ᠡᠳᠦᠷ ᠰᠥᠨᠢ ᠶᠢ ᠬᠠᠶᠢᠬᠤᠷᠤᠯ ᠦᠭᠡᠢ᠂ ᠨᠢᠳᠦ ᠢᠷᠮᠡᠬᠦ ᠶᠢᠨ ᠵᠠᠭᠤᠷ᠎ᠠ ᠪᠢ ᠨᠢᠭᠡᠨᠲᠡ ᠦᠨᠳᠦᠰᠦᠨ ᠱᠠᠲᠤᠨ ᠤ | ᠠᠵᠢᠯ ᠤᠨ ᠪᠠᠶᠢᠷᠢᠨ ᠳᠤ ᠭᠤᠷᠪᠠᠨ ᠵᠢᠯ ᠰᠢᠬᠠᠮ ᠠᠵᠢᠯᠯᠠᠪᠠ᠃ 2019 ᠣᠨ ᠤ 9 ᠰᠠᠷ᠎ᠠ ᠳᠤ᠂ ᠪᠢ ᠨᠢᠭᠡᠨ | ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠰᠣᠩᠭᠤᠨ ᠲᠤᠮᠢᠯᠠᠭᠰᠠᠨᠰᠤᠷᠤᠭᠴᠢ ᠶᠢᠨ | ᠬᠤᠪᠢ ᠪᠠᠷ ᠯᠢᠶᠠᠩᠴᠧᠩ ᠰᠢᠶᠠᠨ ᠤ ᠶᠦᠩ ᠰᠢᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ | ᠠᠵᠢᠯᠯᠠᠬᠤ ᠪᠠᠷ ᠲᠣᠬᠢᠷᠠᠭᠤᠯᠤᠭᠳᠠᠪᠠ᠂ ᠵᠣᠬᠢᠶᠠᠨ ᠪᠠᠶᠢᠭᠤᠯᠤᠯᠲᠠ ᠪᠠ ᠤᠳᠤᠷᠢᠳᠤᠯᠭ᠎ᠠ ᠶᠢᠨ ᠵᠢᠯᠤᠭᠤᠳᠤᠯᠭ᠎ᠠ ᠶᠢᠨ | ᠬᠠᠯᠠᠮᠵᠢᠯᠠᠯ ᠳᠣᠣᠷ᠎ᠠ᠂ ᠬᠠᠮᠲᠤ ᠠᠵᠢᠯᠯᠠᠭᠰᠠᠳ ᠤᠨ ᠬᠠᠯᠠᠮᠵᠢᠯᠠᠯ ᠬᠠᠪᠰᠤᠷᠤᠯᠭ᠎ᠠ ᠪᠠᠷ᠂ ᠪᠢ ᠪᠠᠯᠭᠠᠰᠤ ᠲᠣᠰᠬᠤᠨ | ᠬᠤᠶᠠᠷ ᠱᠠᠲᠤᠨ ᠤ ᠠᠳᠠᠯᠢ ᠪᠤᠰᠤ ᠳᠠᠪᠬᠤᠷᠭ᠎ᠠ ᠶᠢᠨ ᠠᠵᠢᠯ ᠤᠨ ᠦᠢᠯᠡᠳᠦᠯᠭᠡ ᠶᠢᠨ ᠳᠠᠪᠲᠠᠯᠲᠠ ᠶᠢ ᠥᠩᠭᠡᠷᠡᠭᠡᠵᠦ᠂ | ᠦᠨᠳᠦᠰᠦᠨ ᠱᠠᠲᠤᠨ ᠤ ᠠᠵᠢᠯ ᠤᠨ ᠠᠷᠭ᠎ᠠ ᠬᠡᠯᠪᠡᠷᠢ ᠶᠢ ᠠᠩᠬ᠎ᠠ ᠠᠯᠬᠤᠮ ᠡᠵᠡᠮᠰᠢᠵᠦ᠂ ᠨᠢᠭᠡ ᠰᠤᠷᠤᠭᠴᠢ ᠠᠴᠠ | ᠦᠨᠳᠦᠰᠦᠨ ᠱᠠᠲᠤᠨ ᠤ ᠠᠯᠪᠠᠨ ᠠᠵᠢᠯᠯᠠᠭᠴᠢ ᠶᠢᠨ ᠳᠦᠷᠢ ᠶᠢ ᠬᠤᠪᠢᠷᠠᠭᠤᠯᠬᠤ ᠶᠢ ᠤᠷᠤᠭᠰᠢᠲᠠᠢ ᠪᠡᠶᠡᠯᠡᠭᠦᠯᠪᠡ᠃ | 1046 ᠡᠳᠦᠷ ᠰᠥᠨᠢ ᠶᠢ ᠡᠷᠭᠢᠴᠡᠭᠦᠯᠵᠦ᠂ ᠢᠷᠡᠬᠦ ᠦᠶ᠎ᠡ ᠶᠢᠨ ᠵᠠᠮ ᠢᠶᠠᠨ ᠡᠷᠭᠢᠴᠡᠭᠦᠯᠬᠦ ᠳᠤ᠂ ᠨᠠᠮ ᠵᠢᠮ ᠪᠥᠭᠡᠳ | ᠰᠦᠷᠯᠢᠭ ᠦᠵᠡᠮᠵᠢᠲᠡᠢ᠂ ᠢᠷᠡᠭᠡᠳᠦᠢ ᠶᠢᠨ ᠵᠠᠮ ᠢᠶᠠᠨ ᠪᠠᠷᠠᠯᠠᠬᠤ ᠳᠤ᠂ ᠡᠷᠡᠰ ᠪᠠᠲᠤ ᠪᠥᠭᠡᠳ ᠲᠣᠳᠣᠷᠬᠠᠢ ᠶᠤᠮ᠂ | ᠪᠢ ᠥᠨᠢ ᠡᠭᠦᠷᠢᠳᠡ ︽ᠵᠠᠮ ᠤᠷᠤᠭᠰᠢᠯᠠᠬᠤ ᠶᠢᠨ ᠳᠠᠭᠠᠤ ᠬᠦᠷᠦᠨ᠎ᠡ︔ ᠤᠷᠤᠭᠰᠢᠯᠠᠬᠤ ᠶᠢᠨ ᠳᠠᠭᠠᠤ ᠵᠤᠭᠰᠤᠰᠢ | ᠦᠭᠡᠢ᠂ ᠢᠷᠡᠭᠡᠳᠦᠢ ᠶᠢᠨ ᠢᠷᠡᠭᠡᠳᠦᠢ︾ ᠶᠢ ᠪᠠᠲᠤ ᠴᠡᠭᠡᠵᠢᠯᠡᠵᠦ᠂ ᠪᠠᠭ᠎ᠠ ᠶᠠᠪᠤᠳᠠᠯ ᠠᠴᠠ ᠡᠬᠢᠯᠡᠨ ᠬᠢᠵᠦ᠂ ᠪᠠᠭ᠎ᠠ | ᠰᠠᠭ᠎ᠠ ᠶᠠᠪᠤᠳᠠᠯ ᠠᠴᠠ ᠬᠤᠷᠠᠮᠳᠤᠭᠤᠯᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠯᠠᠪᠳᠠᠭᠤᠨ ᠪᠠᠲᠤᠲᠠᠢ | ᠦᠨᠳᠦᠰᠦᠨ ᠪᠣᠯᠪᠠᠰᠤᠷᠠᠯ ᠢ ᠪᠣᠯᠪᠠᠰᠤᠷᠠᠨ᠎ᠠ᠃ | | | | | ᠡᠨᠡ ᠪᠣᠯ ᠦᠭᠡᠢ ᠪᠠᠶᠢᠭᠰᠠᠨ ᠠᠴᠠ ᠪᠠᠨ ᠪᠠᠶᠢᠬᠤ ᠪᠣᠯᠤᠭᠰᠠᠨ ᠡᠳᠦᠷ ᠮᠥᠨ᠃ ᠰᠠᠶ᠋ᠢ ᠠᠵᠢᠯ ᠳᠤ ᠣᠷᠣᠵᠤ | ᠨᠡᠷ᠎ᠡ ᠮᠡᠳᠡᠭᠦᠯᠬᠦ ᠦᠶ᠎ᠡ ᠳᠤ ᠪᠢ ᠶᠦᠩ ᠰᠢᠩ ᠪᠠᠯᠭᠠᠰᠤ ᠶᠢ ᠳᠡᠮᠡᠶ ᠰᠠᠶᠢᠨ ᠮᠡᠳᠡᠬᠦ ᠦᠭᠡᠢ ᠪᠠᠶᠢᠪᠠ᠂ ᠭᠡᠪᠡᠴᠦ | ᠤᠳᠤᠷᠢᠳᠤᠯᠭ᠎ᠠ ᠪᠣᠯᠤᠨ ᠬᠠᠮᠲᠤ ᠠᠵᠢᠯᠯᠠᠭᠴᠢ ᠶᠢᠨ ᠬᠠᠪᠰᠤᠷᠤᠯᠭ᠎ᠠ ᠳᠣᠣᠷ᠎ᠠ᠂ ᠰᠡᠳᠬᠢᠯ ᠰᠠᠨᠠᠭ᠎ᠠ ᠠᠮᠤᠷ ᠦᠭᠡᠢ | ᠪᠤᠯᠵᠤ᠂ ᠨᠡᠷ᠎ᠡ ᠮᠡᠳᠡᠭᠦᠯᠦᠭᠰᠡᠨ ᠤ ᠲᠠᠷᠠᠭ᠎ᠠ ᠡᠳᠦᠷ ᠲᠤᠨᠢ ᠪᠢ ᠶᠦᠩ ᠰᠢᠩ ᠲᠣᠰᠬᠤᠨ ᠳᠤ ᠨᠠᠮ ᠤᠨ ᠡᠭᠦᠷ ᠤᠨ | ᠱᠦᠵᠢ ᠶᠢᠨ ᠲᠤᠰᠠᠯᠠᠭᠴᠢ ᠪᠠᠷ ᠬᠤᠪᠢᠶᠠᠭᠳᠠᠵᠠᠶ᠃ ᠡᠨᠡ ᠦᠶ᠎ᠡ ᠳᠤ ᠪᠢ ᠰᠠᠶ᠋ᠢ ᠶᠦᠩ ᠰᠢᠩ ᠲᠣᠰᠬᠤᠨ ᠳᠤ | ᠨᠠᠮ ᠤᠨ ᠡᠭᠦᠷ ᠤᠨ ᠱᠦᠵᠢ ᠶᠢᠨ ᠲᠤᠰᠠᠯᠠᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠶᠤᠮ᠃ ᠠᠵᠢᠯ | ᠡᠬᠢᠯᠡᠮᠡᠭᠴᠡ᠂ ᠤᠯᠠᠨ ᠵᠢᠯ ᠤᠨ ᠠᠵᠢᠯ ᠤᠨ ᠲᠤᠷᠰᠢᠯᠭ᠎ᠠ ᠲᠠᠢ ᠨᠠᠮ ᠤᠨ ᠡᠭᠦᠷ ᠤᠨ ᠱᠦᠵᠢ ᠨᠠᠳᠠ ᠳᠤ ᠶᠦᠩ ᠰᠢᠩ | ᠲᠣᠰᠬᠤᠨ ᠤ ᠦᠨᠳᠦᠰᠦᠨ ᠪᠠᠶᠢᠳᠠᠯ ᠢ ᠲᠠᠨᠢᠯᠴᠠᠭᠤᠯᠪᠠ᠂ ᠲᠣᠰᠬᠤᠨ ᠳᠤ ᠲᠤᠰᠢᠶᠠᠯ ᠡᠭᠦᠷᠭᠡᠯᠡᠭᠰᠡᠨ ᠬᠤᠶᠠᠷ ᠵᠢᠯ ᠤᠨ | ᠬᠤᠭᠤᠴᠠᠭᠠᠨ ᠳᠤ᠂ ᠪᠢ ᠲᠣᠰᠬᠤᠨ ᠤ ︽ᠬᠤᠶᠠᠷ ᠵᠥᠪᠯᠡᠯ︾ ᠤᠨ ᠡᠯ᠎ᠡ ᠵᠦᠢᠯ ᠤᠨ ᠠᠵᠢᠯ ᠳᠤ ᠢᠳᠡᠪᠬᠢᠲᠡᠢ | ᠣᠷᠣᠯᠴᠠᠵᠤ᠂ ᠲᠣᠰᠬᠤᠨ ᠤ ᠱᠠᠲᠤᠨ ᠤ ᠬᠥᠭᠵᠢᠯᠲᠡ ᠳᠤ ᠰᠡᠳᠬᠢᠴᠡ ᠲᠠᠢ᠂ ᠠᠵᠢᠯᠯᠠᠭ᠎ᠠ ᠶᠢ ᠠᠳᠬᠤᠵᠤ᠂ | ᠠᠵᠢᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠰᠢᠢᠳᠪᠦᠷᠢᠯᠡᠪᠡ᠃ ᠡᠨᠡ ᠬᠤᠭᠤᠴᠠᠭᠠᠨ ᠳᠤ᠂ ᠪᠢ | ᠶᠦᠩ ᠰᠢᠩ ᠲᠣᠰᠬᠤᠨ ᠤ 288 ᠪᠠᠶᠢᠩᠭᠤ ᠰᠠᠭᠤᠭ᠎ᠠ ᠡᠷᠦᠬᠡ ᠪᠠᠷ ᠶᠠᠪᠤᠵᠤ᠂ ᠲᠣᠰᠬᠤᠨ ᠤ ᠠᠷᠠᠳ ᠤᠨ ᠡᠳᠦᠷ | ᠳᠤᠳᠤᠮ ᠤᠨ ᠣᠷᠣᠯᠭ᠎ᠠ ᠵᠠᠷᠤᠯᠭ᠎ᠠ ᠶᠢ ᠣᠶᠢᠯᠠᠭᠠᠵᠤ᠂ ᠲᠣᠰᠬᠤᠨ ᠤ ᠠᠷᠠᠳ ᠢ ᠬᠠᠪᠰᠤᠷᠤᠨ ᠣᠳᠣᠬᠠᠨ ᠤ ᠠᠮᠢᠳᠤᠷᠠᠯ | ᠳᠤᠮᠳᠠ ᠣᠷᠣᠰᠢᠵᠤ ᠪᠠᠶᠢᠭ᠎ᠠ ᠬᠦᠴᠢᠷᠳᠡᠯ ᠢ ᠨᠢ ᠰᠢᠢᠳᠪᠦᠷᠢᠯᠡᠵᠦ᠂ ᠲᠣᠰᠬᠤᠨ ᠤ ᠪᠠᠶᠢᠳᠠᠯ ᠤᠨ ᠶᠡᠷᠦᠩᠬᠡᠶᠢᠯᠡᠭᠰᠡᠨ | ᠪᠠᠶᠢᠳᠠᠯ ᠤᠨ ᠮᠡᠳᠡᠭᠦᠯᠦᠯᠲᠡ ᠪᠣᠯᠤᠨ ᠤᠯᠤᠰ ᠤᠨ ᠪᠠᠶᠢᠳᠠᠯ ᠤᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ | ᠲᠤᠭᠤᠷᠪᠢᠨ ᠪᠢᠴᠢᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ | | | | | | 2020 ᠣᠨ ᠤ ᠴᠠᠭᠠᠨ ᠰᠠᠷ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ | ᠡᠭᠦᠰᠦᠭᠰᠡᠨ ᠤ ᠳᠠᠷᠠᠭ᠎ᠠ᠂ ᠪᠢ ᠲᠡᠷᠡ ᠳᠠᠷᠤᠢ ᠳᠤᠨᠢ ᠠᠵᠢᠯ ᠤᠨ ᠪᠠᠶᠢᠷᠢ ᠳᠤ ᠭᠠᠷᠴᠤ᠂ ᠭᠠᠳᠠᠷ ᠣᠷᠣᠨ ᠤ | ᠨᠤᠲᠤᠭ ᠲᠠᠭᠠᠨ ᠪᠤᠴᠠᠭᠰᠠᠳ ᠤᠨ ᠮᠡᠳᠡᠭᠡ ᠵᠠᠩᠭᠢ ᠶᠢ ᠴᠤᠭᠯᠠᠭᠤᠯᠵᠤ ᠬᠤᠷᠢᠶᠠᠩᠭᠤᠶᠢᠯᠠᠬᠤ ᠠᠵᠢᠯ ᠳᠤ ᠪᠦᠬᠦ | ᠶᠠᠪᠤᠴᠠ ᠪᠠᠷ ᠣᠷᠣᠯᠴᠠᠭᠰᠠᠨ ᠪᠥᠭᠡᠳ ᠡᠯ᠎ᠡ ᠲᠣᠰᠬᠤᠨ ᠲᠠᠢ ᠬᠠᠮᠵᠢᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠤᠬᠠᠭᠤᠯᠭ᠎ᠠ᠂ ᠦᠯᠵᠡᠢ ᠶᠢᠨ app ᠵᠡᠷᠭᠡ ᠶᠢ ᠳᠡᠯᠭᠡᠷᠡᠭᠦᠯᠵᠡᠢ᠃ ᠶᠦᠩ ᠰᠢᠩ ᠲᠣᠰᠬᠤᠨ ᠤ ᠨᠠᠮ ᠤᠨ | ᠡᠭᠦᠷ ᠤᠨ ᠱᠦᠵᠢ ᠶᠢᠨ ᠲᠤᠰᠠᠯᠠᠭᠴᠢ ᠪᠣᠯᠤᠭᠰᠠᠨ ᠤ ᠬᠤᠪᠢ ᠳᠤ᠂ ᠪᠢ ᠪᠠᠯᠭᠠᠰᠤᠨ ᠤ ᠬᠤᠪᠢᠳᠠᠨ ᠬᠠᠮᠢᠶᠠᠷᠴᠤ | ᠪᠠᠶᠢᠭ᠎ᠠ ᠤᠳᠤᠷᠢᠳᠤᠯᠭ᠎ᠠ ᠪᠣᠯᠤᠨ ᠨᠠᠮ ᠤᠨ ᠡᠭᠦᠷ ᠤᠨ ᠱᠦᠵᠢ ᠶᠢ ᠳᠠᠭᠠᠵᠤ ᠠᠶᠢᠯ ᠡᠷᠦᠬᠡ ᠳᠠᠷᠠᠭᠠᠯᠠᠨ ᠭᠠᠳᠠᠭᠰᠢ | ᠭᠠᠷᠴᠤ ᠨᠤᠲᠤᠭ ᠲᠠᠭᠠᠨ ᠪᠤᠴᠠᠭᠰᠠᠨ ᠬᠥᠮᠦᠰ ᠤᠨ ᠮᠡᠳᠡᠭᠡ ᠵᠠᠩᠭᠢ ᠶᠢ ᠣᠶᠢᠯᠠᠭᠠᠭᠰᠠᠨ ᠪᠥᠭᠡᠳ ᠲᠣᠭᠤᠷᠢᠭ ᠤᠨ | ᠭᠠᠳᠠᠨᠠᠬᠢ ᠨᠤᠲᠤᠭ ᠲᠠᠭᠠᠨ ᠪᠤᠴᠠᠭᠰᠠᠨ 30 ᠡᠷᠦᠬᠡ ᠶᠢᠨ ᠬᠡᠷ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠮᠡᠳᠡᠭᠳᠡᠯ ᠤᠨ ᠪᠢᠴᠢᠭ ᠲᠠᠷᠬᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠩᠬᠠᠨ ᠤ | ᠳᠠᠶᠢᠯᠠᠯᠳᠤᠭᠠᠨ ᠳᠤ ᠠᠮᠵᠢᠯᠲᠠ ᠲᠠᠢ ᠢᠯᠠᠯᠲᠠ ᠤᠯᠪᠠ᠃ 2020 ᠣᠨ ᠪᠣᠯ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠂ ᠶᠠᠳᠠᠭᠤ ᠶᠢ ᠲᠡᠳᠬᠦᠬᠦ ᠠᠵᠢᠯ ᠪᠣᠯ | ᠪᠦᠬᠦ ᠪᠠᠯᠭᠠᠰᠤᠨ ᠤ ᠭᠤᠣᠯᠳᠠᠯᠭ᠎ᠠ ᠲᠠᠢ ᠡᠭᠦᠷᠭᠡ ᠪᠣᠯᠤᠨ᠎ᠠ᠂ ᠶᠦᠩ ᠰᠢᠩ ᠲᠣᠰᠬᠤᠨ ᠤ ᠶᠠᠳᠠᠭᠤ ᠬᠦᠴᠢᠷᠳᠡᠯᠲᠡᠢ | ᠡᠷᠦᠬᠡ ᠶᠢᠨ ᠡᠯ᠎ᠡ ᠵᠦᠢᠯ ᠤᠨ ᠮᠡᠳᠡᠭᠡ ᠵᠠᠩᠭᠢ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠰᠢᠰᠲ᠋ᠧᠮ ᠳᠤ ᠣᠷᠣᠭᠤᠯᠬᠤ ᠪᠠ ᠨᠠᠮ ᠤᠨ ᠡᠭᠦᠷ ᠤᠨ ᠱᠦᠵᠢ ᠳᠤ ᠪᠠᠷ᠎ᠠ ᠪᠤᠯᠵᠤ ᠶᠠᠳᠠᠭᠤ ᠬᠦᠴᠢᠷᠳᠡᠯᠲᠡᠢ ᠡᠷᠦᠬᠡ ᠶᠢ | ᠪᠦᠬᠦ ᠲᠠᠯ᠎ᠠ ᠪᠠᠷ ᠰᠤᠷᠪᠤᠯᠵᠢᠯᠠᠬᠤ ᠶᠠᠪᠤᠴᠠ ᠳᠤ᠂ ᠪᠢ ᠶᠠᠳᠠᠭᠤ ᠶᠢ ᠲᠡᠳᠬᠦᠬᠦ ᠡᠯ᠎ᠡ ᠵᠦᠢᠯ ᠤᠨ ᠲᠦᠷᠦ ᠶᠢᠨ | ᠪᠤᠳᠤᠯᠭ᠎ᠠ ᠶᠢᠨ ᠲᠤᠬᠠᠢ ᠰᠢᠰᠲ᠋ᠧᠮ ᠲᠠᠢ ᠪᠦᠬᠦ ᠲᠠᠯ᠎ᠠ ᠶᠢᠨ ᠣᠶᠢᠯᠠᠭᠠᠯᠲᠠ ᠲᠠᠢ ᠪᠣᠯᠤᠭᠰᠠᠨ ᠪᠥᠭᠡᠳ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠪᠠ᠃ ᠶᠠᠭ | ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠰᠢᠷᠭᠠᠭᠤ ᠬᠠᠲᠠᠭᠤᠵᠢᠯᠲᠠᠶ ᠠᠵᠢᠯᠯᠠᠭ᠎ᠠ ᠶᠢᠨ ᠳᠤᠮᠳᠠ ᠪᠢ | ᠦᠭᠡᠢ ᠠᠴᠠ ᠪᠠᠨ ᠪᠠᠶᠢᠬᠤ ᠪᠣᠯᠤᠭᠰᠠᠨ ᠬᠤᠪᠢᠷᠠᠯᠲᠠ ᠶᠢ ᠪᠡᠶᠡᠯᠡᠭᠦᠯᠵᠡᠶ᠂ ᠥᠨᠥᠳᠦᠷ ᠪᠢ ᠬᠡᠳᠦᠶ ᠶᠡᠭᠡ ᠬᠦᠴᠢᠷ | ᠪᠡᠷᠬᠡᠰᠢᠶᠡᠯ ᠪᠠ ᠨᠤᠭᠤᠷᠠᠯ ᠪᠦᠳᠦᠷᠢᠯ ᠳᠤ ᠤᠴᠠᠷᠠᠭᠰᠠᠨ ᠴᠤ ᠠᠶᠠᠨᠳᠠᠭᠠᠨ ᠲᠥᠯᠥᠪᠵᠢᠭᠦᠯᠭᠡ ᠲᠠᠢ᠂ ᠰᠡᠳᠬᠢᠴᠡ ᠲᠠᠢ | ᠂ ᠬᠤᠶᠢᠰᠢᠳᠠ ᠶᠢᠨ ᠵᠠᠮ ᠲᠠᠢ ᠪᠣᠯᠬᠤ ᠶᠤᠮ᠂ ᠮᠢᠨᠦ ᠪᠤᠳᠤᠬᠤ ᠪᠠᠷ ᠡᠨᠡ ᠬᠦ ᠲᠡᠰᠪᠦᠷᠢ ᠲᠡᠪᠴᠢᠶᠡᠷᠢ ᠪᠠ | ᠪᠣᠯᠪᠠᠰᠤᠷᠠᠯᠲᠠ ᠪᠣᠯ ᠦᠨᠳᠦᠰᠦᠨ ᠱᠠᠲᠤᠨ ᠤ ᠠᠵᠢᠯ ᠤᠨ ᠨᠠᠳᠠ ᠳᠤ ᠠᠪᠴᠢᠷᠠᠵᠤ ᠥᠭᠭᠦᠭᠰᠡᠨ ᠬᠠᠮᠤᠭ ᠤᠨ ᠡᠷᠬᠢᠮ | ᠨᠠᠨᠳᠢᠨ ᠪᠡᠯᠡᠭ ᠮᠥᠨ᠂ ᠦᠭᠡᠢ ᠠᠴᠠ ᠪᠠᠨ ᠪᠠᠶᠢᠬᠤ ᠪᠣᠯᠤᠭᠰᠠᠨ ᠡᠨᠡ ᠬᠦ ᠡᠳᠦᠷ ᠤᠳ ᠢ ᠪᠢ ᠨᠠᠰᠤᠨ | ᠲᠤᠷᠰᠢᠳᠠ ᠪᠠᠨ ᠪᠠᠲᠤ ᠴᠡᠭᠡᠵᠢᠯᠡᠭᠦᠰᠢᠲᠡᠶ ᠶᠤᠮ᠃ | ᠡᠨᠡ ᠪᠣᠯ ᠬᠠᠷᠠᠯᠲᠠ ᠦᠭᠡᠢ ᠪᠠᠷ ᠰᠤᠮᠤ ᠬᠠᠷᠪᠤᠵᠤ ᠪᠠᠶᠢᠭᠰᠠᠨ ᠠᠴᠠ ᠪᠠᠨ ᠦᠨᠡᠬᠡᠷ ᠰᠠᠯᠵᠤ ᠴᠢᠳᠠᠰᠢ ᠦᠭᠡᠢ | ᠪᠣᠯᠤᠭᠰᠠᠨ ᠡᠳᠦᠷ ᠮᠥᠨ᠃ ︽ᠴᠢ ᠶᠠᠮᠠᠷ ᠬᠡᠦᠬᠡᠳ ᠪᠠᠶᠢᠭᠰᠠᠨ ᠢᠶᠠᠨ ᠪᠢᠲᠡᠭᠡᠶ ᠮᠠᠷᠲᠠ᠂ ᠶᠠᠮᠠᠷ ᠲᠣᠮᠣ ᠬᠥᠮᠦᠨ | ᠪᠣᠯᠬᠤ ᠶᠢ ᠬᠦᠰᠡᠵᠦ ᠪᠠᠶᠢᠭᠰᠠᠨ ᠢᠶᠠᠨ ᠪᠢᠲᠡᠭᠡᠶ ᠮᠠᠷᠲᠠ︾ ᠭᠡᠰᠡᠨ ᠦᠭᠡᠨ ᠳᠤ ᠮᠠᠰᠢ ᠳᠤᠷᠠᠲᠠᠶ ᠪᠠᠶᠢᠳᠠᠭ᠃ | ᠡᠬᠢᠨ ᠳᠡᠭᠡᠨ ᠵᠥᠪᠬᠡᠨ ᠡᠨᠡ ᠬᠡᠳᠦᠨ ᠦᠰᠦᠭ ᠤᠨ ᠤᠳᠬ᠎ᠠ ᠤᠷᠠᠯᠢᠭ ᠢ ᠯᠠ ᠦᠵᠡᠵᠦ ᠪᠠᠶᠢᠵᠠᠶ᠃ ᠣᠳᠣ ᠰᠠᠶ᠋ᠢ | ᠨᠢᠭᠡᠨ ᠵᠢᠩᠬᠢᠨᠢ ᠬᠢᠷᠢ ᠲᠡᠩᠴᠡᠭᠰᠡᠨ ᠦᠨᠳᠦᠰᠦᠨ ᠱᠠᠲᠤᠨ ᠤ ᠺᠠᠳ᠋ᠷ ᠪᠣᠯᠬᠤ ᠬᠡᠷᠡᠭᠲᠡᠶ ᠭᠡᠳᠡᠭ ᠢ ᠣᠶᠢᠯᠠᠭᠠᠵᠤ᠂ | ᠡᠷᠬᠡᠪᠰᠢ ︽ᠡᠭᠡᠯᠵᠢ ᠨᠡᠮᠡᠵᠦ ᠴᠠᠭ ᠨᠡᠮᠡᠵᠦ ᠠᠵᠢᠯᠯᠠᠬᠤ︾ ᠳᠤ ᠵᠣᠬᠢᠴᠠᠬᠤ ᠬᠡᠷᠡᠭᠲᠡᠶ᠂ ︽ᠰᠠᠯᠬᠢ ᠪᠣᠷᠣᠭᠠᠨ ᠲᠠᠢ︾ | ᠪᠠᠶᠢᠬᠤ ᠪᠣᠯ ᠬᠡᠪ ᠤᠨ ᠠᠵᠢᠯ ᠤᠨ ᠣᠷᠴᠢᠨ ᠲᠣᠭᠤᠷᠢᠨ ᠮᠥᠨ᠂ ︽ᠬᠠᠯᠠᠰᠢᠷᠠᠯ ᠦᠭᠡᠶ︾᠂ ︽ᠰᠠᠯᠬᠢ ᠪᠣᠷᠣᠭᠠᠨ ᠢ | ᠬᠠᠮᠲᠤ ᠳᠤᠨᠢ ᠲᠤᠭᠤᠯᠬᠤ︾᠂ ᠯᠠᠪᠳᠠᠭᠤᠨ ᠢᠶᠠᠷ ᠬᠤᠯᠠ ᠶᠢ ᠵᠣᠷᠢᠬᠤ ᠰᠠᠶᠢᠨ ᠰᠡᠳᠬᠢᠴᠡ ᠶᠢᠨ ᠪᠠᠶᠢᠳᠠᠯ ᠢ ᠳᠠᠪᠲᠠᠨ | ᠪᠣᠯᠪᠠᠰᠤᠷᠠᠭᠤᠯᠪᠠᠯ ᠰᠠᠶ᠋ᠢ ᠤᠳᠠᠭ᠎ᠠ ᠪᠦᠷᠢ ᠶᠢᠨ ᠰᠢᠯᠭᠠᠯᠲᠠ ᠶᠢᠨ ᠳᠤᠮᠳᠠ ᠵᠥᠪ ᠪᠠ ᠪᠤᠷᠤᠭᠤ᠂ ᠰᠠᠶᠢᠨ ᠪᠠ ᠮᠠᠭᠤ᠂ | ᠵᠦᠶ ᠵᠣᠬᠢᠰᠲᠠᠶ ᠪᠠ ᠵᠦᠶ ᠵᠣᠬᠢᠰ ᠦᠭᠡᠶ ᠶᠢ ᠢᠯᠭᠠᠨ ᠲᠣᠳᠣᠷᠬᠠᠶᠢᠯᠠᠵᠤ᠂ ᠠᠵᠢᠯ ᠤᠨ ᠳᠤᠮᠳᠠ ᠪᠠᠨ ᠵᠥᠪ | ᠵᠣᠭᠰᠣᠯᠲᠠ᠂ ᠣᠪᠣᠷ ᠪᠠ ᠰᠣᠩᠭᠤᠯᠲᠠ ᠪᠠᠨ ᠪᠠᠷᠢᠮᠲᠠᠯᠠᠵᠤ᠂ ᠦᠨᠡᠨ ᠬᠦ ᠰᠠᠶᠢᠨ ᠵᠠᠮ ᠢᠶᠠᠷ ᠶᠠᠪᠤᠵᠤ᠂ ᠠᠯᠤᠰ | ᠬᠤᠯᠠ ᠶᠢᠨ ᠵᠠᠮ ᠢᠶᠠᠷ ᠶᠠᠪᠤᠵᠤ᠂ ᠵᠥᠪ ᠵᠠᠮ ᠢᠶᠠᠷ ᠵᠠᠮᠨᠠᠵᠤ ᠴᠢᠳᠠᠨ᠎ᠠ᠃ | | | | | | 2021 ᠣᠨ ᠤ 9 ᠰᠠᠷ᠎ᠠ ᠳᠤ᠂ ᠪᠢ ᠲᠣᠰᠬᠤᠨ ᠳᠤ ᠬᠦᠷᠴᠦ ᠲᠤᠰᠢᠶᠠᠯ ᠡᠭᠦᠷᠭᠡᠯᠡᠬᠦ ᠬᠤᠭᠤᠴᠠᠭ᠎ᠠ ᠨᠢ | ᠳᠦᠭᠦᠷᠴᠦ᠂ ᠶᠦᠩ ᠰᠢᠩ ᠪᠠᠯᠭᠠᠰᠤᠨ ᠤ ᠨᠠᠮ ᠵᠠᠰᠠᠭ ᠤᠨ ᠠᠯᠪᠠᠨ ᠭᠡᠷ ᠪᠣᠯᠤᠨ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠯᠪᠠᠨ ᠭᠡᠷ ᠲᠤ ᠪᠤᠴᠠᠨ ᠠᠵᠢᠯᠯᠠᠵᠤ᠂ ᠶᠦᠩ ᠰᠢᠩ ᠪᠠᠯᠭᠠᠰᠤᠨ ᠤ ᠪᠠᠶᠢᠭᠤᠯᠤᠯᠭ᠎ᠠ ᠶᠢᠨ | ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠭᠤᠣᠯᠳᠠᠭᠤ ᠦᠰᠦᠭ ᠪᠢᠴᠢᠭ ᠤᠨ | ᠮᠠᠲ᠋ᠧᠷᠢᠶᠠᠯ ᠪᠢᠴᠢᠬᠦ᠂ ᠬᠤᠷᠠᠯ ᠤᠨ ᠲᠡᠮᠳᠡᠭᠯᠡᠯ ᠬᠢᠬᠦ᠂ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ᠂ ᠵᠢᠷᠭᠢᠶ᠎ᠡ ᠶᠢᠨ | ᠤᠯᠠᠨ ᠨᠡᠶᠢᠲᠡ ᠶᠢᠨ ᠳ᠋ᠤᠭᠠᠷ ᠤᠨ ᠡᠵᠡᠩᠨᠡᠯᠲᠡ ᠪᠣᠯᠤᠨ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠡᠯ᠎ᠡ ᠵᠦᠢᠯ ᠤᠨ | ᠠᠵᠢᠯ ᠢ ᠬᠠᠷᠢᠭᠤᠴᠠᠪᠠ᠃ ᠠᠯᠪᠠᠨ ᠭᠡᠷ ᠤᠨ ᠠᠵᠢᠯ ᠳᠤ ᠶᠡᠭᠡ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠰᠡᠳᠬᠢᠯ | ᠲᠠᠯᠪᠢᠬᠤ᠂ ᠬᠦᠯᠢᠴᠡᠩᠭᠦᠶ ᠪᠠᠶᠢᠬᠤ ᠨᠢ ᠡᠷᠬᠢᠮ ᠶᠤᠮ᠂ ᠡᠬᠡ ᠪᠢᠴᠢᠭ ᠢ ᠬᠢᠨᠠᠬᠤ᠂ ᠡᠬᠡ ᠪᠢᠴᠢᠭ ᠢ ᠵᠠᠰᠠᠬᠤ᠂ | ᠬᠤᠷᠠᠯ ᠤᠨ ᠶᠠᠪᠤᠳᠠᠯ ᠵᠡᠷᠭᠡ ᠶᠠᠷᠰᠢᠭ ᠲᠦᠪᠡᠭᠲᠡᠶ ᠠᠵᠢᠯ ᠤᠨ ᠳᠤᠮᠳᠠ ᠥᠴᠦᠬᠡᠨ ᠴᠦ ᠠᠯᠳᠠᠭ᠎ᠠ ᠪᠤᠷᠤᠭᠤ ᠭᠠᠷᠭᠠᠵᠤ | ᠪᠣᠯᠬᠤ ᠦᠭᠡᠢ᠂ ᠡᠶᠢᠮᠦ ᠠᠴᠠ ᠪᠢ ᠪᠠᠯᠭᠠᠰᠤᠨ ᠤ ᠡᠯ᠎ᠡ ᠵᠦᠢᠯ ᠤᠨ ᠠᠵᠢᠯ ᠤᠨ ᠮᠡᠳᠡᠭᠡ ᠵᠠᠩᠭᠢ ᠶᠢ ᠳᠡᠭᠡᠭᠰᠢ | ᠮᠡᠳᠡᠭᠦᠯᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠠᠵᠢᠯ ᠤᠨ ᠠᠵᠢᠯᠯᠠᠭᠠᠨ ᠤ ᠮᠡᠳᠡᠭᠡ ᠵᠠᠩᠭᠢ ᠶᠢ ᠴᠠᠭ | ᠲᠤᠬᠠᠶ ᠳᠤᠨᠢ ᠪᠢᠴᠢᠵᠦ᠂ ᠡᠯ᠎ᠡ ᠵᠦᠢᠯ ᠤᠨ ᠠᠵᠢᠯ ᠳᠤ ᠢᠳᠡᠪᠬᠢᠲᠡᠶ ᠤᠬᠠᠭᠤᠯᠬᠤ ᠦᠢᠯᠡᠳᠦᠯ ᠦᠵᠡᠭᠦᠯᠦᠭᠰᠡᠨ ᠶᠤᠮ | ᠃ ᠡᠭᠦᠨ ᠤ ᠬᠠᠮᠲᠤ᠂ ᠶᠦᠩ ᠰᠢᠩ ᠪᠠᠯᠭᠠᠰᠤᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠱᠦᠵᠢ ᠶᠢᠨ | ᠲᠤᠰᠢᠶᠠᠯ ᠢ ᠬᠠᠷᠢᠭᠤᠴᠠᠭᠰᠠᠨ ᠠᠴᠠ ᠨᠠᠰᠢ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ | ᠪᠣᠯᠬᠤ︾᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷ ᠵᠡᠷᠭᠡ ᠡᠯ᠎ᠡ | ᠵᠤᠶᠢᠯ ᠤᠨ ᠪᠠᠶᠢᠩᠭᠤ ᠶᠢᠨ ᠠᠵᠢᠯ ᠢ ᠢᠳᠡᠪᠬᠢᠲᠡᠶ ᠨᠠᠶᠢᠳᠠᠪᠤᠷᠢᠵᠢᠭᠤᠯᠵᠤ᠂ ᠪᠠᠶᠢᠭᠤᠯᠤᠯᠭ᠎ᠠ ᠶᠢᠨ ᠨᠠᠮ ᠤᠨ ᠡᠭᠦᠷ ᠤᠨ | ᠨᠠᠮ ᠤᠨ ᠪᠠᠶᠢᠭᠤᠯᠤᠯᠲᠠ ᠶᠢᠨ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠭᠰᠠᠨ ᠪᠠᠶᠢᠨ᠎ᠠ᠃ ᠦᠨᠳᠦᠰᠦᠨ | ᠱᠠᠲᠤᠨ ᠤ ᠠᠵᠢᠯ ᠨᠢ ᠵᠠᠯᠠᠭᠤ ᠨᠥᠬᠦᠳ ᠢ ︽ᠤᠳᠤᠷᠢᠳᠬᠤ ᠴᠢᠳᠠᠪᠤᠷᠢ ᠶᠢ ᠨᠢ ᠨᠡᠮᠡᠭᠳᠡᠭᠦᠯᠵᠦ᠂ ᠦᠢᠯᠡᠳᠦᠯᠭᠡ ᠶᠢᠨ | ᠲᠤᠷᠰᠢᠯᠭ᠎ᠠ ᠶᠢ ᠨᠢ ᠬᠤᠷᠠᠮᠳᠤᠭᠤᠯᠵᠤ᠂ ᠤᠯᠤᠰ ᠲᠦᠷᠦ ᠶᠢᠨ ᠲᠠᠯ᠎ᠠ ᠪᠠᠷ ᠪᠣᠯᠪᠠᠰᠤᠷᠠᠩᠭᠤᠶ ᠪᠣᠯᠬᠤ ᠶᠢ ᠨᠢ | ᠲᠦᠷᠭᠡᠳᠬᠡᠬᠦ ᠪᠣᠯᠤᠨ᠎ᠠ︾ ᠭᠡᠵᠦ ᠶᠡᠷᠦᠩᠬᠡᠶ ᠱᠦᠵᠢ ᠰᠢ ᠶᠢᠨ ᠫᠢᠩ ᠬᠡᠯᠡᠵᠦ ᠥᠩᠭᠡᠷᠡᠭᠰᠡᠨ ᠪᠢᠯᠡ᠃ ᠦᠨᠳᠦᠰᠦᠨ | ᠱᠠᠲᠤᠨ ᠳᠤ ᠠᠵᠢᠯᠯᠠᠭᠰᠠᠨ ᠭᠤᠷᠪᠠᠨ ᠵᠢᠯ ᠤᠨ ᠬᠤᠭᠤᠴᠠᠭᠠᠨ ᠳᠤ᠂ ᠪᠢ ᠬᠡᠵᠢᠶᠡᠳᠡ ︽ᠯᠠᠪᠳᠠᠭᠤᠨ | ᠲᠣᠭᠲᠠᠭᠤᠨ ᠢᠶᠠᠷ ᠠᠵᠢᠯ ᠬᠢᠬᠦ ᠳᠤ ᠠᠷᠪᠢᠨ ᠤᠴᠢᠷ ᠦᠭᠡᠢ᠂ ᠠᠯᠢᠪᠠ ᠶᠠᠪᠤᠳᠠᠯ ᠳᠤ ᠬᠠᠷᠢᠭᠤᠴᠠᠯᠭ᠎ᠠ ᠪᠠᠨ | ᠭᠦᠢᠴᠡᠳᠬᠡᠬᠦ ᠳᠤ ᠬᠠᠷᠢᠭᠤᠴᠠᠯᠭ᠎ᠠ ᠪᠠᠨ ᠠᠯᠳᠠᠬᠤ ᠦᠭᠡᠢ᠂ ᠠᠵᠢᠯ ᠢᠶᠠᠨ ᠪᠡᠶᠡᠯᠡᠭᠦᠯᠬᠦ ᠳᠤ ᠣᠷᠣᠨ ᠪᠠᠶᠢᠷᠢ ᠪᠠᠨ | ᠠᠯᠳᠠᠬᠤ ᠦᠭᠡᠢ᠂ ᠦᠨᠡᠨᠴᠢ ᠪᠠᠷ ᠦᠭᠡ ᠬᠡᠯᠡᠬᠦ ᠳᠤ ᠠᠷᠪᠢᠨ ᠦᠭᠡ ᠦᠭᠡᠢ᠂ ᠭᠤᠣᠯᠴᠢ ᠰᠠᠨᠠᠭ᠎ᠠ ᠲᠠᠢ ᠪᠠᠶᠢᠬᠤ ᠶᠢ | ᠪᠠᠷᠢᠮᠲᠠᠯᠠᠬᠤ︾ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠳᠠᠭ᠂ ᠣᠳᠣᠬᠠᠨ ᠳᠤ ᠪᠢ ᠨᠢᠭᠡᠨᠲᠡ ᠦᠨᠳᠦᠰᠦᠨ | ᠱᠠᠲᠤᠨ ᠤ ᠺᠠᠳ᠋ᠷ ᠪᠣᠯᠤᠭᠰᠠᠨ ᠤ ᠬᠤᠪᠢ ᠳᠤ ᠥᠪᠡᠷ ᠤᠨ ᠬᠢᠷᠢ ᠬᠡᠮ ᠳᠡᠭᠡᠨ ᠠᠭᠠᠵᠢᠮ ᠢᠶᠠᠷ ᠵᠣᠬᠢᠴᠠᠵᠤ᠂ ᠮᠥᠨ ᠴᠦ | ᠲᠠᠰᠤᠷᠠᠯᠲᠠ ᠦᠭᠡᠢ ᠬᠠᠶᠢᠨ ᠰᠦᠪᠡᠭᠴᠢᠯᠡᠬᠦ ᠳᠤᠮᠳᠠ ᠠᠴᠠ ᠥᠪᠡᠷ ᠤᠨ ᠠᠵᠢᠯ ᠬᠢᠬᠦ ᠠᠷᠭ᠎ᠠ ᠪᠠ ᠪᠠᠷᠢᠮᠵᠢᠶ᠎ᠠ ᠪᠠᠨ | ᠡᠷᠢᠵᠦ ᠣᠯᠤᠯ᠎ᠠ᠃ | ᠡᠨᠡ ᠪᠣᠯ ᠪᠠᠯᠠᠶᠢᠷᠠᠵᠤ ᠪᠠᠶᠢᠭᠰᠠᠨ ᠠᠴᠠ ᠪᠠᠨ ᠳᠣᠲᠣᠷ᠎ᠠ ᠪᠠᠨ ᠲᠤᠭ᠎ᠠ ᠲᠠᠢ ᠪᠣᠯᠤᠭᠰᠠᠨ ᠡᠳᠦᠷ ᠪᠣᠯᠤᠨ᠎ᠠ᠃ | 2022 ᠣᠨ ᠤ ᠡᠬᠢᠨ ᠳᠤ᠂ ᠤᠳᠤᠷᠢᠳᠤᠯᠭ᠎ᠠ ᠶᠢᠨ ᠲᠣᠬᠢᠷᠠᠭᠤᠯᠤᠯᠲᠠ ᠪᠠ ᠵᠢᠯᠣᠭᠤᠳᠣᠯᠭ᠎ᠠ ᠳᠣᠣᠷ᠎ᠠ᠂ ᠪᠢ ︽ | ᠶᠦᠩ ᠰᠢᠩ ᠤᠨ ᠬᠤᠷᠢᠶᠠᠩᠭᠤᠢ︾ ᠶᠢᠨ ᠮᠠᠲ᠋ᠧᠷᠢᠶᠠᠯ ᠢ ᠴᠤᠭᠯᠠᠭᠤᠯᠵᠤ ᠬᠤᠷᠢᠶᠠᠩᠭᠤᠶᠢᠯᠠᠬᠤ ᠠᠵᠢᠯ ᠳᠤ ᠪᠦᠬᠦ | ᠶᠠᠪᠤᠴᠠ ᠪᠠᠷ ᠣᠷᠣᠯᠴᠠᠵᠤ᠂ ᠲᠡᠦᠬᠡ ᠣᠶᠢᠯᠠᠯᠭ᠎ᠠ ᠶᠢᠨ ᠠᠯᠪᠠᠨ ᠭᠡᠷ ᠪᠣᠯᠤᠨ ᠲᠤᠭ᠎ᠠ ᠪᠦᠷᠢᠳᠬᠡᠯ ᠤᠨ ᠲᠣᠪᠴᠢᠶ᠎ᠠ | ᠥᠩᠭᠡᠷᠡᠭᠰᠡᠨ ᠬᠡᠳᠦᠨ ᠠᠷᠪᠠᠨ ᠵᠢᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠶᠠᠪᠤᠴᠠ ᠳᠤ᠂ ᠰᠤᠷᠤᠯᠴᠠᠯᠭ᠎ᠠ ᠶᠢᠨ | ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠪᠢ ᠳᠠᠬᠢᠨᠲᠠ ᠭᠦᠨᠵᠡᠭᠡᠶ ᠣᠶᠢᠯᠠᠭᠠᠵᠤ᠂ ᠥᠪᠡᠷ ᠤᠨ ᠲᠤᠬᠠᠶᠢᠯᠠᠭᠰᠠᠨ | ᠠᠵᠢᠯ ᠢᠶᠠᠨ ᠨᠡᠩ ᠰᠠᠶᠢᠨ ᠪᠡᠶᠡᠯᠡᠭᠦᠯᠬᠦ ᠶᠢᠨ ᠲᠥᠯᠥᠭᠡ᠂ ᠰᠤᠷᠤᠯᠴᠠᠯᠭ᠎ᠠ ᠶᠢᠨ ᠲᠠᠯ᠎ᠠ ᠪᠠᠷ ᠥᠪᠡᠷ ᠤᠨ ᠪᠡᠶ᠎ᠡ ᠳᠡᠭᠡᠨ | ᠭᠤᠷᠪᠠᠨ ᠵᠤᠷᠪᠤᠰ ᠲᠦᠷᠢᠮ ᠲᠣᠭᠲᠠᠭᠠᠯ ᠲᠣᠭᠲᠠᠭᠠᠵᠠᠶ᠄ ᠨᠢᠭᠡ ᠳᠤ ᠨᠣᠮ ᠪᠢᠴᠢᠭ ᠠᠴᠠ ᠰᠤᠷᠤᠯᠴᠠᠨ᠎ᠠ᠂ ᠪᠢ | ᠦᠷᠭᠦᠯᠵᠢ ︽ᠠᠷᠠᠳ ᠤᠨ ᠡᠳᠦᠷ ᠤᠨ ᠰᠣᠨᠢᠨ︾᠂ ︽ᠬᠠᠭᠠᠰ ᠰᠠᠷ᠎ᠠ ᠶᠢᠨ ᠶᠠᠷᠢᠯᠴᠠᠭ᠎ᠠ︾᠂ ︽ᠨᠠᠷᠢᠨ | ᠪᠢᠴᠢᠭᠡᠴᠢ ᠶᠢᠨ ᠠᠵᠢᠯ︾ ᠵᠡᠷᠭᠡ ᠰᠡᠳᠬᠦᠯ ᠤᠨ ᠨᠣᠮ ᠤᠨ ᠠᠭᠤᠯᠭ᠎ᠠ ᠶᠢ ᠤᠩᠰᠢᠬᠤ ᠶᠢᠨ ᠬᠠᠮᠲᠤ ᠨᠣᠮ | ᠤᠩᠰᠢᠭᠰᠠᠨ ᠲᠡᠮᠳᠡᠭᠯᠡᠯ ᠢᠶᠠᠨ ᠰᠠᠶᠢᠲᠤᠷ ᠬᠢᠵᠦ᠂ ᠬᠤᠪᠢ ᠬᠥᠮᠦᠨ ᠤ ᠲᠦᠷᠦ ᠶᠢᠨ ᠪᠤᠳᠤᠯᠭ᠎ᠠ ᠤᠨᠤᠯ ᠤᠨ ᠬᠢᠷᠢ | ᠬᠡᠮᠵᠢᠶ᠎ᠡ ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠬᠤᠶᠠᠷ ᠲᠤ ᠤᠳᠤᠷᠢᠳᠬᠤ ᠬᠠᠮᠲᠤ | ᠠᠵᠢᠯᠯᠠᠭᠴᠢ ᠠᠴᠠ ᠪᠠᠨ ᠰᠤᠷᠤᠯᠴᠠᠨ᠎ᠠ᠂ ᠥᠪᠡᠷ ᠤᠨ ᠠᠵᠢᠯ ᠤᠨ ᠲᠤᠷᠰᠢᠯᠭ᠎ᠠ ᠮᠡᠬᠦᠰ ᠠᠴᠠ ᠪᠠᠨ ᠪᠤᠯᠵᠤ᠂ ᠡᠳᠦᠷ | ᠲᠤᠳᠤᠮ ᠤᠨ ᠠᠵᠢᠯ ᠤᠨ ᠳᠤᠮᠳᠠ ᠪᠠᠨ ᠪᠢ ᠤᠳᠤᠷᠢᠳᠤᠯᠭ᠎ᠠ ᠪᠠ ᠲᠤᠷᠰᠢᠯᠭ᠎ᠠ ᠪᠠᠷ ᠪᠠᠶᠠᠯᠢᠭ ᠬᠠᠮᠲᠤ | ᠠᠵᠢᠯᠯᠠᠭᠴᠢ ᠠᠴᠠ ᠪᠠᠨ ᠠᠵᠢᠯ ᠤᠨ ᠳᠤᠮᠳᠠ ᠲᠣᠬᠢᠶᠠᠯᠳᠤᠭᠰᠠᠨ ᠮᠠᠳᠠᠭ ᠲᠠᠢ ᠠᠰᠠᠭᠤᠳᠠᠯ ᠪᠠ ᠬᠦᠴᠢᠷᠳᠡᠯ ᠢ | ᠬᠢᠴᠢᠶᠡᠩᠭᠦ᠋ᠢᠯᠡᠨ ᠠᠰᠠᠭᠤᠵᠤ᠂ ᠡᠷᠬᠢᠮ ᠨᠠᠨᠳᠢᠨ ᠲᠤᠷᠰᠢᠯᠭ᠎ᠠ ᠪᠠᠨ ᠵᠥᠷᠢᠴᠡᠯ ᠢ ᠰᠢᠢᠳᠪᠤᠷᠢᠯᠡᠬᠦ ᠰᠠᠶᠢᠨ ᠡᠮ | ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠬᠤᠪᠢ ᠬᠥᠮᠦᠨ ᠤ ᠡᠳᠦᠷ ᠲᠤᠳᠤᠮ ᠤᠨ ᠬᠡᠷᠡᠭ ᠶᠠᠪᠤᠳᠠᠯ ᠢ | ᠠᠷᠭᠠᠴᠠᠭᠠᠬᠤ ᠪᠠ ᠰᠢᠢᠳᠪᠤᠷᠢᠯᠡᠬᠦ ᠴᠢᠳᠠᠪᠤᠷᠢ ᠪᠠᠨ ᠴᠤ ᠶᠡᠭᠡ ᠪᠠᠷ ᠳᠡᠭᠡᠭᠰᠢᠯᠡᠭᠦᠯᠪᠡ᠃ ᠭᠤᠷᠪᠠ ᠳᠤ ᠨᠡᠶᠢᠭᠡᠮ ᠤᠨ | ᠦᠢᠯᠡᠳᠦᠯᠭᠡ ᠠᠴᠠ ᠰᠤᠷᠤᠯᠴᠠᠵᠤ᠂ ᠶᠡᠷᠦ ᠶᠢᠨ ᠦᠭᠡᠨ ᠳᠤ ︽ᠶᠠᠭᠤᠮ᠎ᠠ ᠪᠣᠯᠭᠠᠨ ᠳᠤ ᠬᠢᠴᠢᠶᠡᠪᠡᠯ ᠪᠦᠷ ᠡᠷᠳᠡᠮ | ᠮᠡᠳᠡᠯᠭᠡ ᠲᠠᠢ ᠪᠣᠯᠤᠨ᠎ᠠ︾ ᠭᠡᠵᠦ ᠬᠡᠯᠡᠳᠡᠭ᠂ ᠪᠣᠳᠠᠲᠠᠶ ᠠᠵᠢᠯ ᠤᠨ ᠳᠤᠮᠳᠠ ᠪᠠᠨ ᠪᠢ ᠨᠢᠭᠡ ᠲᠠᠯ᠎ᠠ ᠪᠠᠷ ᠠᠵᠢᠯ ᠤᠨ | ᠳᠤᠮᠳᠠᠬᠢ ᠲᠤᠷᠰᠢᠯᠭ᠎ᠠ ᠶᠢᠨ ᠵᠢᠮ᠎ᠡ ᠶᠣᠰᠣ ᠶᠢ ᠰᠦᠪᠡᠭᠴᠢᠯᠡᠨ ᠳ᠋ᠦᠩᠨᠡᠵᠦ᠂ ᠨᠦᠭᠦᠭᠡ ᠲᠠᠯ᠎ᠠ ᠪᠠᠷ ᠦᠢᠯᠡᠳᠦᠯᠭᠡ ᠶᠢᠨ | ᠳᠤᠮᠳᠠ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠥᠪᠡᠷ ᠤᠨ ᠪᠣᠳᠠᠲᠠᠶ | ᠠᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠂ ︽ᠪᠢᠷ ᠪᠠᠷᠢᠪᠠᠯ ᠪᠢᠴᠢᠵᠦ ᠴᠢᠳᠠᠬᠤ᠂ ᠠᠮᠠ | ᠨᠡᠭᠡᠭᠡᠪᠡᠯ ᠶᠠᠷᠢᠵᠤ ᠴᠢᠳᠠᠬᠤ᠂ ᠠᠵᠢᠯ ᠬᠢᠪᠡᠯ ᠪᠦᠲᠦᠭᠡᠵᠦ ᠴᠢᠳᠠᠬᠤ︾ ᠬᠠᠮ ᠠᠯᠪᠠᠳᠠᠨ ᠤ ᠦᠰᠦᠨ ᠪᠤᠶᠢᠵᠢᠬᠤ | ᠴᠢᠭᠯᠡᠯ ᠢᠶᠠᠷ ᠴᠢᠷᠮᠠᠶᠢᠨ᠎ᠠ᠃ | | | | | | ᠮᠢᠨᠦ ᠪᠤᠳᠤᠬᠤ ᠪᠠᠷ᠂ ᠪᠢᠳᠡᠨ ᠤ ᠢᠷᠡᠭᠡᠳᠦᠶ ᠶᠢᠨ ᠠᠮᠢᠳᠤᠷᠠᠯ ᠳᠤ ᠮᠠᠰᠢ ᠤᠯᠠᠨ ᠬᠦᠴᠢᠷ ᠠᠰᠠᠭᠤᠳᠠᠯ | ᠲᠤᠯᠭᠠᠷᠠᠬᠤ ᠪᠣᠯᠤᠨ᠎ᠠ᠃ ᠵᠠᠷᠢᠮ ᠰᠡᠳᠦᠪ ᠲᠤ ᠵᠥᠪ ᠣᠨᠣᠪᠴᠢᠲᠠᠶ ᠪᠤᠳᠤᠬᠤ ᠠᠷᠭ᠎ᠠ ᠲᠠᠢ᠃ ᠭᠡᠲᠡᠯ᠎ᠡ ᠵᠠᠷᠢᠮ ᠨᠢ | ᠪᠠᠰᠠ ᠰᠡᠳᠦᠪ ᠤᠨ ᠬᠠᠷᠢᠭᠤ ᠶᠢ ᠤᠯᠬᠤ ᠦᠭᠡᠢ ᠪᠠᠶᠢᠨ᠎ᠠ᠃ ᠪᠢᠳᠡ ᠠᠵᠢᠯ ᠳᠠᠭᠠᠨ ᠥᠪᠡᠷ ᠤᠨ ᠪᠡᠶ᠎ᠡ ᠪᠠᠷ ᠢᠶᠠᠨ | ᠭᠤᠣᠯ ᠪᠣᠯᠭᠠᠬᠤ ᠦᠭᠡᠶ ᠯᠡ ᠶᠤᠮ ᠪᠣᠯ᠂ ᠳᠠᠷᠤᠤ ᠬᠢᠴᠢᠶᠡᠩᠭᠦᠶ ᠪᠠᠷ ᠵᠢᠭᠠᠯᠭᠠᠵᠤ ᠬᠠᠮᠲᠤ ᠠᠵᠢᠯᠯᠠᠭᠴᠢ ᠪᠠᠨ | ᠬᠠᠪᠰᠤᠷᠴᠤ᠂ ᠠᠯᠢᠪᠠ ᠶᠠᠪᠤᠳᠠᠯ ᠳᠤ ᠬᠠᠮᠲᠤ ᠶᠢᠨ ᠠᠰᠢᠭ ᠲᠤᠰᠠ ᠠᠴᠠ ᠡᠭᠦᠰᠴᠦ᠂ ᠨᠡᠯᠢᠶᠡᠳ ᠴᠢᠩᠭ᠎ᠠ ᠪᠦᠯᠬᠦᠮ | ᠨᠡᠶᠢᠲᠡ ᠶᠢᠨ ᠤᠬᠠᠮᠰᠠᠷ ᠪᠠ ᠭᠤᠣᠯᠯᠠᠬᠤ ᠤᠬᠠᠮᠰᠠᠷ ᠲᠠᠢ ᠪᠠᠶᠢᠵᠤ᠂ ᠡᠮᠦᠨ᠎ᠡ ᠹᠷᠣᠨᠲ ᠤᠨ ᠠᠵᠢᠯ ᠳᠤ ᠦᠨᠡᠨᠬᠦ | ᠣᠷᠣᠯᠴᠠᠵᠤ᠂ ᠠᠷᠠᠳ ᠤᠯᠠᠨ ᠤ ᠠᠰᠢᠭ ᠲᠤᠰᠠ ᠪᠣᠯᠤᠨ ᠬᠦᠴᠢᠷ ᠪᠡᠷᠬᠡᠰᠢᠶᠡᠯ ᠢ ᠦᠨᠡᠨᠬᠦ ᠰᠡᠳᠬᠢᠯ ᠳᠡᠭᠡᠨ ᠪᠤᠳᠤᠵᠤ | ᠂ ᠲᠡᠳᠡᠨ ᠤ ᠬᠦᠴᠢᠷ ᠵᠣᠪᠠᠭᠤᠷᠢ ᠶᠢ ᠦᠨᠡᠨᠬᠦ ᠣᠶᠢᠯᠠᠭᠠᠵᠤ᠂ ᠲᠡᠳᠡᠨ ᠳᠤ ᠪᠣᠳᠠᠲᠠᠢ ᠶᠠᠪᠤᠳᠠᠯ ᠬᠢᠵᠦ᠂ ᠲᠠᠰᠤᠷᠠᠯᠲᠠ | ᠦᠭᠡᠢ ᠲᠤᠷᠰᠢᠯᠭ᠎ᠠ ᠬᠤᠷᠠᠮᠳᠤᠭᠤᠯᠵᠤ᠂ ᠦᠢᠮᠡᠭᠡᠨ ᠱᠤᠤᠭᠢᠶᠠᠨ ᠲᠠᠢ ᠣᠷᠴᠢᠨ ᠲᠣᠭᠤᠷᠢᠨ ᠳᠤ ᠱᠤᠤᠭᠢᠶᠠᠨ ᠢ | ᠲᠠᠶᠠᠭᠳᠠᠵᠤ᠂ ᠤᠬ ᠰᠠᠨᠠᠭ᠎ᠠ ᠪᠠᠨ ᠪᠠᠲᠤ ᠰᠠᠬᠢᠵᠤ᠂ ᠣᠯᠵᠤ ᠠᠯᠳᠠᠬᠤ ᠶᠢ ᠬᠠᠶᠢᠬᠤᠷᠬᠤ ᠦᠭᠡᠢ ᠪᠣᠯ ᠯᠠᠪᠲᠠᠢ | ᠳᠣᠲᠣᠷ᠎ᠠ ᠪᠠᠨ ᠲᠤᠭ᠎ᠠ ᠲᠠᠢ᠂ ᠬᠦᠯ ᠳᠡᠭᠡᠨ ᠵᠠᠮ ᠲᠠᠢ᠂ ᠢᠷᠡᠭᠡᠳᠦᠢ ᠳᠤ ᠬᠦᠷᠴᠦ ᠴᠢᠳᠠᠬᠤ ᠶᠤᠮ᠃ | ᠰᠢᠨ᠎ᠡ ᠠᠶᠠᠨ ᠵᠠᠮ ᠳᠠᠭᠠᠨ ᠳᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠭᠦᠯᠵᠦ᠂ ᠰᠢᠨ᠎ᠡ ᠡᠭᠦᠷᠭᠡ | ᠬᠠᠷᠢᠭᠤᠴᠠᠯᠭ᠎ᠠ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠂ ᠣᠶᠢᠷ᠎ᠠ ᠶᠢᠨ 3 ᠵᠢᠯ ᠤᠨ ᠬᠤᠭᠤᠴᠠᠭᠠᠨ ᠳᠤ᠂ | ᠥᠰᠦᠨ ᠪᠤᠶᠢᠵᠢᠬᠤ ᠪᠠ ᠳᠠᠪᠲᠠᠨ ᠪᠣᠯᠪᠠᠰᠤᠷᠠᠬᠤ ᠨᠢ ᠥᠪᠡᠷ ᠤᠨ ᠪᠡᠶ᠎ᠡ ᠪᠠᠨ ᠳᠠᠭᠠᠭᠠᠵᠤ ᠨᠢᠭᠡ ᠲᠠᠯ᠎ᠠ ᠶᠢ | ᠬᠠᠷᠢᠭᠤᠴᠠᠬᠤ ᠶᠠᠪᠤᠳᠠᠯ ᠢ ᠲᠤᠯᠭᠠᠭᠤᠷᠢᠯᠠᠵᠤ ᠳᠡᠶᠢᠯᠬᠦ ᠦᠭᠡᠢ ᠶᠤᠮ᠃ ᠢᠷᠡᠭᠡᠳᠦᠶ ᠶᠢᠨ ᠠᠵᠢᠯ ᠤᠨ | ᠠᠮᠢᠳᠤᠷᠠᠯ ᠳᠠᠭᠠᠨ᠂ ᠮᠢᠨᠦ ᠴᠢᠬᠢᠨ ᠤ ᠬᠠᠵᠠᠭᠤ ᠳᠤ ᠭᠠᠷᠴᠤ ᠥᠩᠭᠡᠷᠡᠭᠰᠡᠨ ᠦᠨᠡᠨᠴᠢ ᠢᠳᠬᠠᠯ ᠪᠠ ᠬᠦᠰᠡᠯ | ᠡᠷᠡᠮᠡᠯᠵᠡᠯ ᠪᠦᠬᠦᠨ ᠢ ᠪᠢ ᠪᠠᠲᠤ ᠴᠡᠭᠡᠵᠢᠯᠡᠨ᠎ᠡ᠃ ᠲᠤᠬᠠᠶ ᠶᠢᠨ ᠦᠶ᠎ᠡ ᠶᠢᠨ ᠠᠮᠠᠯᠠᠭᠰᠠᠨ ᠠᠮᠠᠯᠠᠯᠲᠠ ᠪᠠᠨ ᠮᠠᠷᠲᠠᠵᠤ | ᠪᠣᠯᠬᠤ ᠦᠭᠡᠶ᠂ ᠠᠴᠢ ᠬᠠᠷᠢᠭᠤᠯᠠᠬᠤ ᠰᠡᠳᠬᠢᠯ ᠢᠶᠠᠨ ᠦᠷᠭᠦᠯᠵᠢᠯᠡᠨ ᠡᠪᠦᠷᠯᠡᠵᠦ᠂ ᠤᠯᠤᠰ ᠲᠥᠷᠥ ᠶᠢᠨ ᠲᠠᠯ᠎ᠠ ᠪᠠᠷ | ᠪᠠᠲᠤ ᠴᠢᠩᠭ᠎ᠠ ᠴᠢᠩ ᠦᠨᠡᠨᠴᠢ ᠰᠡᠳᠬᠢᠯ ᠲᠠᠢ᠂ ᠣᠶᠤᠨ ᠰᠠᠨᠠᠭᠠᠨ ᠤ ᠲᠠᠯ᠎ᠠ ᠪᠠᠷ ᠬᠤᠷᠴᠠ ᠰᠡᠷᠭᠡᠭ ᠢᠲᠡᠭᠡᠯ ᠲᠠᠢ᠂ | ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ᠂ ᠬᠡᠪ ᠰᠤᠷᠲᠠᠯ ᠤᠨ ᠲᠠᠯ᠎ᠠ ᠪᠠᠷ ᠶᠠᠰᠤ ᠰᠢᠷᠪᠥᠰᠥ ᠲᠠᠢ ᠺᠠᠳ᠋ᠷ ᠪᠣᠯᠬᠤ | ᠬᠡᠷᠡᠭᠲᠡᠶ᠂ ᠦᠵᠡᠯ ᠰᠠᠨᠠᠭᠠᠨ ᠤ ᠳᠠᠪᠲᠠᠯᠲᠠ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ ᠴᠢᠩᠭᠠᠳᠬᠠᠵᠤ᠂ | ᠰᠠᠭᠤᠷᠢ ᠪᠠᠨ ᠦᠨᠡᠨᠬᠦ ᠪᠠᠲᠤᠳᠬᠠᠵᠤ᠂ ︽ᠲᠤᠯᠤᠭᠠᠨ ᠵᠦᠢᠯ ᠤᠨ ᠴᠢᠳᠠᠪᠤᠷᠢ︾ ᠶᠢ ᠳᠡᠭᠡᠭᠰᠢᠯᠡᠭᠦᠯᠵᠦ᠂ ᠰᠢᠨ᠎ᠡ ᠴᠠᠭ | ᠦᠶ᠎ᠡ ᠶᠢᠨ ᠡᠭᠦᠷᠭᠡ ᠬᠠᠷᠢᠭᠤᠴᠠᠯᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠲᠤᠰ | ᠪᠡᠶ᠎ᠡ ᠶᠢᠨ ᠦᠷᠳᠡᠭ ᠢᠶᠠᠨ ᠦᠨᠡᠨᠬᠦ ᠪᠡᠶᠡᠯᠡᠭᠦᠯᠵᠦ᠂ ᠡᠯ᠎ᠡ ᠰᠣᠩᠭᠤᠨ ᠰᠢᠯᠵᠢᠭᠦᠯᠦᠭᠰᠡᠨ ᠰᠤᠷᠤᠭᠴᠢᠳ ᠲᠠᠢ ᠬᠠᠮᠲᠤᠪᠠᠷ | ᠯᠢᠶᠠᠩᠴᠧᠩ ᠰᠢᠶᠠᠨ ᠤ ᠠᠵᠤ ᠠᠬᠤᠢ᠂ ᠨᠡᠶᠢᠭᠡᠮ ᠤᠨ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ | ᠡᠷᠭᠦᠨ᠎ᠡ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ᠄ ᠼᠦᠢ ᠴᠢᠩ |