ᠠᠵᠢᠯ ᠤᠯᠭᠤᠬᠤ ᠦᠢᠯᠡᠰ ᠪᠣᠰᠬᠠᠬᠤ ᠶᠢ ᠬᠦᠴᠦᠯᠡᠨ ᠳᠡᠮᠵᠢᠬᠦ ᠲᠦᠷᠦ ᠶᠢᠨ ᠪᠣᠳᠣᠯᠭ᠎ᠠ ᠶᠢ ᠪᠠᠶᠢᠷᠢᠯᠠᠭᠤᠯᠵᠤ᠂ | ᠠᠵᠢᠯ ᠣᠯᠭᠤᠯᠲᠠ ᠶᠢᠨ ᠣᠷᠣᠨ ᠵᠠᠢ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠣᠨ ᠠᠵᠤ | ᠠᠬᠤᠢ ᠶᠢᠨ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ | ᠬᠡᠰᠡᠭ ᠬᠦᠷᠢᠶᠡᠨ ᠤ ᠪᠡᠯᠡᠳᠬᠡᠮᠵᠢ ᠶᠢ ᠰᠢᠨᠡᠳᠬᠡᠨ ᠥᠭᠡᠷᠡᠴᠢᠯᠡᠬᠦ ᠵᠢᠭᠡᠯᠡᠯᠭᠡ ᠳᠤ ᠱᠠᠲᠤ ᠦᠶᠡᠴᠢ ᠴᠢᠨᠠᠷᠲᠠᠢ | ᠡᠳ᠋ ᠤᠨ ᠵᠠᠰᠠᠭ ᠤᠨ ᠳᠠᠮ ᠬᠦᠦ ᠥᠭᠬᠦ ᠪᠠ ᠨᠡᠶᠢᠭᠡᠮ ᠤᠨ ᠦᠢᠯᠡᠴᠢᠯᠡᠭᠡᠨ ᠤ ᠦᠢᠯᠡᠰ ᠤᠨ ᠢᠲᠡᠭᠡᠮᠵᠢᠲᠦ | ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠵᠦ᠂ ᠬᠡᠷᠡᠭᠯᠡᠭᠡ ᠶᠢ ᠠᠬᠢᠭᠤᠯᠬᠤ ᠳᠤ ᠭᠤᠣᠯ ᠳᠠᠶᠢᠴᠢᠯᠠᠬᠤ ᠦᠢᠯᠡᠳᠦᠯ | ᠦᠵᠡᠭᠦᠯᠦᠨ᠎ᠡ᠃ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠱᠠᠲᠤ ᠦᠶᠡᠴᠢ ᠴᠢᠨᠠᠷᠲᠠᠢ ᠪᠠᠷ ᠳᠡᠮᠵᠢᠬᠦ ᠭᠠᠶᠢᠯᠢ ᠬᠥᠩᠭᠡᠯᠡᠬᠦ | ᠲᠥᠷᠥ ᠶᠢᠨ ᠪᠣᠳᠣᠯᠭ᠎ᠠ ᠶᠢ ᠪᠠᠶᠢᠷᠢᠯᠠᠭᠤᠯᠵᠤ᠂ ᠠᠵᠤ ᠠᠬᠤᠶᠢᠯᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ | ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ᠃ | ᠣᠷᠣᠨ ᠨᠤᠲᠤᠭ ᠤᠨ ᠲᠤᠰᠬᠠᠢ ᠵᠦᠢᠯ ᠤᠨ ᠥᠷᠢ ᠥᠭᠴᠡᠭᠡ ᠶᠢ ᠳ᠋ᠦᠩᠨᠡᠨ ᠦᠯᠡᠳᠡᠭᠡᠬᠦ ᠬᠢᠵᠠᠭᠠᠷ ᠲᠤᠭ᠎ᠠ ᠶᠢ | ᠬᠠᠤᠯᠢ ᠶᠣᠰᠣᠭᠠᠷ ᠠᠮᠢᠳᠤᠯᠢᠭᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠪᠦᠲᠦᠮᠵᠢᠲᠡᠶ ᠪᠡᠯᠡ | ᠣᠷᠣᠭᠤᠯᠤᠯᠲᠠ ᠶᠢᠨ ᠨᠢᠭᠡ ᠯᠡ ᠤᠳᠠᠭ᠎ᠠ ᠳᠤ ᠣᠯᠠᠨ ᠵᠦᠢᠯ ᠢ ᠪᠦᠲᠦᠭᠡᠬᠦ ᠦᠢᠯᠡᠳᠦᠯ ᠢ ᠨᠠᠩ ᠰᠠᠶᠢᠲᠤᠷ | ᠪᠠᠳᠠᠷᠠᠭᠤᠯᠤᠨ᠎ᠠ᠃ | ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 7 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠢᠯ ᠣᠯᠭᠤᠬᠤ | ᠦᠢᠯᠡᠰ ᠪᠣᠰᠬᠠᠬᠤ ᠶᠢ ᠬᠦᠴᠦᠯᠡᠨ ᠳᠡᠮᠵᠢᠬᠦ ᠲᠦᠷᠦ ᠶᠢᠨ ᠪᠣᠳᠣᠯᠭ᠎ᠠ ᠶᠢ ᠪᠠᠶᠢᠷᠢᠯᠠᠭᠤᠯᠵᠤ᠂ ᠠᠵᠢᠯ ᠣᠯᠭᠤᠯᠲᠠ ᠶᠢᠨ | ᠣᠷᠣᠨ ᠵᠠᠢ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠣᠨ ᠠᠵᠤ ᠠᠬᠤᠢ ᠶᠢᠨ ᠰᠢᠨ᠎ᠡ | ᠬᠥᠳᠡᠯᠭᠡᠬᠦ ᠬᠦᠴᠦᠨ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ︔ ᠬᠡᠰᠡᠭ ᠬᠦᠷᠢᠶᠡᠨ ᠤ ᠪᠡᠯᠡᠳᠬᠡᠮᠵᠢ ᠶᠢ ᠰᠢᠨᠡᠳᠬᠡᠨ | ᠥᠭᠡᠷᠡᠴᠢᠯᠡᠬᠦ ᠵᠢᠭᠡᠯᠡᠯᠭᠡ ᠳᠤ ᠱᠠᠲᠤ ᠦᠶᠡᠴᠢ ᠴᠢᠨᠠᠷᠲᠠᠢ ᠡᠳ᠋ ᠤᠨ ᠵᠠᠰᠠᠭ ᠤᠨ ᠳᠠᠮ ᠬᠦᠦ ᠥᠭᠬᠦ ᠪᠠ ᠨᠡᠶᠢᠭᠡᠮ ᠤᠨ | ᠦᠢᠯᠡᠴᠢᠯᠡᠭᠡᠨ ᠤ ᠦᠢᠯᠡᠰ ᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠵᠦ᠂ ᠬᠡᠷᠡᠭᠯᠡᠭᠡ ᠶᠢ | ᠠᠬᠢᠭᠤᠯᠬᠤ ᠳᠤ ᠭᠤᠣᠯ ᠳᠠᠶᠢᠴᠢᠯᠠᠬᠤ ᠦᠢᠯᠡᠳᠦᠯ ᠦᠵᠡᠭᠦᠯᠦᠨ᠎ᠡ︔ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ | ᠱᠠᠲᠤ ᠦᠶᠡᠴᠢ ᠴᠢᠨᠠᠷᠲᠠᠢ ᠳᠡᠮᠵᠢᠬᠦ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠪᠠᠶᠢᠷᠢᠯᠠᠭᠤᠯᠵᠤ᠂ ᠠᠵᠤ | ᠠᠬᠤᠶᠢᠯᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ | ᠵᠣᠷᠢᠭᠵᠢᠭᠤᠯᠤᠨ᠎ᠠ︔ ᠣᠷᠣᠨ ᠨᠤᠲᠤᠭ ᠤᠨ ᠲᠤᠰᠬᠠᠢ ᠵᠦᠢᠯ ᠤᠨ ᠥᠷᠢ ᠥᠭᠴᠡᠭᠡ ᠶᠢ ᠳ᠋ᠦᠩᠨᠡᠨ ᠦᠯᠡᠳᠡᠭᠡᠬᠦ | ᠬᠢᠵᠠᠭᠠᠷ ᠲᠤᠭ᠎ᠠ ᠶᠢ ᠬᠠᠤᠯᠢ ᠶᠣᠰᠣᠭᠠᠷ ᠠᠮᠢᠳᠤᠯᠢᠭᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠪᠦᠲᠦᠮᠵᠢᠲᠡᠶ | ᠪᠡᠯᠡ ᠣᠷᠣᠭᠤᠯᠤᠯᠲᠠ ᠶᠢᠨ ᠨᠢᠭᠡ ᠯᠡ ᠤᠳᠠᠭ᠎ᠠ ᠳᠤ ᠣᠯᠠᠨ ᠵᠦᠢᠯ ᠢ ᠪᠦᠲᠦᠭᠡᠬᠦ ᠦᠢᠯᠡᠳᠦᠯ ᠢ ᠨᠠᠩ ᠰᠠᠶᠢᠲᠤᠷ | ᠪᠠᠳᠠᠷᠠᠭᠤᠯᠤᠨ᠎ᠠ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ | ᠠᠳᠠᠯ ᠦᠢᠯᠡᠰ ᠴᠣᠭᠴᠠᠯᠠᠬᠤ ᠨᠢ ᠨᠡᠩ ᠣᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯ ᠣᠯᠭᠤᠯᠲᠠ ᠶᠢ | ᠳᠠᠶᠢᠴᠢᠯᠠᠬᠤ ᠶᠢ ᠪᠤᠶ ᠪᠣᠯᠭᠠᠵᠤ᠂ ᠨᠡᠮᠡᠭᠳᠡᠯ ᠢ ᠲᠣᠭᠲᠠᠪᠤᠷᠢᠵᠢᠭᠤᠯᠬᠤ ᠨᠢ ᠭᠤᠣᠯᠳᠠᠭᠤ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠶᠢᠨ ᠲᠥᠯᠥᠭᠡ ᠶᠤᠮ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠣᠷᠣᠨ ᠨᠤᠲᠤᠭ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠬᠦᠴᠦᠯᠡᠨ ᠠᠬᠢᠭᠤᠯᠬᠤ ᠬᠡᠷᠡᠭᠲᠡᠢ᠃ | ᠨᠢᠭᠡ ᠳᠤ᠂ ᠠᠵᠢᠯ ᠢ ᠨᠢ ᠦᠯᠡᠳᠡᠭᠡᠬᠦ ᠪᠣᠯᠪᠠᠰᠤᠷᠠᠯ ᠤᠨ ᠨᠥᠬᠦᠪᠦᠷᠢ ᠶᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠳᠤ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠦᠯᠡᠳᠡᠪᠦᠷᠢ ᠶᠢ 24 ᠰᠠᠷ᠎ᠠ ᠪᠠᠶᠢᠭᠰᠠᠨ ᠠᠴᠠ ᠨᠢ 18 ᠰᠠᠷ᠎ᠠ | ᠪᠣᠯᠲᠠᠯ᠎ᠠ ᠠᠭᠤᠵᠢᠭᠤ ᠲᠠᠯᠪᠢᠨ᠎ᠠ᠃ ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ᠂ ᠳᠠᠩᠰᠠᠯᠠᠭᠤᠯᠤᠭᠰᠠᠨ ᠠᠵᠢᠯ ᠠᠯᠳᠠᠭᠰᠠᠨ ᠵᠠᠯᠠᠭᠤᠴᠤᠳ ᠢ ᠠᠵᠢᠯ ᠤᠨ ᠪᠠᠶᠢᠷᠢ ᠶᠢ ᠥᠷᠭᠡᠳᠬᠡᠬᠦ | ᠨᠥᠬᠦᠪᠦᠷᠢ ᠳᠤ ᠣᠷᠣᠭᠤᠯᠤᠨ᠎ᠠ᠃ ᠠᠵᠢᠯ ᠠᠯᠳᠠᠭᠰᠠᠳ ᠲᠤ ᠴᠠᠭ ᠲᠤᠬᠠᠢ ᠳᠤ ᠨᠢ ᠠᠵᠢᠯ ᠠᠯᠳᠠᠭᠰᠠᠳ ᠤᠨ | ᠳᠠᠭᠠᠳᠬᠠᠯ ᠤᠨ ᠮᠥᠩᠭᠦ ᠣᠯᠭᠤᠨ᠎ᠠ᠃ ᠬᠦᠴᠦ ᠶᠠᠪᠤᠭᠴᠢ ᠠᠵᠢᠯᠴᠢᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠢ | ᠴᠢᠩᠭᠠᠳᠬᠠᠬᠤ ᠪᠠᠷ ᠳᠠᠮᠵᠢᠭᠤᠯᠤᠨ ᠠᠵᠢᠯ ᠤᠨ ᠪᠠᠶᠢᠷᠢ ᠶᠢ ᠨᠢ ᠲᠣᠭᠲᠠᠭᠤᠨ ᠪᠠᠶᠢᠯᠭᠠᠨ᠎ᠠ᠃ ᠬᠤᠶᠠᠷ ᠲᠤ᠂ | ᠲᠠᠪᠴᠠᠩ ᠤᠨ ᠠᠵᠤ ᠠᠬᠤᠢ ᠶᠢᠨ ᠲᠣᠭᠲᠠᠭᠤᠨ ᠠᠵᠢᠯ ᠣᠯᠭᠤᠯᠲᠠ ᠶᠢ ᠳᠡᠮᠵᠢᠨ᠎ᠡ᠃ ᠲᠠᠪᠴᠠᠩ ᠳᠤ ᠲᠦᠰᠢᠭᠯᠡᠨ | ᠠᠮᠢᠳᠤᠯᠢᠭ ᠢᠶᠠᠷ ᠠᠵᠢᠯ ᠣᠯᠣᠭᠰᠠᠨ ᠬᠦᠴᠢᠷᠳᠡᠯ ᠲᠠᠢ ᠬᠥᠮᠥᠰ᠂ ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠃ ᠲᠤᠰᠬᠠᠢ | ᠵᠦᠢᠯ ᠤᠨ ᠵᠢᠭᠡᠯᠡᠯᠭᠡ ᠪᠠᠷ ᠲᠠᠪᠴᠠᠩ ᠤᠨ ᠠᠵᠤ ᠠᠬᠤᠶᠢᠯᠠᠯ ᠢ ᠳᠡᠮᠵᠢᠨ᠎ᠡ᠃ ᠭᠤᠷᠪᠠ ᠳᠤ᠂ ᠠᠳᠠᠯ ᠦᠢᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠠᠪᠤᠭᠴᠢ ᠬᠢᠵᠢᠭ ᠤᠨ ᠪᠠᠶᠢᠳᠠᠯ ᠠᠴᠠ ᠪᠣᠯᠵᠤ ᠬᠦᠴᠢᠷᠳᠡᠯ ᠳᠤ | ᠲᠤᠯᠭᠠᠷᠠᠭᠰᠠᠨ ᠪᠠᠶᠢᠪᠠᠯ᠂ ᠲᠥᠯᠥᠬᠦ ᠬᠤᠭᠤᠴᠠᠭ᠎ᠠ ᠶᠢ ᠨᠢ 1 ᠵᠢᠯ ᠤᠷᠲᠤᠳᠬᠠᠵᠤ ᠪᠣᠯᠣᠨ᠎ᠠ᠃ ᠪᠠᠩᠬᠢ ᠶᠢ | ᠬᠥᠲᠥᠯᠥᠨ ᠵᠢᠯᠤᠭᠤᠳᠴᠤ ᠪᠠᠶᠢᠭᠠᠳ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠲᠠᠯᠪᠢᠬᠤ ᠠᠩᠬᠠᠨ ᠤ | ᠵᠢᠭᠡᠯᠡᠯᠭᠡ᠂ ᠢᠲᠡᠭᠡᠮᠵᠢᠲᠦ ᠵᠢᠭᠡᠯᠡᠯᠭᠡ᠂ ᠦᠷᠭᠦᠯᠵᠢᠯᠡᠭᠰᠡᠨ ᠵᠢᠭᠡᠯᠡᠯᠭᠡ᠂ ᠳᠤᠮᠳᠠ ᠤᠷᠲᠤ ᠬᠤᠭᠤᠴᠠᠭᠠᠨ ᠤ ᠵᠢᠭᠡᠯᠡᠯᠭᠡ | ᠵᠡᠷᠭᠡ ᠶᠢ ᠨᠡᠮᠡᠭᠳᠡᠭᠦᠯᠦᠨ᠎ᠡ᠃ ᠳᠥᠷᠪᠡ ᠳᠤ᠂ ᠳᠠᠭᠠᠳᠬᠠᠯ ᠤᠨ ᠪᠡᠯᠡ ᠮᠥᠩᠭᠦ ᠵᠡᠷᠭᠡ ᠬᠠᠤᠯᠢ ᠶᠤᠰᠤᠨ ᠤ ᠪᠡᠯᠡ | ᠣᠷᠣᠭᠤᠯᠤᠯᠲᠠ ᠂ ᠦᠢᠯᠡᠰ ᠪᠦᠲᠦᠭᠡᠬᠦ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠵᠣᠷᠢᠭᠵᠢᠭᠤᠯᠤᠨ᠎ᠠ᠃ | ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠬᠤᠪᠢ ᠣᠷᠣᠭᠤᠯᠤᠭᠴᠢ ᠶᠢᠨ | ᠬᠤᠳᠠᠯᠳᠤᠬᠤ ᠶᠢ ᠬᠢᠵᠠᠭᠠᠷᠯᠠᠬᠤ ᠬᠤᠭᠤᠴᠠᠭ᠎ᠠ ᠶᠢ ᠰᠢᠯᠢᠳᠡᠭᠵᠢᠭᠦᠯᠵᠦ᠂ ᠡᠭᠡᠭᠦᠯᠦᠨ ᠬᠤᠷᠢᠶᠠᠭᠰᠠᠨ ᠪᠡᠯᠡ ᠮᠥᠩᠭᠦ ᠪᠠᠷ | ᠲᠠᠬᠢᠨ ᠪᠡᠯᠡ ᠣᠷᠣᠭᠤᠯᠬᠤ ᠳᠤ ᠳᠦᠭᠦᠮ ᠦᠵᠡᠭᠦᠯᠦᠨ᠎ᠡ᠃ ᠲᠠᠪᠤ ᠳᠤ᠂ ᠵᠠᠰᠠᠭ ᠤᠨ ᠣᠷᠳᠣᠨ ᠠᠴᠠ ᠪᠡᠯᠡ | ᠣᠷᠣᠭᠤᠯᠤᠭᠰᠠᠨ ᠦᠢᠯᠡᠰ ᠪᠣᠰᠬᠠᠬᠤ ᠨᠡᠪᠴᠢᠭᠦᠯᠬᠦ ᠰᠠᠭᠤᠷᠢᠨ ᠵᠡᠷᠭᠡ ᠳᠤ᠂ ᠴᠢᠳᠠᠯ ᠤᠨ ᠬᠢᠷᠢ ᠪᠠᠷ ᠢᠶᠠᠨ ᠲᠠᠯᠠᠪᠤᠷ | ᠭᠠᠷᠭᠠᠵᠤ ᠪᠠᠶᠢᠭᠠᠳ ᠠᠩᠬ᠎ᠠ ᠡᠭᠦᠳᠦᠭᠰᠡᠨ ᠠᠵᠤ ᠠᠬᠤᠶᠢᠯᠠᠯ ᠳᠤ ᠰᠦᠢᠳᠬᠡᠯ ᠥᠯᠥ ᠬᠤᠷᠢᠶᠠᠬᠤ ᠬᠠᠩᠭᠠᠯᠭ᠎ᠠ | ᠣᠯᠭᠤᠨ᠎ᠠ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠣᠯ ᠣᠳᠣᠬᠠᠨ ᠤ ᠲᠣᠪᠣᠶᠢᠮ᠎ᠠ | ᠵᠥᠷᠢᠴᠡᠯ ᠪᠣᠯᠣᠨ᠎ᠠ᠂ ᠬᠡᠷᠡᠭᠯᠡᠭᠡ ᠪᠣᠯᠣᠨ ᠪᠡᠯᠡ ᠣᠷᠣᠭᠤᠯᠤᠯᠲᠠ ᠪᠠᠷ ᠬᠡᠷᠡᠭᠴᠡᠭᠡ ᠶᠢ ᠲᠠᠲᠠᠬᠤ ᠪᠠᠷ ᠬᠦᠴᠦᠯᠡᠵᠦ᠂ | ᠨᠡᠶᠢᠭᠡᠮ ᠤᠨ ᠪᠡᠯᠡ ᠣᠷᠣᠭᠤᠯᠤᠯᠲᠠ ᠶᠢ ᠠᠬᠢᠭᠤᠯᠵᠤ᠂ ᠪᠡᠯᠡ ᠣᠷᠣᠭᠤᠯᠤᠯᠲᠠ ᠪᠠᠷ ᠬᠡᠷᠡᠭᠯᠡᠭᠡ ᠶᠢ ᠳᠠᠶᠢᠴᠢᠯᠠᠬᠤ | ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠭᠤᠷᠠᠢ ᠬᠦᠷᠢᠶᠡᠨ ᠳᠠᠬᠢ ᠪᠡᠯᠡᠳᠬᠡᠮᠵᠢ ᠶᠢ ᠰᠢᠨᠡᠳᠬᠡᠨ | ᠥᠭᠡᠷᠡᠴᠢᠯᠡᠬᠦ ᠶᠢ ᠳᠡᠮᠵᠢᠬᠦ ᠨᠢ ᠨᠥᠭᠡᠴᠡ ᠬᠦᠴᠦᠨ ᠢ ᠨᠡᠮᠡᠭᠳᠡᠭᠦᠯᠦᠨ ᠬᠢᠷᠢ ᠲᠦᠪᠰᠢᠨ ᠢ ᠳᠡᠭᠡᠭᠰᠢᠯᠡᠭᠦᠯᠬᠦ᠂ | ᠦᠢᠯᠡᠳᠬᠡᠯ ᠤᠨ ᠦᠢᠯᠡᠰ ᠪᠠ ᠦᠢᠯᠡᠴᠢᠯᠡᠭᠡᠨ ᠤ ᠦᠢᠯᠡᠰ ᠤᠨ ᠪᠣᠳᠠᠲᠤ ᠬᠡᠷᠡᠭᠴᠡᠭᠡ ᠶᠢ ᠨᠡᠮᠡᠭᠳᠡᠭᠦᠯᠬᠦ᠂ ᠵᠠᠬ᠎ᠠ | ᠳᠡᠯᠭᠡᠭᠦᠷ ᠤᠨ ᠢᠲᠡᠭᠡᠯ ᠢ ᠨᠡᠮᠡᠭᠳᠡᠭᠦᠯᠬᠦ ᠳᠤ ᠠᠰᠢᠭᠲᠠᠢ ᠶᠤᠮ᠃ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠪᠠ ᠳᠠᠳᠤᠯᠭ᠎ᠠ ᠪᠣᠯᠪᠠᠰᠤᠷᠯ ᠤᠨ ᠰᠠᠭᠤᠷᠢᠨ ᠭᠠᠵᠠᠷ᠂ ᠡᠮᠨᠡᠯᠭᠡ ᠶᠢᠨ ᠬᠤᠷᠢᠶ᠎ᠠ᠂ ᠭᠠᠵᠠᠷ | ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ᠂ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ᠂ ᠠᠵᠤ | ᠦᠢᠯᠡᠰ ᠤᠨ ᠲᠣᠭᠠᠴᠢᠯᠠᠯᠲᠠ ᠲᠡᠶᠢᠰᠢ ᠬᠡᠯᠪᠡᠷᠢ ᠬᠤᠪᠢᠷᠠᠭᠤᠯᠬᠤ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠵᠡᠷᠭᠡ ᠶᠢᠨ ᠪᠡᠯᠡᠳᠬᠡᠮᠵᠢ ᠬᠤᠳᠠᠯᠳᠤᠨ ᠠᠪᠬᠤ ᠪᠠ ᠰᠢᠨᠡᠳᠬᠡᠨ | ᠥᠭᠡᠷᠡᠴᠢᠯᠡᠬᠦ ᠲᠠᠯ᠎ᠠ ᠪᠠᠷ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠳᠤ ᠱᠠᠲᠤ ᠦᠶᠡᠴᠢ ᠴᠢᠨᠠᠷᠲᠠᠢ ᠵᠣᠷᠢᠭᠵᠢᠭᠤᠯᠬᠤ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠥᠪ ᠤᠨ ᠡᠳ᠋ ᠤᠨ ᠵᠠᠰᠠᠭ ᠠᠴᠠ 2.5 ᠵᠠᠭᠤᠨ ᠤ ᠴᠡᠭ ᠤᠨ ᠳᠠᠮ | ᠬᠦᠦ ᠬᠠᠩᠭᠠᠵᠤ᠂ 2 ᠵᠢᠯ ᠢᠶᠠᠷ ᠬᠢᠵᠠᠭᠠᠷᠯᠠᠨ᠎ᠠ᠃ ᠳᠠᠮ ᠬᠦᠦ ᠮᠥᠩᠭᠦ ᠶᠢᠨ ᠭᠤᠶᠤᠴᠢᠯᠠᠯ ᠢ ᠡᠨᠡ ᠵᠢᠯ ᠤᠨ 12 | ᠳ᠋ᠤᠭᠠᠷ ᠰᠠᠷ᠎ᠠ ᠶᠢᠨ 31 ᠤ ᠡᠳᠦᠷ ᠢᠶᠠᠷ ᠬᠢᠵᠠᠭᠠᠷᠯᠠᠨ᠎ᠠ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ | ᠬᠤᠳᠠᠯᠳᠤᠭᠠᠨ ᠤ ᠪᠠᠩᠬᠢ ᠶᠢᠨ ᠢᠵᠢ ᠪᠦᠷᠢᠳᠦᠭᠦᠯᠬᠦ ᠪᠡᠯᠡ ᠲᠣᠬᠢᠷᠠᠭᠤᠯᠭ᠎ᠠ ᠳᠤ ᠦᠵᠡᠭᠦᠯᠬᠦ ᠳᠡᠮᠵᠢᠯᠭᠡ ᠶᠢ | ᠬᠠᠷᠢᠴᠠᠩᠭᠤᠢ ᠨᠡᠮᠡᠭᠳᠡᠭᠦᠯᠦᠨ᠎ᠡ᠃ ᠡᠭᠦᠨ ᠤ ᠬᠠᠮᠲᠤ᠂ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠰᠤᠷᠭᠠᠨ | ᠬᠥᠮᠦᠵᠢᠯ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠪᠠ ᠪᠡᠶ᠎ᠡ ᠴᠢᠭᠢᠷᠠᠭᠵᠢᠭᠤᠯᠬᠤ᠂ ᠨᠠᠰᠤᠵᠢᠯ ᠤᠨ ᠠᠰᠠᠷᠠᠮᠵᠢ | ᠪᠠ ᠬᠡᠦᠬᠡᠳ ᠰᠠᠭᠠᠲᠠᠭᠤᠯᠬᠤ᠂ ᠨᠡᠶᠢᠭᠡᠮ ᠲᠣᠭᠤᠷᠢᠭ ᠪᠠ ᠭᠡᠷ ᠠᠬᠤᠢ ᠶᠢᠨ ᠦᠢᠯᠡᠴᠢᠯᠡᠭᠡ᠂ ᠬᠤᠭᠤᠯᠠ ᠤᠮᠳᠠ | ᠣᠷᠣᠨ ᠰᠠᠭᠤᠴᠠ ᠵᠡᠷᠭᠡ ᠠᠵᠢᠯ ᠲᠥᠷᠥᠯ ᠳᠤ ᠦᠵᠡᠭᠦᠯᠬᠦ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ | ᠨᠡᠮᠡᠭᠳᠡᠭᠦᠯᠵᠦ᠂ ᠨᠡᠶᠢᠭᠡᠮ ᠤᠨ ᠦᠢᠯᠡᠴᠢᠯᠡᠭᠡᠨ ᠤ ᠬᠦᠷᠢᠶᠡᠨ ᠳᠠᠬᠢ ᠬᠡᠷᠡᠭᠯᠡᠭᠡ ᠪᠠ ᠪᠡᠯᠡ ᠣᠷᠣᠭᠤᠯᠤᠯᠲᠠ ᠶᠢ | ᠥᠷᠭᠡᠳᠬᠡᠨ᠎ᠡ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠠᠵᠤ ᠠᠬᠤᠶᠢᠯᠠᠯ ᠪᠣᠯ ᠰᠢᠨ᠎ᠡ ᠶᠢ ᠡᠭᠦᠳᠬᠦ ᠭᠤᠣᠯ ᠴᠣᠭᠴᠠ ᠪᠣᠯᠣᠨ᠎ᠠ᠂ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠬᠦ ᠱᠠᠲᠤ ᠦᠶᠡᠴᠢ ᠴᠢᠨᠠᠷᠲᠠᠢ ᠭᠠᠶᠢᠯᠢ ᠬᠥᠩᠭᠡᠯᠡᠬᠦ ᠲᠦᠷᠦ ᠶᠢᠨ | ᠪᠣᠳᠣᠯᠭ᠎ᠠ ᠶᠢ ᠡᠨᠡ ᠵᠢᠯ ᠤᠨ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ ᠡᠨᠡ ᠨᠢ | ᠲᠦᠭᠡᠮᠡᠯ ᠬᠠᠷᠠᠭᠠᠯᠵᠠᠯ ᠲᠠᠢ᠂ ᠡᠷᠬᠡ ᠲᠡᠭᠰᠢ᠂ ᠥᠨᠳᠥᠷ ᠦᠷ᠎ᠡ ᠠᠰᠢᠭ ᠲᠠᠢ᠂ ᠰᠢᠭᠤᠳ ᠬᠦᠷᠲᠡᠭᠡᠮᠵᠢᠲᠡᠢ ᠶᠤᠮ᠃ | ᠨᠢᠭᠡ ᠳᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠡᠨᠡ ᠵᠢᠯ ᠤᠨ ᠳᠥᠷᠪᠡᠳᠦᠭᠡᠷ ᠤᠯᠠᠷᠢᠯ ᠳᠤ | ᠬᠤᠳᠠᠯᠳᠤᠨ ᠠᠪᠬᠤ ᠲᠤᠨᠤᠭ ᠲᠥᠬᠦᠭᠡᠷᠦᠮᠵᠢ ᠶᠢᠨ ᠵᠠᠷᠤᠯᠭ᠎ᠠ ᠶᠢ ᠲᠤᠬᠠᠢ ᠶᠢᠨ ᠵᠢᠯ ᠳᠤ ᠨᠢᠭᠡ ᠯᠡ ᠤᠳᠠᠭ᠎ᠠ ᠶᠢᠨ | ᠴᠢᠨᠠᠷᠲᠠᠢ ᠭᠠᠶᠢᠯᠢ ᠲᠤᠰᠢᠶᠠᠬᠤ ᠠᠴᠠ ᠡᠮᠦᠨ᠎ᠡ ᠪᠦᠬᠦ ᠲᠤᠭ᠎ᠠ ᠪᠠᠷ ᠰᠠᠭᠤᠳᠬᠠᠨ ᠠᠪᠬᠤ ᠪᠠ 100% ᠪᠠᠷ ᠨᠡᠮᠡᠨ | ᠪᠤᠳᠤᠵᠤ ᠰᠠᠭᠤᠳᠬᠠᠨ ᠠᠪᠬᠤ ᠶᠢ ᠵᠥᠪᠰᠢᠶᠡᠷᠡᠬᠦ ᠪᠥᠭᠡᠳ ᠣᠷᠣᠨ ᠨᠤᠲᠤᠭ ᠪᠣᠯᠣᠨ ᠲᠥᠪ ᠤᠨ ᠡᠳ᠋ ᠤᠨ | ᠵᠠᠰᠠᠭ ᠠᠴᠠ ᠤᠯᠠᠮ ᠨᠢᠭᠡ ᠠᠯᠬᠤᠮ ᠳᠡᠮᠵᠢᠯᠭᠡ ᠦᠵᠡᠭᠦᠯᠦᠨ᠎ᠡ᠃ ᠬᠤᠶᠠᠷ ᠲᠤ᠂ ᠡᠨᠡ ᠵᠢᠯ ᠤᠨ ᠳᠥᠷᠪᠡᠳᠦᠭᠡᠷ | ᠤᠯᠠᠷᠢᠯ ᠳᠤ᠂ ᠤᠳᠤ ᠶᠢᠨ ᠬᠡᠷᠡᠭᠵᠢᠭᠦᠯᠵᠦ ᠪᠠᠶᠢᠭ᠎ᠠ 75% ᠶᠢᠨ ᠬᠠᠷᠢᠴᠠᠯ ᠢᠶᠠᠷ ᠭᠠᠶᠢᠯᠢ ᠲᠤᠰᠢᠶᠠᠬᠤ ᠠᠴᠠ | ᠡᠮᠦᠨ᠎ᠡ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠳᠬᠠᠨ ᠠᠪᠬᠤ ᠠᠵᠢᠯ ᠲᠦᠷᠦᠯ ᠳᠤ ᠰᠠᠭᠤᠳᠬᠠᠨ | ᠠᠪᠬᠤ ᠬᠠᠷᠢᠴᠠᠯ ᠢ 100% ᠬᠦᠷᠲᠡᠯ᠎ᠡ ᠨᠢᠭᠡᠳᠦᠯᠲᠡᠢ ᠳᠡᠭᠡᠭᠰᠢᠯᠡᠭᠦᠯᠵᠦ᠂ ᠲᠤᠨᠤᠭ ᠲᠥᠬᠦᠭᠡᠷᠦᠮᠵᠢ ᠶᠢ | ᠥᠭᠡᠷᠡᠴᠢᠯᠡᠬᠦ ᠪᠠ ᠰᠢᠨᠡᠳᠬᠡᠬᠦ ᠶᠢ ᠨᠢ ᠵᠣᠷᠢᠭᠵᠢᠭᠤᠯᠤᠨ᠎ᠠ᠃ ᠭᠤᠷᠪᠠ ᠳᠤ᠂ ᠠᠵᠤ ᠠᠬᠤᠶᠢᠯᠠᠯ ᠠᠴᠠ ᠪᠡᠯᠡ | ᠭᠠᠷᠭᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠰᠠᠭᠤᠷᠢ ᠰᠤᠳᠤᠯᠭᠠᠨ ᠤ ᠵᠠᠷᠤᠯᠭ᠎ᠠ ᠶᠢ | ᠭᠠᠶᠢᠯᠢ ᠲᠤᠰᠢᠶᠠᠬᠤ ᠠᠴᠠ ᠡᠮᠦᠨ᠎ᠡ ᠪᠥᠬᠦᠳᠡ ᠶᠢ ᠰᠠᠭᠤᠳᠬᠠᠨ ᠠᠪᠬᠤ ᠪᠠ ᠨᠡᠮᠡᠨ ᠪᠤᠳᠤᠵᠤ ᠰᠠᠭᠤᠳᠬᠠᠨ | ᠠᠪᠬᠤ ᠶᠢ ᠨᠢ ᠵᠥᠪᠰᠢᠶᠡᠷᠡᠨ᠎ᠡ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠰᠠᠭᠤᠷᠢ ᠲᠥᠬᠦᠭᠡᠷᠦᠮᠵᠢ ᠵᠡᠷᠭᠡ ᠨᠢ ᠬᠥᠭᠵᠢᠯᠲᠡ ᠪᠠ ᠠᠷᠠᠳ ᠤᠨ | ᠠᠮᠢᠳᠤᠷᠠᠯ ᠳᠤ ᠬᠤᠯᠪᠣᠭᠳᠠᠵᠤ᠂ ᠪᠡᠯᠡ ᠣᠷᠣᠭᠤᠯᠤᠯᠲᠠ ᠶᠢᠨ ᠣᠷᠣᠨ ᠵᠠᠢ ᠶᠡᠭᠡ ᠪᠣᠯᠬᠤᠷ ᠲᠤᠰᠬᠠᠢ ᠲᠦᠷᠦᠯ ᠤᠨ | ᠥᠷᠢ ᠥᠭᠴᠡᠭᠡ ᠶᠢᠨ ᠨᠥᠬᠦᠪᠦᠷᠢ ᠶᠢ ᠦᠷᠭᠦᠯᠵᠢᠯᠡᠨ ᠰᠠᠶᠢᠲᠤᠷ ᠬᠡᠷᠡᠭᠯᠡᠵᠦ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ | ᠭᠡᠵᠡᠢ᠃ ᠬᠤᠷᠠᠯ ᠠᠴᠠ᠂ ᠣᠷᠣᠨ ᠨᠤᠲᠤᠭ ᠤᠨ 2019 ᠣᠨ ᠠᠴᠠ ᠨᠠᠭᠠᠰᠢᠬᠢ ᠳ᠋ᠦᠩᠨᠡᠨ ᠦᠯᠡᠳᠡᠭᠡᠭᠰᠡᠨ 5000 | ᠭᠠᠷᠤᠢ ᠳ᠋ᠦᠩᠰᠢᠭᠤᠷ ᠲᠥᠭᠦᠷᠢᠭ ᠤᠨ ᠲᠤᠰᠬᠠᠢ ᠲᠦᠷᠦᠯ ᠤᠨ ᠵᠢᠭᠡᠯᠡᠯᠭᠡ ᠶᠢᠨ ᠬᠢᠵᠠᠭᠠᠷ ᠲᠤᠭ᠎ᠠ ᠶᠢ ᠬᠠᠤᠯᠢ | ᠶᠣᠰᠣᠭᠠᠷ ᠠᠮᠢᠳᠤᠯᠢᠭ ᠪᠣᠯᠭᠠᠵᠤ᠂ 70% ᠶᠢ ᠨᠢ ᠡᠯ᠎ᠡ ᠭᠠᠵᠠᠷ ᠤᠳ ᠦᠯᠡᠳᠡᠭᠡᠨ ᠬᠡᠷᠡᠭᠯᠡᠵᠦ᠂ 30% ᠶᠢ ᠨᠢ | ᠲᠥᠪ ᠤᠨ ᠡᠳ᠋ ᠤᠨ ᠵᠠᠰᠠᠭ ᠠᠴᠠ ᠨᠢᠭᠡᠳᠦᠯᠲᠡᠢ ᠲᠥᠯᠥᠪᠵᠢᠭᠦᠯᠦᠨ ᠬᠤᠪᠢᠶᠠᠷᠢᠯᠠᠬᠤ ᠶᠢᠨ ᠬᠠᠮᠲᠤ ᠪᠣᠯᠪᠠᠰᠤᠷᠠᠩᠭᠤᠢ | ᠲᠦᠷᠦᠯ ᠵᠦᠢᠯ ᠢᠶᠠᠷ ᠤᠯᠠᠨ ᠪᠠᠶᠢᠬᠤ ᠭᠠᠵᠠᠷ ᠣᠷᠣᠨ ᠲᠡᠶᠢᠰᠢ ᠬᠡᠯᠪᠡᠶᠢᠯᠭᠡᠬᠦ ᠪᠠᠷ ᠲᠣᠭᠲᠠᠭᠠᠪᠠ᠃ ᠡᠯ᠎ᠡ ᠭᠠᠵᠠᠷ ᠤᠳ | 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠠᠷᠬᠠᠭᠠᠵᠤ ᠳᠠᠭᠤᠰᠬᠠᠨ᠂ ᠪᠠᠶᠢᠭᠤᠯᠵᠤ ᠪᠠᠶᠢᠭ᠎ᠠ ᠲᠥᠷᠥᠯ | ᠵᠦᠢᠯ ᠢ ᠤᠷᠢᠳ ᠢᠶᠠᠷ ᠳᠡᠮᠵᠢᠵᠦ᠂ ᠵᠢᠯ ᠤᠨ ᠳᠣᠲᠣᠷ᠎ᠠ ᠨᠠᠩ ᠣᠯᠠᠨ ᠪᠣᠳᠠᠲᠤ ᠠᠵᠢᠯ ᠤᠨ ᠬᠡᠮᠵᠢᠶ᠎ᠡ ᠶᠢ ᠪᠣᠶ | ᠪᠣᠯᠭᠠᠬᠤ ᠬᠡᠷᠡᠭᠲᠡᠢ ᠭᠡᠵᠡᠢ᠃ | ᠬᠤᠷᠠᠯ ᠠᠴᠠ ᠪᠤᠰᠤᠳ ᠵᠦᠢᠯ ᠢ ᠰᠤᠳᠤᠯᠪᠠ᠃ |