ᠲᠢᠶᠠᠨ ᠴᠧᠩ ᠰᠢᠶᠠᠩ᠄ ᠵᠠᠬᠢᠶᠠᠯᠠᠭ᠎ᠠ ᠶᠢᠨ ᠰᠢᠬᠢᠷ ᠯᠤᠤᠪᠠᠩ ᠳᠣᠯᠣᠳᠤᠭᠠᠷ ᠨᠣᠮᠧᠷᠲᠤ ᠲᠠᠷᠢᠶᠠᠴᠢᠳ  ᠤᠨ ᠤᠷᠤᠯᠭ᠎ᠠ ᠶᠢ ᠪᠠᠳᠤᠯᠠᠨ᠎ᠠ
ᠨᠡᠶᠢᠲᠡᠯᠡᠭᠰᠡᠨ ᠴᠠᠭ᠄
2022/8/28
    ᠤᠢᠢᠷ᠎ᠠ ᠶᠢᠨ ᠵᠢᠯ ᠠᠴᠠ᠂ ᠲᠢᠶᠠᠨ ᠴᠧᠩ ᠰᠢᠶᠠᠩ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠳᠠᠪᠠᠭᠤᠯᠢᠭ ᠢᠶᠠᠨ ᠪᠠᠳᠠᠷᠠᠭᠤᠯᠵᠤ᠂ ᠲᠠᠷᠢᠶᠠᠴᠢᠳ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠵᠠᠬᠢᠶᠠᠯᠠᠭ᠎ᠠ ᠶᠢᠨ ᠰᠢᠬᠢᠷ ᠯᠤᠤᠪᠠᠩ ᠢ ᠬᠥᠭᠵᠢᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠦᠲᠦᠮᠵᠢᠲᠡᠢ ᠠᠬᠢᠭᠤᠯᠵᠠᠢ᠃
      ᠲᠦᠷᠦᠭᠦᠬᠡᠨ᠂ ᠰᠤᠷᠪᠤᠯᠵᠢᠯᠠᠭᠴᠢ ᠲᠢᠶᠠᠨ ᠴᠧᠩ ᠰᠢᠶᠠᠩ ᠤᠨ ᠳ᠋ᠢᠩ ᠴᠢ ᠲᠣᠰᠬᠤᠨ ᠤ ᠸᠠᠩ ᠵᠥᠩ ᠰᠢ ᠶᠢᠨ ᠰᠢᠬᠢᠷ ᠯᠤᠤᠪᠠᠩ ᠳᠠᠷᠢᠬᠤ ᠲᠣᠮᠣ ᠲᠠᠷᠢᠶᠠᠨ ᠳᠤ ᠣᠷᠣᠭᠠᠳ᠂ ᠣᠲᠣ ᠶᠠᠭ ᠰᠢᠬᠢᠷ ᠯᠤᠤᠪᠠᠩ ᠤᠷᠭᠤᠬᠤ ᠪᠠ ᠰᠢᠬᠢᠷ ᠬᠤᠷᠠᠮᠳᠤᠵᠤ ᠪᠠᠶᠢᠭ᠎ᠠ ᠵᠠᠩᠭᠢᠯᠠᠭ᠎ᠠ ᠶᠢᠨ ᠦᠶ᠎ᠡ ᠳᠤ ᠣᠷᠣᠵᠤ᠂ ᠠᠵᠢᠯᠴᠢᠨ ᠪᠠᠭᠰᠢ ᠶᠠᠭ ᠡᠪᠡᠰᠦ ᠠᠷᠢᠯᠭᠠᠵᠤ᠂ ᠲᠠᠷᠢᠶᠠᠨ ᠠᠵᠢᠯ ᠤᠨ ᠬᠠᠮᠢᠶᠠᠷᠤᠯᠲᠠ ᠪᠠᠨ ᠴᠢᠩᠭᠠᠳᠬᠠᠵᠤ ᠪᠠᠶᠢᠨ᠎ᠠ᠃ ᠣᠶᠢᠯᠠᠭᠠᠭᠰᠠᠨ ᠢᠶᠠᠷ᠂ ᠠᠳᠡᠬᠢ ᠰᠢᠬᠢᠷ ᠯᠤᠤᠪᠠᠩ ᠪᠣᠯ ᠴᠥᠮ ᠵᠠᠬᠢᠶᠠᠯᠠᠭ᠎ᠠ ᠶᠢᠨ ᠲᠠᠷᠢᠶᠠᠯᠠᠩ ᠳᠤ ᠪᠠᠭᠲᠠᠨ᠎ᠠ᠂ ᠵᠠᠬᠢᠶᠠᠯᠠᠭ᠎ᠠ ᠪᠠᠷ ᠲᠤᠯᠭᠠᠭᠤᠷᠢᠯᠠᠪᠠᠯ ᠣᠷᠣᠯᠭ᠎ᠠ ᠨᠢ ᠪᠦᠷᠢᠨ ᠪᠠᠲᠤᠯᠠᠭ᠎ᠠ ᠲᠠᠢ ᠪᠣᠯᠤᠨ᠎ᠠ᠃  
      ᠸᠠᠩ ᠵᠦᠩ ᠰᠢ ᠶᠢᠨ 700 ᠭᠠᠷᠤᠢ ᠮᠦ ᠶᠢᠨ ᠰᠢᠬᠢᠷ ᠯᠤᠤᠪᠠᠩ ᠤᠨ ᠲᠠᠷᠢᠶᠠᠨ ᠳᠤ ᠬᠦᠷᠴᠦ᠂ ᠬᠠᠷᠠᠬᠤ ᠳᠤ ᠨᠣᠭᠤᠭᠠᠨ ᠦᠩᠭᠡ ᠲᠠᠢ ᠰᠢᠬᠢᠷ ᠯᠤᠤᠪᠠᠩ ᠤᠨ ᠤᠷᠭᠤᠴᠠ ᠬᠥᠮᠦᠨ ᠤ ᠰᠡᠳᠬᠢᠯ ᠢ ᠪᠠᠶᠠᠰᠬᠠᠨ᠎ᠠ᠃ ᠸᠠᠩ ᠵᠥᠩ ᠰᠢ ᠨᠢᠭᠡᠨᠲᠡ 6 ᠵᠢᠯ ᠤᠨ ᠰᠢᠬᠢᠷ ᠯᠤᠤᠪᠠᠩ ᠳᠠᠷᠢᠭᠰᠠᠨ ᠲᠤᠷᠰᠢᠯᠭ᠎ᠠ ᠲᠠᠢ ᠪᠣᠯᠵᠠᠶ᠂ 2014 ᠣᠨ ᠳᠤ ᠲᠡᠭᠦᠨ ᠤ ᠡᠴᠢᠭᠡ ᠨᠢ ᠡᠪᠡᠳᠴᠢᠯᠡᠭᠰᠡᠨ ᠠᠴᠠ ᠪᠣᠯᠵᠣ᠂ ᠭᠠᠳᠠᠷ ᠣᠷᠣᠨ ᠠᠴᠠ ᠨᠤᠲᠤᠭ ᠲᠠᠭᠠᠨ ᠬᠠᠷᠢᠵᠤ ᠲᠡᠵᠢᠭᠡᠨ ᠦᠷᠡᠵᠢᠭᠦᠯᠬᠦ ᠠᠵᠢᠯ ᠬᠢᠵᠦ᠂ 2016 ᠣᠨ ᠠᠴᠠ ᠡᠬᠢᠯᠡᠨ ᠳ᠋ᠢᠩ ᠴᠢ ᠨᠣᠮᠧᠷᠲᠤ ᠲᠣᠰᠬᠤᠨ ᠳᠤ ᠰᠢᠬᠢᠷ ᠯᠤᠤᠪᠠᠩ ᠳᠠᠷᠢᠵᠠᠶ᠃ ᠸᠠᠩ ᠵᠥᠩ ᠰᠢ ᠶᠢᠨ ᠲᠠᠨᠢᠯᠴᠠᠭᠤᠯᠤᠭᠰᠠᠨ ᠢᠶᠠᠷ᠂ ᠰᠢᠬᠢᠷ ᠯᠤᠤᠪᠠᠩ᠂ ᠰᠢᠰᠢ᠂ ᠡᠷᠳᠡᠨᠢ ᠰᠢᠰᠢ ᠵᠡᠷᠭᠡ ᠠᠵᠤ ᠠᠬᠤᠶ ᠶᠢᠨ ᠲᠠᠷᠢᠮᠠᠯ ᠢ ᠬᠡᠪᠴᠢᠶᠡᠵᠢᠭᠦᠯᠦᠨ ᠳᠠᠷᠢᠬᠤ ᠨᠢ ᠡᠷᠬᠢᠨ ᠲᠣᠭᠤᠷᠢᠨ ᠤ ᠲᠣᠰᠬᠤᠨ ᠤ ᠠᠷᠠᠳ ᠤᠨ ᠳᠤᠭᠤᠶᠢᠯᠠᠩ ᠢ ᠨᠥᠯᠥᠭᠡᠯᠡᠨ ᠳᠠᠶᠢᠴᠢᠯᠠᠵᠤ ᠪᠣᠯᠬᠤ ᠮᠥᠷᠲᠡᠭᠡᠨ ᠪᠠᠰᠠ ᠭᠠᠳᠠᠭᠰᠢ ᠭᠠᠷᠴᠤ ᠳᠡᠶᠢᠯᠬᠦ ᠥᠬᠡᠶ ᠲᠠᠷᠢᠶᠠᠴᠢᠳ ᠢ ᠬᠦᠴᠦ ᠶᠠᠪᠤᠭᠤᠯᠤᠨ᠎ᠠ᠂ ᠠᠵᠢᠯᠴᠢᠨ ᠬᠡᠷᠡᠭᠯᠡᠬᠦ ᠳᠤ ᠶᠠᠭᠠᠷᠠᠯᠲᠠᠶ ᠦᠶ᠎ᠡ ᠳᠤ 50 ᠭᠠᠷᠤᠶ ᠬᠥᠮᠦᠨ ᠳᠤ ᠬᠦᠷᠭᠡᠵᠦ᠂ ᠰᠠᠷ᠎ᠠ ᠪᠦᠷᠢ 3000 ᠭᠠᠷᠤᠶ ᠲᠥᠭᠦᠷᠢᠭ ᠤᠨ ᠣᠷᠣᠯᠭ᠎ᠠ ᠨᠡᠮᠡᠭᠳᠡᠭᠦᠯᠦᠨ᠂ ᠬᠥᠳᠡᠭᠡ ᠲᠣᠰᠬᠤᠨ ᠤ ᠬᠥᠭᠵᠢᠯᠲᠡ᠂ ᠲᠠᠷᠢᠶᠠᠴᠢᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ ᠴᠢᠳᠠᠨ᠎ᠠ᠃ ᠨᠢᠳᠤᠨᠤᠨ ᠲᠡᠭᠦᠨ ᠤ ᠲᠠᠷᠢᠭᠰᠠᠨ 600 ᠮᠦ ᠰᠢᠬᠢᠷ ᠤᠨ ᠯᠤᠤᠪᠠᠩ ᠨᠢ ᠵᠦᠭᠡᠷ ᠰᠢᠭ ᠣᠷᠣᠯᠭ᠎ᠠ ᠣᠯᠵᠠᠶ᠃    ᠲᠣᠰᠬᠤᠨ ᠤ ᠠᠷᠠᠳ ᠪᠥᠸᠧ ᠠᠢ ᠶᠦᠨ ᠤᠷᠳᠤ ᠬᠤᠭᠤᠴᠠᠭ᠎ᠠ ᠪᠠᠷ ᠸᠠᠩ ᠵᠦᠩ ᠰᠢ ᠶᠢᠨ ᠲᠠᠷᠢᠶᠠᠨ ᠳᠤ ᠬᠥᠯᠥᠰᠥᠨ ᠠᠵᠢᠯ ᠬᠢᠵᠦ ᠪᠠᠶᠢᠪᠠ᠂ ᠡᠷ᠎ᠡ ᠨᠥᠬᠦᠷ ᠨᠢ ᠡᠪᠡᠳᠴᠢᠨ ᠲᠠᠢ ᠤᠴᠢᠷ ᠠᠴᠠ ᠥᠪᠡᠷ ᠢᠶᠠᠨ ᠲᠠᠷᠢᠶ᠎ᠠ ᠲᠠᠷᠢᠵᠤ ᠳᠡᠶᠢᠯᠬᠦ ᠦᠭᠡᠢ ᠪᠣᠯᠬᠤᠷ ᠵᠢᠯ ᠲᠤᠷᠰᠢ ᠬᠥᠯᠥᠰᠥᠨ ᠠᠵᠢᠯ ᠬᠢᠬᠦ ᠳᠤ ᠲᠦᠰᠢᠭᠯᠡᠨ ᠭᠡᠷ ᠤᠨ ᠵᠠᠷᠤᠳᠠᠯ ᠢᠶᠠᠨ ᠨᠥᠬᠦᠪᠥᠷᠢᠯᠡᠳᠡᠭ᠃ ᠪᠥᠸᠧ ᠠᠶ ᠶᠦᠨ ᠰᠤᠷᠪᠤᠯᠵᠢᠯᠠᠭᠴᠢ ᠳᠤ ᠬᠡᠯᠡᠬᠦ ᠳᠡᠭᠡᠨ᠄ ᠪᠢ ᠪᠣᠯ ᠨᠠᠰᠤᠨ ᠳᠤ ᠭᠦᠷᠦᠭᠰᠡᠨ ᠬᠥᠮᠦᠨ᠂ ᠬᠤᠯᠠ ᠭᠠᠵᠠᠷ ᠣᠴᠢᠵᠤ ᠳᠡᠶᠢᠯᠬᠦ ᠥᠬᠡᠶ ᠪᠠᠷ ᠠᠳᠡ ᠢᠷᠡᠵᠦ ᠬᠦᠴᠦ ᠶᠠᠪᠤᠳᠠᠭ᠂ ᠵᠢᠯ ᠳᠤ ᠲᠦᠮᠡ ᠲᠠᠪᠤᠨ ᠮᠢᠩᠭᠠᠨ ᠲᠥᠭᠦᠷᠢᠭ ᠤᠨ ᠣᠷᠣᠯᠭ᠎ᠠ ᠣᠯᠵᠤ᠂ ᠬᠡᠷ ᠲᠡᠭᠡᠨ ᠣᠰᠣᠯᠳᠠᠬᠤ ᠥᠬᠡᠶ᠂ ᠨᠠᠰᠤᠲᠠᠨ ᠡᠪᠡᠳᠴᠢᠨ ᠲᠠᠢ ᠪᠣᠯ ᠨᠠᠰᠤᠲᠠᠨ ᠢ ᠠᠰᠠᠷᠠᠵᠤ᠂ ᠠᠳᠡ ᠢᠷᠡᠵᠦ ᠵᠣᠭᠤᠰ ᠣᠯᠵᠤ ᠬᠡᠷ ᠤᠨ ᠵᠠᠷᠤᠳᠠᠯ ᠢᠶᠠᠨ ᠨᠥᠬᠦᠪᠥᠷᠢᠯᠡᠳᠡᠭ᠃  
       ᠲᠢᠶᠠᠨ ᠴᠧᠩ ᠰᠢᠶᠠᠩ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠬᠢᠷ ᠤᠨ ᠦᠢᠯᠡᠰ ᠤᠨ ᠺᠣᠮᠫᠠᠨᠢ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ᠂ ᠵᠠᠬᠢᠶᠠᠯᠠᠭ᠎ᠠ ᠶᠢᠨ ᠰᠢᠬᠢᠷ ᠯᠤᠤᠪᠠᠩ ᠲᠠᠷᠢᠬᠤ ᠶᠢ ᠳᠡᠯᠭᠡᠷᠡᠭᠦᠯᠵᠦ᠂ ᠬᠡᠷᠡᠭᠴᠡᠭᠡ ᠪᠠᠷ ᠢᠶᠠᠨ ᠦᠢᠯᠡᠳᠪᠦᠷᠢᠯᠡᠬᠦ ᠵᠠᠬᠢᠶᠠᠯᠠᠭ᠎ᠠ ᠶᠢᠨ ᠲᠠᠷᠢᠶᠠᠯᠠᠩ ᠢ ᠪᠦᠷᠢᠯᠳᠦᠭᠦᠯᠵᠦ᠂ ︽ᠠᠵᠤ ᠠᠬᠤᠶᠢᠯᠠᠯ + ᠬᠤᠷᠰᠢᠶ᠎ᠠ + ᠲᠠᠷᠢᠶᠠᠴᠢᠨ ᠡᠷᠦᠬᠡ︾ ᠶᠢᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠵᠠᠮ ᠢᠶᠠᠷ ᠵᠠᠮᠨᠠᠪᠠ᠃ ᠰᠢᠶᠠᠩ ᠤᠨ ᠵᠠᠰᠠᠭ ᠤᠨ ᠣᠷᠳᠣᠨ ᠠᠴᠠ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠤᠨᠴᠠᠯᠢᠭᠳᠤ ᠲᠠᠷᠢᠮᠠᠯ ᠤᠨ ᠲᠤᠰᠬᠠᠶ ᠬᠤᠷᠰᠢᠶ᠎ᠠ ᠶᠢ ᠵᠣᠬᠢᠶᠠᠨ ᠪᠠᠶᠢᠭᠤᠯᠵᠤ᠂ ᠵᠣᠴᠢᠨ ᠬᠤᠳᠠᠯᠳᠤᠭᠠᠴᠢᠨ ᠲᠠᠢ ᠬᠤᠳᠠᠯᠳᠤᠨ ᠠᠪᠬᠤ ᠪᠠ ᠪᠣᠷᠣᠯᠠᠭᠤᠯᠬᠤ ᠬᠡᠯᠡᠯᠴᠡᠭᠡᠷ ᠲᠣᠭᠲᠠᠭᠠᠬᠤ ᠪᠠᠷ ᠳᠠᠮᠵᠢᠭᠤᠯᠤᠨ᠂ ᠵᠣᠴᠢᠨ ᠬᠤᠳᠠᠯᠳᠤᠭᠠᠴᠢᠨ ᠢ ᠲᠣᠭᠲᠠᠭᠰᠠᠨ ᠴᠠᠭ ᠤᠨ ᠳᠣᠲᠣᠷ᠎ᠠ ᠦᠨ᠎ᠡ ᠬᠠᠩᠰᠢ ᠶᠢ ᠨᠢ ᠪᠠᠲᠤᠯᠠᠨ ᠬᠤᠳᠠᠯᠳᠤᠨ ᠠᠪᠴᠤ ᠴᠢᠳᠠᠬᠤ ᠪᠣᠯᠭᠠᠪᠠ᠃ ᠡᠨᠡ ᠨᠢ ᠳᠠᠷᠤᠶ ᠲᠠᠷᠢᠶᠠᠴᠢᠳ ᠵᠠᠬᠢᠶᠠᠯᠠᠭ᠎ᠠ ᠶᠢᠨ ᠰᠢᠬᠢᠷ ᠤᠨ ᠯᠤᠤᠪᠠᠩ ᠢ ᠬᠥᠭᠵᠢᠭᠦᠯᠬᠦ ᠳᠤ ︽ᠰᠡᠳᠬᠢᠯ ᠢ ᠠᠮᠤᠷᠵᠢᠭᠤᠯᠵᠤ︾ ᠴᠢᠳᠠᠪᠠᠯ᠂ ᠰᠠᠨᠠᠭ᠎ᠠ ᠠᠮᠤᠷ ᠲᠠᠷᠢᠵᠦ ᠪᠣᠯᠤᠨ᠎ᠠ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠠᠰᠠᠭᠤᠳᠠᠯ ᠳᠤ ᠰᠠᠨᠠᠭ᠎ᠠ ᠵᠣᠪᠠᠭ᠋ᠤ ᠬᠡᠷᠡᠭ ᠦᠭᠡᠢ ᠭᠡᠰᠡᠨ ᠢ ᠬᠠᠷᠠᠭᠤᠯᠵᠤ ᠪᠠᠶᠢᠨ᠎ᠠ᠃    ᠲᠠᠷᠢᠮᠠᠯ ᠤᠨ ᠡᠷᠦᠬᠡ ᠸᠠᠩ ᠵᠥᠩ ᠰᠢ ᠲᠠᠨᠢᠯᠴᠠᠭᠤᠯᠬᠤ ᠳᠠᠭᠠᠨ᠄ 14 ᠵᠢᠯ ᠠᠪᠤ ᠨᠢ ᠡᠪᠡᠳᠴᠢᠯᠡᠭᠡᠳ ᠭᠠᠳᠠᠨ᠎ᠠ ᠬᠥᠯᠥᠰᠥᠨ ᠠᠵᠢᠯ ᠬᠢᠵᠦ ᠵᠣᠭᠤᠰ ᠣᠯᠵᠤ ᠳᠡᠶᠢᠯᠬᠦ ᠥᠬᠡᠶ ᠪᠣᠯᠵᠠᠶ᠂ ᠬᠠᠷᠢᠵᠤ ᠢᠷᠡᠭᠡᠳ ᠬᠤᠨᠢ ᠢᠮᠠᠭ᠎ᠠ ᠳᠠᠷᠢᠵᠤ ᠪᠠᠶᠢᠨ᠎ᠠ᠂ ᠣᠲᠣ ᠳᠠᠭᠠᠭᠠᠴᠢᠯᠠᠯᠲᠠ ᠶᠢᠨ ᠭᠠᠵᠠᠷ 3000 ᠮᠥ ᠪᠠᠶᠢᠵᠤ᠂ 700 ᠭᠠᠷᠤᠶ ᠮᠥ ᠰᠢᠬᠢᠷ ᠯᠤᠤᠪᠠᠩ ᠳᠠᠷᠢᠵᠤ᠂ ᠦᠯᠡᠳᠡᠭᠰᠡᠨ ᠨᠢ ᠴᠥᠮ ᠡᠯᠳᠡᠪ ᠠᠮᠤ ᠳᠠᠷᠢᠵᠤ ᠪᠠᠶᠢᠨ᠎ᠠ᠂ ᠡᠨᠡ ᠨᠢ ᠪᠠᠲᠤᠯᠠᠭ᠎ᠠ ᠲᠠᠢ ᠪᠥᠭᠡᠳ ᠵᠠᠬᠢᠶᠠᠯᠠᠭ᠎ᠠ ᠶᠢᠨ ᠬᠠᠭᠤᠳᠠᠰᠤ ᠲᠠᠢ᠂ ᠬᠤᠳᠠᠯᠳᠤᠬᠤ ᠳᠤ ᠵᠣᠪᠠᠭ᠋ᠤ ᠤᠴᠢᠷ ᠥᠬᠡᠶ᠃    ᠲᠢᠶᠠᠨ ᠴᠧᠩ ᠰᠢᠶᠠᠩ ᠪᠠᠰᠠ ᠤᠳᠤ ᠦᠶ᠎ᠡ ᠶᠢᠨ ᠲᠠᠷᠢᠶᠠᠯᠠᠩ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠢᠳᠡᠪᠬᠢᠲᠡᠢ ᠠᠬᠢᠭᠤᠯᠵᠤ᠂ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠤ ᠲᠠᠷᠢᠮᠠᠯ ᠤᠨ ᠵᠠᠭᠪᠤᠷ ᠢᠶᠠᠷ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠳᠤ ᠲᠤᠬᠢᠷᠠᠭᠤᠯᠤᠯᠳᠠ ᠬᠢᠵᠦ᠂ ᠲᠠᠷᠢᠶᠠᠯᠠᠩ ᠤᠨ ᠤᠨᠴᠠᠯᠢᠬᠳᠤ ᠭᠤᠣᠯᠯᠠᠬᠤ ᠠᠵᠤ ᠦᠢᠯᠡᠰ ᠢ ᠪᠤᠶᠢᠵᠢᠭᠤᠯᠵᠤ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠨᠡᠷᠡᠨ ᠬᠤᠸᠠᠷ᠂ ᠰᠢᠰᠢ᠂ ᠰᠢᠬᠢᠷ ᠯᠤᠤᠪᠠᠩ ᠵᠡᠷᠭᠡ ᠤᠨᠴᠠᠯᠢᠬᠳᠤ ᠠᠵᠤ ᠠᠬᠤᠢ ᠶᠢᠨ ᠲᠠᠷᠢᠮᠠᠯ ᠳᠠᠷᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃                                        ᠨᠠᠶᠢᠷᠠᠭᠤᠯᠤᠭᠴᠢ᠄    ᠶᠠᠩ  ᠿᠦᠢ ᠵᠧᠨ                                        ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2