ᠵᠧᠩ ᠳ᠋ᠦᠩ ᠫᠢᠩ ᠳᠤᠮᠳᠠᠳᠤ ᠪᠠᠭ᠎ᠠ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/31
    8 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠯᠭ᠎ᠠ ᠡᠬᠢᠯᠡᠬᠦ ᠪᠡᠯᠡᠳᠬᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ  ᠰᠤᠳᠤᠯᠵᠠᠢ᠃ ᠵᠧᠩ ᠳ᠋ᠦᠩ ᠫᠢᠩ ᠤᠷᠢᠳ ᠬᠤᠵᠢᠳ  ᠯᠢᠶᠠᠩᠴᠧᠩ ᠤᠨ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ᠂ ᠨᠢᠭᠡᠳᠦᠭᠡᠷ ᠪᠠᠭ᠎ᠠ ᠰᠤᠷᠭᠠᠭᠤᠯᠢ ᠳᠤ ᠬᠦᠷᠴᠦ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦ ᠨᠡᠷ᠎ᠡ ᠮᠡᠳᠡᠭᠦᠯᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠬᠠᠮᠢᠶ᠎ᠠ ᠪᠥᠬᠦᠶ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ ᠯᠠᠪᠯᠠᠨ ᠠᠰᠠᠭᠤᠪᠠ᠃       ᠵᠧᠩ ᠳ᠋ᠦᠩ ᠫᠢᠩ᠂ ᠡᠯ᠎ᠡ ᠵᠦᠢᠯ ᠤᠨ ᠰᠤᠷᠤᠯᠭ᠎ᠠ ᠡᠬᠢᠯᠡᠬᠦ ᠪᠡᠯᠡᠳᠬᠡᠯ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠪᠦᠬᠦ ᠬᠦᠴᠦᠨ ᠢᠶᠠᠷ ᠢᠶᠠᠨ ᠪᠠᠭᠰᠢ ᠰᠤᠷᠤᠭᠴᠢᠳ ᠲᠤ ᠰᠠᠶᠢᠨ ᠰᠠᠶᠢᠬᠠᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ  ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠤᠰᠠᠳᠬᠠᠬᠤ ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠡᠯ᠎ᠡ ᠲᠥᠷᠥᠯ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠤᠷᠭᠠᠭᠤᠯᠢ ᠶᠢᠨ ᠬᠦᠷᠢᠶᠡᠨ ᠤ  ᠰᠤᠷᠭᠠᠬᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠭᠰᠢ ᠶᠢᠨ ᠶᠣᠰᠣ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠭᠤᠤᠯᠳᠠᠯᠭ᠎ᠠ ᠲᠠᠢ ᠵᠠᠮ ᠤᠨ ᠬᠡᠰᠡᠭ ᠤᠨ ᠨᠡᠪᠲᠡᠷᠡᠬᠦ ᠶᠢ ᠲᠦᠷᠭᠡᠬᠡᠨ ᠰᠡᠷᠭᠦᠭᠡᠭᠦ ᠬᠡᠷᠡᠭᠳᠡᠢ ᠭᠡᠪᠡ᠃       ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠧᠩ ᠶᠠᠨ ᠹᠠᠩ᠂ ᠵᠠᠶ ᠵᠢᠶ ᠴᠢᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃                                                    ᠨᠠᠶᠢᠷᠠᠭᠤᠯᠤᠭᠴᠢ᠄  ᠯᠢ ᠬᠤᠩ ᠢᠦᠢ                                                      ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2