᠯᠠᠯᠲᠠ ᠶᠢᠨ ᠣᠷᠣᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠦᠨᠳᠦᠰᠦᠨ ᠲᠠᠷᠢᠶᠠᠨ ᠭᠠᠵᠠᠷ᠂ ᠨᠤᠲᠤᠭ ᠪᠡᠯᠴᠢᠭᠡᠷ︶ ᠤᠨ ᠬᠡᠪᠴᠢᠶᠡᠨ ᠳᠤ ᠣᠩᠭᠤᠨ ᠪᠠᠶᠢᠭᠤᠯᠤᠨ᠎ᠠ᠃ ᠡᠭᠦᠨ ᠤ ᠬᠠᠮᠲᠤ᠂ ᠮᠠᠨ ᠤ ᠰᠢᠶᠠᠨ ᠨᠢᠭᠡᠨᠲᠡ ︽ᠯᠢᠶᠠᠩᠴᠧᠩ ᠰᠢᠶᠠᠨ︾ ᠤ ᠭᠤᠷᠪᠠᠨ ᠬᠥᠪᠡᠭᠡ ᠲᠤᠯᠤᠭᠠᠨ ᠲᠣᠭᠤᠷᠢᠭ ᠤᠨ ︽ᠰᠤᠯᠠ ᠪᠤᠯᠠᠵᠤ ᠳᠤᠷ᠎ᠠ ᠪᠠᠷ ᠢᠶᠠᠨ ᠣᠷᠣᠰᠢᠭᠤᠯᠬᠤ ᠶᠢ ᠲᠤᠰᠬᠠᠶᠢᠯᠠᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠨᠡᠶᠢᠲᠡᠯᠡᠵᠦ᠂ ᠰᠤᠯᠠ ᠪᠤᠯᠠᠵᠤ ᠳᠤᠷ᠎ᠠ ᠪᠠᠷ ᠢᠶᠠᠨ ᠣᠷᠣᠰᠢᠭᠤᠯᠬᠤ ᠠᠯᠢᠪᠠ  ᠤᠶᠢᠯᠡ ᠠᠵᠢᠯᠯᠠᠭ᠎ᠠ ᠶᠢ ᠪᠥᠬᠦ ᠲᠠᠯ᠎ᠠ ᠪᠠᠷ ᠴᠠᠭᠠᠵᠠᠯᠠᠪᠠ᠃    ᠭᠤᠷᠪᠠ᠂ ᠰᠤᠯᠠ ᠪᠤᠯᠠᠵᠤ ᠳᠤᠷ᠎ᠠ ᠪᠠᠷ ᠢᠶᠠᠨ ᠣᠷᠣᠰᠢᠭᠤᠯᠬᠤ ᠶᠠᠪᠤᠳᠠᠯ ᠢ ᠠᠯᠬᠤᠮ ᠠᠯᠬᠤᠮ ᠢᠶᠠᠷ ᠵᠠᠰᠠᠬᠤ ᠬᠡᠷᠡᠭᠲᠡᠶ᠃ ᠨᠢᠭᠡ ᠳᠤ ᠰᠢᠩ ᠪᠠ ᠪᠠ ᠶᠢᠨ ᠲᠦᠷᠭᠡᠨ ᠳᠠᠪᠬᠢᠬᠤ ᠵᠠᠰᠠᠮᠠᠯ ᠵᠠᠮ᠂ ᠤᠯᠤᠰ ᠤᠨ ᠵᠠᠰᠠᠮᠠᠯ ᠵᠠᠮ 512᠂ ᠮᠤᠵᠢ ᠶᠢᠨ ᠵᠠᠮ ᠤᠨ 209 ᠬᠤᠶᠠᠷ ᠲᠠᠯ᠎ᠠ ᠵᠢᠴᠢ  ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠡᠷᠬᠢᠨ ᠲᠣᠭᠤᠷᠢᠨ ᠤ ᠭᠤᠤᠯᠳᠠᠯᠭ᠎ᠠ ᠲᠠᠢ ᠣᠷᠣᠨ ᠪᠦᠰᠡ ᠶᠢᠨ ᠦᠵᠡᠵᠦ ᠪᠣᠯᠬᠤ ᠬᠡᠪᠴᠢᠶᠡᠨ ᠳᠤ ᠰᠤᠯᠠ ᠪᠤᠯᠠᠵᠤ ᠳᠤᠷ᠎ᠠ ᠪᠠᠷ ᠢᠶᠠᠨ ᠣᠷᠣᠰᠢᠭᠤᠯᠵᠤ᠂ ᠲᠣᠭᠲᠠᠭᠠᠯ ᠠᠴᠠ ᠵᠥᠷᠢᠴᠡᠨ ᠪᠤᠩᠬᠤᠨ ᠤ ᠭᠠᠵᠠᠷ ︵ᠣᠩᠭᠤᠨ︶ ᠢ ᠵᠠᠰᠠᠨ ᠴᠡᠭᠴᠡᠯᠡᠨ᠎ᠡ᠃ ᠬᠤᠶᠠᠷ ᠲᠤ ︽ᠭᠤᠷᠪᠠᠨ ᠬᠥᠪᠡᠭᠡ ᠲᠤᠯᠤᠭᠠᠨ ᠣᠷᠣᠨ︾ ᠤ ᠦᠵᠡᠭᠳᠡᠬᠦ ᠬᠡᠪᠴᠢᠶᠡᠨ ᠳᠤ ᠪᠠᠶᠢᠬᠤ ᠮᠥᠷᠲᠡᠭᠡᠨ ᠲᠠᠷᠢᠶᠠᠨ ᠭᠠᠵᠠᠷ᠂ ᠣᠶᠢᠲᠤ ᠭᠠᠵᠠᠷ ᠤᠨ ᠳᠣᠲᠣᠷ᠎ᠠ ᠬᠡᠭᠡᠨᠴᠢᠷ ᠣᠩᠭᠤᠨ ᠤ ᠭᠠᠵᠠᠷ᠂ ᠬᠠᠲᠠᠭᠤ ᠬᠠᠯᠢᠰᠤᠲᠤ ᠣᠩᠭᠤᠨ ᠤ ᠭᠠᠵᠠᠷ ᠵᠡᠷᠭᠡ ᠲᠣᠭᠲᠠᠭᠠᠯ ᠠᠴᠠ ᠵᠥᠷᠢᠴᠡᠨ ᠣᠩᠭᠤᠨ ᠤ ᠭᠠᠵᠠᠷ ︵ᠣᠩᠭᠤᠨ ᠤ ᠭᠠᠵᠠᠷ︶ ᠪᠠᠶᠢᠭᠤᠯᠬᠤ ᠳᠤ᠂ ᠭᠤᠤᠯᠳᠠᠭᠤ ᠣᠨᠳᠣᠤ ᠭᠠᠵᠠᠷ ᠲᠤ ᠰᠢᠷᠣᠶ ᠳᠤ ᠣᠷᠣᠰᠢᠭᠤᠯᠬᠤ᠂ ᠭᠠᠵᠠᠷ ᠰᠢᠷᠣᠶ ᠶᠢᠨ ᠴᠢᠳᠠᠮᠵᠢ ᠶᠢ ᠰᠡᠷᠭᠦᠭᠡᠬᠦ ᠠᠷᠭ᠎ᠠ ᠮᠠᠶ᠋ᠢᠭ ᠢᠶᠠᠷ ᠵᠠᠰᠠᠯᠲᠠ ᠬᠢᠨ᠎ᠠ᠃ ᠲᠡᠷᠡᠴᠢᠯᠡᠨ ᠡᠷᠬᠡᠪᠰᠢ ᠡᠯ᠎ᠡ ᠰᠢᠶᠠᠩ ᠪᠠᠯᠭᠠᠰᠤ ᠶᠢᠨ ᠪᠠᠶᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠤᠡᠭᠭᠤᠨ ᠳᠤ ᠨᠡᠭᠦᠯᠭᠡᠵᠦ᠂ ᠲᠥᠪᠯᠡᠷᠡᠭᠦᠯᠦᠨ ᠪᠤᠯᠠᠰᠢᠯᠠᠬᠤ ᠭᠠᠵᠠᠷ ᠤᠨ ᠳᠣᠲᠣᠷ᠎ᠠ ᠪᠤᠶᠤ ᠪᠤᠯᠠᠬᠤ ᠶᠢ ᠴᠠᠭᠠᠵᠠᠯᠠᠭᠰᠠᠨ ᠣᠷᠣᠨ ᠤ ᠭᠠᠳᠠᠨ᠎ᠠ ᠨᠢ ᠴᠥᠮ ᠬᠠᠲᠠᠭᠤᠷᠠᠭᠤᠯᠤᠭᠰᠠᠨ ᠤᠡᠭᠭᠤᠠ ᠪᠠ ᠪᠠᠷᠢᠮᠵᠢᠶ᠎ᠠ ᠠᠴᠠ ᠬᠡᠲᠦᠷᠡᠭᠰᠡᠨ ᠤᠡᠭᠭᠤᠨ ᠢ ᠰᠢᠨ᠎ᠡ ᠪᠠᠷ ᠪᠠᠶᠢᠭᠤᠯᠵᠤ ᠪᠣᠯᠬᠤ ᠤᠢᠭᠡᠢ᠃ ᠭᠤᠷᠪᠠ ᠳᠤ ᠲᠠᠷᠢᠶᠠᠨ ᠭᠠᠵᠠᠷ᠂ ᠣᠶᠢᠲᠤ ᠭᠠᠵᠠᠷ ᠲᠤ ᠪᠠᠶᠢᠭᠤᠯᠤᠭᠰᠠᠨ ᠦᠭᠡᠢ ᠪᠤᠰᠤᠳ ︽ᠭᠤᠷᠪᠠᠨ ᠬᠦᠪᠡᠭᠡ ᠲᠤᠯᠤᠭᠠᠨ ᠣᠷᠣᠨ︾ ᠤ ᠦᠵᠡᠭᠳᠡᠬᠦ ᠬᠡᠪᠴᠢᠶᠡᠨ ᠳᠣᠲᠣᠷᠠᠬᠢ ᠲᠣᠭᠲᠠᠭᠠᠯ ᠢ ᠵᠥᠷᠢᠴᠡᠨ ᠪᠤᠯᠠᠰᠢᠨ ᠭᠠᠵᠠᠷ ︵ᠪᠤᠯᠠᠰᠢ︶ ᠢ ᠪᠠᠶᠢᠭᠤᠯᠬᠤ ᠳᠤ ᠭᠤᠣᠯᠳᠠᠭᠤ ᠬᠠᠯᠢᠰᠤ ᠶᠢ ᠨᠢ ᠠᠪᠴᠤ ᠥᠭᠡᠷᠡᠴᠢᠯᠡᠬᠦ ︵ᠲᠤᠬᠠᠶᠢᠯᠠᠪᠠᠯ ᠬᠠᠲᠠᠭᠤᠷᠠᠭᠤᠯᠤᠭᠰᠠᠨ ᠭᠠᠳᠠᠷ ᠬᠠᠯᠢᠰᠤ ᠶᠢ ᠨᠢ ᠠᠪᠴᠤ ᠬᠠᠶᠠᠬᠤ ᠵᠢᠴᠢ ᠬᠠᠯᠬᠠᠪᠴᠢ ᠬᠡᠷᠡᠮ ᠢ ᠨᠢ ᠠᠷᠢᠯᠭᠠᠬᠤ︶ ᠠᠷᠭ᠎ᠠ ᠮᠠᠶ᠋ᠢᠭ ᠢᠶᠠᠷ ᠵᠠᠰᠠᠨ᠎ᠠ᠃ ᠲᠦᠷᠪᠡ ᠳᠤ ᠪᠤᠯᠠᠬᠤ ᠶᠢ ᠴᠠᠭᠠᠵᠠᠯᠠᠭᠰᠠᠨ ᠣᠷᠣᠨ ᠤ ᠳᠣᠲᠣᠷᠠᠬᠢ ᠡᠵᠡᠨ ᠦᠭᠡᠢ ᠪᠤᠯᠠᠰᠢ ᠶᠢ ᠨᠢᠭᠡᠳᠦᠯᠲᠡᠶ ᠪᠠᠷ ᠨᠤᠷᠠᠭᠠᠨ ᠨᠡᠭᠦᠯᠭᠡᠵᠦ ᠲᠡᠭᠰᠢᠯᠡᠨ᠎ᠡ᠃    ᠲᠦᠷᠪᠡ᠂ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠳᠠᠯᠠᠬᠤ ᠬᠡᠷᠡᠭᠲᠡᠶ᠃ ᠲᠥᠷᠥ ᠶᠢᠨ ᠶᠠᠪᠤᠳᠠᠯ ᠤᠨ ᠬᠤᠷᠢᠶᠠᠨ ᠤ ︽ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠳᠦᠷᠢᠮ︾ ᠤᠨ ᠲᠣᠭᠲᠠᠭᠠᠯ ᠢ ᠦᠨᠳᠦᠰᠦᠯᠡᠪᠡᠯ᠄ ᠭᠠᠯ ᠢᠶᠠᠷ ᠳᠡᠭᠳᠡᠭᠡᠬᠦ ᠣᠷᠣᠨ ᠳᠤ ᠭᠠᠭᠴᠠ ᠬᠥᠮᠦᠨ ᠤ ᠴᠢᠨᠳᠠᠷ ᠣᠷᠣᠰᠢᠭᠤᠯᠬᠤ ᠣᠩᠭᠤᠨ ᠪᠤᠶᠤ ᠬᠤᠶᠠᠷ ᠬᠥᠮᠦᠨ ᠤ ᠬᠠᠮᠲᠤ ᠣᠷᠣᠰᠢᠭᠤᠯᠬᠤ ᠣᠩᠭᠤᠨ ᠤ ᠡᠵᠡᠯᠡᠬᠦ ᠲᠠᠯᠠᠪᠠᠶ ᠨᠢ 1 ᠲᠡᠭᠰᠢ ᠳᠥᠷᠪᠡᠯᠵᠢᠨ ᠮᠧᠲᠷ ᠠᠴᠠ ᠬᠡᠲᠦᠷᠡᠵᠦ ᠪᠣᠯᠬᠤ ᠦᠭᠡᠶ ᡽ ᠭᠠᠯ ᠢᠶᠠᠷ ᠳᠡᠭᠳᠡᠭᠡᠬᠦ ᠥᠬᠡᠶ ᠣᠷᠣᠨ ᠤ ᠭᠠᠭᠴᠠ ᠬᠥᠮᠦᠨ ᠤ ᠣᠩᠭᠤᠨ ᠢ 4 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠥᠬᠡᠶ᠂ ᠬᠤᠶᠠᠷ ᠬᠥᠮᠦᠨ ᠤ ᠬᠠᠮᠲᠤ ᠣᠷᠣᠰᠢᠭᠤᠯᠬᠤ ᠣᠩᠭᠤᠨ ᠢ 6 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠥᠬᠡᠶ︔ ᠣᠩᠭᠤᠨ ᠤ ᠬᠥᠰᠢᠶ᠎ᠡ ᠶᠢᠨ ᠵᠤᠵᠠᠭᠠᠨ ᠨᠢ 8 ᠰᠠᠨᠲ᠋ᠢᠮᠧᠲᠷ᠂ ᠣᠷᠳᠣ ᠨᠢ 60 ᠰᠠᠨᠲ᠋ᠢᠮᠧᠲᠷ᠂ ᠥᠷᠭᠡᠨ ᠨᠢ 40 ᠰᠠᠨᠲ᠋ᠢᠮᠧᠲᠷ ᠤᠨ ᠬᠡᠪᠴᠢᠶᠡᠨ ᠳᠠᠬᠢ ᠴᠢᠯᠠᠭᠤᠨ ᠮᠠᠲ᠋ᠧᠷᠢᠶᠠᠯ ᠢ ᠬᠡᠷᠡᠭᠯᠡᠵᠦ᠂ ᠬᠥᠰᠢᠶ᠎ᠡ ᠶᠢ ᠭᠠᠵᠠᠷ ᠤᠨ ᠭᠠᠳᠠᠷᠭᠤ ᠲᠠᠢ 30 ᠭᠷᠠᠳᠦ᠋ᠰ ᠤᠨ ᠬᠠᠪᠴᠢᠭᠰᠠᠨ ᠥᠨᠴᠥᠭ ᠢᠶᠠᠷ ᠳᠡᠯᠭᠡᠳᠡᠭ᠃    ᠲᠠᠪᠤ᠂ ᠪᠣᠯᠪᠠᠰᠤᠨ ᠣᠷᠣᠰᠢᠭᠤᠯᠭ᠎ᠠ ᠶᠢᠨ ᠶᠣᠰᠣᠯᠠᠯ ᠢ ᠰᠠᠨᠠᠭᠠᠴᠢᠯᠠᠨ᠎ᠠ᠃ ᠥᠷᠭᠡᠨ ᠤᠯᠠᠨ ᠠᠷᠠᠳ ᠲᠦᠮᠡᠨ ᠵᠠᠩ ᠳᠠᠳᠬᠠᠯ ᠢ ᠥᠭᠡᠷᠡᠴᠢᠯᠡᠵᠦ᠂ ᠣᠷᠣᠰᠢᠭᠤᠯᠭ᠎ᠠ ᠶᠢᠨ ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠬᠡᠷᠡᠭᠲᠡᠶ︔ ᠰᠢᠨᠵᠢᠯᠡᠬᠦ ᠤᠬᠠᠭᠠᠨ ᠢ ᠡᠷᠬᠢᠮᠯᠡᠵᠦ᠂ ᠹᠸᠤᠳᠠᠯ ᠤᠨ ᠮᠤᠬᠤᠷ ᠪᠢᠰᠢᠷᠡᠯ ᠤᠨ ᠠᠵᠢᠯᠯᠠᠭ᠎ᠠ ᠶᠢ ᠬᠢᠬᠦ ᠦᠭᠡᠢ︔ ᠴᠢᠨᠳᠠᠷ ᠤᠨ ᠲᠠᠩᠬᠢᠮ ᠴᠢᠨᠳᠠᠷ ᠤᠨ ᠰᠠᠷᠠᠪᠴᠢᠨ ᠳᠤ ᠳᠤᠷ᠎ᠠ ᠪᠠᠷ ᠢᠶᠠᠨ ᠰᠠᠭᠤᠬᠤ ᠥᠬᠡᠶ᠂ ᠴᠠᠭᠠᠰᠤᠨ ᠡᠳ᠋ᠯᠡᠯ ᠲᠠᠯᠪᠢᠬᠤ ᠥᠬᠡᠶ᠂ ᠦᠯᠢᠶᠡᠨ ᠬᠥᠭᠡᠷᠭᠡᠳᠡᠬᠦ ᠥᠬᠡᠶ᠂ ᠣᠷᠴᠢᠨ ᠲᠣᠭᠤᠷᠢᠨ ᠢ ᠪᠣᠬᠢᠷᠲᠤᠭᠤᠯᠬᠤ ᠥᠬᠡᠶ᠂ ᠵᠠᠮ ᠬᠠᠷᠢᠯᠴᠠᠭ᠎ᠠ ᠶᠢ ᠪᠥᠭᠯᠡᠬᠦ ᠥᠬᠡᠶ᠂ ᠬᠡᠭᠦᠷ ᠭᠠᠷᠭᠠᠬᠤ ᠵᠠᠮ ᠳᠠᠭᠠᠤ ᠫᠤᠤᠵᠢᠩ ᠲᠠᠯᠪᠢᠬᠤ ᠥᠬᠡᠶ᠂ ᠴᠠᠭᠠᠰᠤᠨ ᠵᠣᠭᠤᠰ ᠰᠠᠴᠤᠬᠤ ᠥᠬᠡᠶ᠂ ᠪᠤᠰᠤᠳ ᠤᠨ ᠬᠡᠪ ᠤᠨ  ᠤᠶᠢᠯᠡᠳᠪᠤᠷᠢᠯᠡᠯ ᠪᠠ ᠠᠮᠢᠳᠤᠷᠠᠯ ᠢ ᠨᠥᠯᠥᠭᠡᠯᠡᠬᠦ ᠥᠬᠡᠶ᠂ ᠤᠬᠠᠮᠰᠠᠷ ᠠᠴᠠ ᠪᠠᠨ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠠᠭᠠᠯᠠᠵᠤ᠂ ᠨᠠᠮ ᠵᠢᠮ᠂ ᠠᠮᠢ ᠠᠬᠤᠶ ᠶᠢᠨ᠂ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠮᠠᠶ᠋ᠢᠭ ᠢᠶᠠᠷ ᠣᠷᠣᠰᠢᠭᠤᠯᠭ᠎ᠠ ᠶᠢᠨ ᠠᠵᠢᠯᠯᠠᠭ᠎ᠠ ᠥᠷᠨᠢᠭᠦᠯᠦᠨ᠎ᠡ᠃    ᠵᠢᠷᠭᠤᠭ᠎ᠠ᠂ ᠡᠷᠡᠭᠦᠯ ᠪᠣᠯᠪᠠᠰᠤᠨ ᠳᠠᠬᠢᠯᠭ᠎ᠠ ᠶᠢᠨ ᠰᠢᠨ᠎ᠡ ᠬᠡᠪ ᠰᠤᠷᠲᠠᠯ ᠢ ᠪᠤᠢ ᠪᠣᠯᠭᠠᠬᠤ ᠬᠡᠷᠡᠭᠲᠡᠶ᠃ ᠥᠷᠭᠡᠨ ᠤᠯᠠᠨ ᠠᠷᠠᠳ ᠲᠦᠮᠡᠨ ᠤᠯᠠᠮᠵᠢᠯᠠᠯᠲᠤ ᠲᠠᠬᠢᠯᠭ᠎ᠠ ᠶᠢᠨ ᠳᠠᠳᠬᠠᠯ ᠢᠶᠠᠨ ᠢᠳᠡᠪᠬᠢᠲᠡᠶ ᠪᠠᠷ ᠥᠭᠡᠷᠡᠴᠢᠯᠡᠵᠦ᠂ ᠪᠣᠯᠪᠠᠰᠤᠨ ᠪᠥᠭᠡᠳ ᠠᠮᠤᠷ ᠲᠦᠪᠰᠢᠨ ᠢᠶᠠᠷ ᠲᠠᠬᠢᠯᠭ᠎ᠠ ᠶᠢᠨ ᠲᠠᠬᠢᠯᠭ᠎ᠠ ᠶᠢ ᠬᠢᠬᠦ ᠬᠡᠷᠡᠭᠲᠡᠶ᠃ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽ᠭᠦᠨ ᠴᠠᠭᠠᠰᠤ ᠭᠦᠨ ᠵᠣᠭᠤᠰ ᠵᠡᠷᠭᠡ ᠮᠤᠬᠤᠷ ᠰᠦᠰᠦᠭ ᠤᠨ ᠬᠡᠷᠡᠭᠰᠡᠯ ᠢ ᠦᠢᠯᠡᠳᠪᠦᠷᠢᠯᠡᠬᠦ᠂ ᠵᠥᠭᠡᠭᠡᠪᠦᠷᠢᠯᠡᠬᠦ᠂ ᠪᠣᠷᠣᠯᠠᠭᠤᠯᠬᠤ᠂ ᠰᠢᠲᠠᠭᠠᠬᠤ ᠶᠢ ᠴᠠᠭᠠᠵᠠᠯᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠥᠷᠭᠡᠨ ᠤᠯᠠᠨ ᠠᠷᠠᠳ ᠲᠦᠮᠡᠨ ᠲᠠᠬᠢᠯᠭ᠎ᠠ ᠬᠢᠬᠦ ᠳᠡᠭᠡᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠶ᠂ ᠤᠢ ᠰᠢᠭᠤᠶ᠂ ᠨᠤᠲᠤᠭ ᠪᠡᠯᠴᠢᠭᠡᠷ ᠵᠢᠴᠢ ᠪᠤᠰᠤᠳ ᠭᠠᠯ ᠬᠤᠷᠢᠭᠠᠲᠠᠶ ᠭᠠᠵᠠᠷ ᠣᠷᠣᠨ ᠳᠤ ᠴᠠᠭᠠᠰᠤᠨ ᠵᠣᠭᠤᠰ ᠰᠢᠲᠠᠭᠠᠵᠤ᠂ ᠬᠤᠸᠠᠷ ᠫᠤᠤᠵᠢᠩ ᠲᠠᠯᠪᠢᠵᠤ᠂ ᠴᠠᠭᠠᠰᠤᠨ ᠬᠠᠳᠬᠤᠮᠠᠯ ᠲᠠᠬᠢᠯᠭ᠎ᠠ ᠶᠢᠨ ᠡᠳ᠋ ᠵᠡᠷᠭᠡ ᠶᠢ ᠰᠢᠲᠠᠭᠠᠵᠤ ᠪᠣᠯᠬᠤ ᠦᠭᠡᠢ᠃ ᠳᠠᠬᠢᠯᠭ᠎ᠠ ᠶᠢᠨ ᠬᠡᠯᠪᠡᠷᠢ ᠶᠢᠨ ᠲᠠᠯ᠎ᠠ ᠪᠠᠷ᠂ ᠰᠣᠷᠭᠤᠭ ᠴᠡᠴᠡᠭ ᠢᠶᠠᠷ ᠳᠠᠬᠢᠬᠤ᠂ ᠮᠣᠳᠣ ᠳᠠᠷᠢᠵᠤ ᠳᠠᠬᠢᠬᠤ᠂ ᠤᠲᠤᠭ᠎ᠠ ᠥᠬᠡᠶ ᠪᠠᠷ ᠪᠤᠯᠠᠰᠢᠨ ᠳᠤ ᠭᠠᠷᠬᠤ ᠵᠡᠷᠭᠡ ᠣᠲᠣ ᠦᠶ᠎ᠡ ᠶᠢᠨ ᠳᠠᠬᠢᠯᠭ᠎ᠠ ᠶᠢᠨ ᠬᠡᠯᠪᠡᠷᠢ ᠪᠠᠷ ᠳᠡᠭᠡᠳᠦᠰ ᠢᠶᠠᠨ ᠳᠤᠷᠠᠰᠤᠨ ᠰᠠᠨᠠᠭᠠᠯᠵᠠᠵᠤ᠂ ᠬᠠᠭᠤᠴᠢᠨ ᠬᠥᠮᠦᠰ ᠢᠶᠠᠨ ᠳᠤᠷᠠᠰᠤᠨ ᠰᠠᠨᠠᠭᠠᠯᠵᠠᠵᠤ᠂ ᠨᠡᠶᠢᠲᠡ ᠶᠢᠨ ᠳᠠᠬᠢᠯᠭ᠎ᠠ᠂ ᠬᠠᠮᠲᠤ ᠶᠢᠨ ᠳᠠᠬᠢᠯᠭ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠳᠠᠭ᠃ ᠰᠢᠨ᠎ᠡ ᠰᠤᠷᠲᠠᠯ ᠢ ᠡᠷᠬᠢᠮᠯᠡᠨ ᠳᠡᠭᠡᠳᠦᠯᠡᠵᠦ᠂ ᠪᠣᠯᠪᠠᠰᠤᠨ ᠢᠶᠠᠷ ᠳᠠᠬᠢᠯᠭ᠎ᠠ ᠬᠢᠬᠦ ᠶᠢ ᠪᠡᠶᠡᠯᠡᠭᠦᠯᠦᠨ᠎ᠡ᠃    ᠲᠤᠯᠤᠭ᠎ᠠ᠂ ᠨᠠᠮ ᠤᠨ ᠭᠡᠰᠢᠭᠦᠨ ᠺᠠᠳ᠋ᠷᠴᠤᠳ ᠤᠨ ᠦᠯᠢᠭᠡᠷ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠵᠢᠱᠢᠶ᠎ᠡ‌ᠦᠵᠡᠭᠦᠯᠵᠦ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠢ ᠲᠦᠷᠦᠭᠦᠯᠡᠨ ᠬᠦᠷᠢᠶᠡᠯᠡᠨ ᠳᠡᠮᠵᠢᠬᠦ ᠬᠡᠷᠡᠭᠲᠡᠢ᠃ ᠣᠷᠣᠰᠢᠭᠤᠯᠭ᠎ᠠ ᠶᠢᠨ ᠪᠣᠯᠪᠠᠰᠤᠨ ᠰᠢᠨ᠎ᠡ ᠰᠤᠷᠲᠠᠯ ᠢ ᠤᠬᠠᠭᠤᠯᠬᠤ ᠶᠢ ᠰᠠᠨᠠᠭᠠᠴᠢᠯᠠᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠣᠷᠣᠰᠢᠭᠤᠯᠭ᠎ᠠ ᠶᠢᠨ ᠶᠣᠰᠣ ᠵᠠᠩᠰᠢᠯ ᠤᠨ ᠥᠭᠡᠷᠡᠴᠢᠯᠡᠯᠲᠡ ᠶᠢᠨ ᠰᠢᠨ᠎ᠡ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠰᠢᠭᠤᠳ ᠴᠢᠰᠤᠨ ᠲᠦᠷᠦᠯ ᠤᠨ ᠣᠷᠣᠰᠢᠭᠤᠯᠭ᠎ᠠ ᠶᠢᠨ ᠶᠣᠰᠣᠯᠠᠯ ᠢ ᠬᠢᠬᠦ ᠳᠡᠭᠡᠨ ᠠᠷᠪᠢᠴᠢ ᠪᠣᠷᠣᠭᠵᠢᠭᠤᠨ ᠪᠠᠶᠢᠬᠤ ᠵᠠᠷᠴᠢᠮ ᠢ ᠪᠠᠷᠢᠮᠲᠠᠯᠠᠵᠤ᠂ ᠶᠡᠭᠡ ᠪᠠᠷ ᠬᠢᠬᠦ ᠦᠭᠡᠢ᠂ ᠹᠸᠤᠳᠠᠯ ᠤᠨ ᠮᠤᠬᠤᠷ ᠪᠢᠰᠢᠷᠡᠯ ᠤᠨ ᠠᠵᠢᠯᠯᠠᠭ᠎ᠠ ᠶᠢ ᠬᠢᠬᠦ ᠦᠭᠡᠢ ᠪᠠᠶᠢᠬᠤ ᠬᠡᠷᠡᠭᠲᠡᠢ︔ ᠣᠷᠣᠰᠢᠭᠤᠯᠭ᠎ᠠ ᠶᠢᠨ ᠶᠣᠰᠣ ᠵᠠᠩᠰᠢᠯ ᠤᠨ ᠥᠭᠡᠷᠡᠴᠢᠯᠡᠯᠲᠡ ᠶᠢᠨ ᠰᠢᠨ᠎ᠡ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠰᠢᠭᠤᠳ ᠴᠢᠰᠤᠨ ᠲᠦᠷᠦᠯ ᠤᠨ ᠣᠷᠣᠰᠢᠭᠤᠯᠭ᠎ᠠ ᠶᠢᠨ ᠶᠣᠰᠣᠯᠠᠯ ᠢ ᠬᠢᠬᠦ ᠦᠭᠡᠢ ᠪᠠᠶᠢᠬᠤ ᠬᠡᠷᠡᠭᠲᠡᠢ︔ ᠲᠥᠷᠥᠯ ᠰᠠᠳᠤᠨ᠂ ᠨᠠᠶᠢᠵᠠ ᠨᠥᠬᠦᠳ ᠪᠠ ᠡᠷᠬᠢᠨ ᠲᠣᠭᠤᠷᠢᠨ ᠤ ᠣᠯᠠᠨ ᠲᠦᠮᠡᠨ ᠢ ᠰᠤᠷᠭᠠᠨ ᠬᠥᠮᠦᠵᠢᠭᠦᠯᠵᠦ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠮᠠᠭᠤ ᠮᠠᠭᠤᠬᠠᠶ ᠪᠠᠷ ᠣᠷᠣᠰᠢᠭᠤᠯᠬᠤ  ᠤᠶᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠳᠬᠠᠨ ᠬᠤᠷᠢᠭᠯᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠣᠷᠣᠰᠢᠭᠤᠯᠬᠤ ᠤᠶᠢᠯᠡ ᠠᠵᠢᠯᠯᠠᠭ᠎ᠠ ᠶᠢ ᠳᠤᠷ᠎ᠠ ᠪᠠᠷ ᠨᠢ ᠲᠠᠯᠪᠢᠬᠤ ᠴᠢᠨᠠᠭᠰᠢᠯᠠᠪᠠᠯ ᠥᠮᠥᠭᠯᠡᠵᠦ ᠳᠤᠷ᠎ᠠ ᠪᠠᠷ ᠨᠢ ᠲᠠᠯᠪᠢᠬᠤ ᠶᠢ ᠣᠭᠲᠣ ᠵᠥᠪᠰᠢᠶᠡᠷᠡᠬᠦ ᠥᠬᠡᠶ︔ ᠲᠥᠷᠥᠯ ᠰᠠᠳᠤᠨ ᠢᠶᠠᠨ ᠳᠠᠭᠠᠭᠤᠯᠤᠨ ᠬᠥᠲᠥᠯᠦᠨ ᠵᠢᠯᠣᠭᠤᠳᠴᠤ ᠪᠠᠶᠢᠭᠠᠳ ᠣᠷᠣᠰᠢᠭᠤᠯᠭ᠎ᠠ ᠶᠢᠨ ᠥᠭᠡᠷᠡᠴᠢᠯᠡᠯᠲᠡ ᠵᠢᠴᠢ ᠰᠤᠯᠠ ᠪᠤᠯᠠᠵᠤ ᠳᠤᠷ᠎ᠠ ᠪᠠᠷ ᠢᠶᠠᠨ ᠣᠷᠣᠰᠢᠭᠤᠯᠬᠤ ᠶᠢ ᠲᠤᠰᠬᠠᠶᠢᠯᠠᠨ ᠵᠠᠰᠠᠬᠤ ᠠᠵᠢᠯ ᠢ ᠳᠡᠮᠵᠢᠨ ᠬᠠᠮᠵᠢᠯᠴᠠᠭᠤᠯᠤᠨ᠎ᠠ    ᠥᠷᠭᠡᠨ ᠤᠯᠠᠨ ᠠᠷᠠᠳ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠠ᠂ ᠪᠢᠳᠡ ᠭᠠᠷ ᠬᠤᠯᠪᠣᠯᠴᠠᠨ᠂ ᠵᠠᠩ ᠳᠠᠳᠬᠠᠯ ᠢᠶᠠᠨ ᠥᠭᠡᠷᠡᠴᠢᠯᠡᠵᠦ᠂ ᠪᠣᠯᠪᠠᠰᠤᠨ ᠢᠶᠠᠷ ᠣᠷᠣᠰᠢᠭᠤᠯᠬᠤ ᠶᠢ ᠤᠬᠠᠮᠰᠠᠷ ᠠᠴᠠ ᠪᠠᠨ ᠬᠡᠷᠡᠭᠵᠢᠭᠦᠯᠵᠦ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠰᠢᠨ᠎ᠡ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠣᠷᠣᠰᠢᠭᠤᠯᠭ᠎ᠠ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠵᠤᠵᠠᠭᠠᠨ ᠠᠰᠠᠷᠠᠵᠤ ᠪᠠᠭ᠎ᠠ ᠣᠷᠣᠰᠢᠭᠤᠯᠬᠤ ᠣᠶᠢᠯᠠᠭᠠᠭᠳᠠᠬᠤᠨ ᠢ ᠰᠠᠨᠠᠭᠠᠴᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠰᠢᠶᠠᠨ ᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠢ ᠳᠡᠮᠵᠢᠶ᠎ᠡ᠃                          ᠯᠢᠶᠠᠩᠴᠧᠩ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ                            2022 ᠣᠨ ᠤ 7 ᠰᠠᠷ᠎ᠠ ᠶᠢᠨ 20 ᠤ ᠡᠳᠦᠷ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2