ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 9ᠳ᠋ᠦ᠋ᠭᠡᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/14
  9 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ  ᠬᠤᠷᠢᠶ᠎ᠠ ᠶᠢᠨ ᠱᠦᠵᠢ ᠯᠢᠦ ᠶᠢᠨ ᠲᠤᠤ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 9 ᠳ᠋ᠦ᠋ᠭᠡᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠵᠢᠶᠠᠨ ᠵᠢᠶᠦ᠋ᠨ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠷᠦᠢ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 8 ᠰᠠᠷ᠎ᠠ ᠶᠢᠨ 30 ᠤ ᠡᠳᠦᠷ᠂ 9 ᠰᠠᠷ᠎ᠠ ᠶᠢᠨ 9 ᠤ ᠡᠳᠦᠷ ᠬᠤᠷᠠᠯᠳᠤᠭᠰᠠᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ  ᠲᠤᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠱᠦᠵᠢ ᠰᠦᠨ ᠱᠤᠤ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠶᠡᠷᠦᠩᠬᠡᠢ ᠱᠦᠵᠢ ᠰᠢ ᠶᠢᠨ ᠫᠢᠩ ᠮᠤᠵᠢ ᠶᠢᠨ ᠲᠡᠰ ᠤᠨ ᠭᠤᠣᠯ ᠤᠳᠤᠷᠢᠳᠬᠤ ᠺᠠᠳ᠋ᠷ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠢ ᠰᠡᠳᠦᠪᠲᠦ ᠰᠤᠷᠤᠯᠴᠠᠬᠤ ᠠᠩᠬᠢ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 9 ᠳ᠋ᠦ᠋ᠭᠡᠷ‌ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠬᠥᠮᠦᠵᠢᠯ ᠤᠨ ᠺᠢᠨᠣ᠋ ︽ᠠᠮᠢ ᠨᠠᠰᠤ ᠲᠠᠶᠢᠱᠠᠨ ᠠᠭᠤᠯᠠ ᠠᠴᠠ ᠬᠦᠨᠳᠦ︾ ᠶᠢ ᠬᠠᠮᠲᠤᠪᠠᠷ ᠰᠣᠨᠢᠷᠬᠠᠪᠠ᠃ ᠬᠡᠰᠡᠭ ᠤᠳᠤᠷᠢᠳᠤᠯᠭ᠎ᠠ ᠨᠢ ᠶᠡᠷᠦᠩᠬᠡᠶ ᠱᠦᠵᠢ ᠰᠢ ᠶᠢᠨ ᠫᠢᠩ ᠮᠤᠵᠢ ᠶᠢᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ︽ᠶᠡᠷᠦᠩᠬᠡᠶ ᠱᠦᠵᠢ ᠰᠢ ᠶᠢᠨ ᠫᠢᠩ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ︾ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠬᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ    ᠰᠢ ᠶᠢᠨ ᠫᠢᠩ ᠤ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ ᠢ ᠣᠨᠣᠪᠴᠢᠲᠠᠢ ᠡᠵᠡᠮᠳᠡᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠯᠠᠪᠳᠠᠭᠤᠨ ᠪᠠᠲᠤᠲᠠᠢ ᠦᠢᠯᠡᠳᠦᠯᠭᠡᠵᠢᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ  ᠲᠠᠭ᠎ᠠ ᠶᠢᠨ ᠨᠠᠭᠤᠷ ᠤᠨ ᠰᠠᠪᠠ ᠭᠠᠵᠠᠷ ᠢ ᠵᠠᠰᠠᠵᠤ ᠬᠠᠮᠠᠭᠠᠯᠠᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠳᠠ ᠶᠢᠨ ᠪᠦᠳᠦᠭᠡᠨ ᠪᠠᠶᠢᠭᠤᠯᠤᠯᠲᠠ ᠵᠡᠷᠭᠡ ᠡᠯ᠎ᠡ ᠲᠠᠯ᠎ᠠ ᠳᠤ ᠲᠤᠤᠱᠯᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠭᠡᠮ ᠰᠣᠭᠤᠭ ᠢ ᠪᠠᠶᠢᠴᠠᠭᠠᠬᠤ ᠪᠠ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠲᠤᠰᠠᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠷᠠᠳ ᠤᠯᠠᠨ ᠤ ᠪᠠᠴᠢᠮ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠴᠦᠰ ᠲᠤᠨᠢ ᠲᠤᠯᠲᠠᠯ᠎ᠠ ᠬᠢᠴᠢᠶᠡᠨ ᠰᠠᠶᠢᠲᠤᠷ ᠠᠳᠬᠤᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠶ ᠲᠥᠯᠥᠪᠯᠡᠵᠦ᠂ ᠠᠵᠤ ᠠᠬᠤᠶ ᠶᠢᠨ ᠠᠵᠢᠯᠯᠠᠭᠠᠨ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠶᠢ ᠦᠨᠡᠨᠬᠦ ᠰᠠᠶᠢᠲᠤᠷ ᠠᠳᠬᠤᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠡᠳᠬᠢᠯᠭᠡ ᠪᠠᠷ ᠢᠶᠠᠨ ᠬᠦᠴᠦᠯᠡᠨ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠠᠶᠤᠯᠭᠦᠢ ᠦᠢᠯᠡᠳᠪᠦᠷᠢᠯᠡᠯ᠂ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠢᠶᠠᠷ ᠦᠢᠯᠡᠳᠬᠦ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠲᠤᠬᠠᠢ ᠲᠤᠰᠬᠠᠢ ᠰᠡᠳᠦᠪᠲᠦ ᠰᠤᠷᠤᠯᠴᠠᠯᠭ᠎ᠠ ᠬᠢᠭᠰᠡᠨ ᠪᠥᠭᠡᠳ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠮᠡᠳᠡᠯᠭᠡ ᠶᠢᠨ ᠰᠢᠯᠭᠠᠯᠲᠠ ᠬᠢᠵᠡᠢ᠃                                            ᠨᠠᠶᠢᠷᠠᠭᠤᠯᠤᠭᠴᠢ᠄  ᠯᠢ ᠬᠤᠩ ᠢᠦᠢ                                              ᠤᠷᠴᠢᠭᠤᠯᠤᠭᠴᠢ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2