ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 8 ᠰᠠᠷ᠎ᠠ ᠶᠢᠨ 30 ᠤ ᠡᠳᠦᠷ ᠬᠤᠷᠠᠯ | ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠭᠡᠯ ᠠᠵᠢᠯ ᠢ ᠰᠤᠳᠤᠯᠪᠠ᠃ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠠᠢ᠃ | ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠢ 2022 ᠣᠨ ᠤ 10 ᠰᠠᠷ᠎ᠠ ᠶᠢᠨ 9 ᠤ ᠡᠳᠦᠷ ᠪᠡᠭᠡᠵᠢᠩ ᠳᠤ | ᠬᠤᠷᠠᠯᠳᠤᠭᠤᠯᠤᠨ᠎ᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠠ ᠬᠤᠷᠠᠯ ᠳᠤ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ | 2022 ᠣᠨ ᠤ 10 ᠰᠠᠷ᠎ᠠ ᠶᠢᠨ 16 ᠤ ᠡᠳᠦᠷ ᠪᠡᠭᠡᠵᠢᠩ ᠳᠤ ᠬᠤᠷᠠᠯᠳᠤᠭᠤᠯᠬᠤ ᠰᠠᠨᠠᠭᠤᠯᠭ᠎ᠠ ᠳᠤᠷᠠᠳᠬᠤ ᠪᠠᠷ | ᠲᠤᠭᠳᠠᠵᠠᠢ᠃ | ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ | ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ | ᠠᠶᠠᠨ ᠳᠠᠭᠠᠨ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ | ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠬᠤ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠶᠡᠭᠡ ᠬᠤᠷᠠᠯ ᠪᠣᠯᠤᠨ᠎ᠠ᠃ | ᠶᠡᠭᠡ ᠬᠤᠷᠠᠯ ᠠᠴᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ | ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠦᠵᠡᠯᠲᠡ ᠶᠢ ᠪᠠᠷᠢᠮᠳᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠩᠭᠡᠷᠡᠭᠰᠡᠨ 5 ᠵᠢᠯ ᠤᠨ | ᠠᠵᠢᠯ ᠢᠶᠠᠨ ᠨᠠᠷᠢᠨ ᠬᠢᠨᠠᠮᠠᠭᠠᠶ ᠳ᠋ᠦᠩᠨᠡᠵᠤ᠂ ᠰᠢᠨ᠎ᠡ ᠴᠠᠭ ᠦᠶ᠎ᠡ ᠳᠤ ᠤᠷᠤᠭᠰᠠᠨ ᠠᠴᠠ ᠨᠠᠭᠠᠰᠢᠬᠢ ᠰᠢ ᠶᠢᠨ ᠫᠢᠩ | ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠪᠥᠬᠦ ᠨᠠᠮ ᠪᠥᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠦᠭᠡᠳ ᠣᠯᠤᠭᠰᠠᠨ ᠴᠢᠬᠤᠯᠠ ᠶᠡᠭᠡ ᠠᠮᠵᠢᠯᠲᠠ | ᠪᠦᠲᠦᠮᠵᠢ ᠪᠠ ᠡᠷᠬᠢᠮ ᠨᠠᠨᠳᠢᠨ ᠲᠤᠷᠰᠢᠯᠭ᠎ᠠ ᠶᠢ ᠪᠥᠬᠦ ᠲᠠᠯ᠎ᠠ ᠪᠠᠷ ᠳ᠋ᠦᠩᠨᠡᠵᠤ᠂ ᠤᠯᠤᠰ ᠤᠨ ᠳᠤᠳᠤᠭᠠᠳᠤ | ᠭᠠᠳᠠᠭᠠᠳᠤ ᠶᠢᠨ ᠪᠠᠶᠢᠳᠠᠯ ᠢ ᠭᠦᠨᠵᠡᠭᠡᠶ ᠵᠠᠳᠠᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠪᠣᠯᠤᠨ | ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠣᠯᠠᠨ ᠤ ᠰᠢᠨ᠎ᠡ ᠬᠦᠰᠡᠯ | ᠡᠷᠡᠮᠡᠯᠵᠡᠯ ᠢ ᠪᠦᠬᠦ ᠲᠠᠯ᠎ᠠ ᠪᠠᠷ ᠡᠵᠡᠮᠳᠡᠵᠤ᠂ ᠠᠵᠢᠯᠯᠠᠭᠠᠨ ᠤ ᠬᠥᠲᠥᠯᠪᠦᠷᠢ ᠪᠠ ᠦᠨᠳᠦᠰᠦᠨ ᠪᠣᠳᠣᠯᠭ᠎ᠠ | ᠴᠢᠭᠯᠡᠯᠲᠡ ᠶᠢ ᠲᠣᠭᠲᠠᠭᠠᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠳᠠᠶᠢᠴᠢᠯᠠᠨ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠤ ᠡᠷᠡᠯᠬᠡᠭ ᠢᠶᠠᠷ ᠤᠷᠤᠭᠰᠢᠯᠠᠵᠤ᠂ ᠦᠷᠭᠦᠯᠵᠢᠯᠡᠨ ︽ᠲᠠᠪᠤ ᠶᠢ | ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ | ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ | ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠦᠷᠭᠦᠯᠵᠢᠯᠡᠨ ᠯᠠᠪᠳᠠᠭᠤᠨ ᠪᠠᠲᠤᠲᠠᠶ ᠠᠬᠢᠭᠤᠯᠵᠤ᠂ ᠨᠠᠮ ᠤᠨ | ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠦᠷᠭᠦᠯᠵᠢᠯᠡᠨ ᠬᠦᠴᠦᠲᠡᠢ ᠠᠬᠢᠭᠤᠯᠵᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠦᠷᠭᠦᠯᠵᠢᠯᠡᠨ ᠢᠳᠡᠪᠬᠢᠲᠡᠢ | ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ | ᠲᠥᠯᠥᠭᠡ ᠪᠦᠯᠬᠦᠮᠳᠡᠨ ᠲᠡᠮᠡᠴᠡᠨ᠎ᠠ ᠭᠡᠵᠦ ᠴᠢᠬᠤᠯᠠᠴᠢᠯᠠᠪᠠ᠃ | ᠶᠡᠭᠡ ᠬᠤᠷᠠᠯ ᠠᠴᠠ ᠰᠢᠨ᠎ᠡ ᠨᠢᠭᠡ ᠬᠤᠭᠤᠴᠠᠭᠠᠨ ᠤ ᠲᠥᠪ ᠬᠤᠷᠢᠶ᠎ᠠ ᠪᠣᠯᠤᠨ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢ ᠰᠣᠩᠭᠤᠨ ᠭᠠᠷᠭᠠᠨ᠎ᠠ᠃ | ᠬᠤᠷᠠᠯ ᠠᠴᠠ᠂ ᠣᠳᠣᠬᠠᠨ ᠳᠤ ᠶᠡᠭᠡ ᠬᠤᠷᠠᠯ ᠤᠨ ᠡᠯ᠎ᠡ ᠵᠦᠢᠯ ᠤᠨ ᠪᠡᠯᠡᠳᠭᠡᠯ ᠠᠵᠢᠯ ᠤᠷᠤᠭᠰᠢᠲᠠᠢ | ᠶᠠᠪᠤᠭᠳᠠᠵᠤ ᠪᠠᠶᠢᠨ᠎ᠠ᠂ ᠶᠡᠭᠡ ᠬᠤᠷᠠᠯ ᠤᠨ ᠪᠡᠯᠡᠳᠭᠡᠯ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠰᠠᠶᠢᠲᠤᠷ | ᠬᠢᠵᠦ᠂ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠤ ᠵᠢᠭᠠᠵᠤ | ᠭᠠᠷᠭᠠᠵᠠᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |