| | | 8 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠯᠢᠶᠣᠤᠨᠢᠩ ᠳᠤ ᠰᠢᠨᠵᠢᠯᠡᠨ ᠪᠠᠶᠢᠴᠠᠭᠠᠪᠠ᠃ ᠵᠢᠷᠤᠬ ᠪᠤᠯ 16 ᠤ ᠦᠳᠡ ᠶᠢᠨ ᠬᠤᠶᠢᠨ᠎ᠠ᠂ ᠰᠢ ᠶᠢᠨ ᠫᠢᠩ ᠵᠢᠨᠵᠧᠦ | ᠬᠤᠳᠠ ᠶᠢᠨ ᠳ᠋ᠦᠩ ᠬᠤ᠋ ᠤᠢ ᠰᠢᠭᠤᠢ ᠶᠢᠨ ᠴᠡᠴᠡᠷᠯᠢᠭ ᠲᠤ ᠰᠢᠶᠤᠤ ᠯᠢᠩ ᠾᠧ ᠭᠤᠣᠯ ᠤᠨ ᠬᠦᠪᠡᠭᠡ ᠳᠠᠭᠠᠤ ᠶᠢᠨ | ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠬᠦ ᠦᠶ᠎ᠠ ᠳᠡᠭᠡᠨ᠂ ᠠᠳᠡ ᠰᠡᠯᠡᠭᠦᠴᠡᠨ ᠰᠣᠶᠣᠯ ᠤᠨ | ᠠᠵᠢᠯᠯᠠᠭ᠎ᠠ ᠦᠷᠨᠢᠬᠦᠯᠵᠤ ᠪᠠᠶᠢᠭᠰᠠᠨ ᠤᠯᠠᠨ ᠲᠦᠮᠡᠨ ᠲᠠᠢ ᠲᠤᠳᠤᠨᠤᠰᠤᠭ ᠢᠶᠠᠷ ᠶᠠᠷᠢᠯᠴᠠᠵᠤ ᠪᠠᠶᠢᠭ᠎ᠠ ᠨᠢ᠃ | ᠰᠢᠨᠬᠤᠧᠠ ᠬᠤᠷᠢᠶᠠᠨ ᠤ ᠰᠤᠷᠪᠤᠯᠵᠢᠯᠠᠬᠴᠢ ᠶᠠᠨ ᠶᠠᠨ ᠰᠡᠬᠦᠳᠡᠷᠯᠡᠪᠡ | | | | | 8 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠯᠢᠶᠣᠤᠨᠢᠩ ᠳᠤ ᠰᠢᠨᠵᠢᠯᠡᠨ ᠪᠠᠶᠢᠴᠠᠭᠠᠪᠠ᠃ ᠵᠢᠷᠤᠬ ᠪᠤᠯ 17 ᠤ ᠦᠳᠡ ᠶᠢᠨ ᠬᠤᠶᠢᠨ᠎ᠠ᠂ ᠰᠢ ᠶᠢᠨ ᠫᠢᠩ | ᠮᠦᠭᠳᠡᠨ ᠤ ᠰᠢᠨ ᠰᠦᠩ ᠮᠠᠰᠢᠨ ᠬᠥᠮᠦᠨ ᠤ ᠠᠦ᠋ᠲ᠋ᠣᠴᠢᠯᠠᠭᠰᠠᠨ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ | ᠦᠵᠡᠭᠦᠯᠭᠡ ᠶᠢᠨ ᠲᠢᠩᠬᠢᠮ ᠳᠤ ᠯᠢᠶᠣᠤᠨᠢᠩ ᠤᠨ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠢᠯᠡᠳᠬᠦᠨ ᠤ ᠲᠥᠪᠯᠡᠷᠡᠬᠦᠯᠦᠭᠰᠡᠨ ᠲᠡᠯᠬᠡᠨ ᠦᠵᠡᠭᠦᠯᠭᠡ ᠶᠢ ᠪᠠᠶᠢᠴᠠᠭᠠᠨ ᠦᠵᠡᠵᠦ ᠪᠠᠶᠢᠭ᠎ᠠ ᠨᠢ᠃ | ᠰᠢᠨᠬᠤᠧᠠ ᠬᠤᠷᠢᠶᠠᠨ ᠤ ᠰᠤᠷᠪᠤᠯᠵᠢᠯᠠᠬᠴᠢ ᠵᠢᠤᠢ ᠫᠧᠩ ᠰᠡᠬᠦᠳᠡᠷᠯᠡᠪᠡ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠯᠢᠶᠣᠤᠨᠢᠩ ᠳᠤ ᠰᠢᠨᠵᠢᠯᠡᠨ | ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ | ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠬᠠᠮᠲᠤ ᠪᠠᠷ | ᠪᠠᠶᠠᠵᠢᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠲᠦᠷᠭᠡᠳᠭᠡᠨ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ | ᠠᠬᠢᠭᠤᠯᠵᠤ᠂ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠨᠠᠩ | ᠶᠡᠭᠡ ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠯᠢᠶᠣᠤᠨᠢᠩ ᠤᠨ ᠮᠠᠨᠳᠤᠯᠲᠠ | ᠬᠥᠭᠵᠢᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ | ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃ | 8 ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠰᠢ ᠶᠢᠨ ᠫᠢᠩ ᠯᠢᠶᠣᠤᠨᠢᠩ ᠮᠤᠵᠢ ᠶᠢᠨ ᠨᠠᠮ ᠤᠨ | ᠬᠤᠷᠢᠶᠠᠨ ᠤ ᠱᠦᠵᠢ ᠵᠠᠩ ᠭᠦᠸᠧ ᠴᠢᠩ᠂ ᠮᠤᠵᠢ ᠶᠢᠨ ᠳᠠᠷᠤᠭ᠎ᠠ ᠯᠢ ᠯᠧ ᠴᠧᠩ ᠤᠨ ᠪᠠᠷ᠎ᠠ ᠪᠣᠯᠣᠯᠭ᠎ᠠ ᠲᠠᠢ ᠪᠠᠷ | ᠤᠷᠢᠳ ᠬᠤᠵᠢᠳ ᠵᠢᠨᠵᠧᠦ᠂ ᠮᠦᠭᠳᠡᠨ ᠵᠡᠷᠭᠡ ᠭᠠᠵᠠᠷ ᠲᠤ ᠬᠦᠷᠴᠦ᠂ ᠬᠤᠪᠢᠰᠬᠠᠯ ᠤᠨ ᠳᠤᠷᠠᠰᠬᠠᠯ ᠤᠨ ᠣᠷᠳᠣᠨ᠂ | ᠭᠤᠤᠯ ᠮᠥᠷᠡᠨ ᠨᠠᠭᠤᠷ ᠪᠦᠷᠢᠳᠦ ᠶᠢ ᠵᠠᠰᠠᠬᠤ ᠢᠨᠵᠧᠨᠧᠷᠢᠩ᠂ ᠠᠵᠤ ᠠᠬᠤᠶᠢᠯᠠᠯ᠂ ᠨᠡᠶᠢᠭᠡᠮ ᠲᠣᠭᠤᠷᠢᠭ ᠵᠡᠷᠭᠡ ᠳᠤ | ᠭᠦᠨᠵᠡᠭᠡᠶᠢᠷᠡᠨ ᠪᠠᠶᠢᠴᠠᠭᠠᠨ ᠰᠤᠳᠤᠯᠪᠠ᠃ | 16 ᠤ ᠦᠳᠡ ᠶᠢᠨ ᠬᠤᠶᠢᠨ᠎ᠠ᠂ ᠰᠢ ᠶᠢᠨ ᠫᠢᠩ ᠵᠢᠨᠵᠧᠦ ᠬᠤᠳᠠ ᠳᠤ ᠡᠩ ᠲᠡᠷᠢᠭᠦᠨ ᠳᠤ ᠯᠢᠶᠣᠤ ᠱᠧᠨ ᠤ | ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠢᠶᠠᠷ ᠰᠢᠨᠵᠢᠯᠡᠨ ᠪᠠᠶᠢᠴᠠᠭᠠᠪᠠ᠃ 70 ᠭᠠᠷᠤᠢ ᠵᠢᠯ ᠤᠨ ᠡᠮᠦᠨ᠎ᠡ᠂ | ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠤᠨ ᠴᠡᠷᠢᠭ ᠠᠩᠬᠢ ᠶᠢ ᠵᠢᠯᠣᠭᠤᠳᠴᠤ ᠯᠢᠶᠣᠤ ᠱᠧᠨ ᠤ | ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠪᠠ᠃ ᠰᠢ ᠶᠢᠨ ᠫᠢᠩ ᠣᠷᠣᠰᠢᠯ ᠲᠢᠩᠬᠢᠮ᠂ ᠳᠠᠶᠢᠯᠠᠯᠳᠤᠭᠠᠨ ᠤ | ᠲᠡᠦᠬᠡ ᠶᠢᠨ ᠣᠷᠳᠣᠨ᠂ ᠡᠮᠦᠨ᠎ᠡ ᠹᠷᠣᠨᠲ ᠢ ᠲᠤᠰᠠᠯᠠᠭᠰᠠᠨ ᠣᠷᠳᠣᠨ᠂ ᠦᠷᠡᠭᠳᠡᠭᠰᠡᠨ ᠪᠠᠭᠠᠲᠤᠷᠴᠤᠳ ᠤᠨ | ᠣᠷᠳᠣᠨ ᠢ ᠲᠠᠷᠠᠭᠠᠯᠠᠨ ᠲᠣᠭᠤᠷᠢᠨ ᠦᠵᠡᠵᠦ᠂ ᠵᠡᠭᠦᠨ ᠬᠤᠶᠢᠲᠤ ᠶᠢᠨ ᠴᠢᠯᠥᠭᠡᠯᠡᠬᠦ ᠳᠠᠶᠢᠨ ᠤ ᠲᠡᠦᠬᠡ ᠪᠣᠯᠤᠨ | ᠯᠢᠶᠣᠤ ᠱᠧᠨ ᠤ ᠳᠠᠶᠢᠯᠠᠯᠳᠤᠭᠠᠨ ᠤ ᠢᠯᠠᠯᠲᠠ ᠶᠢᠨ ᠶᠠᠪᠤᠴᠠ ᠶᠢ ᠡᠷᠭᠢᠴᠡᠭᠦᠯᠵᠦ᠂ ᠥᠷᠭᠡᠨ ᠤᠯᠠᠨ ᠠᠷᠠᠳ | ᠲᠦᠮᠡᠨ ᠤ ᠡᠮᠦᠨ᠎ᠡ ᠹᠷᠣᠨᠲ ᠢ ᠲᠤᠰᠠᠯᠠᠭᠰᠠᠨ ᠰᠡᠳᠭᠢᠯ ᠬᠥᠳᠡᠯᠭᠡᠮ᠎ᠡ ᠦᠢᠯᠡ ᠠᠵᠢᠯᠯᠠᠭ᠎ᠠ ᠪᠣᠯᠤᠨ ᠬᠤᠪᠢᠰᠬᠠᠯᠲᠤ | ᠦᠷᠡᠭᠳᠡᠭᠰᠡᠨ ᠪᠠᠭᠠᠲᠤᠷᠴᠤᠳ ᠤᠨ ᠥᠷᠡᠭᠲᠡᠯ ᠰᠤᠶᠢᠲᠤᠯ ᠠᠴᠠ ᠠᠶᠤᠬᠤ ᠦᠭᠡᠢ ᠪᠠᠭᠠᠲᠤᠷᠯᠢᠭ ᠦᠢᠯᠡ | ᠠᠵᠢᠯᠯᠠᠭ᠎ᠠ ᠶᠢ ᠰᠠᠨᠠᠭᠠᠯᠵᠠᠨ ᠡᠷᠭᠢᠴᠡᠭᠦᠯᠪᠡ᠃ ᠰᠢ ᠶᠢᠨ ᠫᠢᠩ᠂ ᠯᠢᠶᠣᠤ ᠱᠧᠨ ᠤ ᠳᠠᠶᠢᠯᠠᠯᠳᠤᠭᠠᠨ ᠤ ᠢᠯᠠᠯᠲᠠ ᠨᠢ | ᠮᠠᠤ ᠽᠧ ᠳ᠋ᠦᠩ ᠨᠥᠬᠦᠷ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠤᠯᠠᠨ ᠠᠴᠠ ᠬᠡᠲᠦᠶᠢᠳᠦᠭᠰᠡᠨ | ᠪᠠᠶᠢᠯᠳᠤᠬᠤ ᠪᠣᠳᠣᠯᠭ᠎ᠠ ᠶᠢᠨ ᠬᠠᠷᠠᠴᠠ ᠪᠣᠯᠤᠨ ᠪᠠᠶᠢᠯᠳᠤᠬᠤ ᠪᠣᠳᠣᠯᠭ᠎ᠠ ᠶᠢᠨ ᠤᠬᠠᠭᠠᠯᠠᠯ ᠢ ᠭᠦᠶᠴᠡᠳ ᠢᠯᠡᠷᠡᠭᠦᠯᠪᠡ᠃ | ᠴᠢᠯᠥᠭᠡᠯᠡᠬᠦ ᠲᠠᠶᠢᠨ ᠤ ᠦᠶ᠎ᠡ ᠳᠤ ᠮᠠᠨ ᠤ ᠨᠠᠮ ᠪᠣᠯᠤᠨ ᠭᠤᠮᠢᠨᠳᠠᠩ ᠤᠨ ᠬᠤᠭᠤᠷᠣᠨᠳᠣᠬᠢ ᠶᠡᠭᠡ ᠰᠢᠢᠳᠪᠦᠷᠢᠲᠦ | ᠪᠠᠶᠢᠯᠳᠤᠭᠠᠨ ᠪᠣᠯ ᠴᠡᠷᠢᠭ ᠤᠨ ᠬᠦᠴᠦᠨ ᠵᠡᠪᠰᠡᠭ ᠤᠨ ᠬᠦᠴᠦᠨ ᠤ ᠪᠠᠶᠢᠯᠳᠤᠭᠠᠨ ᠪᠣᠯᠬᠤ ᠮᠥᠷᠲᠡᠭᠡᠨ ᠨᠡᠩ ᠴᠤ | ᠠᠷᠠᠳ ᠤᠨ ᠰᠡᠳᠭᠢᠯ ᠢ ᠤᠯᠵᠤ ᠠᠯᠲᠠᠬᠤ ᠲᠤᠬᠠᠢ ᠲᠡᠮᠡᠴᠡᠯ ᠪᠣᠯᠬᠤ ᠶᠤᠮ᠃ ᠯᠢᠶᠣᠤ ᠱᠧᠨ ᠤ ᠳᠠᠶᠢᠯᠠᠯᠳᠤᠭᠠᠨ ᠤ | ᠢᠯᠠᠯᠲᠠ ᠶᠢ ᠵᠡᠭᠦᠨ ᠬᠤᠶᠢᠲᠤ ᠣᠷᠣᠨ ᠤ ᠠᠷᠠᠳ ᠲᠦᠮᠡᠨ ᠪᠦᠬᠦ ᠬᠦᠴᠦ ᠪᠠᠷ ᠢᠶᠠᠨ ᠲᠤᠰᠠᠯᠠᠵᠤ ᠪᠠᠶᠢᠭᠠᠳ ᠲᠡᠮᠡᠴᠡᠨ | ᠣᠯᠤᠭᠰᠠᠨ ᠶᠤᠮ᠂ ᠬᠤᠸᠠᠢ ᠬᠠᠢ ᠶᠢᠨ ᠳᠠᠶᠢᠯᠠᠯᠳᠤᠭᠠᠨ ᠤ ᠢᠯᠠᠯᠲᠠ ᠶᠢ ᠠᠷᠠᠳ ᠲᠦᠮᠡᠨ ᠵᠢᠵᠢᠭ ᠵᠢᠳᠬᠦᠬᠦᠷ | ᠲᠡᠷᠭᠡ ᠪᠠᠨ ᠲᠦᠯᠬᠢᠵᠦ ᠪᠠᠶᠢᠭᠠᠳ ᠲᠡᠮᠡᠴᠡᠨ ᠣᠯᠤᠭᠰᠠᠨ ᠶᠤᠮ᠂ ᠮᠥᠷᠡᠨ ᠭᠠᠲᠤᠯᠬᠤ ᠳᠠᠶᠢᠯᠠᠯᠳᠤᠭᠠᠨ ᠤ | ᠢᠯᠠᠯᠲᠠ ᠶᠢ ᠠᠷᠠᠳ ᠲᠦᠮᠡᠨ ᠵᠢᠵᠢᠭ ᠣᠩᠭᠤᠴᠠ ᠪᠠᠨ ᠰᠡᠯᠢᠵᠦ ᠪᠠᠶᠢᠭᠠᠳ ᠲᠡᠮᠡᠴᠡᠨ ᠣᠯᠤᠭᠰᠠᠨ ᠶᠤᠮ᠃ | ᠠᠷᠠᠳ ᠤᠨ ᠰᠡᠳᠭᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ᠂ ᠲᠡᠷᠡ ᠨᠢ ᠠᠵᠢᠯ ᠦᠢᠯᠡᠰ ᠤᠨ ᠮᠠᠨᠳᠤᠵᠤ | ᠪᠠᠭᠤᠷᠠᠬᠤ ᠢᠯᠠᠵᠤ ᠢᠯᠠᠭᠳᠠᠬᠤ ᠶᠢ ᠲᠣᠭᠲᠠᠭᠠᠳᠠᠭ᠃ ᠮᠠᠨ ᠤ ᠨᠠᠮ ᠠᠷᠠᠳ ᠤᠯᠠᠨ ᠯᠤᠭ᠎ᠠ ᠶᠢᠨ ᠴᠢᠰᠤ ᠮᠢᠬᠠᠨ ᠤ | ᠬᠠᠷᠢᠴᠠᠭ᠎ᠠ ᠪᠠᠨ ᠢᠮᠠᠭᠲᠠ ᠪᠠᠲᠤᠯᠠᠵᠤ᠂ ᠢᠮᠠᠭᠲᠠ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠭᠡᠵᠦ᠂ ᠬᠤᠪᠢ | ᠵᠠᠶᠠᠭ᠎ᠠ ᠪᠠᠨ ᠬᠠᠮᠲᠤᠳᠬᠠᠨ᠂ ᠰᠡᠳᠭᠢᠯ ᠵᠢᠷᠦᠬᠡ ᠪᠠᠨ ᠬᠤᠯᠪᠣᠳᠠᠭ ᠯᠠ ᠶᠤᠮ ᠪᠣᠯ ᠠᠯᠢᠪᠠ ᠬᠦᠴᠢᠷ ᠪᠡᠷᠬᠡᠰᠢᠶᠡᠯ | ᠬᠠᠷᠰᠢ ᠰᠠᠭᠠᠳ ᠢ ᠢᠯᠠᠨ ᠳᠠᠪᠠᠭ᠋ᠤ ᠬᠦᠴᠦᠷᠬᠡᠭ ᠶᠡᠭᠡ ᠬᠦᠴᠦᠨ ᠢ ᠤᠯᠵᠤ ᠴᠢᠳᠠᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠲᠡᠦᠬᠡ ᠶᠢ ᠰᠤᠷᠤᠯᠴᠠᠬᠤ ᠪᠣᠯ ᠨᠠᠮ ᠤᠨ ᠭᠡᠰᠢᠭᠦᠨ ᠨᠢᠭᠡ ᠪᠦᠷᠢ ᠶᠢᠨ ᠡᠭᠦᠷᠭᠡ ᠮᠥᠨ᠃ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠢ | ᠪᠠᠶᠢᠯᠭᠠᠬᠤ ᠶᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠨᠠᠮ ᠤᠨ ᠲᠡᠦᠬᠡ ᠶᠢ | ᠰᠤᠷᠤᠯᠴᠠᠬᠤ ᠶᠢ ᠵᠠᠪᠠᠯ ᠰᠤᠷᠬᠤ ᠬᠢᠴᠢᠶᠡᠯ ᠪᠠ ᠪᠠᠶᠢᠩᠭᠤ ᠰᠤᠷᠬᠤ ᠬᠢᠴᠢᠶᠡᠯ ᠪᠣᠯᠭᠠᠬᠤ ᠶᠢ ᠬᠦᠳᠦᠯᠦᠨ ᠵᠢᠯᠣᠭᠤᠳᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠠᠬᠠᠮᠠᠳ ᠪᠠᠶᠢᠯᠳᠤᠭᠴᠢ ᠠᠬᠠᠮᠠᠳ ᠨᠥᠬᠦᠳ ᠪᠣᠯᠤᠨ ᠬᠤᠪᠢᠰᠬᠠᠯᠲᠤ ᠦᠷᠡᠭᠳᠡᠭᠰᠡᠨ | ᠪᠠᠭᠠᠲᠤᠷᠴᠤᠳ ᠤᠨ ᠲᠥᠷᠥᠯ ᠰᠠᠳᠤᠨ ᠤ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠡᠳᠡᠨ ᠢ ᠴᠢᠩ | ᠰᠡᠳᠭᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠭᠡᠪᠡ᠃ ᠰᠢ ᠶᠢᠨ ᠫᠢᠩ᠂ ᠵᠡᠭᠦᠨ ᠬᠤᠶᠢᠲᠤ ᠣᠷᠣᠨ ᠤ | ᠠᠷᠠᠳ ᠲᠦᠮᠡᠨ ᠯᠢᠶᠣᠤ ᠱᠧᠨ ᠤ ᠳᠠᠶᠢᠯᠠᠯᠳᠤᠭᠠᠨ ᠤ ᠢᠯᠠᠯᠲᠠ ᠪᠣᠯᠤᠨ ᠵᠡᠭᠦᠨ ᠬᠤᠶᠢᠲᠤ ᠣᠷᠣᠨ ᠤ | ᠴᠢᠯᠥᠭᠡᠯᠡᠯᠲᠡ ᠶᠢᠨ ᠲᠥᠯᠥᠭᠡ ᠯᠤᠲᠤ ᠶᠡᠭᠡ ᠦᠷᠡᠭᠳᠡᠯ ᠭᠠᠷᠭᠠᠭᠰᠠᠨ ᠢᠶᠠᠷ ᠪᠠᠷᠠᠬᠤ ᠦᠭᠡᠢ ᠪᠠᠰᠠ ᠰᠢᠨ᠎ᠡ ᠳᠤᠮᠳᠠᠳᠤ | ᠤᠯᠤᠰ ᠤᠨ ᠪᠦᠳᠦᠭᠡᠨ ᠪᠠᠶᠢᠭᠤᠯᠤᠯᠲᠠ ᠪᠣᠯᠤᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠰᠠᠨ | ᠲᠠᠶᠢᠨ ᠤ ᠢᠯᠠᠯᠲᠠ ᠶᠢ ᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠢ ᠨᠠᠮ ᠪᠣᠯᠤᠨ ᠠᠷᠠᠳ ᠲᠦᠮᠡᠨ | ᠥᠨᠢ ᠡᠭᠦᠷᠢᠳᠡ ᠮᠠᠷᠲᠠᠬᠤ ᠦᠭᠡᠢ ᠶᠤᠮ᠃ ᠮᠠᠨ ᠤ ᠬᠤᠪᠢᠰᠬᠠᠯᠲᠤ ᠲᠦᠷᠦ ᠵᠠᠰᠠᠭ ᠢ ᠲᠦᠭ ᠲᠦᠮᠡᠨ ᠬᠤᠪᠢᠰᠬᠠᠯᠲᠤ | ᠦᠷᠡᠭᠳᠡᠭᠰᠡᠨ ᠪᠠᠭᠠᠲᠤᠷᠴᠤᠳ ᠠᠷᠢᠭᠤᠨ ᠴᠢᠰᠤ ᠪᠠ ᠠᠮᠢ ᠨᠠᠰᠤ ᠪᠠᠷ ᠢᠶᠠᠨ ᠰᠣᠯᠢᠵᠤ ᠠᠪᠴᠢᠷᠠᠭᠰᠠᠨ ᠶᠤᠮ᠃ | ᠲᠥᠷᠥ ᠵᠠᠰᠠᠭ ᠪᠣᠯ ᠳᠠᠷᠤᠶ ᠠᠷᠠᠳ ᠲᠦᠮᠡᠨ᠂ ᠠᠷᠠᠳ ᠲᠦᠮᠡᠨ ᠪᠣᠯ ᠲᠠᠷᠤᠢ ᠲᠥᠷᠥ ᠵᠠᠰᠠᠭ ᠮᠦᠨ᠃ ᠪᠢᠳᠠ | ᠲᠦᠷᠦ ᠵᠠᠰᠠᠭ ᠤᠨ ᠤᠢᠩᠭᠡ ᠬᠤᠪᠢᠷᠡᠬᠤ ᠶᠢ ᠣᠭᠲᠣ ᠵᠥᠪᠰᠢᠶᠡᠷᠡᠬᠦ ᠤᠢᠭᠡᠢ᠂ ᠠᠷᠠᠳ ᠲᠦᠮᠡᠨ ᠴᠦ ᠣᠭᠲᠣ | ᠵᠥᠪᠰᠢᠶᠡᠷᠡᠬᠦ ᠤᠢᠭᠡᠢ᠃ ᠤᠰᠤ ᠶᠢ ᠨᠢ ᠤᠤᠭᠤᠪᠠᠯ ᠡᠬᠢ ᠶᠢ ᠨᠢ ᠮᠠᠷᠳᠠᠵᠤ ᠪᠤᠯᠬᠤ ᠦᠬᠡᠢ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠭᠠᠷᠤᠢ ᠵᠢᠯ ᠤᠨ ᠲᠤᠷᠰᠢ᠂ ᠦᠶ᠎ᠡ ᠦᠶ᠎ᠡ ᠶᠢᠨ | ᠬᠥᠮᠦᠰ ᠤᠨ ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ ᠳᠠᠮᠵᠢᠨ᠂ ᠮᠠᠨ ᠤ ᠤᠯᠤᠰ ᠲᠤ ᠲᠡᠭᠷᠢ ᠭᠠᠵᠠᠷ ᠢ | ᠲᠤᠩᠰᠤᠯᠭᠠᠬᠰᠠᠨ ᠬᠤᠪᠢᠷᠠᠯᠲᠠ ᠭᠠᠷᠴᠤ᠂ ᠠᠷᠠᠳ ᠲᠦᠮᠡᠨ ᠪᠦᠬᠦ ᠲᠠᠯ᠎ᠠ ᠪᠠᠷ ᠴᠢᠨᠡᠭᠡᠯᠢᠭᠵᠢᠭᠰᠡᠨ ᠠᠮᠢᠳᠤᠷᠠᠯ ᠢ | ᠡᠳ᠋ᠯᠡᠵᠦ᠂ ᠳᠤᠮᠳᠠᠳᠤ ᠶᠢᠨ ᠦᠨᠳᠦᠰᠦᠲᠡᠨ ᠳᠡᠯᠡᠬᠡᠢ ᠶᠢᠨ ᠦᠨᠳᠦᠰᠦᠲᠡᠨ ᠤ ᠳᠤᠮᠳᠠ ᠰᠡᠬᠦᠶᠢᠨ ᠰᠦᠨᠳᠡᠷᠯᠡᠪᠡ᠃ | ᠪᠢᠳᠡ ᠦᠷᠭᠦᠯᠵᠢᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠴᠢᠷᠮᠠᠶᠢᠨ ᠪᠡᠶᠡᠯᠡᠭᠦᠯᠤᠨ᠂ ᠡᠭᠦᠨ ᠢᠶᠠᠷ ᠬᠤᠪᠢᠰᠬᠠᠯ ᠤᠨ ᠤᠷᠢᠳᠤᠰ ᠪᠣᠯᠤᠨ ᠦᠷᠡᠭᠳᠡᠭᠰᠡᠨ ᠪᠠᠭᠠᠲᠤᠷᠴᠤᠳ ᠢ | ᠲᠠᠶᠢᠳᠬᠤᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠬᠠᠮᠠᠳ | ᠪᠠᠶᠢᠯᠳᠤᠭᠴᠢ ᠠᠬᠠᠮᠠᠳ ᠨᠥᠬᠦᠳ ᠪᠣᠯᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠲᠦᠷᠦᠯ ᠰᠠᠳᠤᠨ ᠢ | ᠬᠠᠯᠠᠮᠵᠢᠯᠠᠵᠤ᠂ ᠠᠬᠠᠮᠠᠳ ᠪᠠᠶᠢᠯᠳᠤᠭᠴᠢ ᠠᠬᠠᠮᠠᠳ ᠨᠥᠬᠦᠳ ᠲᠤ ᠥᠲᠡᠯᠦᠭᠡ ᠨᠠᠰᠤᠨ ᠤ ᠵᠣᠯ ᠵᠢᠷᠭᠠᠯ ᠢ | ᠡᠳ᠋ᠯᠡᠭᠦᠯᠵᠦ᠂ ᠦᠷᠡᠭᠳᠡᠭᠰᠡᠨ ᠪᠠᠭᠠᠲᠤᠷᠴᠤᠳ ᠤᠨ ᠲᠦᠷᠦᠯ ᠰᠠᠳᠤᠨ ᠳᠤ ᠨᠠᠮ ᠤᠨ ᠬᠠᠶᠢᠷ᠎ᠠ ᠬᠠᠯᠠᠮᠵᠢ ᠶᠢ | ᠮᠡᠳᠡᠷᠡᠭᠦᠯᠬᠦ ᠬᠡᠷᠡᠭᠲᠡᠢ᠃ ᠬᠤᠪᠢᠰᠬᠠᠯᠲᠤ ᠲᠦᠷᠦ ᠵᠠᠰᠠᠭ ᠬᠢᠯᠪᠠᠷ ᠪᠤᠰᠤ ᠪᠠᠷ ᠢᠷᠡᠭᠰᠡᠨ ᠶᠤᠮ᠂ ᠲᠥᠷᠥ ᠵᠠᠰᠠᠭ ᠢ | ᠰᠠᠶᠢᠲᠤᠷ ᠰᠠᠬᠢᠬᠤ ᠬᠠᠷᠢᠭᠤᠴᠠᠯᠭ᠎ᠠ ᠬᠦᠨᠳᠦ ᠶᠡᠭᠡ ᠶᠤᠮ᠃ ᠨᠠᠮ ᠤᠨ ᠦᠯᠢᠭᠡᠷ᠂ ᠬᠤᠪᠢᠰᠬᠠᠯ ᠤᠨ ᠦᠯᠢᠭᠡᠷ᠂ | ᠪᠠᠭᠠᠲᠤᠷᠴᠤᠳ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ | ᠬᠤᠪᠢᠰᠬᠠᠯᠲᠤ ᠲᠦᠷᠦ ᠵᠠᠰᠠᠭ ᠢ ᠵᠠᠯᠭᠠᠮᠵᠢᠯᠠᠬᠤ ᠬᠥᠮᠦᠨ ᠲᠠᠢ᠂ ᠦᠶ᠎ᠡ ᠶᠢᠨ ᠦᠶ᠎ᠡ ᠳᠤ ᠤᠯᠠᠮᠵᠢᠯᠠᠬᠤ ᠶᠢ ᠦᠨᠡᠨ ᠬᠦ | ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ ᠰᠢ ᠶᠢᠨ ᠫᠢᠩ ᠠᠬᠠᠮᠠᠳ ᠪᠠᠶᠢᠯᠳᠤᠭᠴᠢ ᠠᠬᠠᠮᠠᠳ ᠨᠥᠬᠦᠳ ᠢ | ᠣᠷᠳᠣ ᠨᠠᠰᠤᠯᠠᠨ ᠤᠳᠠᠭᠠᠨ ᠵᠢᠷᠭᠠᠵᠤ᠂ ᠵᠣᠯ ᠵᠢᠷᠭᠠᠯ ᠲᠠᠢ ᠠᠮᠢᠳᠤᠷᠠᠵᠦ᠂ ᠶᠠᠪᠤᠳᠠᠯ ᠪᠦᠬᠦᠨ ᠤᠷᠤᠭᠰᠢᠲᠠᠶ | ᠪᠤᠯᠳᠤᠭᠠᠢ︕ ᠬᠡᠵᠦ ᠵᠥᠩᠨᠡᠪᠡ᠃ | ᠲᠠᠷᠠᠭ᠎ᠠ ᠨᠢ᠂ ᠰᠢ ᠶᠢᠨ ᠫᠢᠩ ᠵᠢᠨᠵᠧᠦ ᠶᠢᠨ ᠳ᠋ᠦᠩ ᠬᠤ᠋ ᠤᠢ ᠰᠢᠭᠤᠢ ᠶᠢᠨ ᠴᠡᠴᠡᠷᠯᠢᠭ ᠲᠤ ᠬᠦᠷᠴᠦ᠂ | ᠲᠤᠬᠠᠢ ᠶᠢᠨ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠵᠠᠰᠠᠨ ᠰᠡᠷᠭᠦᠭᠡᠬᠦ ᠶᠢ ᠴᠢᠩᠭᠠᠳᠬᠠᠵᠤ ᠪᠠᠶᠢᠭ᠎ᠠ | ᠪᠠᠶᠢᠳᠠᠯ ᠢ ᠰᠢᠨᠵᠢᠯᠡᠨ ᠪᠠᠶᠢᠴᠠᠭᠠᠪᠠ᠃ ᠴᠡᠴᠡᠷᠯᠢᠭ ᠨᠢ ᠰᠢᠶᠣᠤ ᠯᠢᠩ ᠾᠧ ᠭᠤᠤᠯ ᠪᠠ ᠨᠢᠤᠢ ᠡᠯ ᠾᠧ ᠭᠤᠤᠯ ᠤᠨ | ᠠᠭᠤᠯᠵᠠᠷ ᠤᠨ ᠬᠤᠶᠢᠲᠤ ᠲᠠᠯ᠎ᠠ ᠳᠤ ᠪᠠᠶᠢᠷᠢᠯᠠᠵᠦ ᠪᠤᠢ᠃ 2014 ᠣᠨ ᠠᠴᠠ ᠡᠬᠢᠯᠡᠨ᠂ ᠵᠢᠨᠵᠧᠦ ᠬᠤᠳᠠ ᠬᠤᠶᠠᠷ | ᠭᠤᠣᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢᠨ ᠬᠠᠮᠲᠤ ᠭᠤᠣᠯ ᠳᠠᠭᠠᠤ 10 ᠭᠠᠷᠤᠢ | ᠺᠢᠯᠤᠮᠧᠲᠷ ᠤᠨ ᠨᠣᠭᠤᠭᠠᠷᠠᠭᠤᠯᠤᠯᠲᠠ ᠶᠢᠨ ᠪᠦᠰᠡ ᠶᠢ ᠪᠠᠶᠢᠭᠤᠯᠵᠤ᠂ ᠭᠤᠣᠯ ᠳᠠᠭᠠᠤ ᠪᠡᠶ᠎ᠡ ᠴᠢᠭᠢᠷᠠᠭᠵᠢᠭᠤᠯᠵᠤ | ᠰᠡᠯᠡᠭᠦᠴᠡᠨ ᠲᠤᠭᠤᠷᠢᠬᠤ ᠪᠦᠰᠡᠯᠢᠭ ᠴᠡᠴᠡᠷᠯᠢᠭ ᠢ ᠪᠦᠷᠢᠯᠳᠦᠭᠦᠯᠪᠡ᠃ ᠰᠢ ᠶᠢᠨ ᠫᠢᠩ ᠰᠢᠶᠤᠤ ᠯᠢᠩ ᠾᠧ | ᠭᠤᠣᠯ ᠤᠨ ᠬᠦᠪᠡᠭᠡ ᠳᠠᠭᠠᠤ ᠶᠢᠨ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠪᠡ᠃ ᠲᠡᠷᠡ᠂ ᠰᠠᠶᠢᠨ | ᠰᠠᠶᠢᠬᠠᠨ ᠠᠮᠢ ᠠᠬᠤᠶ ᠣᠷᠴᠢᠨ ᠲᠣᠭᠤᠷᠢᠨ ᠪᠣᠯ ᠵᠡᠭᠦᠨ ᠬᠤᠶᠢᠲᠤ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠡᠷᠬᠢᠮ ᠨᠠᠨᠳᠢᠨ ᠡᠬᠢ ᠪᠠᠶᠠᠯᠢᠭ ᠮᠥᠨ᠂ ᠪᠠᠰᠠ ᠴᠤ ᠵᠡᠭᠦᠨ ᠬᠤᠶᠢᠲᠤ ᠣᠷᠣᠨ ᠢ ᠬᠥᠭᠵᠢᠭᠦᠯᠦᠨ | ᠮᠠᠨᠳᠤᠭᠤᠯᠬᠤ ᠶᠢᠨ ᠨᠢᠭᠡᠨ ᠳᠠᠪᠠᠭᠤᠯᠢᠭ ᠮᠥᠨ᠃ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠠᠮᠢ | ᠠᠬᠤᠢ ᠶᠢᠨ ᠬᠠᠮᠠᠭᠠᠯᠠᠯᠲᠠ᠂ ᠣᠷᠴᠢᠨ ᠲᠣᠭᠤᠷᠢᠨ ᠤ ᠪᠦᠳᠦᠭᠡᠨ ᠪᠠᠶᠢᠭᠤᠯᠤᠯᠲᠠ᠂ ᠦᠢᠯᠡᠳᠪᠦᠷᠢᠯᠡᠯ ᠦᠢᠯᠡᠳᠭᠡᠯ᠂ | ᠬᠤᠳᠠ ᠶᠢᠨ ᠬᠥᠭᠵᠢᠯᠲᠡ᠂ ᠠᠷᠠᠳ ᠲᠦᠮᠡᠨ ᠤ ᠠᠮᠢᠳᠤᠷᠠᠯ ᠵᠡᠷᠭᠡ ᠡᠯ᠎ᠡ ᠲᠠᠯ᠎ᠠ ᠳᠤ ᠲᠤᠭᠤᠰᠢᠯᠠᠭᠤᠯᠵᠤ᠂ | ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠲᠦᠷᠭᠡᠳᠭᠡᠨ ᠪᠦᠳᠦᠭᠡᠨ ᠪᠠᠶᠢᠭᠤᠯᠬᠤ ᠬᠡᠷᠡᠭᠲᠡᠢ᠃ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠢᠯᠡᠳᠲᠡ | ᠳᠡᠭᠡᠭᠰᠢᠯᠡᠭᠦᠯᠲᠡᠭ᠂ ᠡᠨᠡ ᠲᠠᠯ᠎ᠠ ᠪᠠᠷ ᠠᠷᠠᠳ ᠣᠯᠠᠨ ᠤ ᠤᠯᠤᠯᠳᠠ ᠲᠥᠷᠥᠭᠳᠡᠯ ᠴᠦ ᠬᠠᠮᠤᠭ ᠤᠨ ᠭᠦᠨᠵᠡᠭᠡᠶ ᠶᠤᠮ᠃ | ᠠᠭᠤᠯᠠ᠂ ᠤᠰᠤ᠂ ᠬᠤᠳᠠ ᠶᠢ ᠵᠠᠰᠠᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠤᠳᠠ ᠶᠢᠨ | ᠦᠢᠯᠡᠳᠪᠦᠷᠢᠯᠡᠯ ᠤᠨ ᠣᠷᠣᠨ ᠵᠠᠢ᠂ ᠠᠮᠢᠳᠤᠷᠠᠯ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠶᠢ ᠰᠢᠨᠵᠢᠯᠡᠬᠦ | ᠤᠬᠠᠭᠠᠨᠴᠢ ᠵᠦᠢ ᠵᠣᠬᠢᠰᠲᠠᠢ ᠪᠠᠷ ᠲᠥᠯᠥᠪᠵᠢᠭᠦᠯᠵᠦ᠂ ᠤᠯᠠᠨ ᠲᠦᠮᠡᠨ ᠳᠤ ᠲᠤᠭᠤᠷᠢᠵᠤ ᠰᠡᠯᠡᠭᠦᠴᠡᠬᠦ᠂ ᠪᠡᠶ᠎ᠡ | ᠴᠢᠭᠢᠷᠠᠭᠵᠢᠭᠤᠯᠬᠤ᠂ ᠵᠤᠭ᠎ᠠ ᠴᠡᠩᠭᠡᠯ ᠤᠨ ᠤᠯᠠᠨ ᠨᠡᠶᠢᠲᠡ ᠶᠢᠨ ᠲᠠᠯᠠᠪᠤᠷ ᠢ ᠢᠯᠡᠭᠦᠬᠡᠨ ᠪᠦᠲᠦᠬᠡᠨ ᠪᠠᠶᠢᠭᠤᠯᠵᠤ | ᠥᠭᠬᠦ ᠬᠡᠷᠡᠭᠲᠡᠢ ᠭᠡᠵᠤ ᠴᠢᠬᠤᠯᠠᠴᠢᠯᠠᠵᠠᠢ᠃ | ᠰᠢ ᠶᠢᠨ ᠫᠢᠩ ᠲᠤᠬᠠᠢ ᠶᠢᠨ ᠲᠠᠯᠠᠪᠠᠢ ᠳᠤ ᠯᠢᠶᠣᠤᠨᠢᠩ ᠮᠤᠵᠢ ᠶᠢᠨ ᠦᠶᠡᠷ ᠢ ᠰᠡᠷᠭᠡᠶᠢᠯᠡᠬᠦ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ ᠡᠨᠡ ᠵᠢᠯ ᠤᠮᠠᠷᠠᠲᠤ ᠣᠷᠣᠨ ᠳᠤ ᠪᠣᠷᠣᠭᠠᠨ ᠬᠤᠷ᠎ᠠ ᠨᠡᠯᠢᠶᠡᠳ ᠡᠯᠪᠡᠭ᠂ | ᠦᠶᠡᠷ ᠤᠨ ᠬᠤᠭᠤᠴᠠᠭ᠎ᠠ ᠳᠤ ᠤᠷᠤᠭᠰᠠᠨ ᠠᠴᠠ ᠨᠠᠭᠠᠰᠢ ᠯᠢᠶᠣᠤᠨᠢᠩ ᠳᠤ ᠣᠯᠠᠨ ᠤᠳᠠᠭ᠎ᠠ ᠰᠢᠷᠦᠭᠦᠨ ᠪᠣᠷᠣᠭᠠᠨ | ᠣᠷᠣᠵᠤ᠂ ᠲᠠᠷᠢᠶ᠎ᠠ ᠲᠦᠮᠦᠰᠦ ᠬᠤᠬᠢᠷᠠᠵᠤ᠂ ᠣᠯᠠᠨ ᠲᠦᠮᠡᠨ ᠤ ᠡᠳ᠋ ᠬᠥᠷᠥᠩᠭᠡ ᠬᠤᠬᠢᠷᠠᠯ ᠳᠤ ᠤᠴᠠᠷᠠᠪᠠ᠃ | ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ ᠣᠷᠳᠣᠨ ᠲᠥᠪ ᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠳᠡᠮᠵᠢᠯᠭᠡ ᠳᠣᠣᠷ᠎ᠠ᠂ ᠭᠠᠮᠰᠢᠭ ᠠᠴᠠ ᠠᠪᠤᠷᠠᠨ ᠲᠤᠰᠠᠯᠠᠬᠤ ᠡᠯ᠎ᠡ ᠵᠦᠢᠯ ᠤᠨ ᠠᠵᠢᠯ ᠢ ᠪᠦᠬᠦ | ᠬᠦᠴᠦ ᠪᠠᠷ ᠢᠶᠠᠨ ᠰᠠᠶᠢᠲᠤᠷ ᠬᠢᠵᠦ᠂ 20 ᠲᠦᠮᠡ ᠰᠢᠬᠠᠮ ᠭᠠᠮᠰᠢᠭᠳᠠᠭᠰᠠᠨ ᠤᠯᠠᠨ ᠲᠦᠮᠡᠨ ᠢ ᠴᠠᠭ ᠲᠤᠬᠠᠢ ᠳᠤᠨᠢ | ᠰᠢᠯᠵᠢᠭᠦᠯᠵᠦ᠂ ᠭᠠᠮᠰᠢᠭᠳᠠᠭᠰᠠᠨ ᠤᠯᠠᠨ ᠲᠦᠮᠡᠨ ᠤ ᠢᠳᠡᠬᠦ ᠬᠤᠭᠤᠯᠠ ᠲᠠᠢ᠂ ᠡᠮᠦᠰᠭᠦ ᠬᠤᠪᠴᠠᠰᠤ ᠲᠠᠢ᠂ | ᠤᠤᠭᠤᠬᠤ ᠴᠡᠪᠡᠷ ᠤᠰᠤ ᠲᠠᠢ᠂ ᠲᠦᠷ ᠴᠠᠭ ᠤᠨ ᠠᠮᠤᠷ ᠲᠦᠪᠰᠢᠨ ᠰᠠᠭᠤᠬᠤ ᠭᠠᠵᠠᠷ ᠲᠠᠢ᠂ ᠡᠪᠡᠳᠴᠢᠨ ᠢᠶᠠᠨ ᠴᠠᠭ | ᠲᠤᠬᠠᠢ ᠳᠤᠨᠢ ᠡᠮᠨᠡᠭᠦᠯᠵᠦ ᠳᠡᠶᠢᠯᠬᠦ ᠶᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ | ᠪᠠᠲᠤᠯᠠᠪᠠ᠃ ᠰᠢ ᠶᠢᠨ ᠫᠢᠩ ᠭᠠᠮᠰᠢᠭᠳᠠᠭᠰᠠᠨ ᠤᠯᠠᠨ ᠲᠦᠮᠡᠨ ᠢ ᠠᠪᠤᠷᠠᠨ ᠲᠤᠰᠠᠯᠠᠵᠤ ᠲᠥᠪᠬᠢᠨᠡᠭᠦᠯᠦᠭᠰᠡᠨ | ᠪᠠᠶᠢᠳᠠᠯ ᠢ ᠮᠠᠰᠢ ᠬᠠᠯᠠᠮᠵᠢᠯᠠᠵᠤ ᠪᠠᠶᠢᠯ᠎ᠠ᠃ ᠲᠡᠷᠡ᠂ 8 ᠰᠠᠷ᠎ᠠ ᠪᠣᠯ ᠮᠦᠨ ᠴᠤ ᠤᠮᠠᠷᠠᠲᠤ ᠣᠷᠣᠨ ᠤ ᠦᠶᠡᠷ ᠢ | ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠦᠶᠡᠷ ᠤᠨ ᠪᠠᠶᠢᠳᠠᠯ ᠢ | ᠬᠢᠨᠠᠨ ᠬᠡᠮᠵᠢᠬᠦ ᠪᠠᠨ ᠴᠢᠩᠭᠠᠳᠬᠠᠵᠤ᠂ ᠠᠶᠤᠯ ᠲᠦᠭᠰᠢᠭᠦᠷᠢ ᠬᠡᠮ ᠰᠤᠭᠤᠭ ᠢ ᠴᠠᠭ ᠲᠤᠬᠠᠶ ᠳᠤᠨᠢ ᠵᠢᠭᠰᠠᠭᠠᠨ | ᠪᠠᠶᠢᠴᠠᠭᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠸ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠷᠢᠯᠢᠭ | ᠪᠣᠳᠠᠲᠠᠶ ᠠᠳᠬᠤᠵᠤ᠂ ᠭᠠᠮᠰᠢᠭᠳᠠᠭᠰᠠᠨ ᠣᠯᠠᠨ ᠲᠦᠮᠡᠨ ᠢ ᠲᠤᠬᠢᠳᠠᠢ ᠲᠥᠪᠬᠢᠨᠡᠭᠦᠯᠵᠦ᠂ ᠠᠷᠠᠳ ᠣᠯᠠᠨ ᠤ ᠠᠮᠢ | ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠭᠠᠮᠰᠢᠭ ᠤᠨ ᠳᠠᠷᠠᠭᠠᠬᠢ ᠰᠡᠷᠭᠦᠭᠡᠵᠦ ᠲᠠᠬᠢᠨ | ᠪᠦᠳᠦᠭᠡᠨ ᠪᠠᠶᠢᠭᠤᠯᠬᠤ ᠲᠥᠯᠥᠪᠵᠢᠭᠦᠯᠭᠡ ᠶᠢ ᠰᠠᠶᠢᠲᠤᠷ ᠬᠢᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠤᠨ | ᠬᠡᠪ ᠤᠨ ᠦᠢᠯᠡᠳᠪᠦᠷᠢᠯᠡᠯ ᠠᠮᠢᠳᠤᠷᠠᠯ ᠢ ᠨᠢ ᠡᠷᠲᠡᠬᠡᠨ ᠰᠡᠷᠭᠦᠭᠡᠬᠦ ᠬᠡᠷᠡᠭᠲᠡᠢ᠃ ᠪᠠᠶᠢᠭᠤᠯᠤᠮᠵᠢ ᠲᠣᠭᠲᠡᠴᠡ ᠶᠢ | ᠪᠦᠷᠢᠨᠰᠢᠬᠦᠯᠵᠤ᠂ ᠠᠷᠭᠠᠴᠡᠭᠠᠬᠤ ᠲᠥᠰᠦᠯ ᠢ ᠲᠡᠭᠦᠯᠳᠡᠷᠵᠢᠭᠦᠯᠵᠦ᠂ ᠬᠠᠴᠢᠨ ᠴᠠᠭ ᠠᠭᠤᠷ ᠢ ᠤᠷᠢᠳᠴᠢᠯᠠᠨ | ᠰᠡᠷᠡᠮᠵᠢᠯᠡᠭᠦᠯᠬᠦ ᠪᠠ ᠰᠡᠷᠭᠡᠶᠢᠯᠡᠬᠦ ᠪᠠᠨ ᠴᠢᠩᠭᠠᠳᠬᠠᠵᠤ᠂ ᠦᠶᠡᠷ ᠤᠰᠤᠲᠤᠯ ᠭᠠᠵᠠᠷ ᠤᠨ ᠭᠠᠮᠰᠢᠭ ᠢ ᠰᠡᠷᠭᠡᠶᠢᠯᠡᠬᠦ ᠪᠠ | ᠪᠠᠴᠢᠮ ᠪᠠᠶᠢᠳᠠᠯ ᠢ ᠠᠷᠭᠠᠴᠡᠭᠠᠨ ᠠᠶᠤᠯ ᠠᠴᠠ ᠠᠪᠤᠷᠠᠵᠤ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ | ᠣᠳᠣᠬᠠᠨ ᠳᠤ᠂ ᠵᠠᠷᠢᠮ ᠭᠠᠵᠠᠷ ᠣᠷᠣᠨ ᠬᠦᠨᠳᠦ ᠨᠣᠴᠢᠲᠠᠢ ᠭᠠᠩ ᠬᠠᠭᠰᠠᠷᠠᠭᠠᠨ ᠲᠣᠬᠢᠶᠠᠯᠳᠤᠪᠠ᠂ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃ | ᠳ᠋ᠦᠩ ᠬᠤ᠋ ᠰᠣᠶᠣᠯ ᠤᠨ ᠠᠭᠤᠳᠠᠮ ᠲᠠᠯᠠᠪᠠᠢ ᠳᠤ ᠰᠡᠯᠡᠭᠦᠴᠡᠨ ᠰᠣᠶᠣᠯ ᠤᠨ ᠠᠵᠢᠯᠯᠠᠭ᠎ᠠ ᠦᠷᠨᠢᠬᠦᠯᠵᠤ | ᠪᠠᠶᠢᠭᠰᠠᠨ ᠤᠯᠠᠨ ᠲᠦᠮᠡᠨ ᠶᠡᠷᠦᠩᠬᠡᠢ ᠱᠦᠵᠢ ᠶᠢᠨ ᠢᠷᠡᠭᠰᠡᠨ ᠢ ᠦᠵᠡᠭᠡᠳ᠂ ᠶᠡᠷᠦᠩᠬᠡᠢ ᠱᠦᠵᠢ ᠶᠢᠨ ᠠᠮᠤᠷ ᠢ | ᠠᠰᠠᠭᠤᠵᠠᠭᠠᠵᠤ ᠪᠠᠶᠢᠯ᠎ᠠ᠃ ᠰᠢ ᠶᠢᠨ ᠫᠢᠩ ᠤᠯᠠᠨ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ | ᠪᠣᠯ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠣᠳᠣᠬᠢᠴᠢᠯᠠᠯᠲᠠ ᠮᠥᠨ᠂ ᠵᠥᠪᠬᠡᠨ ᠴᠥᠭᠡᠨ ᠲᠣᠭᠠᠨ ᠤ | ᠬᠥᠮᠦᠰ ᠪᠠᠶᠠᠵᠢᠬᠤ ᠶᠠᠪᠤᠳᠠᠯ ᠪᠢᠰᠢ᠂ ᠬᠠᠷᠢᠨ ᠪᠦᠬᠦ ᠠᠷᠠᠳ ᠲᠦᠮᠡᠨ ᠬᠠᠮᠲᠤ ᠪᠠᠷ ᠪᠠᠶᠠᠵᠢᠬᠤ ᠶᠠᠪᠤᠳᠠᠯ ᠮᠥᠨ︔ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ | ᠬᠠᠷᠢᠯᠴᠠᠨ ᠵᠣᠬᠢᠴᠠᠭᠤᠯᠤᠭᠰᠠᠨ ᠣᠳᠣᠬᠢᠴᠢᠯᠠᠯᠲᠠ ᠮᠥᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠪᠠᠳᠠᠷᠠᠭᠤᠯᠵᠤ᠂ ᠬᠤᠪᠢᠰᠬᠠᠯ ᠤᠨ ᠰᠣᠶᠣᠯ ᠢ ᠰᠠᠶᠢᠲᠤᠷ ᠬᠡᠷᠡᠭᠯᠡᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ | ᠬᠥᠭᠵᠢᠭᠦᠯᠵᠦ᠂ ᠠᠷᠠᠳ ᠲᠦᠮᠡᠨ ᠤ ᠤᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠬᠡᠷᠡᠭᠲᠡᠢ᠃ | ᠨᠠᠮ ᠤᠨ ᠲᠥᠪ ᠬᠤᠷᠢᠶ᠎ᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠨ᠎ᠠ᠃ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ | ᠬᠤᠷᠢᠶ᠎ᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠦᠨ | ᠭᠦᠨᠵᠡᠭᠡᠶᠢᠷᠡᠬᠦᠯᠵᠦ ᠠᠬᠢᠭᠤᠯᠪᠠ᠂ ᠪᠢᠳᠡ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠤ ᠪᠥᠬᠦ ᠲᠠᠯ᠎ᠠ ᠪᠠᠷ | ᠬᠥᠭᠵᠢᠨ ᠮᠠᠨᠳᠤᠬᠤ ᠳᠤ ᠢᠲᠡᠭᠡᠯ ᠳᠦᠭᠦᠷᠡᠩ ᠪᠠᠶᠢᠨ᠎ᠠ᠂ ᠪᠠᠰᠠ ᠬᠦᠰᠡᠯ ᠡᠷᠡᠮᠡᠯᠵᠡᠯ ᠪᠢᠯᠬᠠᠮ᠎ᠠ ᠪᠠᠶᠢᠨ᠎ᠠ᠃ ᠵᠢᠨᠵᠧᠦ | ᠪᠣᠯ ᠪᠠᠭᠠᠲᠤᠷᠯᠢᠬ ᠬᠤᠳᠠ ᠪᠣᠯᠬᠤ ᠪᠥᠭᠡᠳ ᠥᠪᠡᠷᠮᠢᠴᠡ ᠰᠣᠶᠣᠯ ᠤᠨ ᠬᠡᠪ ᠨᠠᠮᠪᠠ ᠪᠠ ᠭᠦᠨ ᠵᠤᠵᠠᠭᠠᠨ ᠲᠡᠦᠬᠡ | ᠰᠣᠶᠣᠯ ᠤᠨ ᠤᠤᠷ ᠲᠤᠨᠳᠠᠰᠤ ᠲᠠᠢ ᠬᠤᠳᠠ ᠶᠤᠮ᠃ ᠴᠡᠭᠴᠡᠯᠡᠨ ᠵᠠᠰᠠᠬᠤ ᠪᠠᠷ ᠲᠠᠮᠵᠢᠨ᠂ ᠠᠳᠡᠬᠢ ᠠᠮᠢ ᠠᠬᠤᠢ | ᠣᠷᠴᠢᠨ ᠲᠣᠭᠤᠷᠢᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠳᠤ ᠯᠤᠲᠤ ᠶᠡᠭᠡ ᠬᠤᠪᠢᠷᠠᠯᠲᠠ | ᠭᠠᠷᠤᠭᠰᠠᠨ ᠢ ᠦᠵᠡᠭᠡᠳ ᠮᠠᠰᠢ ᠪᠠᠶᠠᠷᠯᠠᠵᠤ ᠪᠠᠶᠢᠨ᠎ᠠ᠃ ᠤᠯᠠᠨ ᠢᠶᠠᠷ ᠢᠶᠠᠨ ᠠᠮᠢ ᠠᠬᠤᠢ ᠶᠢ ᠬᠠᠮᠠᠭᠠᠯᠠᠬᠤ᠂ ᠣᠷᠴᠢᠨ | ᠲᠣᠭᠤᠷᠢᠨ ᠢ ᠬᠠᠶᠢᠷᠠᠯᠠᠬᠤ ᠤᠬᠠᠮᠰᠠᠷ ᠢᠶᠠᠨ ᠴᠢᠩᠭᠠᠳᠬᠠᠵᠤ᠂ ᠥᠪᠡᠷ ᠤᠨ ᠭᠡᠷ ᠣᠷᠣᠨ ᠢᠶᠠᠨ ᠬᠠᠮᠲᠤ ᠪᠠᠷ ᠰᠠᠶᠢᠲᠤᠷ | ᠰᠠᠬᠢᠨ ᠬᠠᠮᠠᠭᠠᠯᠠᠬᠤ ᠶᠢ ᠬᠦᠰᠡᠵᠦ ᠪᠠᠶᠢᠨ᠎ᠠ᠃ ᠨᠤᠲᠤᠭ ᠤᠨ ᠠᠬ᠎ᠠ ᠳᠡᠭᠦᠦ ᠨᠡᠷ ᠤᠨ ᠬᠤᠶᠢᠰᠢᠳᠠ ᠶᠢᠨ ᠠᠮᠢᠳᠤᠷᠠᠯ | ᠨᠡᠩ ᠵᠣᠯ ᠵᠢᠷᠭᠠᠯ ᠲᠠᠢ ᠨᠡᠩ ᠰᠠᠶᠢᠨ ᠰᠠᠶᠢᠬᠠᠨ ᠪᠣᠯᠬᠤ ᠶᠢ ᠵᠥᠩᠨᠡᠶ᠎ᠡ ᠭᠡᠵᠤ ᠲᠤᠳᠤᠨᠤᠰᠤᠭ ᠢᠶᠠᠷ ᠬᠡᠯᠡᠵᠠᠢ᠃ | ᠰᠢ ᠶᠢᠨ ᠫᠢᠩ 17 ᠤ ᠡᠳᠦᠷ ᠮᠦᠭᠳᠡᠨ ᠬᠤᠳᠠ ᠳᠤ ᠰᠢᠨᠵᠢᠯᠡᠨ ᠪᠠᠶᠢᠴᠠᠭᠠᠪᠠ᠃ ᠲᠤᠰ ᠡᠳᠦᠷ ᠤᠨ | ᠦᠳᠡ ᠶᠢᠨ ᠬᠤᠶᠢᠨ᠎ᠠ᠂ ᠲᠡᠷᠡ ᠮᠦᠭᠳᠡᠨ ᠤ ᠰᠢᠨ ᠰᠦᠩ ᠮᠠᠰᠢᠨ ᠬᠥᠮᠦᠨ ᠤ ᠠᠦ᠋ᠲ᠋ᠣᠴᠢᠯᠠᠭᠰᠠᠨ ᠬᠤᠪᠢᠴᠠᠭᠠᠳᠤ | ᠬᠢᠵᠠᠭᠠᠷᠲᠤ ᠺᠣᠮᠫᠠᠨᠢ ᠳᠤ ᠬᠦᠷᠪᠡ᠃ ᠠᠵᠤ ᠠᠬᠤᠶᠢᠯᠠᠯ ᠤᠨ ᠦᠵᠡᠭᠦᠯᠭᠡ ᠶᠢᠨ ᠲᠢᠩᠬᠢᠮ ᠳᠤ᠂ ᠰᠢ ᠶᠢᠨ ᠫᠢᠩ | ᠯᠢᠶᠣᠤᠨᠢᠩ ᠤᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠦᠬᠦᠯᠢ | ᠴᠣᠭᠴᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠯᠢᠶᠣᠤᠨᠢᠩ ᠤᠨ ᠲᠡᠷᠢᠭᠦᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠢᠯᠡᠳᠬᠦᠨ ᠤ ᠲᠥᠪᠯᠡᠷᠡᠬᠦᠯᠦᠭᠰᠡᠨ ᠲᠡᠯᠬᠡᠨ ᠦᠵᠡᠭᠦᠯᠭᠡ ᠶᠢ ᠪᠠᠶᠢᠴᠠᠭᠠᠨ ᠦᠵᠡᠭᠰᠡᠨ | ᠪᠥᠭᠡᠳ ᠰᠢᠨ ᠰᠦᠩ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠭᠰᠡᠨ | ᠪᠠᠶᠢᠳᠠᠯ ᠢ ᠰᠢᠨᠵᠢᠯᠡᠨ ᠪᠠᠶᠢᠴᠠᠭᠠᠪᠠ᠃ ᠠᠵᠤ ᠠᠬᠤᠶᠢᠯᠠᠯ ᠤᠨ ᠦᠶᠯᠡᠳᠪᠦᠷᠢᠯᠡᠯ ᠤᠨ ᠲᠠᠰᠤᠭ ᠲᠤ᠂ ᠠᠵᠤ | ᠦᠶᠯᠡᠳᠪᠦᠷᠢ ᠶᠢᠨ ᠮᠠᠰᠢᠨ ᠬᠥᠮᠦᠨ᠂ ᠬᠠᠮᠵᠢᠯᠴᠠᠵᠦ ᠲᠡᠶᠢᠯᠬᠦ ᠮᠠᠰᠢᠨ ᠬᠥᠮᠦᠨ᠂ ᠣᠨᠴᠠ ᠲᠥᠷᠥᠯ ᠤᠨ ᠮᠠᠰᠢᠨ | ᠬᠥᠮᠦᠨ ᠵᠡᠷᠭᠡ ᠶᠢ ᠶᠠᠭ ᠰᠢᠯᠭᠠᠨ ᠪᠠᠶᠢᠴᠠᠭᠠᠵᠤ ᠪᠠᠶᠢᠪᠠ᠃ ᠰᠢ ᠶᠢᠨ ᠫᠢᠩ ᠮᠡᠷᠭᠡᠵᠢᠯ ᠤᠨ ᠠᠵᠢᠯᠳᠠᠨ ᠪᠣᠯᠤᠨ ᠠᠵᠤ | ᠠᠬᠤᠶᠢᠯᠠᠯ ᠤᠨ ᠠᠵᠢᠯᠳᠠᠨ ᠠᠴᠠ ᠠᠵᠤ ᠠᠬᠤᠶᠢᠯᠠᠯ ᠤᠨ ᠭᠤᠣᠯᠯᠠᠬᠤ ᠮᠡᠷᠭᠡᠵᠢᠯ ᠤᠨ ᠪᠤᠭᠤᠮᠳᠠ ᠰᠢᠪᠳᠤᠯᠬᠤ ᠵᠡᠷᠭᠡ | ᠪᠠᠶᠢᠳᠠᠯ ᠢ ᠯᠠᠪᠯᠠᠨ ᠠᠰᠠᠭᠤᠵᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠭᠰᠡᠨ ᠪᠠ ᠠᠵᠤ | ᠦᠢᠯᠡᠰᠵᠢᠭᠰᠡᠨ ᠬᠥᠭᠵᠢᠯᠲᠡ ᠳᠤ ᠣᠯᠤᠭᠰᠠᠨ ᠠᠮᠵᠢᠯᠲᠠ ᠶᠢ ᠨᠤᠲᠠᠯᠠᠵᠤ᠂ ᠰᠢᠨ ᠰᠦᠩ ᠺᠣᠮᠫᠠᠨᠢ ᠳᠤᠮᠳᠠᠳᠤ | ᠤᠯᠤᠰ ᠤᠨ ᠬᠤᠷᠳᠤᠴᠠ᠂ ᠳᠤᠮᠳᠠᠳᠤ ᠤᠯᠤᠰ ᠤᠨ ᠲᠦᠪᠰᠢᠨ ᠢ ᠢᠯᠡᠷᠡᠭᠦᠯᠵᠡᠢ ᠭᠡᠵᠤ ᠢᠯᠡᠳᠭᠡᠪᠡ᠃ | ᠦᠢᠯᠡᠳᠪᠦᠷᠢ ᠶᠢᠨ ᠲᠠᠰᠤᠬ ᠤᠨ ᠭᠠᠳᠠᠨ᠎ᠠ᠂ ᠠᠵᠤ ᠠᠬᠤᠶᠢᠯᠠᠯ ᠤᠨ ᠠᠵᠢᠯᠳᠠᠨ ᠤ ᠲᠥᠯᠥᠭᠡᠯᠡᠭᠴᠢ | ᠬᠦᠷᠢᠶᠡᠯᠡᠨ ᠵᠤᠬᠰᠤᠵᠦ᠂ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠪᠡ᠃ ᠰᠢ ᠶᠢᠨ ᠫᠢᠩ᠂ | ᠨᠠᠮ ᠤᠨ ᠲᠥᠪ ᠬᠤᠷᠢᠶ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠣᠨᠴᠠᠭᠠᠢ ᠴᠢᠬᠤᠯᠠᠴᠢᠯᠠᠵᠤ᠂ | ᠰᠢᠨ᠎ᠡ ᠶᠢ ᠡᠭᠦᠳᠬᠦ ᠣᠷᠴᠢᠨ ᠨᠦᠬᠦᠴᠡᠯ ᠤᠨ ᠪᠠᠶᠢᠭᠤᠯᠤᠯᠲᠠ ᠶᠢ ᠣᠨᠴᠠᠭᠠᠢ ᠴᠢᠬᠤᠯᠠᠴᠢᠯᠠᠵᠤ᠂ ᠮᠠᠨ ᠤ ᠤᠯᠤᠰ ᠤᠨ | ᠠᠵᠤ ᠦᠢᠯᠡᠰ ᠤᠨ ᠲᠦᠪᠰᠢᠨ ᠪᠣᠯᠤᠨ ᠪᠣᠳᠠᠲᠤ ᠬᠦᠴᠦᠨ ᠢ ᠴᠢᠷᠮᠠᠶᠢᠨ ᠳᠡᠭᠡᠭᠰᠢᠯᠡᠭᠦᠯᠵᠦ᠂ ᠮᠠᠨ ᠤ ᠤᠯᠤᠰ ᠤᠨ | ᠠᠵᠤ ᠠᠬᠤᠢ ᠶᠢᠨ ᠲᠤᠮᠤ ᠤᠯᠤᠰ ᠠᠴᠠ ᠠᠵᠤ ᠠᠬᠤᠢ ᠶᠢᠨ ᠬᠦᠴᠦᠷᠬᠡᠭ ᠤᠯᠤᠰ᠂ ᠦᠢᠯᠡᠳᠬᠦ ᠦᠢᠯᠡᠰ ᠤᠨ | ᠬᠦᠴᠦᠷᠬᠡᠭ ᠤᠯᠤᠰ ᠲᠡᠶᠢᠰᠢ ᠬᠤᠪᠢᠷᠠᠬᠤ ᠶᠢ ᠠᠬᠢᠭᠤᠯᠪᠠ᠃ ᠣᠳᠣᠬᠠᠨ ᠳᠤ᠂ ᠠᠵᠤ ᠠᠬᠤᠢ ᠶᠢᠨ ᠳᠡᠯᠡᠬᠡᠶᠢᠵᠢᠯᠲᠡ | ᠰᠥᠷᠭᠡᠦ ᠤᠷᠤᠰᠬᠠᠯ ᠳᠤ ᠤᠴᠠᠷᠠᠵᠤ᠂ ᠬᠠᠮᠠᠭᠠᠯᠠᠬᠤ ᠦᠵᠡᠯ ᠴᠤᠬᠤᠶᠢᠵᠤ ᠪᠠᠶᠢᠨ᠎ᠠ᠂ ᠭᠡᠪᠡᠴᠦ ᠪᠢᠳᠡ ᠡᠭᠦᠳᠡ ᠪᠠᠨ | ᠨᠡᠭᠡᠭᠡᠵᠦ ᠪᠦᠳᠦᠭᠡᠨ ᠪᠠᠶᠢᠭᠤᠯᠤᠯᠲᠠ ᠬᠢᠬᠦ ᠶᠢ ᠪᠠᠷᠢᠮᠲᠠᠯᠠᠬᠤ ᠬᠡᠷᠡᠭᠲᠡᠢ᠃ ᠮᠠᠨ ᠤ ᠤᠯᠤᠰ ᠤᠨ ᠬᠥᠭᠵᠢᠯᠲᠡ | ᠯᠠᠪᠳᠠᠭᠤᠨ ᠪᠠᠲᠤᠲᠠᠢ ᠪᠠᠶᠢᠵᠤ᠂ ᠠᠯᠬᠤᠮ ᠠᠯᠬᠤᠮ ᠢᠶᠠᠷ ᠤᠷᠤᠭᠰᠢᠯᠠᠬᠤ ᠮᠥᠷᠲᠡᠭᠡᠨ ᠪᠠᠰᠠ ᠨᠡᠭᠡᠭᠡᠯᠲᠡᠲᠡᠢ | ᠪᠠᠭᠲᠠᠭᠠᠮᠵᠢᠲᠠᠢ ᠪᠠᠶᠢᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠵᠥ᠂ ᠤᠯᠤᠰ ᠤᠨ ᠳᠣᠲᠣᠭᠠᠳᠤ ᠶᠢᠨ | ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ | ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠢᠳᠡᠪᠬᠢᠲᠡᠢ ᠪᠠᠶᠢᠭᠤᠯᠬᠤ ᠬᠡᠷᠡᠭᠲᠡᠢ᠃ | ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠪᠠᠷᠢᠮᠲᠠᠯᠠᠵᠤ᠂ ᠤᠯᠤᠰ ᠪᠠ ᠦᠨᠳᠦᠰᠦᠲᠡᠨ ᠤ ᠬᠥᠭᠵᠢᠯᠲᠡ ᠶᠢ | ᠥᠪᠡᠷ ᠤᠨ ᠬᠦᠴᠦᠨ ᠤ ᠪᠠᠨ ᠰᠠᠭᠤᠷᠢ ᠳᠡᠭᠡᠷ᠎ᠡ ᠲᠠᠯᠪᠢᠵᠤ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ | ᠡᠵᠡᠮᠳᠡᠬᠦ ᠬᠡᠷᠡᠭᠲᠡᠢ᠃ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠬᠡᠷᠡᠭᠲᠡᠢ᠃ ᠴᠠᠭ ᠮᠦᠴᠡ ᠲᠠᠢ ᠤᠷᠤᠯᠳᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠦᠷᠯᠦᠭᠡ ᠦᠳᠡᠰᠢ ᠶᠢ | ᠲᠡᠮᠡᠴᠡᠨ ︽ᠪᠣᠭᠤᠮᠢ︾ ᠠᠰᠠᠭᠤᠳᠠᠯ ᠢ ᠰᠢᠢᠳᠪᠦᠷᠢᠯᠡᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠪᠣᠯᠤᠨ | ᠲᠣᠨᠣᠭᠯᠠᠯ ᠦᠢᠯᠡᠳᠬᠦ ᠦᠢᠯᠡᠰ ᠢ ᠥᠪᠡᠷ ᠤᠨ ᠭᠠᠷ ᠲᠠᠭᠠᠨ ᠡᠵᠡᠮᠰᠢᠬᠦ ᠪᠠᠷ ᠴᠢᠷᠮᠠᠶᠢᠬᠤ ᠬᠡᠷᠡᠭᠲᠡᠢ᠃ ᠵᠠᠯᠠᠭᠤᠴᠤᠳ | ᠴᠤᠭ ᠵᠤᠯᠢ ᠪᠠᠳᠠᠷᠠᠩᠭᠤᠶ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠬᠤ ᠪᠣᠯ ᠠᠵᠤ ᠠᠬᠤᠶᠢᠯᠠᠯ ᠤᠨ | ᠬᠥᠭᠵᠢᠯᠲᠡ ᠶᠢᠨ ᠬᠦᠰᠡᠯ ᠡᠷᠡᠮᠡᠯᠵᠡᠯ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ | ᠰᠠᠶᠢᠨ ᠰᠠᠶᠢᠬᠠᠨ ᠣᠷᠴᠢᠨ ᠨᠦᠬᠦᠴᠡᠯ ᠢ ᠪᠤᠢ ᠪᠣᠯᠭᠠᠵᠤ᠂ ᠵᠠᠯᠠᠭᠤᠴᠤᠳ ᠤᠨ ᠰᠢᠨ᠎ᠡ ᠶᠢ ᠡᠭᠦᠳᠴᠤ ᠡᠭᠦᠳᠦᠨ | ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠲᠡᠳᠡᠨ ᠤ ᠡᠯ᠎ᠡ ᠬᠦᠷᠢᠶᠡᠨ ᠳᠤ ᠵᠣᠷᠢᠭᠲᠠᠢ ᠪᠠᠷ | ᠰᠢᠨ᠎ᠡ ᠶᠢ ᠡᠭᠦᠳᠴᠦ᠂ ᠵᠣᠷᠢᠭᠲᠠᠢ ᠪᠠᠷ ᠨᠣᠶᠠᠨ ᠤᠷᠬᠢᠯ ᠳᠤ ᠠᠪᠠᠷᠢᠵᠤ᠂ ᠰᠢᠨ᠎ᠡ ᠴᠠᠭ ᠦᠶ᠎ᠡ ᠳᠤ ᠵᠡᠭᠦᠨ ᠬᠤᠶᠢᠲᠤ | ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ | ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠳᠠᠷᠠᠭ᠎ᠠ ᠨᠢ ᠬᠤᠸᠠᠩᠭᠦ᠋ ᠲᠣᠭᠤᠷᠢᠭ ᠤᠨ ᠰᠠᠨ ᠲᠠᠢ ᠽᠢ ᠵᠡᠭᠡᠯᠢ ᠭᠤᠳᠤᠮᠵᠢ ᠶᠢᠨ ᠮᠦᠳᠠᠨ | ᠨᠡᠶᠢᠭᠡᠮ ᠲᠣᠭᠤᠷᠢᠭ ᠲᠤ ᠬᠦᠷᠪᠡ᠃ ᠲᠤᠰ ᠨᠡᠶᠢᠭᠡᠮ ᠲᠣᠭᠤᠷᠢᠭ ᠨᠢ ᠳᠡᠭᠡᠷ᠎ᠡ ᠵᠠᠭᠤᠨ ᠤ ᠨᠠᠶᠠᠭᠠᠳ ᠣᠨ ᠳᠤ | ᠪᠠᠶᠢᠭᠤᠯᠤᠭᠳᠠᠵᠤ᠂ 3000 ᠭᠠᠷᠤᠢ ᠡᠷᠦᠬᠡ ᠰᠠᠭᠤᠭᠠᠯᠢ ᠠᠷᠠᠳ ᠲᠠᠢ ᠪᠠᠶᠢᠵᠤ᠂ ᠤᠢᠢᠷ᠎ᠠ ᠶᠢᠨ ᠵᠢᠯ ᠠᠴᠠ ᠰᠠᠭᠤᠷᠢ | ᠲᠥᠬᠦᠭᠡᠷᠦᠮᠵᠢ ᠶᠢᠨ ᠥᠭᠡᠷᠡᠴᠢᠯᠡᠯᠲᠡ ᠪᠠ ᠦᠢᠯᠡᠴᠢᠯᠡᠭᠡ ᠰᠠᠶᠢᠵᠢᠷᠠᠭᠰᠠᠨ ᠢᠶᠠᠷ ᠦᠨᠳᠦᠰᠦᠨ ᠱᠠᠲᠤᠨ ᠤ | ᠵᠠᠰᠠᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠪᠣᠯᠵᠠᠢ᠃ ᠰᠢ ᠶᠢᠨ ᠫᠢᠩ ᠤᠷᠢᠳ ᠬᠤᠵᠢᠳ ᠨᠡᠶᠢᠭᠡᠮ | ᠲᠣᠭᠤᠷᠢᠭ ᠤᠨ ᠨᠠᠮ ᠤᠨ ᠬᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠤᠯᠠᠨ ᠲᠦᠮᠡᠨ ᠤ | ᠠᠵᠢᠯᠯᠠᠭᠠᠨ ᠤ ᠲᠥᠪ ᠪᠣᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠬᠦᠷᠴᠦ᠂ ᠨᠡᠶᠢᠭᠡᠮ | ᠲᠣᠭᠤᠷᠢᠭ ᠤᠨ ᠠᠵᠢᠯᠳᠠᠨ᠂ ᠵᠣᠯ ᠵᠢᠷᠭᠠᠯ ᠤᠨ ᠬᠥᠮᠦᠵᠢᠯ ᠤᠨ ᠬᠢᠴᠢᠶᠡᠯ ᠤᠨ ᠲᠠᠩᠬᠢᠮ ᠤᠨ ᠪᠠᠭᠰᠢ ᠰᠤᠷᠤᠬᠴᠢ | ᠪᠣᠯᠤᠨ ᠨᠠᠰᠤᠲᠠᠶᠢᠴᠤᠤᠯ ᠰᠠᠶᠢᠨ ᠳᠤᠷᠠᠴᠤᠳ ᠠᠴᠠ ᠲᠤᠬᠠᠢ ᠶᠢᠨ ᠭᠠᠵᠠᠷ ᠤᠨ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢ ᠴᠢᠩᠭᠠᠳᠬᠠᠭᠰᠠᠨ᠂ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠢ ᠰᠠᠶᠢᠵᠢᠷᠠᠭᠤᠯᠤᠭᠰᠠᠨ᠂ | ᠠᠷᠠᠳ ᠲᠦᠮᠡᠨ ᠳᠤ ᠦᠢᠯᠡᠴᠢᠯᠡᠬᠦ ᠠᠵᠢᠯ ᠢ ᠥᠷᠨᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ | ᠨᠠᠰᠤᠲᠠᠶᠢᠴᠤᠳ ᠤᠨ ᠬᠤᠭᠤᠯᠠᠨ ᠭᠡᠷ ᠲᠤ᠂ ᠰᠢ ᠶᠢᠨ ᠫᠢᠩ ᠬᠤᠭᠤᠯᠠ ᠪᠠᠨ ᠢᠳᠡᠵᠦ ᠪᠠᠶᠢᠬᠰᠠᠨ | ᠨᠠᠰᠤᠲᠠᠶᠢᠴᠤᠳ ᠠᠴᠠ ᠬᠤᠭᠤᠯᠠ ᠨᠢ ᠦᠨᠡᠲᠡᠢ ᠪᠠᠶᠢᠬᠤ ᠡᠰᠡᠬᠦ᠂ ᠨᠡᠶᠢᠭᠡᠮ ᠲᠣᠭᠤᠷᠢᠭ ᠤᠨ ᠦᠢᠯᠡᠴᠢᠯᠡᠭᠡ ᠰᠠᠶᠢᠨ | ᠪᠠᠶᠢᠬᠤ ᠡᠰᠡᠬᠦ᠂ ᠠᠮᠢᠳᠤᠷᠠᠯ ᠤᠨ ᠲᠠᠯ᠎ᠠ ᠪᠠᠷ ᠪᠠᠰᠠ ᠶᠠᠮᠠᠷ ᠬᠦᠴᠢᠷᠳᠡᠯ ᠪᠠᠶᠢᠬᠤ ᠶᠢ ᠯᠠᠪᠯᠠᠨ ᠠᠰᠠᠭᠤᠪᠠ᠃ | ᠰᠢ ᠶᠢᠨ ᠫᠢᠩ ᠰᠠᠭᠤᠭᠠᠯᠢ ᠠᠷᠠᠳ ᠯᠢ ᠱᠦᠶ ᠶᠢᠨ ᠬᠡᠷ ᠲᠤ ᠬᠦᠷᠴᠦ᠂ ᠲᠣᠭᠤᠭᠠᠨ ᠬᠡᠷ᠂ ᠵᠤᠷᠯᠤᠩ᠂ | ᠤᠨᠲᠠᠯᠭ᠎ᠠ ᠶᠢᠨ ᠥᠷᠥᠭᠡ ᠵᠡᠷᠭᠡ ᠶᠢ ᠨᠢ ᠪᠠᠶᠢᠴᠠᠭᠠᠨ ᠦᠵᠡᠵᠦ᠂ ᠳᠠᠷᠠᠭ᠎ᠠ ᠨᠢ ᠵᠣᠴᠢᠳ ᠤᠨ ᠲᠢᠩᠬᠢᠮ ᠳᠤ ᠰᠠᠭᠤᠵᠤ | ᠲᠡᠳᠡᠨ ᠤ ᠬᠡᠷ ᠤᠨ ᠬᠥᠮᠦᠰ ᠲᠠᠢ ᠳᠣᠲᠣᠨᠣ ᠪᠠᠷ ᠶᠠᠷᠢᠯᠴᠠᠪᠠ᠃ ᠣᠯᠠᠨ ᠢᠶᠠᠷ ᠢᠶᠠᠨ ᠶᠡᠷᠦᠩᠬᠡᠶ ᠱᠦᠵᠢ ᠳᠤ᠂ ᠨᠡᠶᠢᠭᠡᠮ | ᠲᠣᠭᠤᠷᠢᠭ ᠢ ᠥᠭᠡᠷᠡᠴᠢᠯᠡᠨ ᠰᠢᠨᠡᠳᠭᠡᠬᠦ ᠪᠠᠷ ᠳᠡᠮᠵᠢᠨ᠂ ᠡᠪᠦᠯ ᠤᠨ ᠤᠯᠠᠷᠢᠯ ᠳᠤ ᠬᠡᠷ ᠳᠣᠲᠣᠷ᠎ᠠ ᠳᠤᠯᠠᠭᠠᠨ ᠪᠣᠯᠵᠣ᠂ | ᠵᠠᠮ ᠳᠡᠭᠡᠷ᠎ᠡ ᠤᠰᠤ ᠲᠤᠬᠲᠠᠬᠤ ᠠᠰᠠᠭᠤᠳᠠᠯ ᠢ ᠴᠤ ᠰᠢᠶᠳᠪᠦᠷᠢᠯᠡᠵᠦ᠂ ᠣᠷᠴᠢᠨ ᠲᠣᠭᠤᠷᠢᠨ ᠰᠠᠶᠢᠵᠢᠷᠠᠵᠤ᠂ | ᠰᠡᠳᠭᠢᠯ ᠰᠠᠨᠠᠭ᠎ᠠ ᠴᠤ ᠲᠡᠨᠢᠭᠦᠨ ᠪᠤᠯᠪᠠ᠃ ᠣᠳᠣ ᠬᠡᠦᠬᠡᠳ ᠰᠤᠷᠭᠠᠭᠤᠯᠢ ᠳᠤ ᠰᠠᠭᠤᠬᠤ ᠳᠤ ᠳᠥᠭᠦᠮ᠂ ᠨᠠᠰᠤᠲᠠᠨ | ᠡᠪᠡᠳᠴᠢᠨ ᠦᠵᠡᠭᠦᠯᠬᠦ ᠳᠤ ᠪᠠᠲᠤᠯᠠᠭ᠎ᠠ ᠲᠠᠢ ᠪᠤᠯᠵᠤ᠂ ᠠᠶᠢᠯ ᠰᠠᠭᠠᠬᠠᠯᠲᠠ ᠪᠠᠷ ᠢᠶᠠᠨ ᠨᠢᠭᠡ ᠭᠡᠷ ᠤᠨ ᠬᠥᠮᠦᠨ ᠰᠢᠭ | ᠡᠶ᠎ᠡ ᠨᠠᠶᠢᠷᠳᠠᠢ ᠪᠤᠯᠵᠡᠢ ᠬᠡᠵᠤ ᠬᠡᠯᠡᠵᠤ ᠦᠭᠴᠡᠢ᠃ ᠲᠡᠳᠡᠨ ᠤ ᠠᠮᠢᠳᠤᠷᠠᠯ ᠨᠢ ᠡᠶ᠎ᠡ ᠨᠠᠶᠢᠷᠳᠠᠢ ᠦᠬᠡᠳᠠᠯᠠᠵᠤ | ᠪᠠᠶᠢᠭ᠎ᠠ ᠶᠢ ᠬᠠᠷᠠᠭᠠᠳ ᠰᠢ ᠶᠢᠨ ᠫᠢᠩ ᠮᠠᠰᠢ ᠪᠠᠶᠠᠷᠯᠠᠵᠠᠢ᠃ | ᠨᠡᠶᠢᠭᠡᠮ ᠲᠣᠭᠤᠷᠢᠭ ᠠᠴᠠ ᠠᠶᠠᠷᠯᠠᠨ ᠰᠠᠯᠬᠤ ᠦᠶ᠎ᠡ ᠳᠤ᠂ ᠰᠠᠭᠤᠭᠠᠯᠢ ᠠᠷᠠᠳ ᠶᠡᠷᠦᠩᠬᠡᠢ ᠱᠦᠵᠢ ᠶᠢ | ᠬᠠᠯᠠᠭᠤᠨ ᠢᠶᠠᠷ ᠦᠳᠡᠨ ᠮᠣᠷᠳᠠᠭᠤᠯᠪᠠ᠃ ᠰᠢ ᠶᠢᠨ ᠫᠢᠩ ᠤᠯᠠᠨ ᠳᠤ᠂ ᠴᠢᠨᠡᠭᠡᠯᠢᠭᠵᠢᠯ ᠤᠨ ᠵᠡᠭᠦᠳᠦ᠂ ᠤᠯᠤᠰ ᠢᠶᠠᠨ | ᠬᠦᠴᠦᠷᠬᠡᠭᠵᠢᠭᠦᠯᠬᠦ ᠵᠡᠭᠦᠳᠦ᠂ ᠳᠤᠮᠳᠠᠳᠤ ᠶᠢᠨ ᠵᠡᠭᠦᠳᠦ ᠪᠣᠯ ᠡᠴᠦᠰ ᠤᠨ ᠡᠴᠦᠰ ᠲᠡᠭᠡᠨ ᠠᠷᠠᠳ ᠤᠯᠠᠨ ᠤ ︽ᠵᠣᠯ | ᠵᠢᠷᠭᠠᠯ ᠤᠨ ᠵᠡᠭᠦᠳᠦ︾ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠢᠪᠠ ᠲᠡᠮᠡᠴᠡᠯ ᠪᠣᠯ ᠴᠥᠮ | ᠠᠷᠠᠳ ᠲᠦᠮᠡᠨ ᠳᠤ ᠵᠣᠯ ᠵᠢᠷᠭᠠᠯ ᠡᠳ᠋ᠯᠡᠬᠦᠯᠬᠦ ᠶᠢᠨ ᠲᠥᠯᠥᠭᠡ ᠶᠤᠮ ᠭᠡᠵᠤ ᠬᠡᠯᠡᠪᠡ᠃ ᠲᠡᠷᠡ᠂ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠭᠡᠬᠦ ᠪᠣᠯ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ ᠢ ᠳᠡᠭᠡᠭᠰᠢᠯᠡᠭᠦᠯᠬᠦ ᠴᠢᠬᠤᠯᠠ ᠠᠵᠢᠯ ᠪᠣᠯᠬᠤ ᠪᠥᠭᠡᠳ ᠬᠤᠲᠠ ᠶᠢ ᠰᠢᠨᠡᠳᠭᠡᠬᠦ ᠠᠵᠢᠯᠯᠠᠭ᠎ᠠ ᠶᠢᠨ | ᠴᠢᠬᠤᠯᠠ ᠠᠭᠤᠯᠭ᠎ᠠ ᠪᠣᠯᠤᠨ᠎ᠠ᠃ ᠠᠷᠠᠳ ᠤᠨ ᠲᠥᠯᠥᠭᠡ ᠪᠠᠶᠢᠬᠤ᠂ ᠠᠷᠠᠳ ᠲᠤ ᠲᠦᠬᠦᠮ ᠦᠵᠡᠭᠦᠯᠬᠦ᠂ ᠠᠷᠠᠳ ᠢ | ᠠᠮᠤᠷᠵᠢᠭᠤᠯᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠴᠢᠳᠠᠬᠤ ᠶᠢᠨ ᠬᠢᠷᠢ ᠪᠠᠷ ᠣᠷᠣᠰᠢᠨ ᠰᠠᠭᠤᠷᠢᠰᠢᠬᠤ | ᠣᠷᠴᠢᠨ ᠨᠥᠬᠦᠴᠡᠯ ᠢ ᠰᠠᠶᠢᠵᠢᠷᠠᠭᠤᠯᠵᠤ᠂ ᠤᠰᠤ᠂ ᠴᠠᠬᠢᠯᠭᠠᠨ᠂ ᠬᠡᠢ ᠵᠡᠷᠭᠡ ᠠᠮᠢᠳᠤᠷᠠᠯ ᠤᠨ ᠲᠤᠨᠤᠭ | ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠡᠳᠦᠷ ᠲᠤᠳᠤᠮ ᠤᠨ ᠠᠮᠢᠳᠤᠷᠠᠯ ᠤᠨ | ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠭᠡᠮ | ᠲᠣᠭᠤᠷᠢᠭ ᠤᠨ ᠦᠢᠯᠡᠴᠢᠯᠡᠭᠡ ᠶᠢ ᠴᠢᠩᠭᠠᠳᠬᠠᠵᠤ᠂ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠬᠡᠷᠡᠭᠲᠡᠢ᠃ | ᠨᠠᠰᠤᠲᠠᠶᠢᠴᠤᠳ ᠪᠠ ᠬᠡᠦᠬᠡᠳ ᠪᠣᠯ ᠨᠡᠶᠢᠭᠡᠮ ᠲᠣᠭᠤᠷᠢᠭ ᠤᠨ ᠬᠠᠮᠤᠭ ᠤᠨ ᠪᠠᠶᠢᠩᠭᠤ ᠰᠠᠭᠤᠭ᠎ᠠ ᠰᠠᠭᠤᠭᠠᠯᠢ ᠠᠷᠠᠳ | ᠮᠥᠨ᠂ ︽ᠨᠠᠰᠤᠲᠠᠶᠢᠴᠤᠳ ᠪᠤᠯᠤᠨ ᠬᠡᠤᠬᠡᠳ︾ ᠪᠣᠯ ᠣᠯᠠᠩᠬᠢ ᠭᠡᠷ ᠪᠦᠯᠢ ᠶᠢᠨ ᠭᠤᠣᠯ ᠠᠩᠬᠠᠷᠤᠨ ᠬᠠᠯᠠᠮᠵᠢᠯᠠᠬᠤ | ᠶᠠᠪᠤᠳᠠᠯ ᠪᠣᠯᠤᠨ᠎ᠠ᠃ ᠮᠠᠨ ᠤ ᠤᠯᠤᠰ ᠨᠢᠭᠡᠨᠲᠡ ᠨᠠᠰᠤᠵᠢᠯᠳᠠ ᠶᠢᠨ ᠨᠡᠶᠢᠭᠡᠮ ᠳᠤ ᠣᠷᠣᠪᠠ᠃ ᠨᠠᠰᠤᠵᠢᠯ ᠤᠨ ᠦᠢᠯᠡᠰ | ᠪᠠ ᠨᠠᠰᠤᠵᠢᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠨᠥᠬᠦᠴᠡᠯ ᠲᠠᠢ ᠭᠠᠵᠠᠷ ᠣᠷᠣᠨ ᠨᠠᠰᠤᠵᠢᠯ ᠤᠨ | ᠠᠰᠠᠷᠠᠮᠵᠢ ᠶᠢᠨ ᠲᠤᠨᠤᠭ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠶᠢ ᠢᠳᠡᠪᠬᠢᠲᠡᠢ ᠥᠷᠨᠢᠭᠦᠯᠬᠦ ᠬᠡᠷᠡᠭᠲᠡᠢ᠃ ᠨᠠᠰᠤᠨ ᠳᠤ ᠥᠯᠥ ᠭᠦᠷᠦᠭᠰᠡᠳ ᠤᠨ | ᠡᠷᠡᠭᠦᠯ ᠢᠶᠠᠷ ᠦᠰᠦᠨ ᠪᠣᠶᠢᠵᠢᠬᠤ ᠨᠢ ᠤᠯᠤᠰ ᠪᠠ ᠦᠨᠳᠦᠰᠦᠲᠡᠨ ᠤ ᠢᠷᠡᠭᠡᠳᠦᠶ ᠲᠠᠢ ᠬᠤᠯᠪᠣᠭᠳᠠᠵᠤ᠂ ᠲᠦᠭ | ᠲᠦᠮᠡᠨ ᠬᠡᠷ ᠪᠦᠯᠢ ᠶᠢᠨ ᠵᠣᠯ ᠵᠢᠷᠭᠠᠯ ᠠᠮᠤᠷ ᠠᠮᠤᠭᠤᠯᠠᠩ ᠲᠠᠢ ᠬᠤᠯᠪᠣᠭᠳᠠᠨ᠎ᠠ᠃ ᠨᠡᠶᠢᠭᠡᠮ ᠲᠣᠭᠤᠷᠢᠭ ᠤᠨ ᠬᠢᠨ | ᠡᠯ᠎ᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠬᠢᠴᠢᠶᠡᠯ ᠤᠨ ᠭᠠᠳᠠᠨᠠᠬᠢ ᠦᠢᠯᠡᠳᠦᠯᠭᠡ ᠶᠢᠨ | ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠮᠠᠬᠠᠪᠣᠳ ᠤᠨ ᠡᠷᠡᠭᠦᠯ | ᠴᠢᠭᠢᠷᠠᠭ᠂ ᠰᠡᠳᠭᠢᠴᠡ ᠶᠢᠨ ᠡᠷᠡᠭᠦᠯ ᠴᠢᠭᠢᠷᠠᠭ᠂ ᠣᠶᠤᠨ ᠰᠠᠨᠠᠭᠠᠨ ᠤ ᠡᠷᠡᠭᠦᠯ ᠴᠢᠭᠢᠷᠠᠭ ᠢ ᠠᠬᠢᠭᠤᠯᠬᠤ ᠬᠡᠷᠡᠭᠲᠡᠶ᠃ | ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠨᠡᠩ ᠤᠯᠠᠨ ᠡᠬᠢ | ᠪᠠᠶᠠᠯᠢᠭ ᠢ ᠨᠡᠶᠢᠭᠡᠮ ᠲᠣᠭᠤᠷᠢᠭ ᠲᠡᠶᠢᠰᠢ ᠬᠡᠯᠪᠡᠶᠢᠯᠭᠡᠬᠦ ᠶᠢ ᠠᠬᠢᠭᠤᠯᠵᠤ᠂ ᠠᠷᠠᠳ ᠤᠯᠠᠨ ᠳᠤ ᠮᠠᠨ ᠤ ᠨᠠᠮ ᠪᠣᠯ | ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠳᠡᠭ᠂ ᠨᠠᠮ ᠡᠬᠦᠷᠢᠳᠠ ᠠᠷᠠᠳ ᠤᠯᠠᠨ ᠤ | ᠳᠡᠷᠭᠡᠳᠡ ᠪᠠᠶᠢᠨ᠎ᠠ ᠬᠡᠳᠡᠭ ᠢ ᠮᠡᠳᠡᠷᠡᠬᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ ᠤᠯᠠᠨ ᠤ ᠰᠢᠨ᠎ᠡ | ᠴᠠᠭ ᠦᠶ᠎ᠡ ᠳᠤ ᠵᠡᠭᠦᠨ ᠬᠤᠶᠢᠲᠤ ᠣᠷᠣᠨ ᠤ ᠪᠦᠬᠦ ᠲᠠᠯ᠎ᠠ ᠶᠢᠨ ᠮᠠᠨᠳᠤᠯᠳᠠ ᠬᠦᠭᠵᠢᠯᠳᠡ ᠳᠤᠮᠳᠠ ᠠᠮᠢᠳᠤᠷᠠᠯ ᠨᠢ | ᠡᠳᠦᠷ ᠠᠴᠠ ᠡᠳᠦᠷ ᠰᠠᠶᠢᠵᠢᠷᠠᠬᠤ ᠶᠢ ᠬᠦᠰᠡᠨ ᠵᠥᠩᠨᠡᠪᠡ᠃ | ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | 8 ᠰᠠᠷ᠎ᠠ ᠶᠢᠨ 17 ᠤ ᠦᠳᠡ ᠶᠢᠨ ᠡᠮᠦᠨ᠎ᠡ᠂ ᠰᠢ ᠶᠢᠨ ᠫᠢᠩ ᠮᠦᠭᠳᠡᠨ ᠬᠤᠳᠠ ᠳᠤ᠂ ᠮᠦᠭᠳᠡᠨ ᠳᠤ | ᠰᠠᠭᠤᠭ᠎ᠠ ᠴᠡᠷᠢᠭ ᠠᠩᠬᠢ ᠶᠢᠨ ᠠᠬᠠᠯᠠᠬᠤ ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠤᠨ ᠬᠤᠷᠢᠶᠠᠨ ᠤ | ᠲᠡᠰ ᠤᠨ ᠨᠢᠭᠡᠴᠢ ᠶᠢᠨ ᠭᠤᠣᠯ ᠣᠹᠢᠼᠧᠷ ᠲᠠᠢ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠤᠨ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠮᠦᠭᠳᠡᠨ ᠳᠤ ᠰᠠᠭᠤᠭ᠎ᠠ ᠴᠡᠷᠢᠭ ᠠᠩᠬᠢ ᠶᠢᠨ | ᠪᠦᠬᠦ ᠳᠠᠷᠤᠭ᠎ᠠ ᠪᠠᠶᠢᠯᠳᠤᠭᠴᠢᠳ ᠲᠤ ᠴᠢᠩ ᠰᠡᠳᠭᠢᠯ ᠤᠨ ᠮᠡᠨᠳᠦᠴᠢᠯᠡᠯ ᠬᠦᠷᠭᠡᠭᠰᠡᠨ ᠪᠥᠭᠡᠳ ᠤᠯᠠᠨ ᠲᠠᠢ ᠬᠠᠮᠲᠤ | ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠩ ᠶᠢᠤ ᠰᠢᠶᠠ ᠪᠠᠷ᠎ᠠ ᠪᠤᠯᠵᠦ ᠠᠭᠤᠯᠵᠠᠪᠠ᠃ |