ᠪᠦᠬᠦ ᠰᠢᠶᠠᠨ ᠤ ᠡᠯ᠎ᠡ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠳᠤ ᠥᠭᠭᠦᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/8/8
 ᠪᠦᠬᠦ ᠰᠢᠶᠠᠨ ᠤ ᠡᠯ᠎ᠡ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠳᠤ᠄    ᠣᠶᠢᠷ᠎ᠠ ᠳᠤ᠂ ᠮᠠᠨ ᠤ ᠰᠢᠶᠠᠨ ᠤ ᠡᠷᠬᠢᠨ ᠲᠣᠭᠤᠷᠢᠨ ᠤ ᠣᠯᠠᠨ ᠭᠠᠵᠠᠷ ᠲᠤ ᠠᠭᠤᠰᠬᠢᠨ ᠦᠷᠪᠢᠰᠦᠯ ᠢᠶᠠᠷ ᠣᠨᠣᠰᠢᠯᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ ᠢᠯᠡᠷᠡᠵᠦ᠂ ᠬᠢᠵᠢᠭ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠤ᠂ ᠡᠭᠦᠷᠭᠡ ᠬᠠᠲᠠᠭᠤ ᠪᠡᠷᠬᠡ ᠪᠠᠶᠢᠨ᠎ᠠ᠂ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠵᠤᠶᠢᠯ ᠤᠨ ᠠᠵᠢᠯ ᠢ ᠦᠨᠡᠨ ᠬᠦ ᠨᠠᠷᠢᠯᠢᠭ ᠣᠨᠣᠴᠠᠲᠠᠶ ᠪᠠᠷ ᠰᠠᠶᠢᠲᠤᠷ ᠬᠢᠬᠦ ᠶᠢᠨ ᠲᠥᠯᠥᠭᠡ ᠪᠢᠳᠡ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄    ᠨᠢᠭᠡ᠂ ᠦᠵᠡᠯ ᠰᠠᠨᠠᠭ᠎ᠠ ᠲᠠᠨᠢᠯᠲᠠ ᠪᠠᠨ ᠡᠷᠬᠡᠪᠰᠢ ᠳᠡᠭᠡᠭᠰᠢᠯᠡᠭᠦᠯᠬᠦ ᠬᠡᠷᠡᠭᠲᠡᠶ᠃ ᠪᠦᠬᠦ ᠰᠢᠶᠠᠨ ᠤ ᠥᠷᠭᠡᠨ ᠤᠯᠠᠨ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠶᠠᠨ ᠤ ᠨᠠᠮ ᠤᠨ  ᠬᠤᠷᠢᠶ᠎ᠠ ᠰᠢᠶᠠᠨ ᠤ ᠵᠠᠰᠠᠭ ᠤᠨ ᠣᠷᠳᠣᠨ ᠤ ᠤᠷᠢᠶᠠᠯᠠᠭ᠎ᠠ ᠶᠢ ᠡᠷᠡᠰ ᠴᠤᠤᠷᠢᠶᠠᠲᠤᠨ ᠲᠠᠭᠠᠵᠤ᠂ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠪᠠᠲᠤᠯᠠᠬᠤ ᠦᠨᠳᠦᠷᠴᠡ ᠳᠤ ᠵᠣᠭᠰᠣᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠣᠳᠣᠬᠠᠨ ᠤ ᠬᠠᠮᠤᠭ ᠤᠨ ᠴᠢᠬᠤᠯᠠ᠂ ᠬᠠᠮᠤᠭ ᠤᠨ ᠲᠤᠯᠭᠠᠮ᠎ᠠ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ᠃    ᠬᠤᠶᠠᠷ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠡᠯ᠎ᠡ  ᠵᠤᠶᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠬᠢᠵᠢᠭ ᠢ ᠰᠡᠷᠭᠡᠶᠢᠯᠡᠬᠦ ᠤᠬᠠᠭᠤᠯᠭ᠎ᠠ ᠶᠢ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠰᠢᠨᠵᠢᠯᠡᠬᠦ ᠤᠬᠠᠭᠠᠨᠴᠢ ᠪᠠᠷ ᠣᠷᠣᠯᠴᠠᠵᠤ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠯᠪᠢᠬᠤ ᠥᠬᠡᠶ᠂ ᠴᠤᠤᠷᠬᠠᠯ ᠲᠠᠷᠬᠠᠭᠠᠬᠤ ᠥᠬᠡᠶ ᠪᠠᠶᠢᠵᠤ᠂ ᠠᠵᠤ ᠠᠬᠤᠶ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠲᠤᠪᠠᠷ ᠬᠠᠮᠠᠭᠠᠯᠠᠨ᠎ᠠ᠃    ᠭᠤᠷᠪᠠ᠂ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠶ  ᠭᠦᠢᠴᠡᠳᠭᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠪᠦᠬᠦ ᠰᠢᠶᠠᠨ ᠤ ᠥᠷᠭᠡᠨ ᠣᠯᠠᠨ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠪᠠᠳᠠᠷᠠᠭᠤᠯᠵᠤ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠬᠢᠷᠢ ᠪᠠᠷ ᠢᠶᠠᠨ ᠬᠢᠵᠦ᠂ ᠨᠡᠶᠢᠲᠡ ᠶᠢᠨ ᠠᠰᠠᠷᠠᠮᠵᠢ ᠶᠢᠨ ᠬᠠᠨᠳᠢᠪ ᠴᠤᠭᠯᠠᠭᠤᠯᠬᠤ ᠳᠤ ᠢᠳᠡᠪᠬᠢᠲᠡᠢ ᠣᠷᠣᠯᠴᠠᠵᠤ᠂ ᠬᠠᠶᠢᠷ᠎ᠠ ᠬᠠᠯᠠᠮᠵᠢ ᠪᠠᠨ ᠢᠳᠡᠪᠬᠢᠲᠡᠢ ᠡᠷᠭᠦᠵᠦ᠂ ᠬᠢᠵᠢᠭ ᠢ ᠰᠡᠷᠭᠡᠶᠢᠯᠡᠬᠦ᠂ ᠠᠮᠢᠳᠤᠷᠠᠯ ᠵᠡᠷᠭᠡ ᠡᠳ᠋ ᠪᠣᠳᠠᠰ ᠤᠨ ᠦᠢᠯᠡᠳᠪᠦᠷᠢᠯᠡᠯ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠦᠢᠯᠡᠳᠪᠦᠷᠢᠯᠡᠯ ᠠᠮᠢᠳᠤᠷᠠᠯ ᠳᠤ ᠬᠡᠷᠡᠭᠰᠡᠬᠦ ᠡᠳ᠋ ᠪᠣᠳᠠᠰ ᠤᠨ ᠭᠦᠢᠴᠡᠳ ᠪᠠᠶᠢᠬᠤ ᠶᠢ ᠪᠠᠲᠤᠯᠠᠵᠤ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠴᠢᠳᠠᠯ ᠢᠶᠠᠨ ᠡᠷᠭᠦᠪᠡ᠃                                  ᠯᠢᠶᠠᠩᠴᠧᠩ ᠰᠢᠶᠠᠨ ᠤ ᠠᠵᠦ ᠦᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ ᠡᠪᠯᠡᠯ                 ︵ᠬᠤᠳᠠᠯᠳᠤᠭᠠᠴᠢᠳ ᠤᠨ ᠶᠡᠷᠦᠩᠬᠡᠶ ᠡᠪᠯᠡᠯ︶               2022 ᠤᠨ ᠤ 8 ᠰᠠᠷ᠎ᠠ ᠶᠢᠨ7 ᠤ ᠡᠳᠦᠷ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2