ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠪᠦᠬᠦ ᠨᠠᠮ ᠤᠨ ᠭᠡᠰᠢᠭᠦᠨ ᠺᠠᠳ᠋ᠷ ᠲᠤ᠄ | ᠣᠶᠢᠷ᠎ᠠ ᠳᠤ᠂ ᠮᠠᠨ ᠤ ᠰᠢᠶᠠᠨ ᠤ ᠡᠷᠬᠢᠨ ᠲᠣᠭᠤᠷᠢᠨ ᠤ ᠣᠯᠠᠨ ᠭᠠᠵᠠᠷ ᠲᠤ ᠠᠭᠤᠰᠬᠢᠨ ᠦᠷᠪᠢᠰᠦᠯ ᠢᠶᠠᠷ | ᠣᠨᠣᠰᠢᠯᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠪᠠᠶᠢᠳᠠᠯ ᠬᠦᠨᠳᠦ ᠨᠣᠴᠢᠲᠠᠶ ᠪᠠᠶᠢᠵᠤ᠂ ᠠᠵᠢᠯ ᠪᠠᠴᠢᠮ ᠲᠤᠯᠭᠠᠮ ᠪᠠᠶᠢᠨ᠎ᠠ᠃ ᠬᠤᠲᠠ ᠶᠢᠨ ᠨᠠᠮ ᠤᠨ ᠬᠤᠷᠢᠶ᠎ᠠ | ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ | ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠰᠢᠶᠠᠨ ᠤ ᠥᠷᠭᠡᠨ ᠤᠯᠠᠨ ᠠᠷᠠᠳ ᠲᠦᠮᠡᠨ ᠤ | ᠪᠡᠶ᠎ᠡ ᠮᠠᠬᠠᠪᠣᠳ ᠤᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠦᠯᠦᠭᠡ᠂ | ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠤᠳᠤ ᠪᠦᠬᠦ ᠰᠢᠶᠠᠨ ᠤ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠠ ᠪᠦᠬᠦ ᠨᠠᠮ ᠤᠨ ᠭᠡᠰᠢᠭᠦᠨ ᠺᠠᠳ᠋ᠷᠴᠤᠳ ᠲᠤ ᠳᠣᠣᠷᠠᠬᠢ ᠮᠡᠲᠦ ᠰᠠᠨᠠᠭᠠᠴᠢᠯᠠᠭ᠎ᠠ | ᠭᠠᠷᠭᠠᠶ᠎ᠠ᠃ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠬᠢᠯᠡᠯᠲᠡ ᠪᠠᠨ ᠪᠠᠲᠤᠳᠬᠠᠵᠤ᠂ ᠴᠢᠩᠭ᠎ᠠ ᠰᠡᠷᠭᠡᠶᠢᠯᠡᠨ | ᠴᠢᠩᠭ᠎ᠠ ᠰᠠᠬᠢᠬᠤ ᠬᠡᠷᠡᠭᠲᠡᠶ᠃ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠤᠯᠠᠨ ᠲᠦᠮᠡᠨ ᠲᠠᠢ | ᠨᠢᠭᠲᠠ ᠬᠠᠷᠢᠯᠴᠠᠵᠤ᠂ ᠤᠯᠠᠨ ᠲᠦᠮᠡᠨ ᠢ ᠤᠬᠠᠭᠤᠯᠤᠨ ᠲᠠᠶᠢᠴᠢᠯᠠᠵᠦ᠂ ᠤᠯᠠᠨ ᠢᠶᠠᠷ ᠢᠶᠠᠨ ᠠᠷᠭ᠎ᠠ ᠤᠬᠠᠭᠠᠨ | ᠬᠦᠴᠦᠨ ᠴᠢᠳᠠᠯ ᠢᠶᠠᠨ ᠰᠢᠪᠬᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ | ᠰᠢᠶᠠᠩ ᠪᠠᠯᠭᠠᠰᠤ ᠪᠣᠯᠤᠨ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠨᠢ ᠬᠠᠷᠢᠶ᠎ᠠ | ᠭᠠᠵᠠᠷ ᠤᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠶᠠᠨ ᠤ ᠱᠠᠲᠤᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠢᠭᠡᠳᠦᠯᠲᠡᠶ ᠤᠳᠤᠷᠢᠳᠤᠯᠭ᠎ᠠ᠂ | ᠨᠢᠭᠡᠳᠦᠯᠲᠡᠶ ᠵᠢᠯᠣᠭᠤᠳᠣᠯᠭ᠎ᠠ᠂ ᠨᠢᠭᠡᠳᠦᠯᠲᠡᠶ ᠲᠣᠬᠢᠷᠠᠭᠤᠯᠤᠯᠲᠠ ᠶᠢ ᠡᠷᠡᠰ ᠳᠠᠭᠠᠵᠤ᠂ ᠬᠠᠮᠢᠶ᠎ᠠ ᠪᠥᠬᠦᠶ ᠨᠢᠭᠡᠴᠡ ᠲᠠᠢ | ᠬᠠᠮᠲᠤᠷᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠰᠦᠯᠵᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂ | ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ᠂ ᠰᠦᠯᠵᠢᠶᠡᠨ ᠤ ᠠᠵᠢᠯᠳᠠᠨ᠂ ᠰᠠᠶᠢᠨ ᠳᠤᠷ᠎ᠠ ᠶᠢᠨ ᠠᠵᠢᠯᠯᠠᠭᠴᠢ | ᠵᠡᠷᠭᠡ ᠬᠦᠴᠦᠨ ᠢ ᠭᠦᠢᠴᠡᠳ ᠲᠠᠶᠢᠴᠢᠯᠠᠵᠦ᠂ ᠭᠤᠣᠯᠳᠠᠯᠭ᠎ᠠ ᠲᠠᠢ ᠬᠥᠮᠦᠰ ᠲᠤ ᠠᠩᠬᠠᠷᠤᠯ ᠲᠠᠯᠪᠢᠬᠤ ᠬᠥᠮᠦᠨ ᠲᠠᠢ᠂ | ᠵᠠᠩᠭᠢᠯᠠᠭ᠎ᠠ ᠶᠢᠨ ᠭᠤᠭᠴᠤᠭ᠎ᠠ ᠳᠤ ᠬᠠᠮᠢᠶᠠᠷᠬᠤ ᠬᠥᠮᠦᠨ ᠲᠠᠢ᠂ ᠦᠢᠯᠡᠴᠢᠯᠡᠭᠡᠨ ᠤ ᠪᠠᠲᠤᠯᠠᠭ᠎ᠠ ᠳᠤ ᠬᠢᠬᠦ ᠬᠥᠮᠦᠨ ᠲᠠᠢ | ᠪᠠᠶᠢᠬᠤ ᠶᠢ ᠪᠡᠶᠡᠯᠡᠭᠦᠯᠬᠦ ᠬᠡᠷᠡᠭᠲᠡᠢ︔ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ | ᠪᠠᠶᠢᠭᠤᠯᠤᠯᠲᠠ ᠲᠤᠰ ᠪᠡᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ | ᠬᠠᠮᠲᠤ᠂ ᠨᠡᠶᠢᠭᠡᠮ ᠤᠨ ᠠᠩᠬᠠᠷᠤᠯ ᠳᠤ ᠢᠳᠡᠪᠬᠢᠲᠡᠢ ᠬᠠᠷᠢᠭᠤᠯᠲᠠ ᠥᠭᠴᠦ᠂ ᠴᠤᠤᠷᠬᠠᠯ ᠢ ᠲᠠᠷᠬᠠᠭᠠᠬᠤ ᠦᠭᠡᠢ᠂ | ᠴᠤᠤᠷᠬᠠᠯ ᠢ ᠢᠲᠡᠭᠡᠬᠦ ᠦᠭᠡᠢ ᠪᠠᠶᠢᠬᠤ ᠬᠡᠷᠡᠭᠲᠡᠢ᠃ ᠡᠭᠦᠨ ᠤ ᠵᠡᠷᠭᠡ ᠳᠤ ᠬᠡᠷᠡᠭᠴᠡᠭᠡ ᠪᠠᠨ ᠦᠨᠳᠦᠰᠦᠯᠡᠨ ᠨᠡᠶᠢᠭᠡᠮ | ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠥᠬᠦ ᠬᠦᠴᠦᠨ ᠢᠶᠠᠷ ᠢᠶᠠᠨ ᠬᠠᠮᠵᠢᠨ᠂ | ᠵᠠᠮ ᠬᠠᠷᠢᠯᠴᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ︵ᠨᠢᠭᠡᠴᠡ︶ ᠤᠨ | ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠭᠤᠤᠯᠳᠠᠯᠭ᠎ᠠ ᠲᠠᠢ ᠠᠵᠢᠯᠲᠠᠨ᠂ ᠭᠤᠤᠯᠳᠠᠯᠭ᠎ᠠ ᠲᠠᠢ ᠲᠠᠯᠠᠪᠤᠷ ᠭᠠᠵᠠᠷ᠂ | ᠭᠤᠤᠯᠳᠠᠯᠭ᠎ᠠ ᠲᠠᠢ ᠭᠤᠭᠴᠤᠭ᠎ᠠ ᠶᠢ ᠬᠠᠮᠢᠶᠠᠷᠤᠨ ᠡᠵᠡᠮᠳᠡᠬᠦ ᠶᠢ ᠳᠣᠪᠤᠶᠢᠯᠭᠠᠵᠤ᠂ ᠪᠥᠭᠡᠮ ᠬᠦᠴᠢᠯ ᠤᠨ ᠪᠠᠶᠢᠴᠠᠭᠠᠨ | ᠬᠡᠮᠵᠢᠯᠲᠡ᠂ ᠵᠠᠮ ᠬᠠᠷᠢᠯᠴᠠᠭᠠᠨ ᠤ ᠬᠢᠵᠢᠭ ᠪᠠᠶᠢᠴᠠᠭᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠳ᠋ | ᠪᠣᠳᠠᠰ ᠤᠨ ᠪᠠᠲᠤᠯᠠᠭ᠎ᠠ᠂ ᠣᠷᠣᠨ ᠪᠦᠰᠡ ᠶᠢᠨ ᠬᠢᠨᠠᠨ ᠪᠠᠶᠢᠴᠠᠭᠠᠯᠲᠠ ᠵᠡᠷᠭᠡ ᠠᠵᠢᠯ ᠤᠨ ᠡᠷᠴᠢᠮ ᠢᠶᠠᠨ | ᠴᠢᠩᠭᠠᠷᠠᠭᠤᠯᠬᠤ ᠬᠡᠷᠡᠭᠲᠡᠶ︔ ᠪᠤᠰᠤᠳ ᠬᠦᠷᠢᠶᠡᠨ ᠳᠠᠬᠢ ᠨᠠᠮ ᠤᠨ ᠵᠣᠬᠢᠶᠠᠨ ᠪᠠᠶᠢᠭᠤᠯᠤᠯᠲᠠ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠨᠠᠶᠢᠳᠠᠪᠤᠷᠢᠵᠢᠭᠤᠯᠵᠤ᠂ ︽ᠰᠡᠷᠭᠡᠶᠢᠯᠡᠨ | ᠡᠵᠡᠮᠳᠡᠬᠦ ᠤᠬᠠᠮᠰᠠᠷ ᠢᠶᠠᠨ ᠰᠤᠯᠠᠷᠠᠭᠤᠯᠬᠤ ᠦᠭᠡᠢ᠂ ᠬᠠᠮᠢᠶᠠᠷᠤᠨ ᠡᠵᠡᠮᠳᠡᠬᠦ ᠡᠷᠴᠢᠮ ᠢᠶᠠᠨ ᠰᠤᠯᠠᠷᠠᠭᠤᠯᠬᠤ ᠦᠭᠡᠢ᠂ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠨᠡᠩ ᠪᠦᠷᠢᠨ ᠲᠡᠭᠦᠯᠳᠡᠷ ᠪᠣᠯᠭᠠᠬᠤ︾ ᠶᠢ ᠦᠨᠡᠨ ᠬᠦ ᠪᠡᠶᠡᠯᠡᠭᠦᠯᠬᠦ | ᠬᠡᠷᠡᠭᠲᠡᠶ᠃ | ᠡᠯ᠎ᠡ ᠱᠠᠲᠤᠨ ᠤ ᠤᠳᠤᠷᠢᠳᠬᠤ ᠺᠠᠳ᠋ᠷ ᠡᠭᠦᠷᠭᠡᠯᠡᠨ ᠠᠵᠢᠯ ᠶᠠᠪᠤᠳᠠᠯ ᠬᠢᠵᠦ᠂ ᠡᠮᠦᠨ᠎ᠡ ᠨᠢ ᠭᠠᠪᠰᠢᠭᠠᠶᠢᠯᠠᠨ | ᠣᠷᠣᠬᠤ ᠬᠡᠷᠡᠭᠲᠡᠢ᠃ ᠠᠶᠤᠯ ᠲᠦᠭᠰᠢᠭᠦᠷᠢ ᠲᠠᠢ ᠵᠠᠩᠭᠢᠯᠠᠭ᠎ᠠ ᠶᠢᠨ ᠦᠶ᠎ᠡ᠂ ᠬᠠᠲᠠᠭᠤ ᠴᠢᠩᠭ᠎ᠠ ᠰᠢᠯᠭᠠᠯᠲᠠ ᠶᠢᠨ | ᠡᠮᠦᠨ᠎ᠡ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠪᠡᠶ᠎ᠡ ᠪᠠᠷ ᠢᠶᠠᠨ ᠦᠯᠢᠭᠡᠷ | ᠳᠠᠭᠤᠷᠢᠶᠠᠯ ᠦᠵᠡᠭᠦᠯᠵᠦ᠂ ︽ᠲᠠᠪᠤᠨ ᠳᠠᠭᠠᠭᠤᠯᠬᠤ︾ ᠶᠢ ᠦᠨᠡᠨᠬᠦ ᠪᠡᠶᠡᠯᠡᠭᠦᠯᠵᠦ᠂ ᠰᠡᠷᠭᠡᠶᠢᠯᠡᠨ ᠡᠵᠡᠮᠳᠡᠬᠦ | ᠲᠡᠮᠡᠴᠡᠯ ᠤᠨ ᠡᠮᠦᠨ᠎ᠡ ᠹᠷᠣᠨᠲ ᠲᠤ ᠲᠦᠷᠦᠭᠦᠯᠡᠨ ᠵᠣᠭᠰᠣᠬᠤ ᠬᠡᠷᠡᠭᠲᠡᠢ︔ ᠠᠮᠢ ᠬᠤᠪᠢ ᠪᠠᠨ ᠦᠯᠦ ᠬᠠᠶᠢᠬᠤᠷᠬᠤ | ᠵᠣᠷᠢᠭ ᠰᠠᠨᠠᠭ᠎ᠠ ᠶᠢ ᠲᠦᠷᠦᠭᠦᠯᠡᠨ ᠪᠠᠳᠠᠷᠠᠭᠤᠯᠬᠤ ᠬᠡᠷᠡᠭᠲᠡᠢ︔ ᠤᠯᠠᠨ ᠲᠦᠮᠡᠨ ᠤ ᠦᠵᠡᠯ ᠰᠠᠨᠠᠭᠠᠨ ᠤ ᠠᠵᠢᠯ ᠢ | ᠲᠦᠷᠦᠭᠦᠯᠡᠨ ᠰᠠᠶᠢᠲᠤᠷ ᠬᠢᠪᠡ︔ ᠪᠡᠶ᠎ᠡ ᠪᠠᠷ ᠢᠶᠠᠨ ᠲᠦᠷᠦᠭᠦᠯᠡᠨ ᠶᠡᠭᠡ ᠲᠠᠯ᠎ᠠ ᠶᠢ ᠬᠠᠷᠠᠭᠠᠯᠵᠠᠵᠤ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠪᠠ ᠲᠤᠬᠢᠷᠠᠭᠤᠯᠤᠯᠳᠠ ᠶᠢ ᠤᠬᠠᠮᠰᠠᠷ ᠠᠴᠠ ᠪᠠᠨ ᠲᠠᠭᠠᠬᠤ︔ | ᠲᠦᠷᠦᠭᠦᠯᠡᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠡᠪᠬᠡᠮᠡᠯ︾ ᠢ ᠰᠠᠶᠢᠲᠤᠷ ᠬᠠᠷᠢᠭᠤᠯᠬᠤ ᠬᠡᠷᠡᠭᠲᠡᠶ᠃ ︽ᠴᠠᠭ ᠲᠤᠬᠠᠶ ᠳᠤᠨᠢ ᠲᠦᠷᠪᠡ︾ ᠶᠢ ᠴᠢᠩᠭ᠎ᠠ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠡᠵᠡᠮᠳᠡᠨ᠂ ᠴᠠᠭ ᠲᠤᠬᠠᠶ ᠳᠤᠨᠢ ᠠᠵᠢᠯᠯᠠᠭ᠎ᠠ | ᠠᠪᠴᠤ᠂ ᠲᠣᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠰᠢᠢᠳᠪᠤᠷᠢᠯᠡᠨ᠂ ᠨᠡᠶᠢᠭᠡᠮ ᠤᠨ ᠠᠩᠬᠠᠷᠤᠯ ᠳᠤ ᠴᠠᠭ | ᠲᠤᠬᠠᠶ ᠳᠤᠨᠢ ᠬᠠᠷᠢᠭᠤ ᠥᠭᠴᠦ᠂ ᠥᠷᠭᠡᠨ ᠣᠯᠠᠨ ᠲᠦᠮᠡᠨ ᠤ ︽ᠲᠦᠰᠢᠭ︾ ᠪᠣᠯᠵᠣ᠂ ᠠᠵᠢᠯ ᠤᠨ | ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ | ᠭᠦᠢᠴᠡᠳᠭᠡᠬᠦ ᠬᠡᠷᠡᠭᠲᠡᠶ᠃ | ᠪᠦᠬᠦ ᠨᠠᠮ ᠤᠨ ᠭᠡᠰᠢᠭᠦᠨ ᠺᠠᠳ᠋ᠷᠴᠤᠳ ᠢᠳᠡᠪᠬᠢᠲᠡᠶ ᠪᠠᠷ ᠬᠥᠳᠡᠯᠦᠯᠴᠡᠵᠦ᠂ ᠰᠠᠶᠢᠲᠤᠷ ᠦᠯᠢᠭᠡᠷ ᠳᠠᠭᠤᠷᠢᠶᠠᠯ | ᠪᠣᠯᠬᠤ ᠬᠡᠷᠡᠭᠲᠡᠶ᠃ ᠪᠦᠬᠦ ᠨᠠᠮ ᠤᠨ ᠭᠡᠰᠢᠭᠦᠨ ᠺᠠᠳ᠋ᠷ ᠲᠦᠷᠦᠭᠦᠯᠡᠨ ᠳᠡᠭᠡᠳᠦ ᠱᠠᠲᠤᠨ ᠤ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ᠨᠠᠵᠠᠭᠠᠢ᠂ ᠴᠠᠯᠠᠭᠠᠶᠢᠷᠠᠬᠤ ᠪᠠ | ᠠᠶᠤᠵᠤ ᠰᠠᠨᠳᠤᠷᠬᠤ ᠰᠡᠳᠬᠢᠯᠭᠡ ᠶᠢ ᠲᠡᠪᠴᠢᠵᠦ᠂ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠠᠶᠢᠵᠤ᠂ | ᠠᠮᠠᠪᠴᠢ ᠶᠢ ᠵᠥᠪ ᠵᠡᠭᠦᠵᠦ᠂ ᠠᠮᠤᠷ ᠲᠦᠪᠰᠢᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ᠃ | ᠰᠠᠨᠠᠭᠠᠴᠢᠯᠠᠭ᠎ᠠ ᠠᠴᠠ ᠪᠠᠨ ᠪᠡᠶ᠎ᠡ ᠶᠢᠨ ᠭᠠᠷᠤᠯ ᠢᠶᠠᠨ ᠢᠯᠡᠷᠡᠭᠦᠯᠵᠦ᠂ ᠬᠤᠰᠢᠭᠤᠴᠢ ᠪᠤᠯᠵᠤ᠂ ᠦᠯᠢᠭᠡᠷ ᠳᠠᠭᠤᠷᠢᠶᠠᠯ | ᠪᠤᠯᠵᠤ᠂ ᠲᠣᠰᠬᠤᠨ ︵ᠨᠡᠶᠢᠭᠡᠮ ᠲᠣᠭᠤᠷᠢᠭ︶ ᠤ ᠠᠵᠢᠯ ᠢᠶᠠᠨ ᠥᠷᠨᠢᠭᠦᠯᠬᠦ ᠳᠤ ᠬᠠᠮᠵᠢᠯᠴᠠᠵᠤ᠂ | ᠤᠬᠠᠮᠰᠠᠷ ᠠᠴᠠ ᠪᠠᠨ ᠳᠤᠬᠢᠷᠠᠭᠤᠯᠤᠯᠲᠠ ᠶᠢ ᠳᠠᠭᠠᠵᠤ᠂ ᠲᠦᠷᠦ ᠶᠢᠨ ᠪᠤᠳᠤᠯᠭ᠎ᠠ ᠶᠢ ᠤᠬᠠᠭᠤᠯᠬᠤ᠂ ᠲᠤᠰᠠᠭᠠᠷᠯᠠᠵᠤ | ᠬᠠᠮᠢᠶᠠᠷᠤᠨ ᠡᠵᠡᠮᠳᠡᠬᠦ᠂ ᠡᠮᠬᠢ ᠳᠢᠭᠯᠢᠮ ᠢ ᠬᠠᠮᠠᠭᠠᠯᠠᠬᠤ᠂ ᠵᠢᠭᠰᠠᠭᠠᠨ ᠪᠠᠶᠢᠴᠠᠭᠠᠵᠤ ᠳᠠᠩᠰᠠᠯᠠᠬᠤ᠂ ᠤᠯᠠᠨ | ᠲᠦᠮᠡᠨ ᠳᠤ ᠦᠢᠯᠡᠴᠢᠯᠡᠬᠦ ᠵᠡᠷᠭᠡ ᠡᠯ᠎ᠡ ᠭᠤᠭᠴᠤᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠢᠮᠠᠭᠲᠠ | ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠡᠮᠦᠨ᠎ᠡ ᠨᠢ ᠭᠠᠪᠰᠢᠭᠠᠶᠢᠯᠠᠵᠤ᠂ ᠡᠮᠦᠨ᠎ᠡ ᠨᠢ | ᠪᠠᠶᠢᠯᠳᠤᠬᠤ ᠬᠡᠷᠡᠭᠲᠡᠢ᠃ ᠪᠦᠬᠦ ᠨᠠᠮ ᠤᠨ ᠭᠡᠰᠢᠭᠦᠨ ᠺᠠᠳ᠋ᠷᠴᠤᠳ ᠲᠦᠷᠦᠭᠦᠯᠡᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ | ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠶᠠᠷᠢᠶ᠎ᠠ ᠬᠡᠯᠡᠯᠴᠡᠭᠡᠨ ᠤ | ᠣᠷᠴᠢᠨ ᠨᠥᠬᠦᠴᠡᠯ ᠢ ᠲᠦᠷᠦᠭᠦᠯᠡᠨ ᠬᠠᠮᠠᠭᠠᠯᠠᠵᠤ᠂ ᠳᠡᠷᠭᠡᠳᠡᠬᠢ ᠬᠥᠮᠦᠰ ᠢᠶᠠᠨ ᠬᠥᠲᠥᠯᠥᠨ ᠵᠢᠯᠣᠭᠤᠳᠴᠤ ᠪᠠᠶᠢᠭᠠᠳ | ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠣᠯᠭᠠᠬᠤ | ᠬᠡᠷᠡᠭᠲᠡᠶ︔ ᠬᠢᠵᠢᠭ ᠢ ᠰᠡᠷᠭᠡᠶᠢᠯᠡᠬᠦ ᠲᠣᠭᠲᠠᠭᠠᠯ ᠢ ᠲᠦᠷᠦᠭᠦᠯᠡᠨ ᠰᠠᠬᠢᠵᠤ᠂ ᠳᠡᠷᠭᠡᠳᠡᠬᠢ ᠬᠥᠮᠦᠨ ᠪᠠ ᠳᠡᠷᠭᠡᠳᠡᠬᠢ | ᠶᠠᠪᠤᠳᠠᠯ ᠢᠶᠠᠨ ᠲᠦᠷᠦᠭᠦᠯᠡᠨ ᠰᠠᠶᠢᠲᠤᠷ ᠬᠠᠮᠢᠶᠠᠷᠴᠤ᠂ ᠥᠷᠭᠡᠨ ᠤᠯᠠᠨ ᠲᠦᠮᠡᠨ ᠢ ᠬᠦᠳᠦᠯᠦᠨ ᠵᠢᠯᠣᠭᠤᠳᠴᠤ | ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠵᠥᠪ ᠣᠶᠢᠯᠠᠭᠠᠵᠤ᠂ ᠢᠳᠡᠪᠬᠢᠲᠡᠢ | ᠬᠠᠮᠵᠢᠯᠴᠠᠵᠤ᠂ ᠰᠢᠨᠵᠢᠯᠡᠬᠦ ᠤᠬᠠᠭᠠᠨᠴᠢ ᠪᠠᠷ ᠣᠷᠣᠯᠴᠠᠭᠤᠯᠵᠤ᠂ ᠨᠡᠶᠢᠭᠡᠮ ᠨᠡᠶᠢᠲᠡ ᠶᠢᠨ ᠡᠮᠬᠢ ᠳᠢᠭᠯᠢᠮ ᠢ ᠬᠠᠮᠲᠤᠪᠠᠷ | ᠬᠠᠮᠠᠭᠠᠯᠠᠵᠤ᠂ ᠨᠠᠮ ᠤᠨ ᠰᠦᠯᠳᠡ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠤᠨ ᠡᠮᠦᠨ᠎ᠡ | ᠹᠷᠣᠨᠲ ᠲᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠨᠠᠮ ᠤᠨ ᠲᠤᠭ ᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠡᠮᠡᠴᠡᠯ ᠤᠨ ᠡᠮᠦᠨ᠎ᠡ ᠹᠷᠣᠨᠲ ᠲᠤ ᠥᠨᠳᠥᠷ ᠨᠠᠮᠢᠷᠠᠭᠤᠯᠤᠨ᠎ᠠ᠃ | ︽ᠲᠠᠩᠭᠢᠰ ᠳᠠᠯᠠᠢ ᠬᠠᠯᠭᠢᠯᠠᠨ ᠴᠠᠯᠭᠢᠯᠠᠭᠰᠠᠨ ᠴᠤ ᠪᠠᠭᠠᠲᠤᠷ ᠡᠷ᠎ᠡ ᠶᠢᠨ ᠤᠤᠷ ᠴᠢᠨᠠᠷ ᠢᠶᠠᠨ ᠢᠯᠡᠷᠡᠭᠦᠯᠵᠦ | ᠴᠢᠳᠠᠨ᠎ᠠ︾᠃ ᠬᠢᠵᠢᠭ ᠤᠨ ᠪᠠᠶᠢᠳᠠᠯ ᠤᠨ ᠡᠨᠡ ᠬᠦ ︽ᠶᠡᠭᠡ ᠰᠢᠯᠭᠠᠯᠲᠠ︾ ᠶᠢᠨ ᠡᠮᠦᠨ᠎ᠡ᠂ ᠪᠢᠳᠡ ᠰᠢᠶᠠᠨ ᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠬᠠᠲᠠᠭᠤ | ᠪᠡᠷᠬᠡᠰᠢᠶᠡᠯ ᠢ ᠬᠠᠮᠲᠤ ᠪᠠᠷ ᠳᠤᠭᠤᠯᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠨᠠᠷᠢᠯᠢᠭ | ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠮᠢᠭᠠᠰᠢ ᠪᠠᠨ ᠬᠢᠭᠰᠡᠨ ᠴᠦ ᠬᠦᠨᠳᠦ ᠪᠡᠷᠬᠡ ᠡᠭᠦᠷᠭᠡ ᠲᠠᠢ᠂ | ᠬᠠᠮᠢᠭ᠎ᠠ ᠪᠣᠯ ᠳᠠᠷᠤᠢ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠪᠠᠶᠢᠵᠤ᠂ ᠬᠠᠮᠢᠭ᠎ᠠ ᠬᠦᠴᠢᠷ ᠪᠡᠷᠬᠡᠰᠢᠶᠡᠯ | ᠪᠠᠶᠢᠪᠠᠯ᠂ ᠲᠡᠨᠳᠡ ᠳᠠᠷᠤᠢ ᠨᠠᠮ ᠤᠨ ᠭᠡᠰᠢᠭᠦᠨ ᠨᠢᠭᠡᠳᠦᠭᠡᠷ ᠹᠷᠣᠨᠲ ᠲᠤ ᠵᠣᠭᠰᠣᠵᠤ᠂ ᠪᠣᠳᠠᠲᠤ | ᠠᠵᠢᠯᠯᠠᠭ᠎ᠠ ᠪᠠᠷ ᠢᠶᠠᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠬᠠᠷᠢᠭᠤᠴᠠᠯᠭ᠎ᠠ | ᠡᠭᠦᠷᠭᠡᠯᠡᠯ ᠢᠶᠠᠷ ᠢᠶᠠᠨ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠡᠶ᠎ᠡ ᠮᠠᠬᠠᠪᠣᠳ ᠤᠨ | ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠵᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ︽ᠬᠤᠪᠢᠰᠬᠠᠯᠲᠤ ᠪᠠᠬᠢᠯᠡᠯᠲᠡ︾ ᠪᠠ ︽ᠠᠮᠤᠷ ᠲᠦᠪᠰᠢᠨ ᠤ ᠬᠠᠯᠬᠠᠪᠴᠢ︾ ᠶᠢ ᠪᠦᠬᠦ | ᠬᠦᠴᠦᠨ ᠢᠶᠠᠷ ᠢᠶᠠᠨ ᠴᠣᠭᠴᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ︕ | | ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ | ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ | 2022 ᠣᠨ ᠤ 8 ᠰᠠᠷ᠎ᠠ ᠶᠢᠨ 6 ᠤ ᠡᠳᠦᠷ |