ᠦᠨᠡᠨᠴᠢ ᠢᠲᠡᠭᠡᠮᠵᠢᠲᠡᠶ ᠶᠣᠰᠣ ᠰᠤᠷᠳᠠᠬᠤᠨ ᠤ ᠵᠢᠱᠢᠶᠡᠴᠢ᠄ ᠭᠤᠤ ᠰᠢ ᠫᠢᠩ
ᠨᠡᠶᠢᠲᠡᠯᠡᠭᠰᠡᠨ ᠴᠠᠭ᠄
2022/8/15
     ᠭᠤᠤ ᠰᠢ ᠫᠢᠩ᠂ ᠡᠷᠡᠭᠲᠡᠶ᠂ ᠬᠢᠲᠠᠳ ᠦᠨᠳᠦᠰᠦᠲᠡᠨ᠂ 1972 ᠣᠨ ᠳᠤ ᠳᠦᠷᠦᠵᠡᠶ᠂ ᠯᠢᠶᠠᠩᠴᠧᠩ ᠰᠢᠶᠠᠨ ᠤ ᠬᠠᠶ ᠭᠤᠤ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠃
        ︽ᠦᠨᠡᠨᠴᠢ ᠢᠲᠡᠭᠡᠮᠵᠢᠲᠡᠢ ᠬᠥᠮᠦᠨ ᠪᠤᠯᠵᠤ᠂ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠢ ᠴᠣᠭᠴᠠᠯᠠᠬᠤ︾ ᠤᠢᠢᠯᠠᠭᠠᠭᠳᠠᠬᠤᠨ ᠢ ᠪᠠᠷᠢᠮᠲᠠᠯᠠᠵᠤ᠂ ᠭᠤᠤ ᠰᠢ ᠫᠢᠩ 2008 ᠣᠨ ᠠᠴᠠ ᠡᠬᠢᠯᠡᠨ ᠬᠠᠢ ᠭᠤᠤ ᠮᠠᠯ ᠠᠵᠤ ᠠᠬᠤᠢ ᠶᠢ ᠠᠯᠬᠤᠮ ᠠᠯᠬᠤᠮ ᠢᠶᠠᠷ ᠲᠤᠮᠤ ᠬᠡᠯᠪᠡᠷᠢ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠲᠠᠭᠠᠭᠤᠯᠤᠭᠴᠢ ᠠᠵᠤ ᠠᠬᠤᠶᠢᠯᠠᠯ ᠪᠣᠯᠭᠠᠨ ᠬᠥᠭᠵᠢᠭᠦᠯᠵᠦ᠂ ᠡᠷᠬᠢᠨ ᠲᠣᠭᠤᠷᠢᠨ ᠤ ᠤᠯᠠᠨ ᠲᠦᠮᠡᠨ ᠢ ᠲᠠᠶᠢᠴᠢᠯᠠᠨ ᠦᠢᠯᠡᠳᠪᠦᠷᠢᠯᠡᠯ ᠢ ᠨᠢ ᠬᠥᠭᠵᠢᠭᠦᠯᠵᠦ ᠶᠠᠳᠠᠭᠤ ᠠᠴᠠ ᠠᠩᠭᠢᠵᠢᠷᠠᠭᠤᠯᠵᠤ᠂ ᠯᠢᠶᠠᠩᠴᠧᠩ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠤᠨ ᠬᠡᠪ ᠳᠠᠭᠤᠷᠢᠶᠠᠯ ᠢ ᠪᠤᠢ ᠪᠣᠯᠭᠠᠭᠰᠠᠨ ᠪᠠᠶᠢᠨ᠎ᠠ᠃
          2008 ᠣᠨ ᠳᠤ᠂ ᠭᠤᠣ ᠰᠢ ᠫᠢᠩ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠦᠢᠯᠡᠰ ᠡᠷᠭᠢᠯᠡᠵᠦ᠂ 14 ᠵᠢᠯ ᠤᠨ ᠬᠤᠭᠤᠴᠠᠭ᠎ᠠ ᠶᠢ ᠥᠩᠭᠡᠷᠡᠭᠡᠭᠡᠳ᠂ ᠠᠵᠤ ᠦᠢᠯᠡᠰ ᠲᠠᠰᠤᠷᠠᠯᠲᠠ ᠦᠭᠡᠢ ᠪᠤᠵᠠᠭᠠᠶᠢᠷᠠᠵᠤ᠂ ᠬᠠᠢ ᠭᠤᠤ ᠮᠠᠯ ᠠᠵᠤ ᠠᠬᠤᠢ ᠶᠢ ᠠᠭᠠᠵᠢᠮ ᠢᠶᠠᠷ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ᠂ ᠠᠯᠠᠰᠢᠨ ᠦᠬᠡᠷ ᠪᠣᠷᠳᠣᠬᠤ᠂ ᠲᠡᠵᠢᠭᠡᠯ ᠪᠣᠷᠳᠤᠭ᠎ᠠ ᠡᠳ᠋ᠰᠢᠭᠦᠯᠬᠦ᠂ ᠠᠮᠢ ᠠᠬᠤᠢ ᠶᠢᠨ ᠵᠤᠭᠠᠴᠠᠯ ᠤᠨ ᠬᠦᠷᠢᠶᠡᠯᠡᠩ ᠢ ᠨᠢᠭᠡ ᠴᠤᠬᠴᠠᠵᠢᠭᠤᠯᠤᠬᠰᠠᠨ ᠲᠤᠮᠤ ᠬᠡᠯᠪᠡᠷᠢ ᠶᠢᠨ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠠᠭᠠᠭᠤᠯᠤᠭᠴᠢ ᠠᠵᠤ ᠠᠬᠤᠶᠢᠯᠠᠯ ᠪᠣᠯᠭᠠᠨ ᠬᠥᠭᠵᠢᠭᠦᠯᠵᠦ᠂ ᠤᠳᠤ 18500 ᠦᠬᠡᠷ ᠬᠠᠰᠢᠶ᠎ᠠ᠂ ᠡᠳᠦᠷ ᠲᠤ 310 ᠲᠣᠨ  ᠰᠦ ᠦᠢᠯᠡᠳᠪᠦᠷᠢᠯᠡᠵᠦ᠂ ᠵᠢᠯ ᠳᠤ 11 ᠲᠦᠮᠡᠨ ᠲᠣᠨ ᠰᠦ  ᠦᠢᠯᠡᠳᠪᠦᠷᠢᠯᠡᠵᠦ᠂ ᠢᠯᠢ ᠶᠢᠨ ᠳ᠋ᠢᠶᠠᠨ ᠰᠦ᠋ ᠪᠣᠯᠤᠨ ᠮᠧᠩ ᠨᠢᠦ  ᠲᠡᠷᠢᠭᠦᠨ‌‍ᠰᠦ᠋  ᠶᠢᠨ ᠰᠢᠯᠢᠳᠡᠭ ᠡᠬᠢ ᠰᠤᠷᠪᠤᠯᠵᠢ ᠶᠢᠨ ᠰᠠᠭᠤᠷᠢᠨ ᠪᠣᠯᠵᠠᠢ᠃    ᠭᠤᠣ ᠰᠢ ᠫᠢᠩ ᠢᠲᠡᠭᠡᠯ ᠢ ᠡᠷᠬᠢᠮᠯᠡᠨ ᠠᠮᠠᠯᠠᠯᠲᠠ ᠪᠠᠨ ᠪᠠᠷᠢᠮᠲᠠᠯᠠᠵᠤ᠂ ︽ᠦᠨᠡᠨᠴᠢ ᠢᠲᠡᠭᠡᠮᠵᠢᠲᠡᠶ ᠬᠥᠮᠦᠨ ᠪᠣᠯᠵᠣ᠂ ᠦᠨᠡᠨᠴᠢ ᠢᠲᠡᠭᠡᠮᠵᠢᠲᠡᠶ ᠠᠵᠤ ᠠᠬᠤᠶᠢᠯᠠᠯ ᠢ ᠴᠣᠭᠴᠠᠯᠠᠨ ᠪᠠᠶᠢᠭᠤᠯᠬᠤ︾ ᠵᠣᠷᠢᠯᠲᠠ ᠶᠢ ᠦᠨᠡᠨᠬᠦ  ᠭᠦᠢᠴᠡᠳᠭᠡᠵᠤ᠂ ᠲᠠᠷᠢᠶᠠᠴᠢᠳ ᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠠᠷᠭ᠎ᠠ ᠶᠢ ᠰᠦᠪᠡᠭᠴᠢᠯᠡᠨ᠂ ᠯᠢᠶᠠᠩᠴᠧᠩ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠢᠳᠡᠪᠬᠢᠲᠡᠶ ᠣᠷᠣᠯᠴᠠᠵᠤ᠂ ᠠᠵᠤ  ᠤᠶᠢᠯᠡᠰ ᠢᠶᠠᠷ ᠬᠠᠪᠰᠤᠷᠤᠨ ᠲᠡᠳᠬᠦᠬᠦ ᠲᠥᠷᠥᠯ  ᠵᠤᠶᠢᠯ ᠤᠨ ᠲᠤᠭ᠎ᠠ 4 ᠪᠠᠶᠢᠵᠤ᠂ ᠪᠠᠯᠠ ᠣᠷᠣᠭᠤᠯᠤᠯᠲᠠ ᠶᠢᠨ ᠶᠡᠷᠦᠩᠬᠡᠶ ᠵᠣᠭᠤᠰᠣᠨ ᠲᠤᠭ᠎ᠠ 3558 ᠲᠦᠮᠡᠨ ᠲᠥᠭᠦᠷᠢᠭ᠂ 100 ᠶᠠᠳᠠᠭᠤ ᠬᠦᠴᠢᠷᠳᠡᠯᠲᠡᠶ ᠲᠣᠰᠬᠤᠨ ᠢ ᠬᠠᠪᠰᠤᠷᠤᠨ ᠲᠡᠳᠬᠦᠵᠦ᠂ 3838 ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠠᠪᠰᠤᠷᠤᠨ ᠲᠡᠳᠬᠦᠵᠦ᠂ 143 ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠵᠢᠯ ᠣᠯᠭᠤᠵᠤ᠂ ᠨᠡᠶᠢᠲᠡ ᠶᠢᠨ ᠠᠰᠠᠷᠠᠮᠵᠢ ᠪᠠᠷ ᠬᠠᠪᠰᠤᠷᠤᠨ ᠲᠡᠳᠬᠦᠵᠦ ᠠᠰᠢᠭ ᠭᠥᠷᠳᠡᠭᠰᠡᠨ ᠶᠠᠳᠠᠭᠤ ᠬᠦᠴᠢᠷᠳᠡᠯᠲᠡᠶ ᠬᠥᠮᠦᠨ 2513 ᠬᠥᠮᠦᠨ ᠳᠤ ᠨᠡᠶᠢᠲᠡ ᠶᠢᠨ ᠠᠰᠠᠷᠠᠮᠵᠢ ᠪᠠᠷ ᠬᠠᠪᠰᠤᠷᠤᠨ ᠲᠡᠳᠬᠦᠪᠡ᠃ ᠡᠷᠬᠢᠨ ᠲᠣᠭᠤᠷᠢᠨ ᠤ ᠤᠯᠠᠨ ᠲᠦᠮᠡᠨ ᠢ ᠲᠠᠶᠢᠴᠢᠯᠠᠨ ᠦᠢᠯᠡᠳᠪᠦᠷᠢᠯᠡᠯ ᠢ ᠨᠢ ᠬᠥᠭᠵᠢᠭᠦᠯᠵᠦ᠂ ᠶᠠᠳᠠᠭᠤ ᠬᠦᠴᠢᠷᠳᠡᠯ ᠠᠴᠠ ᠨᠢ ᠠᠩᠭᠢᠵᠢᠷᠠᠭᠤᠯᠵᠤ᠂ ᠲᠤᠬᠠᠶ ᠶᠢᠨ ᠭᠠᠵᠠᠷ ᠤᠨ 450 ᠭᠠᠷᠤᠶ ᠤᠯᠠᠨ ᠲᠦᠮᠡᠨ ᠳᠤ ᠠᠵᠢᠯ ᠣᠯᠭᠤᠪᠠ᠃ ᠵᠢᠯ ᠪᠦᠷᠢ ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢᠨ ᠲᠠᠷᠢᠭᠰᠠᠨ 3 ᠲᠦᠮᠡ ᠭᠠᠷᠤᠢ ᠮᠦ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠬᠤᠳᠠᠯᠳᠤᠨ ᠣᠷᠣᠭᠤᠯᠵᠤ᠂ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢᠨ ᠳᠤᠬᠢᠷᠠᠭᠤᠯᠤᠯᠳᠠ ᠶᠢ ᠬᠦᠴᠦᠲᠡᠢ ᠠᠬᠢᠭᠤᠯᠵᠤ᠂ ᠲᠠᠷᠢᠶᠠᠴᠢᠳ ᠤᠨ ᠠᠵᠢᠯ ᠤᠯᠬᠤ ᠵᠢᠴᠢ ᠣᠷᠣᠯᠭ᠎ᠠ ᠪᠠᠨ ᠨᠡᠮᠡᠭᠳᠡᠭᠦᠯᠬᠦ ᠠᠰᠠᠭᠤᠳᠠᠯ ᠢ ᠰᠢᠢᠳᠪᠦᠷᠢᠯᠡᠵᠦ᠂ ᠲᠠᠷᠢᠶᠠᠯᠠᠩ ᠤᠨ ᠠᠮᠢ ᠠᠬᠤᠢ ᠣᠷᠴᠢᠨ ᠲᠣᠭᠤᠷᠢᠨ ᠤ ᠰᠠᠶᠢᠨ ᠣᠷᠴᠢᠯ ᠢ ᠠᠬᠢᠭᠤᠯᠵᠤ᠂ ᠲᠤᠬᠠᠢ ᠶᠢᠨ ᠭᠠᠵᠠᠷ ᠤᠨ ᠠᠮᠢ ᠠᠬᠤᠢ ᠶᠢ ᠲᠡᠷᠢᠭᠦᠨ ᠳᠤ ᠲᠠᠯᠪᠢᠬᠤ ᠪᠠ ᠴᠢᠨᠠᠷ ᠰᠠᠶᠢᠲᠠᠢ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠡᠢ᠃ ᠭᠤᠤ ᠰᠢ ᠫᠢᠩ ᠡᠯ᠎ᠡ ᠲᠦᠷᠦᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠥᠭᠵᠢᠯᠲᠡ ᠶᠢᠨ ᠦᠷ᠎ᠡ ᠪᠦᠲᠦᠭᠡᠯ ᠢᠶᠠᠨ ᠨᠡᠶᠢᠭᠡᠮ ᠳᠤ ᠠᠴᠢ ᠬᠠᠷᠢᠭᠤᠯᠪᠠ᠃ ᠤᠷᠢᠳ ᠬᠤᠵᠢᠳ ᠶᠠᠳᠠᠭᠤ ᠬᠦᠴᠢᠷᠳᠡᠯᠲᠡᠢ ᠰᠤᠷᠤᠭᠴᠢᠳ ᠢ ᠲᠡᠳᠬᠦᠬᠦ᠂ ᠣᠨᠴᠠ ᠬᠦᠴᠢᠷᠳᠡᠯᠲᠡᠢ ᠲᠠᠷᠢᠶᠠᠴᠢᠨ ᠡᠷᠦᠬᠡ ᠶᠢ ᠬᠠᠪᠰᠤᠷᠤᠨ ᠲᠡᠳᠬᠦᠬᠦ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠲᠣᠣᠷᠵᠢᠭᠤᠯᠤᠭᠰᠠᠨ ᠲᠣᠭᠤᠷᠢᠨ ᠴᠠᠭᠳᠠᠬᠤ ᠳᠤ ᠲᠡᠷᠭᠡ ᠬᠥᠰᠬᠡ ᠬᠠᠩᠭᠠᠬᠤ᠂ ᠪᠦᠬᠦ ᠰᠢᠶᠠᠨ ᠤ ᠰᠣᠶᠣᠯ ᠤᠨ ᠠᠵᠢᠯᠯᠠᠭ᠎ᠠ ᠶᠢ ᠳᠡᠮᠵᠢᠬᠦ ᠵᠢᠴᠢ ᠠᠯᠪᠠᠨ ᠵᠢᠷᠤᠮ ᠤᠨ ᠠᠭᠤᠯᠠᠷᠬᠠᠭ ᠣᠷᠣᠨ ᠤ ᠬᠤᠭ ᠨᠣᠪᠰᠢ ᠶᠢ ᠴᠡᠪᠡᠷᠯᠡᠬᠦ᠂ ᠣᠷᠴᠢᠨ ᠲᠣᠭᠤᠷᠢᠨ ᠢ ᠬᠠᠮᠠᠭᠠᠯᠠᠬᠤ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠠᠨᠳᠢᠪᠯᠠᠬᠤ ᠵᠡᠷᠭᠡ ᠠᠯᠢ ᠤᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯᠯᠠᠭ᠎ᠠ ᠶᠢ ᠥᠷᠨᠢᠭᠦᠯᠪᠡ᠂ ᠡᠭᠦᠨ ᠳᠤ ᠬᠢᠵᠢᠭ ᠤᠨ ᠪᠠᠶᠢᠳᠠᠯ ᠤᠨ ᠲᠤᠰᠠᠯᠠᠮᠵᠢ 30 ᠭᠠᠷᠤᠢ ᠲᠦᠮᠡᠨ ᠲᠥᠭᠦᠷᠢᠭ ᠲᠤ ᠬᠦᠷᠴᠦ᠂ ᠨᠡᠶᠢᠲᠡ 110 ᠭᠠᠷᠤᠢ ᠲᠦᠮᠡᠨ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠢ ᠲᠤᠰᠠᠯᠠᠭᠰᠠᠨ ᠪᠠᠶᠢᠨ᠎ᠠ᠃
        ᠭᠤᠤ ᠰᠢ ᠫᠢᠩ ᠤᠷᠢᠳ ᠬᠤᠵᠢᠳ ︽ᠤᠯᠠᠭᠠᠨᠴᠠᠪ ᠬᠤᠲᠠ ᠶᠢᠨ ᠵᠠᠯᠠᠭᠤᠴᠤᠳ ᠤᠨ ᠠᠳᠠᠯ  ᠤᠶᠢᠯᠡᠰ ᠴᠣᠭᠴᠠᠯᠠᠵᠤ ᠪᠠᠶᠠᠵᠢᠨ ᠴᠢᠨᠡᠭᠡᠯᠢᠭᠵᠢᠬᠦ ᠶᠢᠨ ᠳᠠᠭᠠᠭᠤᠯᠤᠭᠴᠢ︾᠂ ︽ᠤᠯᠠᠭᠠᠨᠴᠠᠪ ᠬᠤᠲᠠ ᠶᠢᠨ ᠬᠥᠳᠡᠯᠮᠦᠷᠢ ᠶᠢᠨ ᠵᠢᠱᠢᠶᠡᠴᠢ︾᠂ ︽ᠯᠢᠶᠠᠩᠴᠧᠩ ᠰᠢᠶᠠᠨ ᠤ ᠭᠠᠳᠠᠨ᠎ᠠ ᠠᠴᠠ ᠢᠷᠡᠵᠦ ᠠᠳᠠᠯ ᠤᠶᠢᠯᠡᠰ  ᠴᠣᠭᠴᠠᠯᠠᠭᠰᠠᠨ ᠠᠷᠪᠠᠨ ᠶᠡᠭᠡ ᠵᠠᠯᠠᠭᠤᠴᠤᠳ︾ ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠪᠡ᠃                                          ᠨᠠᠶᠢᠷᠠᠭᠤᠯᠤᠭᠴᠢ᠄  ᠯᠢ ᠬᠤᠩ ᠢᠦᠢ                                            ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2