ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠲᠠᠭ᠎ᠠ ᠶᠢᠨ ᠨᠠᠭᠤᠷ ᠪᠠᠯᠭᠠᠰᠤ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/13
    9 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠲᠠᠭ᠎ᠠ ᠶᠢᠨ ᠨᠠᠭᠤᠷ ᠪᠠᠯᠭᠠᠰᠤ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠵᠢᠯᠣᠭᠤᠳᠴᠤ᠂ ᠰᠢᠶᠠᠨ ᠤ ᠤᠳᠤᠷᠢᠳᠤᠯᠭ᠎ᠠ ᠸᠠᠩ ᠵᠢᠶᠦ᠋ᠨ ᠶᠦᠩ᠂ ᠹᠧᠩ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
        ᠯᠢᠦ ᠶᠢᠨ ᠲᠤᠤ ᠤᠷᠢᠳ ᠬᠤᠵᠢᠳ ᠲᠠᠭ᠎ᠠ ᠶᠢᠨ ᠨᠠᠭᠤᠷ ᠪᠠᠯᠭᠠᠰᠤᠨ ᠤ ᠲᠠᠪᠤᠳᠤᠭᠠᠷ ᠰᠤᠮᠤ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠹᠧᠨ᠂ ᠯᠢ ᠬᠠᠢ ᠵᠧᠨ ᠤ ᠭᠡᠷ ᠲᠤ ᠬᠦᠷᠴᠦ᠂ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠭᠡᠷ ᠤᠨ ᠣᠷᠣᠯᠭ᠎ᠠ ᠶᠢᠨ ᠢᠷᠡᠯᠳᠡ᠂ ᠡᠪᠡᠳᠴᠢᠨ ᠦᠵᠡᠭᠦᠯᠵᠦ ᠲᠠᠩᠰᠠ ᠲᠠᠶᠢᠯᠬᠤ ᠬᠠᠷᠢᠴᠠᠯ ᠪᠣᠯᠤᠨ ᠣᠷᠣᠨ ᠰᠠᠭᠤᠴᠠ ᠶᠢᠨ ᠪᠠᠶᠢᠳᠠᠯ ᠢ ᠨᠠᠷᠢᠨ ᠣᠶᠢᠯᠠᠭᠠᠪᠠ᠃
       ᠯᠢᠦ ᠶᠢᠨ ᠲᠤᠤ ᠴᠢᠬᠤᠯᠠᠴᠢᠯᠠᠭᠰᠠᠨ ᠨᠢ    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠨᠢ ᠪᠦᠬᠦ ᠲᠠᠯ᠎ᠠ ᠲᠠᠢ ᠬᠤᠯᠪᠣᠭᠳᠠᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ︽ᠲᠦᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠳᠤ ᠤᠨᠢᠨ ᠳᠡᠭᠡᠷ᠎ᠡ ᠨᠢ ᠬᠦᠴᠦ ᠲᠠᠯᠪᠢᠵᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠺᠠᠳ᠋ᠷ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢ ᠠᠶᠢᠯ ᠲᠣᠰᠬᠤᠨ ᠢᠶᠠᠷ ᠬᠦᠷᠴᠦ ᠪᠠᠶᠢᠳᠠᠯ ᠢ ᠣᠶᠢᠯᠠᠭᠠᠵᠤ᠂ ᠬᠥᠳᠡᠯᠦᠩᠭᠦᠢ ᠬᠢᠨᠠᠨ ᠪᠠᠶᠢᠴᠠᠭᠠᠭᠳᠠᠬᠤ ᠡᠲᠡᠭᠡᠳ ᠢ ᠤᠨᠢᠨ ᠳᠡᠭᠡᠷ᠎ᠡ ᠨᠢ ᠣᠨᠣᠪᠴᠢᠲᠠᠢ᠂ ᠠᠷᠭ᠎ᠠ ᠬᠡᠮᠵᠢᠶ᠎ᠡ ᠶᠢ ᠡᠷᠦᠬᠡ ᠳᠤ ᠬᠦᠷᠲᠡᠯ᠎ᠡ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ  ᠭᠡᠵᠠᠢ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠤᠪᠴᠢᠶ᠎ᠠ  ᠂ ᠲᠠᠭ᠎ᠠ ᠶᠢᠨ ᠨᠠᠭᠤᠷ ᠪᠠᠯᠭᠠᠰᠤ ᠶᠢᠨ ᠬᠠᠷᠢᠭᠤᠴᠠᠯᠭᠠᠲᠠᠨ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃                                               ᠨᠠᠶᠢᠷᠠᠭᠤᠯᠤᠭᠴᠢ᠄  ᠯᠢ ᠬᠤᠩ ᠢᠦᠢ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2