ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/14
   9 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠬᠠᠮᠢᠶ᠎ᠠ ᠪᠥᠬᠦᠶ ᠤᠴᠢᠷ ᠶᠠᠪᠤᠳᠠᠯ ᠢ ᠰᠤᠳᠤᠯᠵᠠᠶ᠃ ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠵᠠᠢ ᠵᠢᠢ ᠴᠢᠩ ᠬᠤᠷᠠᠯ ᠳᠤ ᠣᠷᠣᠯᠴᠠᠪᠠ᠃       ᠵᠧᠩ ᠳ᠋ᠦᠩ ᠫᠢᠩ᠂ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠠᠵᠢᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠨᠡᠶᠢᠭᠡᠮ ᠤᠨ ᠠᠩᠬᠠᠷᠤᠯ ᠢ ᠲᠠᠲᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠤᠨ᠎ᠠ᠂ ᠬᠠᠷᠢᠭᠤᠴᠠᠯᠭ᠎ᠠ ᠶᠢᠨ ᠤᠬᠠᠮᠰᠠᠷ᠂ ᠶᠡᠭᠡ ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠡᠷᠲᠡᠬᠡᠨ ᠬᠥᠳᠡᠯᠦᠯᠴᠡᠵᠦ᠂ ᠳᠤᠯᠠᠭᠠᠯᠭ᠎ᠠ ᠶᠢᠨ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠤᠯᠠᠭᠠᠯᠭ᠎ᠠ ᠶᠢᠨ ᠶᠠᠰᠤ ᠴᠢᠨᠠᠷ ᠢ ᠦᠨᠡᠨᠬᠦ ᠪᠠᠲᠤᠯᠠᠵᠤ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠵᠧᠩ ᠳ᠋ᠦᠩ ᠫᠢᠩ ᠱᠠᠭᠠᠷᠳᠠᠭᠰᠠᠨ ᠨᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠢᠯᠴᠢ ᠬᠠᠩᠭᠠᠬᠤ ᠠᠵᠤ ᠠᠬᠤᠶᠢᠯᠠᠯ ᠤᠨ ᠬᠢᠨ ᠨᠢᠭᠲᠠ ᠵᠣᠬᠢᠴᠠᠯᠳᠤᠨ ᠬᠠᠮᠵᠢᠯᠴᠠᠵᠤ᠂ ᠵᠣᠯᠭᠠᠯᠴᠠᠭ᠎ᠠ ᠪᠠᠨ ᠴᠢᠩᠭᠠᠳᠬᠠᠨ᠂ ᠦᠯᠡᠳᠡᠭᠳᠡᠯ ᠠᠰᠠᠭᠤᠳᠠᠯ ᠢ ᠲᠣᠬᠢᠲᠠᠶ ᠰᠢᠢᠳᠪᠤᠷᠢᠯᠡᠵᠦ᠂ ᠴᠠᠭ ᠲᠤᠬᠠᠶ ᠳᠤᠨᠢ ᠢᠯᠴᠢ ᠪᠠᠨ ᠤᠷᠤᠭᠰᠢᠲᠠᠶ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ  ᠵᠤᠶᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠭᠤᠯᠠᠶ ᠲᠣᠤᠷ᠂ ᠤᠰᠤ ᠣᠷᠣᠭᠤᠯᠬᠤ᠂ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠵᠡᠷᠭᠡ ᠡᠯ᠎ᠡ ᠵᠤᠶᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠢᠯᠴᠢ ᠬᠠᠩᠭᠠᠯᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠳᠤᠯᠠᠭᠠᠯᠭ᠎ᠠ ᠶᠢᠨ ᠴᠠᠭ ᠢ ᠪᠠᠲᠤᠯᠠᠵᠤ᠂ ᠳᠤᠯᠠᠭᠠᠯᠭ᠎ᠠ ᠶᠢᠨ ᠴᠢᠨᠠᠷ ᠢ ᠳᠡᠭᠡᠭᠰᠢᠯᠡᠭᠦᠯᠵᠦ᠂ ᠡᠨᠡ ᠡᠪᠦᠯ ᠤᠨ ᠳᠤᠯᠠᠭᠠᠯᠭ᠎ᠠ ᠶᠢᠨ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠤᠯᠠᠨ ᠲᠦᠮᠡᠨ ᠢ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠬᠡᠷᠡᠭᠲᠡᠢ   ᠭᠡᠪᠡ᠃    ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ᠂ ᠬᠤᠩ ᠮᠤᠤ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                                               ᠨᠠᠶᠢᠷᠠᠭᠤᠯᠤᠭᠴᠢ᠄  ᠯᠢ ᠬᠤᠩ ᠢᠦᠢ                                                 ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2